ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠤᠯᠤᠰ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2023 ᠣᠨ)᠎ᠢ ᠬᠡᠷᠡᠭᠵᠢᠬᠦᠯᠬᠦ ᠲᠤᠬᠠᠢ ᠮᠡᠳᠡᠭᠳᠡᠯ》
ᠨᠡᠶ᠋ᠢᠲᠡᠯᠡᠭᠰᠡᠨ ᠴᠠᠭ᠄ 2024-01-03

  2024 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠮᠠᠨ᠎ᠤ ᠣᠷᠣᠨ 《ᠤᠯᠤᠰ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2023 ᠣᠨ)》᠎ᠢ ᠪᠥᠬᠦ ᠲᠠᠯ᠎ᠠ᠎ᠪᠠᠷ ᠬᠡᠷᠡᠭᠵᠢᠭᠦᠯᠦᠨ᠎ᠡ᠃

   ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠢᠨ᠎ᠡ ᠬᠡᠪᠯᠡᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠨᠡᠶ᠋ᠢᠲᠡ 3088 ᠵᠦᠢ᠍ᠯ᠎ᠤᠨ ᠡᠸᠦᠷᠦᠫᠡ ᠡᠮ ᠪᠠ ᠬᠢᠲᠠᠳ ᠡᠮ ᠪᠠᠢ᠌ᠵᠤ᠂ ᠡᠭᠦᠨ᠎ᠳᠤ ᠡᠸᠦᠷᠦᠫᠡ ᠡᠮ 1698 ᠵᠦᠢ᠍ᠯ᠂ ᠬᠢᠲᠠᠳ ᠪᠡᠯᠡᠨ ᠡᠮ 1390 ᠵᠦᠢ᠍ᠯ᠂ ᠬᠢᠲᠠᠳ ᠡᠮ᠎ᠤᠨ ᠴᠢᠨᠠᠬᠤ ᠡᠮ 892 ᠵᠦᠢ᠍ᠯ ᠪᠣᠢ᠃ ᠤᠤᠯ᠎ᠤᠨ ᠭᠠᠷᠴᠠᠭ᠎ᠲᠠᠢ ᠬᠠᠷᠢᠴᠠᠭᠤᠯᠪᠠᠯ᠂ ᠲᠣᠰ ᠤᠳᠠᠭ᠎ᠠ ᠨᠡᠶ᠋ᠢᠲᠡ 126 ᠰᠢᠨ᠎ᠡ ᠡᠮ᠎ᠤᠨ ᠵᠦᠢ᠍ᠯ᠎ᠢ ᠭᠠᠷᠴᠠᠭ᠎ᠲᠤ ᠣᠷᠣᠭᠤᠯᠵᠤ᠂ 1 ᠡᠮ᠎ᠤᠨ ᠵᠦᠢ᠍ᠯ᠎ᠢ ᠰᠢᠯᠵᠢᠭᠦᠯᠦᠨ ᠭᠠᠷᠭ᠋ᠠᠪᠠ᠃ ᠰᠢᠨ᠎ᠡ᠎ᠪᠠᠷ ᠨᠡᠮᠡᠭᠳᠡᠭᠰᠡᠨ ᠡᠮ᠎ᠤᠨ ᠳᠣᠲᠣᠷ᠎ᠠ᠂ ᠬᠣᠣᠷᠲᠤ ᠬᠠᠪᠤᠳᠠᠷ᠎ᠲᠤ ᠬᠡᠷᠡᠭᠯᠡᠬᠦ ᠡᠮ 21 ᠵᠦᠢ᠍ᠯ᠂ ᠺᠣᠷᠣᠨᠠ᠂ ᠬᠠᠯᠳᠠᠪᠤᠷᠢᠯᠠᠯ᠎ᠢ ᠡᠰᠡᠷᠭᠦᠴᠡᠬᠦ ᠡᠮ 17 ᠵᠦᠢ᠍ᠯ᠂ ᠰᠢᠬᠢᠷ ᠰᠢᠵᠢᠩ ᠡᠪᠡᠳᠴᠢᠨ᠂ ᠰᠣᠯᠢᠶ᠎ᠠ ᠡᠪᠡᠳᠴᠢᠨ᠂ ᠬᠡᠷᠦᠬᠦ ᠡᠪᠡᠳᠴᠢᠨ ᠵᠡᠷᠭᠡ ᠤᠳᠠᠭ᠋ᠠᠨ ᠴᠢᠨᠠᠷᠲᠠᠢ ᠡᠪᠡᠳᠴᠢᠨ᠎ᠳᠤ ᠬᠡᠷᠡᠭᠯᠡᠬᠦ ᠡᠮ 15 ᠵᠦᠢ᠍ᠯ ᠪᠠᠢ᠌ᠵᠤ᠂ ᠬᠣᠪᠣᠷ ᠲᠣᠬᠢᠶᠠᠯᠳᠤᠬᠤ ᠡᠪᠡᠳᠴᠢᠨ᠎ᠳᠤ ᠬᠡᠷᠡᠭᠯᠡᠬᠦ ᠡᠮ 15 ᠵᠦᠢ᠍ᠯ (ᠡᠭᠦᠨ᠎ᠳᠤ ᠠᠹᠠᠲ᠋ᠢᠨᠢ ᠬᠠᠪᠲᠠᠭ᠋ᠠᠢ ᠦᠷᠢᠯ᠎ᠨᠢ ᠠᠳᠠᠯᠢ ᠪᠤᠰᠤ ᠬᠣᠣᠷᠲᠤ ᠬᠠᠪᠤᠳᠠᠷ᠎ᠲᠤ ᠬᠡᠷᠡᠭᠯᠡᠬᠦ ᠡᠮ ᠪᠣᠯᠤᠨ᠎ᠠ)᠂ ᠪᠤᠰᠤᠳ ᠬᠦᠷᠢᠶᠡᠨ᠎ᠳᠤ ᠬᠡᠷᠡᠭᠯᠡᠬᠦ ᠡᠮ 59 ᠵᠦᠢ᠍ᠯ ᠪᠣᠢ᠃

   ᠤᠯᠤᠰ᠎ᠤᠨ 《2023 ᠣᠨ᠎ᠤ ᠡᠮ᠎ᠤᠨ ᠵᠦᠢ᠍ᠯ᠎ᠤᠨ ᠭᠠᠷᠴᠠᠭ》᠎ᠢ ᠪᠦᠬᠦᠨ᠎ᠢ ᠮᠠᠨ᠎ᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠨ᠎ᠠ᠃ ᠡᠨᠡ ᠬᠦ᠌ ᠰᠠᠭᠤᠷᠢᠨ ᠳᠡᠭᠡᠷ᠎ᠡ᠂ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠬᠡᠷᠡᠭᠯᠡᠬᠦ ᠡᠮ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠶᠣᠰᠣᠭ᠋ᠠᠷ᠂ ᠮᠠᠨ᠎ᠤ ᠣᠷᠣᠨ ᠪᠠᠰᠠ 117 ᠮᠣᠩᠭᠤᠯ ᠡᠮ᠎ᠤᠨ ᠲᠥᠷᠥᠯ ᠵᠦᠢ᠍ᠯ᠂ 531 ᠬᠢᠲᠠᠳ ᠡᠮ᠎ᠤᠨ ᠴᠢᠨᠠᠬᠤ ᠡᠮ ᠵᠡᠷᠭᠡ ᠵᠢ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ᠎ᠳᠤ ᠣᠷᠣᠭᠤᠯᠵᠤ᠂ ᠡᠪᠡᠳᠴᠢᠲᠡᠨ᠎ᠤ ᠡᠮ ᠬᠡᠷᠡᠭᠯᠡᠬᠦ ᠪᠠᠲᠤᠯᠠᠭ᠎ᠠ ᠵᠢᠨ ᠬᠡᠪᠴᠢᠶ᠎ᠡ ᠵᠢ ᠤᠯᠠᠮ ᠨᠢᠭᠡ ᠠᠯᠬᠤᠮ       ᠥᠷᠭᠡᠳᠬᠡᠪᠡ᠃

   ᠡᠭᠦᠨ᠎ᠤ ᠬᠠᠮᠲᠤ᠂ ᠣᠯᠠᠨ ᠲᠦᠮᠡᠨ᠎ᠤ ᠡᠮ ᠬᠡᠷᠡᠭᠯᠡᠵᠦ ᠳᠠᠩᠰᠠ ᠴᠠᠢ᠌ᠷᠠᠭᠤᠯᠬᠤ᠎ᠳᠤ ᠲᠥᠬᠦᠮ ᠦᠵᠡᠭᠦᠯᠬᠦ ᠵᠢᠨ ᠲᠤᠰᠠᠳᠠ᠂ ᠮᠠᠨ᠎ᠤ ᠣᠷᠣᠨ 《ᠬᠤᠤᠰ ᠨᠡᠪᠲᠡᠷᠡᠬᠦ ᠵᠠᠮ》 ᠵᠡᠷᠭᠡ ᠪᠠᠲᠤᠯᠠᠭ᠎ᠠ ᠵᠢᠨ ᠵᠣᠬᠢᠴᠠᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠳᠣᠰᠬᠠᠢ ᠮᠠᠷᠭᠡᠵᠢᠯᠲᠠᠣᠠ ᠵᠶ᠋ᠠᠷ ᠨᠤᠲᠠᠯᠠᠭᠤᠯᠤᠭ᠋ᠠᠳ᠂ ᠳᠠᠷᠠᠰᠤᠨ ᠴᠢᠯᠠᠭᠤᠨ᠎ᠤ ᠬᠦᠴᠢᠯ᠎ᠤᠨ ᠠᠢ᠌ᠭ᠌ᠸᠰᠲ᠋ᠠᠷ ᠬᠤᠮᠵᠢᠶ᠎ᠠ᠂ ᠠᠹᠠᠲ᠋ᠢᠨᠢ ᠬᠠᠪᠲᠠᠭ᠋ᠠᠢ ᠦᠷᠢᠯ᠂ ᠢᠺᠦ᠋ᠵᠦ᠋ ᠳᠠᠩ ᠡᠰᠡᠷᠭᠦᠴᠡᠯ᠎ᠤᠨ ᠲᠠᠷᠢᠯᠭ᠎ᠠ ᠵᠢᠨ ᠰᠢᠩᠭᠡᠨ᠂ ᠰᠢᠷᠦ᠋ᠮᠦ᠋ᠰ ᠴᠠᠷᠴᠠᠮᠠᠯ ᠴᠠᠪᠠᠤ᠂ ᠪᠦᠲ᠋ᠠᠳᠢᠸᠢᠽᠢᠨ᠎ᠤ ᠬᠠᠪᠲᠠᠭ᠋ᠠᠢ ᠦᠷᠢᠯ ᠵᠠᠷᠭᠡ 29 ᠤᠯᠤᠰ᠎ᠤᠨ ᠬᠡᠯᠡᠯᠴᠡᠭᠡᠷ ᠵᠢᠴᠢ ᠥᠷᠢᠰᠦᠯᠳᠦᠭᠡᠨ᠎ᠤ ᠡᠮ ᠵᠠᠷᠭᠡ 29 ᠡᠮ᠎ᠤᠨ ᠵᠣᠢ᠍ᠢ᠍ᠯ᠎ᠢ ᠥᠪᠡᠷᠲᠡᠭᠡᠨ ᠵᠠᠰᠠᠬᠤ ᠣᠷᠣᠠ᠎ᠤ ᠡᠭᠦᠲᠠ ᠡᠮᠨᠠᠯᠭᠡ ᠵᠢᠨ ᠣᠠᠴᠠᠭ᠋ᠠᠢ ᠬᠡᠷᠡᠭᠯᠡᠭᠡᠨ᠎ᠤ ᠡᠮ᠎ᠤᠨ ᠭᠠᠷᠴᠠᠭ᠎ᠲᠤ ᠨᠣᠢ᠍ᠭᠦᠠ ᠣᠷᠤᠭᠤᠯᠵᠠᠢ᠃ ᠡᠭᠦᠨ᠎ᠤ ᠬᠠᠮᠲᠤ ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ᠎ᠢ ᠪᠦᠬᠦᠨ᠎ᠢ 《ᠬᠤᠣᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠳᠤ ᠣᠷᠣᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ ᠪᠠ ᠡᠮ᠎ᠤᠨ ᠳᠡᠯᠭᠡᠭᠦᠷ ᠬᠤᠶᠠᠷ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠬᠡᠯᠡᠯᠴᠡᠭᠡᠷ᠎ᠤᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠵᠤ᠂ ᠡᠭᠦᠳᠡᠨ ᠡᠮᠨᠡᠯᠭᠡ᠎ᠠᠴᠠ ᠨᠢᠭᠡᠳᠦᠯᠲᠡᠢ ᠲᠥᠯᠥᠪᠵᠢᠭᠦᠯᠬᠦ᠂ ᠡᠭᠦᠳᠡᠨ ᠡᠮᠨᠡᠯᠭᠡ ᠵᠢᠨ ᠣᠨᠴᠠ ᠤᠳᠠᠭ᠋ᠠᠨ ᠴᠢᠨᠠᠷᠲᠠᠢ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ ᠡᠮ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠲᠠᠩᠰᠠ ᠴᠠᠢ᠌ᠷᠠᠭᠤᠯᠬᠤ ᠬᠡᠷᠡᠭᠲᠡᠢ᠃ ᠤᠤᠯ᠎ᠤᠨ 《ᠬᠤᠣᠰ ᠨᠡᠪᠲᠡᠷᠡᠬᠦ ᠵᠠᠮ》 ᠵᠢᠴᠢ ᠡᠭᠦᠳᠡᠨ ᠡᠮᠨᠡᠯᠭᠡ ᠵᠢᠨ ᠣᠨᠴᠠᠭ᠋ᠠᠢ ᠡᠮ ᠬᠡᠷᠡᠭᠯᠡᠬᠦ ᠭᠠᠷᠴᠠᠭ᠎ᠲᠤ ᠨᠢᠭᠡᠨᠲᠡ ᠬᠡᠪ᠎ᠤᠨ ᠬᠥᠬᠡᠭᠴᠢᠨ ᠲᠥᠷᠥᠯ᠎ᠤᠨ ᠬᠠᠮᠢᠶᠠᠷᠤᠯᠲᠠ᠎ᠳᠤ ᠰᠢᠯᠵᠢᠭᠦᠯᠦᠨ ᠣᠷᠣᠭᠤᠯᠤᠭᠰᠠᠨ ᠬᠡᠯᠡᠯᠴᠡᠭᠡᠷ᠎ᠤᠨ ᠡᠮ᠎ᠤᠨ ᠵᠦᠢ᠍ᠯ᠎ᠳᠤ ᠮᠥᠨ ᠬᠦ᠌ ᠡᠮᠦᠨᠡᠬᠢ ᠬᠤᠭᠤᠴᠠᠭ᠋ᠠᠨ᠎ᠤ 《ᠬᠤᠣᠰ ᠨᠡᠪᠲᠡᠷᠡᠬᠦ ᠵᠠᠮ》 ᠵᠢᠴᠢ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ ᠡᠮ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠪᠡᠳᠴᠢᠲᠡᠨ᠎ᠤ ᠡᠮ ᠬᠡᠷᠡᠭᠯᠡᠬᠦ ᠦᠷᠭᠦᠯᠵᠢᠯᠡᠬᠦᠢ᠌ᠴᠡ ᠴᠢᠨᠠᠷ ᠪᠠ ᠬᠠᠷᠠᠭ᠋ᠠᠯᠵᠠᠯ᠎ᠤᠨ ᠲᠣᠭᠲᠠᠪᠤᠷᠢᠲᠤ ᠴᠢᠨᠠᠷ᠎ᠢ ᠪᠠᠲᠤᠯᠠᠨ᠎ᠠ᠃

   ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠡᠯᠡᠯᠴᠡᠭᠡᠷ᠎ᠤᠨ ᠡᠮ᠎ᠤᠨ ᠵᠦᠢ᠍ᠯ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠠᠵᠢᠯ᠎ᠢ ᠨᠠᠢ᠍ᠳᠠᠪᠤᠷᠢᠵᠢᠭᠤᠯᠬᠤ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠪᠠᠳᠤᠯᠠᠭ᠎ᠠ ᠠᠯᠪᠠᠨ ᠲᠠᠷᠬᠠᠭ᠋ᠠᠭᠰᠠᠨ [2021] 10 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭ᠋ᠠᠷ᠂ ᠬᠡᠯᠡᠯᠴᠡᠭᠡᠷ᠎ᠤᠨ ᠡᠮ᠎ᠤᠨ ᠵᠦᠢ᠍ᠯ᠎ᠤᠨ ᠡᠭᠦᠳᠡᠨ ᠡᠮᠨᠡᠯᠭᠡ᠂ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠵᠣᠬᠢᠴᠠᠮᠵᠢ ᠵᠢ ᠡᠭᠦᠳᠡᠨ ᠡᠮᠨᠡᠯᠭᠡ᠎ᠲᠠᠢ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ ᠡᠮ᠂ ᠣᠨᠳᠣᠤ ᠭᠠᠵᠠᠷ᠎ᠲᠤ ᠡᠮᠨᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠬᠡᠯᠡᠯᠴᠡᠭᠡᠷ᠎ᠤᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠦᠨ᠎ᠡ᠃ ᠡᠯ᠎ᠡ ᠭᠠᠵᠠᠷ᠎ᠤᠨ᠎ᠬᠢᠨ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠡᠯᠸᠺᠲᠷᠣᠨ ᠵᠣᠷ᠎ᠤᠨ ᠲᠥᠪ᠎ᠤᠨ ᠬᠡᠷᠡᠭᠯᠡᠯᠲᠡ ᠵᠢ ᠦᠷᠭᠦᠯᠵᠢᠯᠡᠨ ᠴᠢᠩᠭ᠋ᠠᠳᠬᠠᠵᠤ᠂ 《ᠬᠤᠤᠰ ᠨᠡᠪᠲᠡᠷᠡᠬᠦ ᠵᠠᠮ》᠎ᠤᠨ ᠵᠣᠷ᠎ᠤᠨ ᠡᠷᠭᠢᠯᠲᠡ ᠵᠢ ᠡᠯᠸᠺᠲᠷᠣᠨᠴᠢᠯᠠᠬᠤ ᠵᠢ ᠠᠬᠢᠭᠤᠯᠬᠤ ᠬᠡᠷᠡᠭᠲᠡᠶ᠃

   ᠲᠣᠰ ᠤᠳᠠᠭ᠋ᠠᠨ᠎ᠤ ᠭᠠᠷᠴᠠᠭ᠎ᠢ ᠬᠡᠷᠡᠭᠵᠢᠭᠦᠯᠬᠦ ᠳᠤᠮᠳᠠ᠂ ᠮᠠᠨ᠎ᠤ ᠣᠷᠣᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠵᠦᠶ ᠵᠣᠬᠢᠰᠲᠠᠶ ᠳᠣᠭᠢᠷᠠᠭᠤᠯᠬᠤ᠂ ᠬᠡᠷᠡᠭᠯᠡᠬᠦ ᠭᠠᠷᠴᠠᠭ᠎ᠤᠨ ᠳᠣᠲᠣᠷᠠᠬᠢ ᠡᠮ᠎ᠤᠨ ᠵᠦᠢ᠍ᠯ᠎ᠢ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠪᠠ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠬᠡᠯᠡᠯᠴᠡᠭᠡᠷ᠎ᠤᠨ ᠡᠮ᠎ᠤᠨ ᠵᠦᠢ᠍ᠯ᠎ᠢ ᠳᠣᠭᠢᠷᠠᠭᠤᠯᠤᠨ ᠬᠡᠷᠡᠭᠯᠡᠬᠦ ᠨᠢᠭᠡᠳᠦᠭᠡᠷ ᠬᠠᠷᠢᠭᠤᠴᠠᠯᠭ᠋ᠠᠲᠠᠨ ᠪᠣᠯᠤᠭᠰᠠᠨ᠎ᠤ ᠬᠤᠪᠢ᠎ᠳᠤ᠂ ᠬᠡᠯᠡᠯᠴᠡᠭᠡᠷ᠎ᠤᠨ ᠡᠮ᠎ᠤᠨ ᠵᠦᠢ᠍ᠯ᠎ᠢ ᠡᠮᠨᠡᠯᠭᠡ᠎ᠳᠤ ᠣᠷᠣᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ᠂ ᠭᠠᠷᠴᠠᠭ᠎ᠢ ᠨᠡᠶ᠋ᠢᠲᠡᠯᠡᠭᠰᠡᠨ᠎ᠤ ᠳᠠᠷᠠᠭ᠋ᠠᠬᠢ 2 ᠰᠠᠷ᠎ᠠ ᠵᠢᠨ ᠳᠣᠲᠣᠷ᠎ᠠ ᠲᠤᠰᠬᠠᠶ ᠡᠮ᠎ᠤᠨ ᠶᠠᠪᠤᠳᠠᠯ᠎ᠤᠨ ᠬᠠᠮᠢᠶᠠᠷᠤᠯᠲᠠ ᠵᠢᠨ ᠬᠤᠷᠠᠯ ᠬᠤᠷᠠᠯᠳᠤᠭᠤᠯᠵᠤ᠂ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠂ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠣᠨᠣᠰᠢᠯᠠᠨ ᠡᠮᠨᠡᠬᠦ ᠴᠢᠳᠠᠪᠤᠷᠢ ᠵᠡᠷᠭᠡ ᠵᠢ ᠦᠨᠳᠦᠰᠦᠯᠡᠨ᠂ ᠲᠣᠰ ᠪᠠᠶ᠋ᠢᠭᠤᠯᠤᠮᠵᠢ ᠵᠢᠨ ᠡᠮ ᠬᠡᠷᠡᠭᠯᠡᠬᠦ ᠭᠠᠷᠴᠠᠭ᠎ᠢ ᠳᠣᠭᠢᠷᠠᠭᠤᠯᠤᠨ ᠰᠢᠯᠢᠳᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠲᠦᠷ ᠴᠠᠭ ᠲᠤᠰ ᠪᠠᠶ᠋ᠢᠭᠤᠯᠤᠮᠵᠢ ᠵᠢᠨ ᠬᠠᠩᠭ᠋ᠠᠯᠭ᠎ᠠ ᠵᠢᠨ ᠭᠠᠷᠴᠠᠭ᠎ᠲᠤ ᠣᠷᠣᠭᠤᠯᠬᠤ ᠵᠢᠨ ᠠᠷᠭ᠎ᠠ ᠦᠭᠡᠶ ᠪᠣᠯᠪᠠᠴᠤ ᠡᠮᠴᠢᠯᠡᠭᠡᠨ᠎ᠳᠤ ᠦᠨᠡᠨ ᠬᠦ᠌ ᠬᠡᠷᠡᠭᠴᠡᠭᠡ ᠱᠠᠭ᠋ᠠᠷᠳᠠᠯᠭ᠎ᠠ᠎ᠲᠠᠢ ᠬᠡᠯᠡᠯᠴᠡᠭᠡᠷ᠎ᠤᠨ ᠡᠮ᠎ᠤᠨ ᠵᠦᠢ᠍ᠯ᠎ᠳᠤ ᠪᠣᠯ ᠰᠠᠭ᠋ᠠᠳ ᠦᠭᠡᠶ ᠨᠡᠪᠲᠡᠷᠡᠬᠦ ᠵᠠᠮ᠎ᠢ ᠪᠠᠶ᠋ᠢᠭᠤᠯᠵᠤ᠂ ᠪᠦᠷᠢᠳᠬᠡᠨ ᠳᠠᠩᠰᠠᠯᠠᠭᠤᠯᠤᠭᠰᠠᠨ ᠬᠤᠳᠠᠯᠳᠤᠨ ᠠᠪᠬᠤ ᠳᠡᠰ ᠳᠠᠷᠠᠭ᠋ᠠᠯᠠᠯ᠎ᠢ ᠴᠠᠭ ᠲᠤᠬᠠᠶ᠎ᠳᠤ᠎ᠨᠢ ᠡᠬᠢᠯᠡᠭᠦᠯᠬᠦ ᠬᠡᠷᠡᠭᠲᠡᠶ᠃ ᠵᠠᠷᠴᠢᠮ ᠳᠡᠭᠡᠷ᠎ᠡ᠎ᠪᠠᠨ ᠬᠡᠯᠡᠯᠴᠡᠭᠡᠷ᠎ᠤᠨ ᠡᠮ᠎ᠤᠨ ᠵᠦᠢ᠍ᠯ᠎ᠢ 《ᠲᠣᠬᠢᠷᠠᠭᠤᠯᠬᠤ ᠶᠣᠰᠣᠲᠠᠶ ᠵᠢ᠎ᠨᠢ ᠪᠦᠬᠦᠨ᠎ᠢ ᠲᠣᠬᠢᠷᠠᠭᠤᠯᠵᠤ》᠂ ᠡᠮᠴᠢᠯᠡᠭᠡᠨ᠎ᠤ ᠪᠠᠶ᠋ᠢᠭᠤᠯᠤᠮᠵᠢ᠎ᠨᠢ ᠡᠮᠴᠢᠯᠡᠭᠡᠨ᠎ᠤ ᠪᠠᠲᠤᠯᠠᠭ᠎ᠠ ᠵᠢᠨ ᠶᠡᠷᠦᠩᠬᠡᠶ ᠲᠤᠭ᠎ᠠ ᠵᠢ ᠡᠵᠡᠮᠳᠡᠬᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ ᠬᠡᠷᠡᠭᠯᠡᠬᠦ ᠭᠠᠷᠴᠠᠭ᠎ᠤᠨ ᠲᠤᠭ᠎ᠠ ᠬᠡᠮᠵᠢᠶ᠎ᠡ ᠵᠢ ᠬᠢᠵᠠᠭ᠋ᠠᠷᠯᠠᠬᠤ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠭᠦᠢ᠍ᠴᠡᠳᠬᠡᠯ ᠲᠤᠭ᠎ᠠ᠂ ᠨᠢᠭᠡᠨᠲᠡ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠡᠷᠭᠡ᠎ᠳᠤ ᠣᠷᠣᠭᠤᠯᠬᠤ᠎ᠪᠠᠷ ᠰᠢᠯᠲᠠᠭ ᠪᠣᠯᠭ᠋ᠠᠵᠤ ᠬᠡᠯᠡᠯᠴᠡᠭᠡᠷ᠎ᠤᠨ ᠡᠮ᠎ᠤᠨ ᠵᠦᠢ᠍ᠯ᠎ᠢ ᠳᠣᠭᠢᠷᠠᠭᠤᠯᠤᠨ ᠬᠡᠷᠡᠭᠯᠡᠬᠦ ᠵᠢ ᠨᠥᠯᠥᠭᠡᠯᠡᠵᠦ ᠪᠣᠯᠬᠤ ᠥᠬᠡᠶ᠃ ᠡᠯ᠎ᠡ ᠭᠠᠵᠠᠷ᠎ᠨᠢ ᠡᠪᠡᠳᠴᠢᠨ ᠡᠮᠭᠡᠭ᠎ᠤᠨ ᠣᠨᠤᠰᠢᠯᠠᠯᠲᠠ᠎ᠪᠠᠷ ᠬᠣᠯᠪᠤᠭᠳᠠᠯ ᠪᠥᠬᠦᠶ ᠳᠤᠭᠤᠶ᠋ᠢᠯᠠᠩ ᠬᠤᠪᠢᠶᠠᠬᠤ (DRG) ᠪᠠ ᠡᠪᠡᠳᠴᠢᠨ᠎ᠤ ᠲᠥᠷᠥᠯ ᠵᠶ᠋ᠠᠷ ᠥᠷᠲᠡᠭ ᠬᠤᠪᠢᠶᠠᠵᠤ (DIP) ᠰᠦᠢ᠍ᠳᠬᠡᠯ ᠲᠤᠰᠢᠶᠠᠬᠤ ᠥᠭᠡᠷᠡᠴᠢᠯᠡᠯᠲᠡ ᠳᠤᠮᠳᠠ ᠬᠡᠯᠡᠯᠴᠡᠭᠡᠷ᠎ᠤᠨ ᠡᠮ᠎ᠤᠨ ᠵᠦᠢ᠍ᠯ᠎ᠳᠤ ᠵᠣᠭᠣᠰ ᠥᠭᠬᠦ᠎ᠠᠴᠠ ᠪᠤᠰᠤᠳ ᠵᠣᠭᠣᠰ ᠥᠭᠬᠦ ᠪᠤᠶᠤ ᠬᠤᠪᠢ ᠵᠢᠨ ᠥᠷᠲᠡᠭ ᠵᠶ᠋ᠠᠷ ᠨᠥᠬᠥᠪᠥᠷᠢᠯᠡᠬᠦ ᠵᠣᠬᠢᠴᠠᠮᠵᠢ ᠵᠢ ᠰᠦᠪᠡᠭᠴᠢᠯᠡᠨ ᠪᠠᠶ᠋ᠢᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠨ᠎ᠡ ᠮᠡᠷᠭᠡᠵᠢᠯ᠂ ᠰᠢᠨ᠎ᠡ ᠡᠮ᠎ᠤᠨ ᠵᠦᠢ᠍ᠯ᠎ᠤᠨ ᠬᠡᠷᠡᠭᠯᠡᠯᠲᠡ ᠵᠢ ᠵᠣᠷᠢᠭᠵᠢᠭᠤᠯᠬᠤ ᠬᠡᠷᠡᠭᠲᠡᠶ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠢ᠌ᠯᠤᠮᠵᠢ᠄ 《ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2023 ᠣᠨ)᠎ᠢ ᠬᠡᠷᠡᠭᠵᠢᠭᠦᠯᠬᠦ ᠲᠤᠬᠠᠢ ᠮᠡᠳᠡᠭᠳᠡᠯ》
ᠦᠰᠦᠭ ᠪᠢᠴᠢᠭ ᠵᠶ᠋ᠠᠷ ᠦᠭᠦᠯᠡᠬᠦᠢ — 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠳ᠎ᠤᠨ ᠵᠠᠮ ᠬᠠᠷᠢᠯᠴᠠᠭ᠋ᠠᠨ᠎ᠤ ᠠᠳᠡᠯ᠎ᠤᠨ ᠡᠮᠴᠢᠯᠡᠭᠡᠨ᠎ᠤ ᠵᠠᠷᠤᠳᠠᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠶᠠᠪᠤᠴᠠ ᠵᠢᠨ ᠲᠤᠬᠠᠶ ᠮᠡᠳᠡᠭᠳᠡᠯ》᠎ᠤᠨ ᠲᠤᠬᠠᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠪᠥᠬᠦ ᠣᠷᠣᠨ᠎ᠤ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠨ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠴᠡᠭ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》᠎ᠤᠨ ᠲᠤᠬᠠᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠦᠰᠦᠭ ᠪᠢᠴᠢᠭ ᠵᠶ᠋ᠡᠷ ᠥᠭᠦᠯᠡᠬᠦᠢ᠄ 《ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠬᠡᠰᠡᠭ ᠲᠥᠷᠥᠯ ᠵᠦᠢ᠍ᠯ᠎ᠢ ᠦᠨᠳᠦᠰᠦᠨ ᠡᠮᠴᠢᠯᠡᠭᠡ ᠵᠢᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠥᠭᠬᠦ ᠬᠡᠪᠴᠢᠶᠡᠨ᠎ᠳᠤ ᠣᠷᠣᠭᠤᠯᠬᠤ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠬᠦᠨᠳᠦ ᠡᠪᠡᠳᠴᠢᠨ ᠮᠡᠳᠡᠷᠡᠯ᠎ᠤᠨ ᠡᠪᠡᠳᠴᠢᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠲᠥᠷᠥᠯ᠎ᠤᠨ ᠬᠡᠪᠴᠢᠶᠡᠨ᠎ᠳᠤ ᠣᠷᠣᠭᠤᠯᠬᠤ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            