ᠬᠡᠯᠬᠢᠶᠡᠰᠦᠨ ᠨᠣᠮᠧᠷ᠄ 11150000MB16442978/2024-06640
ᠭᠤᠣᠯ ᠰᠡᠳᠦᠪ᠎ᠤᠨ ᠠᠩᠭᠢᠯᠠᠯ᠄ ᠡᠮ ᠡᠮᠨᠡᠯᠭᠡ ᠵᠢᠨ ᠦᠢ᠍ᠯᠡᠴᠢᠯᠡᠭᠡ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
ᠪᠢᠴᠢᠭ᠎ᠤᠨ ᠳ᠋ᠤᠭ᠋ᠠᠷ᠄ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠠᠯᠪᠠᠨ ᠥᠰᠥᠭ [2024 ] 102 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2024 -11-13
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠡᠯ᠎ᠡ ᠠᠶ᠋ᠢᠮᠠᠭ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠮᠠᠨᠵᠤᠤᠷ ᠬᠤᠲᠠ᠂ ᠡᠷᠢᠶᠡᠨ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ᠄
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ 《ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠳᠠᠨ᠎ᠠ ᠲᠣᠬᠢᠷᠠᠭᠤᠯᠬᠤ ᠵᠣᠷ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠪᠥᠬᠦ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠳᠠᠨ᠎ᠠ ᠳᠣᠬᠢᠷᠠᠭᠤᠯᠬᠤ ᠵᠣᠷ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠡᠷᠡᠭᠯᠡᠬᠦ ᠵᠢ ᠪᠠᠲᠤᠯᠠᠬᠤ ᠵᠢᠨ ᠬᠠᠮᠲᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠠᠮᠤᠷ ᠲᠦᠪᠰᠢᠨ᠎ᠢ ᠬᠠᠮᠠᠭ᠋ᠠᠯᠠᠨ᠎ᠠ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠠᠮᠢᠶ᠎ᠠ ᠪᠥᠬᠦᠶ ᠠᠵᠢᠯ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠪᠦᠬᠦ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠡᠮ ᠡᠮᠨᠡᠯᠭᠡ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠢᠷᠤᠮᠵᠢᠭᠤᠯᠤᠨ᠎ᠠ
ᠡᠯ᠎ᠡ ᠭᠠᠵᠠᠷ᠎ᠤᠨ᠎ᠬᠢᠨ ᠡᠮ᠎ᠤᠨ ᠵᠦᠢ᠍ᠯ᠎ᠤᠨ ᠭᠠᠳᠠᠨ᠎ᠠ ᠲᠣᠬᠢᠷᠠᠭᠤᠯᠬᠤ ᠵᠣᠷ᠎ᠤᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠳᠠᠨ᠎ᠠ ᠳᠣᠬᠢᠷᠠᠭᠤᠯᠬᠤ ᠵᠣᠷ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠲᠤᠬᠠᠶ ᠮᠡᠳᠡᠭᠳᠡᠯ᠎ᠤᠨ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠵᠣᠷ ᠪᠢᠴᠢᠵᠦ ᠥᠭᠬᠦ᠂ ᠡᠷᠭᠢᠯᠳᠦᠭᠦᠯᠬᠦ᠂ ᠲᠣᠬᠢᠷᠠᠭᠤᠯᠬᠤ ᠭᠤᠷᠪᠠᠨ ᠵᠠᠩᠭᠢᠯᠠᠭ᠎ᠠ ᠵᠢᠨ ᠭᠤᠭᠴᠤᠭ᠎ᠠ ᠵᠢᠨ ᠲᠣᠭᠤᠷᠢᠨ᠎ᠳᠤ᠂ ᠵᠣᠷ᠎ᠤᠨ ᠡᠷᠭᠢᠯᠲᠡ ᠵᠢᠨ ᠪᠥᠬᠦ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠤᠳᠠᠯ ᠬᠠᠭᠤᠷᠮᠠᠭ ᠵᠣᠷ᠂ ᠬᠡᠮᠵᠢᠶ᠎ᠡ᠎ᠠᠴᠠ ᠬᠡᠲᠦᠷᠡᠭᠦᠯᠦᠨ ᠡᠮ ᠥᠭᠬᠦ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃
ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ ᠵᠢᠴᠢ ᠳᠠᠩᠰᠠᠯᠠᠭᠤᠯᠤᠭᠰᠠᠨ ᠡᠮᠴᠢ ᠵᠢ ᠱᠠᠯᠠᠪᠳᠠᠭᠤᠯᠵᠤ ᠪᠠᠶ᠋ᠢᠭ᠋ᠠᠳ 《ᠵᠣᠷ᠎ᠤᠨ ᠬᠠᠮᠢᠶᠠᠷᠤᠯᠲᠠ ᠵᠢᠨ ᠠᠷᠭ᠎ᠠ》᠂ 《ᠡᠮᠴᠢᠯᠡᠭᠡᠨ᠎ᠤ ᠪᠠᠶ᠋ᠢᠭᠤᠯᠤᠮᠵᠢ ᠵᠢᠨ ᠵᠣᠷ᠎ᠤᠨ ᠬᠢᠨᠠᠨ ᠬᠠᠷᠭᠤᠭᠤᠯᠤᠯᠲᠠ ᠵᠢᠨ ᠵᠢᠷᠤᠮᠵᠢᠯ》 ᠵᠡᠷᠭᠡ ᠬᠠᠮᠢᠶ᠎ᠠ ᠪᠥᠬᠦᠶ ᠲᠣᠭᠲᠠᠭ᠋ᠠᠯ᠎ᠢ ᠦᠨᠳᠦᠰᠦᠯᠡᠨ᠂ ᠭᠠᠳᠠᠨ᠎ᠠ ᠵᠣᠷ ᠳᠣᠬᠢᠷᠠᠭᠤᠯᠬᠤ᠂ ᠡᠷᠭᠢᠯᠳᠦᠭᠦᠯᠬᠦ᠂ ᠲᠠᠩᠰᠠ ᠡᠪᠬᠡᠮᠡᠯ᠎ᠳᠤ ᠣᠷᠣᠭᠤᠯᠤᠨ ᠬᠠᠳᠠᠭ᠋ᠠᠯᠠᠵᠤ ᠬᠠᠮᠢᠶᠠᠷᠬᠤ ᠵᠡᠷᠭᠡ ᠠᠵᠢᠯ᠎ᠢ ᠵᠢᠷᠤᠮᠵᠢᠭᠤᠯᠬᠤ ᠵᠢᠨ ᠬᠠᠮᠲᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠪᠠ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠢ᠌ᠭᠤᠯᠤᠮᠵᠢ ᠵᠢ ᠵᠢᠯᠤᠭᠣᠳᠴᠤ ᠪᠠᠢ᠌ᠭ᠋ᠠᠳ ᠵᠣᠷ᠎ᠢ ᠡᠷᠭᠢᠯᠳᠦᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠮᠡᠳᠡᠭᠡ ᠵᠠᠩᠭᠢ ᠵᠢᠨ ᠰᠢᠰᠲ᠋ᠧᠮ᠎ᠢ ᠥᠭᠡᠷᠡᠴᠢᠯᠡᠬᠦ ᠪᠠ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠤᠳᠤᠬᠤ ᠵᠢ ᠰᠠᠢ᠌ᠲᠤᠷ ᠬᠢᠨ᠎ᠡ᠃ ᠡᠳᠦᠷ ᠲᠤᠲᠤᠮ᠎ᠤᠨ ᠬᠢᠨᠠᠨ ᠬᠠᠷᠭᠤᠭᠤᠯᠬᠤ ᠵᠢ ᠴᠢᠩᠭ᠋ᠠᠷᠠᠭᠤᠯᠵᠤ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ ᠪᠠᠢ᠌ᠭ᠋ᠠᠳ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠯᠦᠭᠡ ᠲᠣᠭᠲᠠᠮᠠᠯ ᠬᠤᠭᠤᠴᠠᠭ᠎ᠠ᠎ᠲᠠᠢ᠎ᠪᠠᠷ ᠭᠠᠳᠠᠨ᠎ᠠ ᠳᠣᠬᠢᠷᠠᠭᠤᠯᠤᠭᠰᠠᠨ ᠵᠣᠷ᠎ᠢ ᠪᠠᠢ᠌ᠴᠠᠭ᠋ᠠᠵᠤ᠂ ᠠᠰᠠᠭᠤᠳᠠᠯ᠎ᠢ ᠢᠯᠡᠷᠡᠭᠦᠯᠪᠡᠯ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠭᠠᠳᠠᠨ᠎ᠠ ᠲᠣᠬᠢᠷᠠᠭᠤᠯᠤᠭᠰᠠᠨ ᠵᠣᠷ᠎ᠤᠨ ᠪᠠᠢ᠌ᠳᠠᠯ᠎ᠢ ᠪᠠᠢ᠌ᠴᠠᠭ᠋ᠠᠬᠤ᠎ᠪᠠᠨ ᠳᠠᠭ᠋ᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠬᠦ ᠬᠠᠮᠢᠶ᠎ᠠ ᠪᠦᠬᠦᠢ ᠠᠵᠢᠯᠯᠠᠭ᠎ᠠ᠎ᠳᠤ ᠣᠷᠣᠭᠤᠯᠬᠤ ᠬᠡᠷᠡᠭᠲᠡᠢ᠂ 2024 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ ᠪᠠ ᠣᠨᠴᠠᠭ᠋ᠠᠢ ᠡᠪᠡᠳᠴᠢᠨ᠎ᠤ ᠪᠠᠲᠤᠯᠠᠭ᠎ᠠ᠎ᠳᠤ ᠴᠢᠭᠯᠡᠭᠦᠯᠦᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠭᠦᠳᠡᠨ ᠡᠮᠨᠡᠯᠭᠡ ᠵᠢᠨ 《ᠬᠣᠶᠠᠷ ᠡᠪᠡᠳᠴᠢᠨ》 ᠤ ᠡᠮ ᠬᠡᠷᠡᠭᠯᠡᠬᠦ ᠲᠣᠭᠲᠠᠴᠠ ᠵᠢᠨ ᠵᠣᠷ᠎ᠤᠨ ᠡᠮ᠎ᠤᠨ ᠵᠦᠢ᠍ᠯ᠂ ᠵᠢᠴᠢ ᠪᠤᠰᠤᠳ ᠵᠣᠭᠣᠰ᠎ᠤᠨ ᠲᠣᠭ᠎ᠠ᠎ᠨᠢ ᠥᠨᠳᠥᠷ᠂ ᠵᠠᠷᠤᠳᠠᠯ ᠶᠡᠬᠡ᠂ ᠳᠠᠭ᠋ᠠᠳᠬᠠᠯ᠎ᠢ ᠮᠡᠬᠡᠯᠡᠬᠦ ᠲᠦᠭᠰᠢᠭᠦᠷᠢ ᠶᠡᠬᠡᠲᠡᠢ ᠵᠣᠷ᠎ᠤᠨ ᠡᠮ᠎ᠤᠨ ᠵᠦᠢ᠍ᠯ᠎ᠳᠤ ᠲᠤᠰᠬᠠᠢ ᠪᠠᠢ᠌ᠴᠠᠭ᠋ᠠᠯᠲᠠ ᠥᠷᠨᠢᠭᠦᠯᠦᠨ᠎ᠡ᠂ ᠴᠠᠭ᠋ᠠᠰᠤᠨ ᠵᠣᠷ᠎ᠤᠨ ᠬᠡᠷᠡᠭᠯᠡᠯᠲᠡ ᠶᠡᠬᠡ ᠵᠢ ᠵᠠᠪᠠᠯ ᠪᠠᠢ᠌ᠴᠠᠭ᠋ᠠᠨ᠎ᠠ᠂ ᠭᠠᠭᠴᠠ ᠵᠣᠷ᠎ᠤᠨ ᠡᠮ᠎ᠤᠨ ᠬᠡᠮᠵᠢᠶ᠎ᠡ ᠶᠡᠬᠡ ᠪᠣᠯ ᠵᠠᠪᠠᠯ ᠪᠠᠢ᠌ᠴᠠᠭ᠋ᠠᠨ᠎ᠠ᠂ ᠠᠳᠠᠯᠢ ᠨᠢᠭᠡᠨ ᠳᠠᠭ᠋ᠠᠳᠬᠠᠯ᠎ᠳᠤ ᠣᠷᠣᠯᠴᠠᠭᠴᠢ᠎ᠨᠢ ᠡᠮ᠎ᠤᠨ ᠬᠡᠮᠵᠢᠶ᠎ᠡ᠎ᠠᠴᠠ᠎ᠪᠠᠨ ᠬᠡᠲᠦᠷᠡᠭᠦᠯᠦᠨ ᠡᠮ ᠠᠪᠤᠭᠰᠠᠨ ᠪᠠᠢ᠌ᠪᠠᠯ ᠡᠷᠬᠡᠪᠰᠢ ᠪᠠᠢ᠌ᠴᠠᠭ᠋ᠠᠨ᠎ᠠ᠂ ᠳᠠᠩ ᠪᠡᠶᠡᠲᠦ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠴᠠᠭ᠋ᠠᠰᠤᠨ ᠵᠣᠷ ᠣᠯᠠᠨ ᠪᠠᠢ᠌ᠪᠠᠯ ᠵᠠᠪᠠᠯ ᠪᠠᠢ᠌ᠴᠠᠭ᠋ᠠᠨ᠎ᠠ᠂ ᠭᠣᠣᠯᠳᠠᠯᠭ᠎ᠠ᠎ᠲᠠᠢ ᠰᠠᠯᠠᠭ᠎ᠠ ᠲᠠᠰᠤᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠮᠴᠢ ᠵᠢᠨ ᠵᠣᠷ ᠪᠢᠴᠢᠭᠰᠡᠨ ᠬᠡᠮᠵᠢᠶ᠎ᠡ᠎ᠨᠢ ᠶᠡᠬᠡ ᠪᠣᠯ ᠵᠠᠪᠠᠯ ᠪᠠᠢ᠌ᠴᠠᠭ᠋ᠠᠨ᠎ᠠ᠃
ᠬᠣᠶᠠᠷ᠂ ᠬᠠᠮᠢᠶ᠎ᠠ ᠪᠦᠬᠦᠢ ᠳᠦᠬᠦᠷᠵᠢᠭᠰᠡᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠢ ᠪᠠᠲᠤᠯᠠᠨ᠎ᠠ
( ᠨᠢᠭᠡ ) ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢ᠍ᠯ᠎ᠤᠨ ᠲᠣᠬᠢᠷᠠᠭᠤᠯᠤᠯᠲᠠ ᠵᠢ ᠴᠢᠩᠭ᠋ᠠᠷᠠᠭᠤᠯᠤᠨ᠎ᠠ
ᠡᠯ᠎ᠡ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠢ᠌ᠭᠤᠯᠤᠮᠵᠢ ᠵᠢ ᠵᠢᠯᠣᠭᠣᠳᠤᠨ ᠴᠢᠳᠠᠮᠵᠢ ᠵᠢᠨ ᠪᠠᠢ᠌ᠷᠢ ᠲᠣᠭᠲᠠᠭ᠋ᠠᠯᠲᠠ᠂ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠣᠨᠣᠰᠢᠯᠠᠨ ᠡᠮᠨᠡᠬᠦ ᠴᠢᠳᠠᠪᠤᠷᠢ ᠵᠡᠷᠭᠡ ᠵᠢ ᠦᠨᠳᠦᠰᠦᠯᠡᠨ᠂ ᠡᠮ᠎ᠤᠨ ᠵᠦᠢ᠍ᠯ᠎ᠢ ᠵᠦᠢ ᠵᠣᠬᠢᠰᠲᠠᠢ ᠲᠣᠬᠢᠷᠠᠭᠤᠯᠬᠤ ᠵᠢᠨ ᠬᠠᠮᠲᠤ᠂ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠬᠦ ᠲᠣᠭᠲᠠᠴᠠ ᠵᠢ ᠪᠠᠢ᠌ᠭᠤᠯᠤᠨ᠎ᠠ᠃ ᠡᠮᠴᠢᠯᠡᠭᠡᠨ᠎ᠤ ᠪᠠᠢ᠌ᠭᠤᠯᠤᠮᠵᠢ᠎ᠨᠢ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠢ ᠲᠣᠭ᠎ᠠ ᠵᠢ ᠡᠵᠡᠮᠳᠡᠬᠦ᠂ ᠡᠮᠴᠢᠯᠡᠭᠡᠨ᠎ᠤ ᠪᠠᠢ᠌ᠭᠤᠯᠤᠮᠵᠢ ᠵᠢᠨ ᠬᠡᠷᠡᠭᠯᠡᠬᠦ ᠡᠮ᠎ᠤᠨ ᠭᠠᠷᠴᠠᠭ᠎ᠤᠨ ᠲᠣᠭ᠎ᠠ ᠬᠡᠮᠵᠢᠶ᠎ᠡ ᠵᠢ ᠬᠢᠵᠠᠭ᠋ᠠᠷᠯᠠᠬᠤ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ᠂ ᠨᠢᠭᠡᠨᠲᠡ 《ᠬᠣᠣᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠳᠤ ᠣᠷᠣᠭᠤᠯᠤᠭᠰᠠᠨ ᠵᠡᠷᠭᠡ᠎ᠪᠠᠷ ᠰᠢᠯᠲᠠᠭ ᠪᠣᠯᠭ᠋ᠠᠵᠤ ᠪᠠᠢ᠌ᠩᠭᠤ ᠬᠡᠷᠡᠭᠯᠡᠬᠦ ᠡᠮ᠎ᠤᠨ ᠵᠦᠢ᠍ᠯ᠎ᠢ ᠲᠣᠬᠢᠷᠠᠭᠤᠯᠤᠨ ᠬᠡᠷᠡᠭᠯᠡᠬᠦ ᠵᠢ ᠨᠥᠯᠥᠭᠡᠯᠡᠵᠦ ᠪᠣᠯᠬᠤ ᠦᠭᠡᠢ᠃
(ᠬᠤᠶᠠᠷ) ᠳᠣᠬᠢᠷᠠᠭᠤᠯᠤᠭᠰᠠᠨ ᠵᠣᠷ᠎ᠲᠤ ᠦᠢ᠍ᠯᠡᠴᠢᠯᠡᠭᠡ ᠬᠠᠩᠭ᠋ᠠᠬᠤ ᠳᠥᠬᠥᠮ ᠴᠢᠨᠠᠷ᠎ᠢ ᠳᠡᠭᠡᠭᠰᠢᠯᠡᠭᠦᠯᠦᠨ᠎ᠡ
1. ᠬᠡᠷᠡᠭᠴᠡᠭᠡ ᠶᠣᠰᠣᠭ᠋ᠠᠷ ᠭᠠᠳᠠᠨ᠎ᠠ ᠳᠣᠬᠢᠷᠠᠭᠤᠯᠤᠭᠰᠠᠨ ᠵᠣᠷ᠎ᠲᠤ ᠦᠢ᠍ᠯᠡᠴᠢᠯᠡᠭᠡ ᠬᠠᠩᠭ᠋ᠠᠨ᠎ᠠ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠲᠦᠷ ᠴᠠᠭ ᠲᠣᠬᠢᠷᠠᠭᠤᠯᠬᠤ ᠵᠢᠨ ᠠᠷᠭ᠎ᠠ ᠥᠬᠡᠶ ᠪᠣᠯᠪᠠᠴᠤ ᠦᠨᠡᠨ ᠬᠦ᠌ ᠬᠡᠷᠡᠭᠯᠡᠬᠦ ᠴᠢᠬᠤᠯᠠᠲᠠᠶ ᠡᠮ᠎ᠤᠨ ᠵᠦᠢ᠍ᠯ᠎ᠳᠤ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠳᠠᠭ᠋ᠠᠳᠬᠠᠯ᠎ᠳᠤ ᠣᠷᠣᠯᠴᠠᠭᠰᠠᠳ᠎ᠲᠤ ᠴᠢᠬᠤᠯᠠ ᠪᠥᠬᠦᠶ ᠵᠣᠷ᠎ᠤᠨ ᠭᠠᠳᠠᠨ᠎ᠠ ᠳᠣᠬᠢᠷᠠᠭᠤᠯᠬᠤ ᠦᠢ᠍ᠯᠡᠴᠢᠯᠡᠭᠡ ᠬᠠᠩᠭ᠋ᠠᠨ᠎ᠠ᠂ ᠭᠠᠳᠠᠨ᠎ᠠ ᠲᠣᠬᠢᠷᠠᠭᠤᠯᠬᠤ ᠵᠣᠷ᠎ᠤᠨ ᠲᠠᠯ᠎ᠠ᠎ᠨᠢ ᠲᠣᠰ ᠪᠠᠶ᠋ᠢᠭᠤᠯᠤᠮᠵᠢ ᠵᠢᠨ ᠬᠥᠮᠥᠷᠭᠡ᠎ᠳᠤ ᠬᠠᠳᠠᠭ᠋ᠠᠯᠠᠵᠤ ᠪᠠᠶ᠋ᠢᠭ᠎ᠠ ᠡᠮ᠎ᠤᠨ ᠵᠦᠢ᠍ᠯ᠎ᠤᠨ ᠬᠢᠵᠠᠭ᠋ᠠᠷᠯᠠᠯ᠎ᠢ ᠬᠦᠯᠢᠶᠡᠵᠦ ᠪᠣᠯᠬᠤ ᠥᠬᠡᠶ᠂ ᠡᠯ᠎ᠡ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ ᠵᠢ ᠱᠠᠯᠠᠪᠳᠠᠭᠤᠯᠵᠤ ᠪᠠᠶ᠋ᠢᠭ᠋ᠠᠳ 11 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠡᠮᠨᠡᠯᠭᠡ ᠵᠢᠨ ᠬᠣᠷᠢᠶᠠᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂ ᠵᠣᠷ᠎ᠤᠨ ᠭᠠᠳᠠᠨᠠᠬᠢ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠃ ᠵᠣᠷ ᠪᠢᠴᠢᠵᠦ ᠥᠭᠬᠦ ᠡᠮᠴᠢᠯᠡᠭᠡᠨ᠎ᠤ ᠪᠠᠶ᠋ᠢᠭᠤᠯᠤᠮᠵᠢ᠎ᠨᠢ ᠳᠠᠭ᠋ᠠᠳᠬᠠᠯ᠎ᠳᠤ ᠣᠷᠣᠯᠴᠠᠭᠰᠠᠳ᠎ᠤᠨ ᠭᠠᠳᠠᠨ᠎ᠠ ᠵᠣᠷ ᠲᠣᠬᠢᠷᠠᠭᠤᠯᠤᠭᠰᠠᠨ ᠡᠮᠴᠢᠯᠡᠭᠡᠨ᠎ᠤ ᠳᠠᠭ᠋ᠠᠳᠬᠠᠯ᠎ᠤᠨ ᠣᠯᠭᠣᠮᠵᠢ ᠵᠢᠨ ᠲᠥᠷᠥᠯ ᠵᠦᠢ᠍ᠯ (ᠵᠢᠱ᠌ᠢᠶᠡᠯᠡᠪᠡᠯ ᠡᠩ᠎ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ ᠡᠮ ᠵᠡᠷᠭᠡ)᠎ᠢ ᠬᠠᠷᠢᠭᠤᠴᠠᠨ ᠲᠣᠭᠲᠠᠭ᠋ᠠᠬᠤ ᠬᠡᠷᠡᠭᠲᠡᠶ᠃ ᠡᠮ᠎ᠤᠨ ᠵᠣᠷ᠎ᠤᠨ ᠭᠠᠳᠠᠨ᠎ᠠ ᠲᠣᠬᠢᠷᠠᠭᠤᠯᠬᠤ ᠬᠠᠮᠢᠶ᠎ᠠ ᠪᠦᠬᠦᠢ ᠲᠣᠭᠲᠠᠭ᠋ᠠᠯ᠎ᠢ ᠬᠡᠷᠡᠭᠵᠢᠭᠦᠯᠬᠦ ᠵᠢ ᠲᠡᠪᠴᠢᠪᠡᠯ᠂ ᠡᠭᠦᠳᠡᠨ ᠡᠮᠨᠡᠯᠭᠡ᠎ᠳᠤ ᠡᠪᠡᠳᠴᠢᠨ ᠦᠵᠡᠭᠦᠯᠬᠦ᠎ᠳᠤ ᠳᠠᠭ᠋ᠠᠳᠬᠠᠯ᠎ᠳᠤ ᠣᠷᠣᠯᠴᠠᠭᠰᠠᠳ᠎ᠲᠤ ᠭᠠᠳᠠᠨ᠎ᠠ ᠵᠣᠷ ᠪᠢᠴᠢᠵᠦ ᠥᠭᠬᠦ ᠵᠢ ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠲᠡᠪᠴᠢᠭᠰᠡᠨ ᠪᠠᠶ᠋ᠢᠪᠠᠯ᠂ ᠡᠯ᠎ᠡ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠨᠢ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠡᠯᠡᠯᠴᠡᠭᠡᠷ ᠶᠣᠰᠣᠭ᠋ᠠᠷ᠂ ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠢᠢ᠍ᠳᠪᠦᠷᠢᠯᠡᠵᠦ ᠪᠣᠯᠣᠨ᠎ᠠ᠃
2. ᠳᠥᠭᠥᠮ ᠳᠥᠲᠡ ᠡᠭᠦᠳᠡᠨ ᠡᠮᠨᠡᠯᠭᠡ ᠵᠢ ᠪᠠᠶ᠋ᠢᠭᠤᠯᠤᠨ᠎ᠠ᠃ ᠡᠯ᠎ᠡ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠦᠴᠢᠷ᠎ᠨᠢ ᠡᠮᠴᠢᠯᠡᠭᠡᠨ᠎ᠤ ᠪᠠᠶ᠋ᠢᠭᠤᠯᠤᠮᠵᠢ ᠵᠢ ᠱᠠᠯᠠᠪᠳᠠᠭᠤᠯᠵᠤ ᠪᠠᠶ᠋ᠢᠭ᠋ᠠᠳ ᠳᠦᠭᠦᠮ ᠲᠦᠲᠡ ᠡᠭᠦᠳᠡᠨ ᠡᠮᠨᠡᠯᠭᠡ ᠵᠢ ᠪᠠᠶ᠋ᠢᠭᠤᠯᠵᠤ᠂ ᠨᠦᠬᠦᠴᠡᠯ᠎ᠳᠤ ᠨᠡᠶ᠋ᠢᠴᠡᠬᠦ ᠡᠩ᠎ᠤᠨ ᠡᠪᠡᠳᠴᠢᠨ ᠪᠤᠶᠤ ᠤᠳᠠᠭ᠋ᠠᠨ ᠴᠢᠨᠠᠷᠲᠠᠢ ᠡᠪᠡᠳᠴᠢᠲᠡᠨ᠎ᠳᠤ ᠵᠣᠷ᠎ᠤᠨ ᠦᠢ᠍ᠯᠡᠴᠢᠯᠡᠭᠡ ᠬᠠᠩᠭ᠋ᠠᠨ᠎ᠠ᠃
3. ᠤᠷᠲᠤ ᠬᠤᠭᠤᠴᠠᠭ᠋ᠠᠨ᠎ᠤ ᠵᠣᠷ᠎ᠤᠨ ᠬᠠᠮᠢᠶᠠᠷᠤᠯᠲᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ ᠡᠯ᠎ᠡ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ ᠵᠢ ᠱᠠᠯᠠᠪᠳᠠᠭᠤᠯᠤᠨ 《ᠣᠷᠳᠣ ᠬᠤᠭᠤᠴᠠᠭ᠋ᠠᠨ᠎ᠤ ᠵᠣᠷ᠎ᠤᠨ ᠬᠠᠮᠢᠶᠠᠷᠤᠯᠲᠠ ᠵᠢᠨ ᠵᠢᠷᠤᠮᠵᠢᠯ (ᠲᠤᠷᠰᠢᠨ ᠬᠡᠷᠡᠭᠵᠢᠭᠦᠯᠬᠦ)᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠠᠯᠪᠠᠨ ᠬᠡᠷ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠤᠷ᠎ᠠ᠂ ᠨᠥᠬᠦᠴᠡᠯ᠎ᠳᠤ ᠨᠡᠶ᠋ᠢᠴᠡᠬᠦ ᠡᠪᠡᠳᠴᠢᠲᠡᠨ᠎ᠳᠤ ᠣᠷᠳᠣ ᠬᠤᠭᠤᠴᠠᠭ᠋ᠠᠨ᠎ᠤ ᠵᠣᠷ᠎ᠤᠨ ᠦᠢ᠍ᠯᠡᠴᠢᠯᠡᠭᠡ ᠬᠠᠩᠭ᠋ᠠᠨ᠎ᠠ᠃
4. ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠲᠡᠨ᠎ᠳᠤ ᠡᠮ ᠬᠡᠷᠡᠭᠯᠡᠬᠦ ᠠᠷᠭ᠎ᠠ ᠵᠠᠮ᠎ᠢ ᠰᠠᠭ᠋ᠠᠳ ᠦᠭᠡᠶ ᠨᠡᠪᠲᠡᠷᠡᠭᠦᠯᠦᠨ᠎ᠡ᠃ ᠡᠯ᠎ᠡ ᠭᠠᠵᠠᠷ᠎ᠤᠨ᠎ᠬᠢᠨ ᠲᠤᠬᠠᠶ ᠵᠢᠨ ᠭᠠᠵᠠᠷ᠎ᠤᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠶ ᠡᠪᠡᠳᠴᠢᠨ᠎ᠤ ᠲᠥᠷᠥᠯᠯᠦᠭᠡ ᠤᠶᠠᠯᠳᠤᠭᠤᠯᠤᠨ᠂ ᠡᠷᠬᠡᠲᠡᠨ ᠰᠢᠯᠵᠢᠭᠦᠯᠦᠨ ᠤᠷᠭᠤᠭᠤᠯᠬᠤ ᠮᠡᠷᠭᠡᠵᠢᠯ᠎ᠤᠨ ᠳᠠᠷᠠᠭ᠋ᠠᠬᠢ ᠭᠠᠳᠠᠭᠰᠢᠯᠠᠭᠤᠯᠤᠯᠲᠠ ᠵᠢ ᠡᠰᠡᠷᠭᠦᠴᠡᠬᠦ ᠵᠡᠷᠭᠡ ᠲᠣᠰ ᠭᠠᠵᠠᠷ ᠣᠷᠣᠨ᠎ᠤ ᠣᠨᠣᠰᠢᠯᠠᠨ ᠡᠮᠨᠡᠬᠦ ᠴᠢᠳᠠᠪᠤᠷᠢ ᠵᠢ ᠪᠦᠷᠢᠯᠳᠦᠭᠦᠯᠦᠭᠡᠳᠦᠶ ᠤᠳᠠᠭ᠋ᠠᠨ ᠴᠢᠨᠠᠷᠲᠠᠶ ᠡᠪᠡᠳᠴᠢᠲᠡᠨ᠎ᠳᠤ ᠴᠢᠭᠯᠡᠭᠦᠯᠦᠨ᠂ ᠡᠮᠴᠢᠯᠡᠭᠡᠨ᠎ᠤ ᠪᠠᠶ᠋ᠢᠭᠤᠯᠤᠮᠵᠢ ᠵᠢ ᠵᠢᠯᠣᠭᠤᠳᠤᠨ ᠭᠠᠳᠠᠷ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠷᠭ᠋ᠠᠭᠰᠠᠨ ᠣᠨᠣᠰᠢᠯᠠᠭᠰᠠᠨ ᠭᠡᠷᠡᠴᠢ᠂ ᠣᠨᠣᠰᠢᠯᠠᠨ ᠡᠮᠨᠡᠬᠦ ᠲᠥᠰᠦᠯ᠂ ᠡᠪᠡᠳᠴᠢᠨ᠎ᠤ ᠲᠡᠦᠬᠡ ᠵᠡᠷᠭᠡ ᠮᠠᠲ᠋ᠧᠷᠢᠶᠠᠯ ᠵᠶ᠋ᠠᠷ ᠯᠠᠪᠯᠠᠯᠲᠠ ᠪᠣᠯᠭ᠋ᠠᠵᠤ᠂ ᠡᠪᠡᠳᠴᠢᠲᠡᠨ᠎ᠤ ᠡᠪᠡᠳᠴᠢᠨ᠎ᠤ ᠪᠠᠶ᠋ᠢᠳᠠᠯ᠎ᠲᠠᠢ ᠤᠶᠠᠯᠳᠤᠭᠤᠯᠤᠨ ᠵᠣᠷ ᠪᠢᠴᠢᠨ ᠥᠭᠴᠦ᠂ ᠡᠪᠡᠳᠴᠢᠲᠡᠨ᠎ᠤ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠬᠠᠩᠭ᠋ᠠᠨ᠎ᠠ᠃
5. ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ ᠲᠣᠭ᠋ᠠᠴᠠᠭ᠎ᠠ ᠬᠢᠬᠦ ᠬᠡᠪᠴᠢᠶ᠎ᠡ ᠵᠢ ᠲᠣᠳᠣᠷᠬᠠᠶ᠋ᠢᠯᠠᠨ᠎ᠠ᠃ ᠮᠠᠨ᠎ᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠪᠣᠳᠠᠲᠤ ᠪᠠᠶ᠋ᠢᠳᠠᠯ᠂ ᠵᠢᠴᠢ ᠡᠮᠴᠢᠯᠡᠭᠡᠨ᠎ᠤ ᠳᠠᠭ᠋ᠠᠳᠬᠠᠯ᠎ᠤᠨ ᠡᠯᠸᠺᠲᠷᠣᠨ ᠵᠣᠷ᠎ᠤᠨ ᠲᠥᠪ᠎ᠤᠨ ᠬᠠᠮᠤᠷᠬᠤ ᠬᠡᠪᠴᠢᠶ᠎ᠡ ᠵᠡᠷᠭᠡ ᠬᠦᠴᠦᠨ ᠵᠦᠢ᠍ᠯ᠎ᠲᠠᠢ ᠤᠶᠠᠯᠳᠤᠭᠤᠯᠤᠨ᠂ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠳᠠᠨ᠎ᠠ ᠵᠣᠷ ᠲᠣᠬᠢᠷᠠᠭᠤᠯᠵᠤ ᠪᠣᠷᠣᠯᠠᠭᠤᠯᠤᠭᠰᠠᠨ ᠡᠮ᠎ᠤᠨ ᠵᠦᠢ᠍ᠯ᠎ᠢ ᠴᠥᠮ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢᠨ ᠳᠥᠯᠥᠬᠦ ᠬᠡᠪᠴᠢᠶᠡᠨ᠎ᠳᠤ ᠣᠷᠣᠭᠤᠯᠵᠤ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠠᠴᠠ ᠭᠠᠳᠠᠨᠠᠬᠢ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠳᠠᠨ᠎ᠠ ᠲᠣᠬᠢᠷᠠᠭᠤᠯᠤᠭᠰᠠᠨ ᠵᠣᠷ᠎ᠢ ᠲᠦᠷ ᠬᠦᠯᠢᠶᠡᠨ ᠠᠪᠬᠤ ᠥᠬᠡᠶ᠃
(ᠭᠤᠷᠪᠠ) ᠡᠯᠸᠺᠲᠷᠣᠨ ᠵᠣᠷ᠎ᠤᠨ ᠲᠥᠪ᠎ᠤᠨ ᠬᠡᠷᠡᠭᠯᠡᠯᠲᠡ ᠵᠢ ᠲᠦᠷᠭᠡᠳᠬᠡᠨ᠎ᠡ
ᠮᠠᠨ᠎ᠤ ᠣᠷᠣᠨ ᠨᠢᠭᠡᠨᠲᠡ ᠪᠥᠬᠦ ᠲᠠᠯ᠎ᠠ᠎ᠪᠠᠷ ᠡᠮᠴᠢᠯᠡᠭᠡᠨ᠎ᠤ ᠳᠠᠭ᠋ᠠᠳᠬᠠᠯ᠎ᠤᠨ ᠡᠯᠸᠺᠲᠷᠣᠨ ᠵᠣᠷ᠎ᠤᠨ ᠲᠥᠪ᠎ᠢ ᠰᠦᠯᠵᠢᠶᠡᠨ᠎ᠳᠤ ᠭᠠᠷᠭ᠋ᠠᠵᠤ᠂ ᠡᠯ᠎ᠡ ᠭᠠᠵᠠᠷ᠎ᠤᠨ᠎ᠬᠢᠨ ᠣᠳᠣᠬᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠡᠯᠸᠺᠲᠷᠣᠨ ᠵᠣᠷ᠎ᠤᠨ ᠡᠷᠭᠢᠯᠲᠡ᠎ᠳᠤ ᠣᠷᠣᠰᠢᠵᠤ ᠪᠠᠶ᠋ᠢᠭ᠎ᠠ ᠲᠦᠭᠵᠢᠷᠡᠯ᠂ ᠬᠦᠴᠢᠷᠳᠡᠯ᠎ᠢ ᠲᠦᠷᠭᠡᠬᠡᠨ ᠡᠮᠬᠢᠯᠡᠵᠦ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠱᠠᠯᠠᠪᠳᠠᠭᠤᠯᠵᠤ ᠪᠠᠶ᠋ᠢᠭ᠋ᠠᠳ ᠰᠢᠰᠲ᠋ᠧᠮ᠎ᠢ ᠥᠭᠡᠷᠡᠴᠢᠯᠡᠨ ᠰᠢᠨᠡᠳᠬᠡᠬᠦ ᠠᠵᠢᠯ᠎ᠢ ᠰᠠᠶ᠋ᠢᠲᠤᠷ ᠬᠢᠯᠭᠡᠵᠦ᠂ ᠡᠮ᠎ᠤᠨ ᠵᠦᠢ᠍ᠯ᠎ᠤᠨ ᠭᠠᠷᠴᠠᠭ᠎ᠤᠨ ᠬᠥᠮᠥᠷᠭᠡ ᠵᠢ ᠴᠠᠭ ᠲᠤᠬᠠᠶ᠎ᠳᠤᠨᠢ ᠪᠠᠭᠤᠯᠭ᠋ᠠᠨ ᠰᠢᠨᠡᠳᠬᠡᠵᠦ᠂ ᠶᠡᠭᠡ ᠡᠮᠴᠢ ᠵᠢᠨ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠡᠯᠸᠺᠲᠷᠣᠨ ᠵᠣᠷ ᠭᠠᠷᠭ᠋ᠠᠬᠤ ᠵᠢ ᠦᠨᠡᠨ ᠬᠦ᠌ ᠪᠠᠲᠤᠯᠠᠵᠤ᠂ ᠲᠣᠭᠲᠠᠭ᠋ᠠᠭᠰᠠᠨ ᠡᠮ᠎ᠤᠨ ᠵᠦᠢ᠍ᠯ᠎ᠢ ᠬᠢᠵᠠᠭ᠋ᠠᠷᠯᠠᠬᠤ᠎ᠠᠴᠠ ᠭᠠᠳᠠᠨ᠎ᠠ᠂ ᠲᠣᠰ ᠡᠮᠴᠢᠯᠡᠭᠡᠨ᠎ᠤ ᠪᠠᠶ᠋ᠢᠭᠤᠯᠤᠮᠵᠢ ᠵᠢᠨ ᠬᠥᠮᠥᠷᠭᠡᠯᠡᠨ ᠬᠠᠳᠠᠭ᠋ᠠᠯᠠᠬᠤ ᠡᠮ᠎ᠤᠨ ᠵᠦᠢ᠍ᠯ᠎ᠤᠨ ᠬᠢᠵᠠᠭ᠋ᠠᠷᠯᠠᠯ ᠵᠡᠷᠭᠡ᠎ᠪᠠᠷ ᠦᠨᠳᠦᠰᠦᠯᠡᠯ ᠪᠣᠯᠭ᠋ᠠᠵᠤ ᠡᠪᠡᠳᠴᠢᠲᠡᠨ᠎ᠳᠤ ᠭᠠᠳᠠᠭᠰᠢ ᠵᠣᠷ ᠪᠢᠴᠢᠵᠦ ᠥᠭᠬᠦ ᠵᠢ ᠲᠡᠪᠴᠢᠵᠦ ᠪᠣᠯᠬᠤ ᠥᠬᠡᠶ᠃ 2024 ᠣᠨ᠎ᠤ ᠡᠴᠦᠰ᠎ᠠᠴᠠ ᠡᠮᠦᠨ᠎ᠡ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠴᠥᠮ ᠡᠯᠸᠺᠲᠷᠣᠨ ᠡᠮ᠎ᠤᠨ ᠵᠣᠷ᠎ᠢ ᠡᠷᠭᠢᠯᠳᠦᠭᠦᠯᠬᠦ ᠨᠥᠬᠦᠴᠡᠯ᠎ᠢ ᠪᠦᠷᠢᠯᠳᠦᠭᠦᠯᠵᠦ᠂ ᠵᠢᠯ᠎ᠤᠨ ᠡᠴᠦᠰ᠎ᠠᠴᠠ ᠡᠮᠦᠨ᠎ᠡ ᠡᠯᠸᠺᠲᠷᠣᠨ ᠵᠣᠷ᠎ᠢ ᠡᠷᠭᠢᠯᠳᠦᠭᠦᠯᠬᠦ ᠨᠥᠬᠦᠴᠡᠯ᠎ᠢ ᠪᠦᠷᠢᠳᠦᠭᠦᠯᠦᠭᠰᠡᠨ ᠥᠬᠡᠶ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ᠂ ᠡᠯ᠎ᠡ ᠭᠠᠵᠠᠷ᠎ᠤᠨ᠎ᠬᠢᠨ ᠵᠥᠪᠳᠡᠯᠴᠡᠬᠡᠷ᠎ᠢ ᠵᠣᠭᠰᠣᠭ᠋ᠠᠬᠤ᠂ ᠵᠥᠪᠯᠡᠯᠴᠡᠭᠡᠷ᠎ᠢ ᠬᠦᠴᠦᠨ ᠥᠬᠡᠶ ᠪᠣᠯᠭ᠋ᠠᠬᠤ᠂ 2025 ᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠡᠯᠡᠯᠴᠡᠭᠡᠷ ᠵᠶ᠋ᠠᠷ ᠦᠷᠭᠦᠯᠵᠢᠯᠡᠨ ᠭᠠᠷᠤᠨ ᠥᠰᠥᠭ ᠵᠢᠷᠤᠬᠤ ᠬᠡᠪᠴᠢᠶᠡᠨ᠎ᠳᠤ ᠣᠷᠣᠭᠤᠯᠬᠤ ᠥᠬᠡᠶ ᠵᠡᠷᠭᠡ ᠠᠷᠭ᠎ᠠ ᠬᠡᠮᠵᠢᠶ᠎ᠡ ᠵᠢ ᠠᠪᠴᠤ ᠰᠢᠢ᠍ᠳᠪᠦᠷᠢᠯᠡᠵᠦ ᠪᠣᠯᠤᠨ᠎ᠠ᠃ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ 《ᠬᠤᠤᠰ ᠨᠡᠪᠲᠡᠷᠡᠬᠦ ᠵᠠᠮ》᠎ᠤᠨ ᠡᠮ᠎ᠤᠨ ᠵᠦᠢ᠍ᠯ᠎ᠤᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠴᠥᠮ ᠡᠯᠸᠺᠲᠷᠣᠨ ᠵᠣᠷ᠎ᠤᠨ ᠲᠥᠪ ᠵᠶ᠋ᠠᠷ ᠳᠠᠮᠵᠢᠭᠤᠯᠤᠨ 《ᠬᠤᠤᠰ ᠨᠡᠪᠲᠡᠷᠡᠬᠦ ᠵᠠᠮ》᠎ᠤᠨ ᠡᠮ᠎ᠤᠨ ᠵᠦᠢ᠍ᠯ᠎ᠤᠨ ᠵᠣᠷ᠎ᠢ ᠰᠢᠯᠵᠢᠭᠦᠯᠬᠦ ᠴᠢᠬᠤᠯᠠᠲᠠᠶ ᠪᠠᠶ᠋ᠢᠵᠤ᠂ ᠴᠠᠭ᠋ᠠᠰᠤᠨ᠎ᠤ ᠵᠣᠷ᠎ᠢ ᠳᠠᠭᠢᠵᠤ ᠬᠦᠯᠢᠶᠡᠬᠦ ᠥᠬᠡᠶ᠃ ᠣᠨᠴᠠᠭ᠋ᠠᠢ ᠪᠠᠶ᠋ᠢᠳᠠᠯ᠎ᠳᠤ ᠴᠠᠭ᠋ᠠᠰᠤᠨ ᠵᠣᠷ᠎ᠤᠨ ᠬᠡᠷᠡᠭᠯᠡᠬᠦ ᠬᠤᠭᠤᠴᠠᠭ᠎ᠠ ᠵᠢ ᠤᠷᠲᠤᠳᠬᠠᠬᠤ ᠴᠢᠬᠤᠯᠠᠲᠠᠢ ᠪᠣᠯ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠠᠴᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠵᠢᠨ ᠬᠠᠮᠲᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠳᠠᠩᠰᠠᠯᠠᠭᠤᠯᠬᠤ ᠬᠡᠷᠡᠭᠲᠡᠶ᠂ ᠤᠷᠲᠤᠳᠬᠠᠭᠰᠠᠨ ᠬᠤᠭᠤᠴᠠᠭ᠎ᠠ ᠵᠢ 3 ᠰᠠᠷ᠎ᠠ᠎ᠠᠴᠠ ᠬᠡᠲᠦᠷᠡᠭᠦᠯᠵᠦ ᠪᠣᠯᠬᠤ ᠦᠭᠡᠶ᠃
ᠭᠤᠷᠪᠠ᠂ ᠪᠣᠯᠪᠠᠰᠤᠷᠠᠯ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠭᠦᠨ᠎ᠡ
ᠡᠯ᠎ᠡ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠦᠴᠢᠷ᠎ᠤᠳ ᠡᠮ ᠡᠮᠨᠡᠯᠭᠡ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠭᠠᠳᠠᠨ᠎ᠠ ᠵᠣᠷ ᠲᠣᠬᠢᠷᠠᠭᠤᠯᠬᠤ ᠬᠠᠮᠢᠶᠠᠷᠤᠯᠲᠠ ᠵᠢᠨ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠦᠷᠨᠢᠭᠦᠯᠵᠦ᠂ ᠡᠮᠴᠢ᠂ ᠡᠮ ᠨᠠᠶ᠋ᠢᠷᠠᠭᠴᠢ ᠪᠣᠯᠣᠨ ᠠᠵᠢᠯᠲᠠᠳ᠎ᠤᠨ ᠲᠣᠬᠠᠶ᠋ᠢᠯᠠᠭᠰᠠᠨ ᠠᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠣᠯᠠᠨ ᠵᠦᠢ᠍ᠯ᠎ᠤᠨ ᠠᠷᠭ᠎ᠠ ᠵᠠᠮ ᠪᠠ ᠠᠷᠭ᠎ᠠ ᠮᠠᠶᠢᠭ ᠵᠶ᠋ᠠᠷ ᠳᠠᠮᠵᠢᠭᠤᠯᠤᠨ ᠵᠣᠷ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠵᠤ᠂ ᠨᠡᠶ᠋ᠢᠲᠡᠯᠢᠭ ᠵᠢᠱ᠌ᠢᠶ᠎ᠡ ᠵᠢ ᠢᠯᠡᠷᠡᠭᠦᠯᠬᠦ ᠵᠢ ᠴᠢᠩᠭ᠋ᠠᠷᠠᠭᠤᠯᠤᠨ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠷᠡᠭᠦᠯ ᠮᠡᠨᠳᠦ ᠵᠢᠨ ᠦᠵᠡᠯ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠡᠪᠡᠳᠴᠢᠲᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠦᠶ ᠵᠣᠬᠢᠰᠲᠠᠶ ᠡᠮᠨᠡᠭᠦᠯᠬᠦ᠂ ᠵᠦᠶ ᠵᠣᠬᠢᠰᠲᠠᠶ᠎ᠪᠠᠷ ᠡᠮ ᠬᠡᠷᠡᠭᠯᠡᠭᠦᠯᠦᠨ᠎ᠡ᠃ ᠨᠡᠶ᠋ᠢᠭᠡᠮ᠎ᠤᠨ ᠶᠠᠷᠢᠶ᠎ᠠ ᠬᠡᠯᠡᠯᠴᠡᠭᠡ ᠵᠢ ᠨᠢᠭᠲᠠ ᠠᠩᠬᠠᠷᠴᠤ᠂ ᠢᠯᠡᠴᠢᠯᠡᠨ ᠮᠡᠳᠡᠭᠦᠯᠵᠦ ᠵᠠᠭ᠋ᠠᠯᠳᠤᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠢᠯᠡᠴᠢᠯᠡᠨ ᠮᠡᠳᠡᠭᠦᠯᠵᠦ ᠵᠠᠭ᠋ᠠᠯᠳᠤᠬᠤ ᠤᠲᠠᠰᠤ ᠪᠠ ᠢᠮᠸᠯᠢ ᠢᠯᠡ ᠪᠣᠯᠭ᠋ᠠᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ ᠭᠠᠳᠠᠨ᠎ᠠ ᠲᠣᠬᠢᠷᠠᠭᠤᠯᠤᠭᠰᠠᠨ ᠵᠣᠷ᠎ᠤᠨ ᠬᠠᠮᠢᠶᠠᠷᠤᠯᠲᠠ᠂ ᠦᠢ᠍ᠯᠡᠴᠢᠯᠡᠭᠡᠨ᠎ᠤ ᠳᠤᠮᠳᠠ ᠲᠤᠯᠭ᠋ᠠᠷᠠᠭᠰᠠᠨ ᠠᠰᠠᠭᠤᠳᠠᠯ ᠵᠢᠴᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠵᠦ ᠵᠠᠭ᠋ᠠᠯᠳᠤᠬᠤ ᠵᠢ ᠵᠣᠷᠢᠭᠵᠢᠭᠤᠯᠬᠤ ᠵᠢᠨ ᠬᠠᠮᠲᠤ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃ ᠠᠵᠢᠯ᠎ᠤᠨ ᠳᠤᠮᠳᠠ ᠴᠢᠬᠤᠯᠠ ᠶᠡᠭᠡ ᠪᠠᠶ᠋ᠢᠳᠠᠯ ᠲᠤᠯᠭ᠋ᠠᠷᠠᠪᠠᠯ᠂ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠮᠡᠳᠡᠭᠦᠯᠬᠦ ᠬᠡᠷᠡᠭᠲᠡᠶ᠃
ᠳᠠᠭ᠋ᠠᠯᠳᠤᠭᠤᠯᠤᠯ᠄ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠳᠠᠨ᠎ᠠ ᠲᠣᠬᠢᠷᠠᠭᠤᠯᠤᠭᠰᠠᠨ ᠵᠣᠷ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠠᠯᠪᠠᠨ ᠬᠡᠷ᠎ᠤᠨ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
2024 ᠣᠨ᠎ᠤ 11 ᠳ᠋ᠦ᠍ᠭᠡᠷ ᠰᠠᠷ᠎ᠠ ᠵᠢᠨ 12᠎ᠤᠨ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )