ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-12-26

   ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠠᠬᠢᠭᠤᠯᠵᠤ᠂  ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠥᠪᠰᠢᠶᠡᠷᠡᠨ ᠣᠷᠣᠭᠤᠯᠬᠤ ᠵᠢᠴᠢ ᠪᠤᠴᠠᠭ᠋ᠠᠵᠤ ᠭᠠᠷᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠥᠨ᠎ᠤ  ᠠᠮᠤᠷ ᠲᠦᠪᠰᠢᠨ ᠪᠠ ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶ᠎ᠠ 《ᠲᠣᠭᠲᠠᠭᠰᠠᠨ  ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ  ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠵᠤ᠂  ᠡᠳᠦᠭᠡ ᠳᠣᠤᠷᠠᠬᠢ ᠮᠡᠲᠦ ᠲᠠᠶ᠋ᠢᠯᠤᠮᠵᠢ ᠬᠢᠪᠠ᠃

   ᠨᠢᠭᠡ᠂ 《ᠠᠷᠭ᠎ᠠ》 ᠵᠢ ᠲᠣᠭᠲᠠᠭ᠋ᠠᠭᠰᠠᠨ ᠵᠣᠷᠢᠯᠭ᠎ᠠ ᠪᠠ ᠠᠴᠢ ᠬᠤᠯᠪᠣᠭᠳᠠᠯ᠎ᠨᠢ ᠶᠠᠭᠤ ᠪᠣᠶ?

   ᠣᠶ᠋ᠢᠷ᠎ᠠ ᠵᠢᠨ ᠵᠢᠯ᠎ᠤᠳ᠎ᠲᠤ᠂  ᠡᠮᠴᠢᠯᠡᠭᠡᠨ᠎ᠤ ᠳᠠᠭ᠋ᠠᠳᠬᠠᠯ᠎ᠤᠨ ᠥᠭᠡᠷᠡᠴᠢᠯᠡᠯᠲᠡ ᠵᠢᠨ ᠲᠠᠰᠤᠷᠠᠯᠲᠠ ᠥᠬᠡᠶ ᠭᠦᠨᠵᠡᠭᠡᠶ᠋ᠢᠷᠡᠬᠦ ᠵᠢ ᠳᠠᠭ᠋ᠠᠯᠳᠤᠨ᠂  ᠣᠯᠠᠨ ᠲᠦᠮᠡᠨ᠎ᠤ ᠬᠠᠷᠠᠭ᠋ᠠᠯᠵᠠᠯ᠎ᠤᠨ ᠪᠠᠲᠤᠯᠠᠭ᠎ᠠ ᠵᠢᠨ ᠲᠣᠭᠲᠠᠴᠠ ᠠᠯᠬᠤᠮ ᠠᠯᠬᠤᠮ ᠵᠶ᠋ᠠᠷ ᠪᠦᠷᠢᠨᠰᠢᠵᠦ᠂  ᠡᠪᠡᠳᠴᠢᠲᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠳᠥᠭᠦᠮ ᠳᠥᠲᠡ ᠴᠢᠨᠠᠷ ᠲᠦᠢ᠍ᠯ᠎ᠤᠨ ᠶᠡᠭᠡ᠎ᠪᠠᠷ ᠳᠡᠭᠡᠭᠰᠢᠯᠡᠪᠡ᠃  ᠢᠯᠠᠩᠭᠤᠶ᠎ᠠ ᠡᠭᠦᠳᠡᠨ ᠡᠮᠨᠡᠯᠭᠡ ᠵᠢᠨ ᠲᠠᠯ᠎ᠠ᠎ᠪᠠᠷ᠂  ᠥᠩᠭᠡᠷᠡᠭᠰᠡᠨ᠎ᠳᠤ ᠵᠥᠪᠬᠡᠨ ᠤᠳᠠᠭ᠋ᠠᠨ ᠴᠢᠨᠠᠷᠲᠠᠶ ᠡᠪᠡᠳᠴᠢᠲᠡᠳ ᠡᠭᠦᠳᠡᠨ ᠡᠮᠨᠡᠯᠭᠡ᠎ᠳᠤ ᠲᠠᠩᠰᠠ ᠲᠠᠶ᠋ᠢᠯᠵᠤ ᠪᠣᠯᠤᠨ᠎ᠠ᠂  ᠪᠤᠰᠤᠳ ᠡᠪᠡᠳᠴᠢᠨ᠂  ᠴᠢᠨᠠᠭᠰᠢᠯᠠᠪᠠᠯ ᠵᠠᠷᠢᠮ ᠪᠠᠭ᠎ᠠ ᠡᠪᠡᠳᠴᠢᠨ᠎ᠨᠢ ᠴᠦ᠍ ᠡᠮᠨᠡᠯᠭᠡ᠎ᠳᠤ ᠰᠠᠭᠤᠪᠠᠯ  ᠰᠠᠶᠢ ᠲᠠᠩᠰᠠ ᠳᠡᠶ᠋ᠢᠯᠵᠦ ᠪᠣᠯᠤᠨ᠎ᠠ᠂  ᠡᠨᠡ᠎ᠨᠢ  ᠡᠪᠡᠳᠴᠢᠲᠡᠨ᠎ᠳᠤ ᠳᠥᠭᠦᠮ ᠦᠭᠡᠢ ᠪᠠᠶ᠋ᠢᠬᠤ ᠵᠢᠨ ᠬᠠᠮᠲᠤ᠂  ᠡᠮᠴᠢᠯᠡᠭᠡᠨ᠎ᠤ ᠡᠬᠢ ᠪᠠᠶᠠᠯᠢᠭ ᠪᠠ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠴᠦ᠍ ᠨᠥᠯᠥᠭᠡᠯᠡᠪᠡ᠃  ᠡᠶ᠋ᠢᠮᠦ᠎ᠠᠴᠠ᠂  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂  ᠬᠤᠪᠢ ᠬᠥᠮᠦᠨ᠎ᠤ ᠲᠠᠩᠰᠠ᠂  ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠦᠪᠯᠡᠭᠡ᠂  ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ  ᠵᠡᠷᠭᠡ ᠵᠢᠨ ᠲᠠᠩᠰᠠ ᠲᠠᠶ᠋ᠢᠯᠬᠤ ᠣᠯᠭᠤᠮᠵᠢ ᠵᠢ ᠵᠠᠯᠭ᠋ᠠᠭ᠎ᠠ᠎ᠪᠠᠷ ᠨᠡᠪᠲᠡᠷᠡᠭᠦᠯᠵᠦ᠂  ᠳᠠᠭ᠋ᠠᠳᠬᠠᠯ᠎ᠳᠤ ᠣᠷᠣᠯᠴᠠᠭᠰᠠᠳ᠎ᠲᠤ ᠡᠭᠦᠳᠡᠨ ᠡᠮᠨᠡᠯᠭᠡ ᠵᠢᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠵᠢ ᠨᠡᠶ᠋ᠢᠳᠡᠮ ᠬᠦᠷᠲᠡᠭᠡᠵᠦ᠂  ᠡᠪᠡᠳᠴᠢᠲᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠡᠶᠡᠴᠢ ᠣᠢ᠌ᠯᠠᠭ᠋ᠠᠯᠲᠠ ᠵᠢ  ᠢᠯᠡᠳᠲᠡ ᠰᠠᠶ᠋ᠢᠵᠢᠷᠠᠭᠤᠯᠵᠤ᠂  ᠡᠮᠴᠢᠯᠡᠭᠡᠨ᠎ᠤ ᠳᠠᠭ᠋ᠠᠳᠬᠠᠯ᠎ᠤᠨ ᠬᠦᠷᠲᠡᠮᠵᠢ ᠵᠢᠨ ᠲᠥᠷᠥᠭᠳᠡᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠪᠡ᠃

   ᠭᠡᠪᠡᠴᠦ ᠦᠢ᠍ᠯᠡᠴᠢᠯᠡᠭᠡᠨ᠎ᠤ  ᠳᠥᠭᠦᠮ ᠳᠥᠲᠡ ᠴᠢᠨᠠᠷᠲᠠᠶ ᠳᠡᠭᠡᠭᠰᠢᠯᠡᠭᠰᠡᠨ᠎ᠤ  ᠬᠠᠮᠲᠤ ᠵᠠᠷᠢᠮ ᠪᠠᠶ᠋ᠢᠭᠤᠯᠤᠮᠵᠢ ᠪᠠ  ᠬᠤᠪᠢ ᠬᠥᠮᠦᠨ ᠣᠯᠠᠨ ᠲᠦᠮᠡᠨ᠎ᠤ ᠠᠰᠢᠭ ᠲᠤᠰᠠ ᠵᠢ ᠬᠠᠶ᠋ᠢᠬᠤᠷᠤᠯ ᠥᠬᠡᠶ ᠪᠠᠶ᠋ᠢᠵᠤ᠂  ᠲᠣᠭᠲᠠᠭ᠋ᠠᠯ᠎ᠠᠴᠠ ᠵᠥᠷᠢᠴᠡᠭᠰᠡᠨ ᠠᠷᠭ᠎ᠠ ᠪᠠᠷᠢᠯ ᠵᠶ᠋ᠠᠷ ᠳᠠᠮᠵᠢᠭᠤᠯᠤᠨ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠦ ᠵᠢ ᠲᠠᠰᠤᠷᠠᠯᠲᠠ ᠥᠬᠡᠶ ᠬᠤᠬᠢᠷᠠᠭᠤᠯᠵᠤ᠂  ᠠᠷᠠᠳ ᠣᠯᠠᠨ᠎ᠤ 《ᠡᠪᠡᠳᠴᠢᠨ ᠦᠵᠡᠭᠦᠯᠬᠦ ᠵᠣᠭᠤᠰ》᠂ 《ᠠᠮᠢ ᠠᠪᠤᠷᠠᠬᠤ ᠵᠣᠭᠤᠰ》᠎ᠢ ᠲᠦᠢ᠍ᠯ᠎ᠤᠨ ᠶᠡᠭᠡ  ᠲᠦᠭᠰᠢᠭᠦᠷᠢ᠎ᠳᠤ ᠣᠨᠴᠠᠷᠠᠭᠤᠯᠵᠤ ᠪᠣᠢ᠂  ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠠᠮᠢᠶᠠᠷᠤᠯᠲᠠ᠎ᠪᠠᠨ ᠴᠢᠩᠭ᠋ᠠᠳᠬᠠᠵᠤ᠂  ᠲᠦᠷᠢᠮ᠎ᠤᠨ ᠬᠠᠤᠯᠢ ᠵᠢ  ᠨᠢᠭᠲᠠ ᠰᠦᠯᠵᠢᠵᠦ᠂  ᠬᠠᠤᠯᠢ ᠪᠤᠰᠤ ᠡᠲᠡᠭᠡᠳ᠎ᠢ ᠠᠵᠠ ᠲᠣᠬᠢᠶᠠᠯ ᠥᠬᠡᠶ ᠪᠣᠯᠭ᠋ᠠᠨ᠎ᠠ᠃ 《ᠠᠷᠭ᠎ᠠ》 ᠵᠢ ᠨᠡᠶ᠋ᠢᠲᠡᠯᠡᠭᠰᠡᠨ᠎ᠨᠢ ᠮᠠᠨ᠎ᠤ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂  ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ  ᠠᠮᠤᠷ ᠲᠦᠪᠰᠢᠨ ᠪᠠ ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠬᠠᠮᠲᠤ᠂  ᠡᠮᠴᠢᠯᠡᠭᠡ ᠪᠠ ᠡᠮ ᠡᠮᠨᠡᠯᠭᠡ ᠵᠢᠨ ᠵᠠᠬ᠎ᠠ ᠳᠡᠯᠭᠡᠭᠦᠷ᠎ᠤᠨ ᠬᠡᠪ᠎ᠤᠨ ᠡᠮᠬᠢ ᠳᠢᠭᠯᠢᠮ᠎ᠢ ᠬᠠᠮᠠᠭ᠋ᠠᠯᠠᠵᠤ᠂  ᠡᠮᠴᠢᠯᠡᠭᠡ᠂  ᠡᠮᠴᠢᠯᠡᠭᠡᠨ᠎ᠤ ᠳᠠᠭ᠋ᠠᠳᠬᠠᠯ᠂  ᠡᠮ ᠡᠮᠨᠡᠯᠭᠡ ᠵᠢᠨ ᠡᠷᠡᠭᠦᠯ ᠵᠶ᠋ᠠᠷ ᠦᠷᠭᠦᠯᠵᠢᠯᠡᠨ ᠬᠥᠭᠵᠢᠬᠦ ᠵᠢ ᠠᠬᠢᠭᠤᠯᠵᠤ᠂  ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂  ᠵᠣᠯ ᠵᠢᠷᠭ᠋ᠠᠯᠲᠤ ᠲᠥᠷᠥᠭᠳᠡᠯ᠂  ᠠᠮᠤᠷ ᠲᠦᠪᠰᠢᠨ᠎ᠤ ᠲᠥᠷᠥᠭᠳᠡᠯ᠎ᠢ ᠳᠡᠭᠡᠭᠰᠢᠯᠡᠭᠦᠯᠬᠦ ᠪᠣᠯᠣᠨ᠎ᠠ᠃

   ᠬᠤᠶᠠᠷ᠂ 《ᠠᠷᠭ᠎ᠠ》 ᠵᠢᠨ ᠬᠡᠷᠡᠭᠯᠡᠬᠦ  ᠬᠡᠪᠴᠢᠶ᠎ᠡ᠎ᠳᠤ ᠶᠠᠭᠤ ᠶᠠᠭᠤ ᠪᠠᠢ᠌ᠬᠤ  ᠪᠣᠶ?

   ᠲᠣᠭᠲᠠᠭᠰᠠᠨ  ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ  ᠳᠠᠭ᠋ᠠᠳᠬᠠᠯ᠎ᠤᠨ ᠳ᠋ᠦᠩᠨᠡᠨ ᠪᠤᠳᠤᠬᠤ ᠦᠢ᠍ᠯᠡᠴᠢᠯᠡᠭᠡ ᠵᠢ ᠱᠠᠲᠤ ᠬᠤᠪᠢᠶᠠᠨ ᠬᠠᠮᠢᠶᠠᠷᠬᠤ ᠪᠣᠯ ᠨᠢᠭᠡ ᠵᠦᠢ᠍ᠯ᠎ᠤᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠪᠠᠢ᠌ᠵᠤ᠂  ᠣᠳᠣᠬᠠᠨ᠎ᠳᠤ ᠪᠣᠯᠪᠠᠰᠤᠷᠠᠩᠭᠤᠶ ᠲᠤᠷᠰᠢᠯᠭ᠎ᠠ ᠣᠯᠠᠨ ᠪᠢᠰᠢ ᠪᠠᠢ᠌ᠨ᠎ᠠ᠂ 《ᠠᠷᠭ᠎ᠠ》 ᠵᠢ ᠬᠡᠷᠡᠭᠵᠢᠭᠦᠯᠦᠭᠰᠡᠨ᠎ᠤ ᠳᠠᠷᠠᠭ᠎ᠠ᠂  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠵᠠᠭᠪᠤᠷ᠎ᠲᠤ ᠮᠠᠰᠢ ᠶᠡᠭᠡ ᠬᠤᠪᠢᠷᠠᠯᠲᠠ ᠭᠠᠷᠴᠤ᠂  ᠡᠮᠴᠢᠯᠡᠭᠡᠨ᠎ᠤ  ᠳᠠᠭ᠋ᠠᠳᠬᠠᠯ᠎ᠤᠨ ᠰᠠᠯᠠᠭ᠎ᠠ ᠮᠥᠴᠢᠷ᠂  ᠡᠮ ᠡᠮᠨᠡᠯᠭᠡ ᠵᠢᠨ ᠪᠠᠶ᠋ᠢᠭᠤᠯᠤᠮᠵᠢ ᠴᠥᠮ ᠲᠦᠢ᠍ᠯ᠎ᠤᠨ ᠶᠡᠭᠡ ᠥᠷᠢᠰᠥᠯᠳᠦᠭᠡᠨ᠎ᠳᠤ ᠲᠤᠯᠭ᠋ᠠᠷᠠᠬᠤ ᠪᠣᠯᠤᠨ᠎ᠠ᠃  ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠨᠥᠯᠥᠭᠡᠯᠡᠭᠳᠡᠬᠦ ᠥᠬᠡᠶ ᠪᠠᠶ᠋ᠢᠬᠤ ᠵᠢ ᠠᠯᠢ ᠴᠢᠳᠠᠬᠤ᠎ᠪᠠᠷ ᠪᠠᠲᠤᠯᠠᠬᠤ ᠵᠢᠨ ᠲᠤᠰᠠᠳᠠ᠂ 《ᠠᠷᠭ᠎ᠠ》᠎ᠳᠤ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭᠰᠢᠬᠢ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠳᠡᠨ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ ᠬᠤᠳᠠᠯᠳᠤᠨ ᠠᠪᠬᠤ ᠵᠢ  ᠱᠠᠲᠤ ᠬᠤᠪᠢᠶᠠᠨ ᠬᠠᠮᠢᠶᠠᠷᠬᠤ ᠪᠣᠯᠤᠨ᠎ᠠ᠂  ᠡᠨᠡ ᠪᠣᠯ ᠳᠠᠷᠤᠶ ᠣᠳᠣᠬᠠᠨ᠎ᠤ 《ᠠᠷᠭ᠎ᠠ》 ᠵᠢᠨ ᠬᠡᠷᠡᠭᠯᠡᠬᠦ ᠬᠡᠪᠴᠢᠶ᠎ᠡ ᠪᠣᠯᠤᠨ᠎ᠠ᠂  ᠪᠠᠶ᠋ᠢᠭᠤᠯᠤᠮᠵᠢ ᠵᠢᠨ ᠲᠠᠯ᠎ᠠ᠎ᠠᠴᠠ ᠬᠤᠶᠠᠳᠤᠭ᠋ᠠᠷ ᠳᠡᠰ᠂  ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠬᠤ ᠥᠬᠡᠶ; ᠦᠢ᠍ᠯᠡᠴᠢᠯᠡᠭᠡᠨ᠎ᠤ ᠲᠠᠯ᠎ᠠ᠎ᠠᠴᠠ ᠡᠪᠡᠳᠴᠢᠲᠡᠨ᠎ᠤ ᠡᠮᠨᠡᠯᠭᠡ᠎ᠳᠤ ᠰᠠᠭᠤᠬᠤ ᠦᠢ᠍ᠯᠡᠴᠢᠯᠡᠭᠡ ᠵᠢ ᠪᠠᠭᠲᠠᠭ᠋ᠠᠬᠤ ᠥᠬᠡᠶ᠃

   ᠭᠤᠷᠪᠠ᠂ 《ᠠᠷᠭ᠎ᠠ》 ᠵᠢᠨ ᠦᠨᠳᠦᠰᠦᠨ ᠪᠣᠷᠣ ᠲᠥᠯᠥᠪ ᠪᠠ ᠭᠤᠤᠯ ᠠᠭᠤᠯᠭ᠎ᠠ᠎ᠨᠢ ᠶᠠᠭᠤ ᠶᠠᠭᠤ ᠪᠣᠶ?

  《ᠠᠷᠭ᠎ᠠ》 ᠵᠢᠨ ᠭᠤᠣᠯ ᠪᠣᠷᠣ ᠲᠥᠯᠥᠪ᠎ᠢ ᠶᠡᠷᠦᠩᠬᠡᠢ ᠳᠦᠷᠢᠮ᠂  ᠳ᠋ᠦᠩᠨᠡᠨ ᠪᠣᠳᠣᠬᠤ ᠦᠢ᠍ᠯᠡᠴᠢᠯᠡᠭᠡ᠂  ᠬᠡᠷᠡᠭᠵᠢᠭᠦᠯᠬᠦ  ᠲᠣᠳᠣᠷᠬᠠᠶ᠋ᠢᠯᠠᠯᠲᠠ ᠵᠢᠴᠢ ᠳᠠᠭ᠋ᠠᠯᠳᠤᠭᠤᠯᠤᠭᠰᠠᠨ ᠳᠦᠷᠢᠮ ᠭᠡᠵᠦ ᠲᠦᠷᠪᠡᠨ ᠬᠡᠰᠡᠭ ᠬᠤᠪᠢᠶᠠᠵᠤ᠂  ᠨᠡᠶ᠋ᠢᠲᠡ ᠬᠤᠷᠢᠨ ᠵᠤᠷᠪᠤᠰ ᠪᠣᠯᠣᠨ᠎ᠠ᠃

   ᠨᠢᠭᠡᠳᠦᠭᠡᠷ ᠪᠦᠯᠦᠭ   ᠶᠡᠷᠦᠩᠬᠡᠶ ᠲᠦᠷᠢᠮ᠎ᠨᠢ ᠨᠡᠶ᠋ᠢᠲᠡ 5 ᠵᠣᠷᠪᠣᠰ ᠪᠣᠯᠣᠨ᠎ᠠ᠂ 《ᠠᠷᠭ᠎ᠠ》 ᠵᠢ ᠲᠣᠭᠲᠠᠭ᠋ᠠᠭᠰᠠᠨ ᠵᠣᠷᠢᠯᠭ᠎ᠠ᠂  ᠬᠡᠷᠡᠭᠯᠡᠬᠦ ᠬᠡᠪᠴᠢᠶ᠎ᠡ᠂  ᠠᠵᠢᠯ᠎ᠤᠨ ᠵᠠᠷᠴᠢᠮ ᠵᠡᠷᠭᠡ ᠵᠢ ᠲᠣᠳᠣᠷᠬᠠᠶ᠋ᠢᠯᠠᠪᠠ᠃  ᠠᠷᠭ᠎ᠠ᠎ᠨᠢ ᠪᠥᠬᠦ ᠣᠷᠣᠨ᠎ᠤ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭᠰᠢᠬᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ (ᠰᠣᠬᠤᠷ ᠬᠥᠮᠦᠨ᠎ᠤ ᠡᠮᠴᠢᠯᠡᠭᠡᠨ᠎ᠤ ᠢᠯᠢᠯᠭᠡ ᠵᠢᠨ  ᠪᠠᠶ᠋ᠢᠭᠤᠯᠤᠮᠵᠢ ᠵᠢ ᠪᠠᠭᠲᠠᠭ᠋ᠠᠬᠤ  ᠥᠬᠡᠶ) ᠵᠢᠨ ᠡᠭᠦᠳᠡᠨ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ ᠬᠤᠳᠠᠯᠳᠤᠨ ᠠᠪᠬᠤ ᠬᠠᠮᠢᠶᠠᠷᠤᠯᠲᠠ᠎ᠳᠤ ᠬᠡᠷᠡᠭᠯᠡᠭᠳᠡᠨ᠎ᠡ᠃  ᠡᠯ᠎ᠡ ᠭᠠᠵᠠᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠱᠤᠭᠤᠮ ᠪᠣᠯᠭ᠋ᠠᠬᠤ ᠵᠢ ᠪᠠᠷᠢᠮᠲᠠᠯᠠᠵᠤ᠂  ᠡᠷᠬᠡ ᠲᠡᠭᠰᠢ ᠲᠥᠪ ᠭᠤᠤᠯᠴᠢ᠂  ᠵᠢᠷᠤᠮᠵᠢᠯ᠎ᠲᠠᠢ ᠪᠥᠭᠡᠳ ᠢᠯᠡ ᠲᠣᠳᠣ᠂  ᠡᠷᠬᠡ ᠬᠠᠷᠢᠭᠤᠴᠠᠯᠭ᠎ᠠ ᠲᠣᠳᠣᠷᠬᠠᠶ᠂  ᠬᠥᠳᠡᠯᠦᠩᠭᠦᠶ ᠲᠣᠬᠢᠷᠠᠭᠤᠯᠤᠯᠲᠠ ᠬᠢᠬᠦ ᠵᠠᠷᠴᠢᠮ᠎ᠢ ᠵᠢᠷᠤᠮᠯᠠᠨ᠂  ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ  ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂  ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠬᠢ ᠵᠢᠷᠤᠮ᠎ᠲᠠᠢ ᠬᠥᠭᠵᠢᠯᠲᠡ ᠵᠢ ᠠᠬᠢᠭᠤᠯᠤᠨ᠎ᠠ; ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ  ᠲᠣᠬᠢᠷᠠᠭᠤᠯᠬᠤ ᠵᠢ ᠪᠠᠷᠢᠮᠲᠠᠯᠠᠵᠤ᠂  ᠰᠠᠭᠤᠷᠢ ᠮᠥᠩᠭᠥᠨ᠎ᠤ  ᠲᠥᠰᠦᠪ᠎ᠤᠨ ᠬᠠᠮᠢᠶᠠᠷᠤᠯᠲᠠ ᠬᠢᠭᠡᠳ ᠵᠠᠷᠤᠳᠠᠯ᠎ᠢ ᠳ᠋ᠦᠩᠨᠡᠨ ᠪᠤᠳᠤᠬᠤ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠵᠤ᠂  ᠡᠯ᠎ᠡ ᠱᠠᠲᠤᠨ᠎ᠤ ᠡᠯ᠎ᠡ ᠲᠥᠷᠥᠯ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠨ ᠥᠭᠬᠦ ᠶᠡᠷᠦᠩᠬᠡᠶ ᠲᠤᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ; ᠵᠦᠶ ᠵᠣᠬᠢᠰᠲᠠᠶ ᠲᠥᠯᠥᠪᠵᠢᠭᠦᠯᠬᠦ ᠵᠢ ᠪᠠᠷᠢᠮᠲᠠᠯᠠᠵᠤ᠂  ᠲᠡᠩᠴᠡᠭᠦᠷᠢᠲᠡᠶ ᠬᠠᠩᠭ᠋ᠠᠵᠤ᠂  ᠲᠣᠰ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠲᠣᠭᠲᠠᠭ᠋ᠠᠵᠤ᠂  ᠬᠤᠲᠠ ᠬᠥᠳᠡᠭᠡ ᠵᠢ ᠬᠠᠮᠤᠷᠤᠭᠰᠠᠨ᠂  ᠪᠠᠶ᠋ᠢᠷᠢᠰᠢᠯ᠎ᠨᠢ ᠵᠦᠶ ᠵᠣᠬᠢᠰᠲᠠᠶ᠂  ᠥᠷᠢᠰᠥᠯᠳᠦᠭᠡᠨ᠎ᠨᠢ ᠡᠮᠬᠢ ᠵᠢᠷᠤᠮ᠎ᠲᠠᠢ᠂  ᠬᠠᠮᠢᠶᠠᠷᠤᠯᠲᠠ᠎ᠨᠢ ᠵᠢᠷᠤᠮᠵᠢᠭᠰᠠᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠣᠤᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠪᠠᠶ᠋ᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃

   ᠬᠤᠶᠠᠳᠤᠭ᠋ᠠᠷ ᠪᠦᠯᠦᠭ   ᠳ᠋ᠦᠩᠨᠡᠨ ᠪᠤᠳᠤᠬᠤ ᠦᠢ᠍ᠯᠡᠴᠢᠯᠡᠭᠡ᠎ᠨᠢ ᠨᠡᠶ᠋ᠢᠲᠡ 6 ᠵᠣᠷᠪᠣᠰ ᠪᠣᠯᠣᠨ᠎ᠠ᠂  ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠥᠨ᠎ᠤ  ᠳ᠋ᠦᠩᠨᠡᠨ ᠪᠤᠳᠤᠬᠤ ᠦᠢ᠍ᠯᠡᠴᠢᠯᠡᠭᠡᠨ᠎ᠤ  ᠲᠥᠷᠥᠯ ᠬᠡᠯᠪᠡᠷᠢ ᠵᠢ A᠂ B᠂ C ᠭᠤᠷᠪᠠᠨ ᠲᠠᠰ ᠪᠣᠯᠭ᠋ᠠᠨ ᠬᠤᠪᠢᠶᠠᠵᠤ᠂  ᠡᠯ᠎ᠡ ᠲᠠᠰ᠎ᠤᠨ ᠦᠨᠳᠦᠰᠦᠨ ᠪᠠᠷᠢᠮᠵᠢᠶ᠎ᠠ ᠪᠠ ᠲᠠᠰ ᠳᠡᠪᠰᠢᠭᠦᠯᠬᠦ  ᠬᠡᠷᠡᠭᠴᠡᠭᠡ ᠵᠢ ᠬᠠᠩᠭ᠋ᠠᠬᠤ ᠴᠢᠬᠤᠯᠠᠲᠠᠶ ᠨᠥᠬᠦᠴᠡᠯ᠎ᠢ ᠲᠣᠳᠣᠷᠬᠠᠶ᠋ᠢᠯᠠᠨ᠂  ᠡᠮᠴᠢᠯᠡᠭᠡᠨ᠎ᠤ ᠪᠠᠶ᠋ᠢᠭᠤᠯᠤᠮᠵᠢ ᠵᠢᠨ ᠣᠨ᠎ᠤ ᠪᠣᠯᠵᠣᠨ ᠶᠠᠷᠢᠯᠴᠠᠬᠤ᠂  ᠳ᠋ᠦᠩᠨᠡᠨ ᠪᠤᠳᠤᠬᠤ ᠵᠢ ᠲᠦᠷ ᠵᠣᠭᠰᠣᠭ᠋ᠠᠬᠤ᠂  ᠦᠢ᠍ᠯᠡᠴᠢᠯᠡᠭᠡ ᠵᠢ  ᠵᠣᠭᠰᠣᠭ᠋ᠠᠬᠤ ᠵᠡᠷᠭᠡ ᠰᠢᠢ᠍ᠳᠬᠡᠯ᠎ᠤᠨ ᠪᠠᠶ᠋ᠢᠳᠠᠯ᠎ᠢ ᠦᠨᠳᠦᠰᠦᠯᠡᠨ ᠲᠠᠰ᠎ᠢ᠎ᠨᠢ ᠪᠠᠭᠤᠷᠠᠭᠤᠯᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠢ  ᠬᠦᠴᠦᠨ ᠥᠬᠡᠶ ᠪᠣᠯᠭ᠋ᠠᠬᠤ  ᠪᠠᠶ᠋ᠢᠳᠠᠯ᠎ᠢ ᠲᠣᠳᠣᠷᠬᠠᠶ᠋ᠢᠯᠠᠪᠠ᠃

   ᠭᠤᠷᠪᠠᠳᠤᠭ᠋ᠠᠷ ᠪᠦᠯᠦᠭ   ᠬᠡᠷᠡᠭᠵᠢᠭᠦᠯᠬᠦ ᠲᠣᠳᠣᠷᠬᠠᠶ᠋ᠢᠯᠠᠯᠲᠠ᠎ᠨᠢ ᠨᠡᠶ᠋ᠢᠲᠡ 7 ᠵᠣᠷᠪᠣᠰ ᠪᠣᠯᠣᠨ᠎ᠠ᠂  ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠥᠪᠰᠢᠶᠡᠷᠡᠨ ᠣᠷᠤᠭᠤᠯᠬᠤ  ᠪᠠ ᠲᠠᠰ ᠳᠡᠪᠰᠢᠭᠦᠯᠬᠦ ᠱᠠᠭ᠋ᠠᠷᠳᠠᠯᠭ᠎ᠠ᠂  ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ  ᠴᠠᠭ ᠵᠡᠷᠭᠡ ᠵᠢ ᠲᠣᠳᠣᠷᠬᠠᠶ᠋ᠢᠯᠠᠪᠠ᠃  ᠡᠯ᠎ᠡ ᠨᠢᠭᠡᠳᠦᠯᠲᠡᠶ ᠲᠥᠯᠥᠪᠯᠡᠬᠦ ᠣᠷᠣᠨ ᠲᠤᠬᠠᠶ ᠵᠢᠨ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠬᠢ ᠪᠠᠶᠠᠯᠢᠭ ᠵᠶ᠋ᠠᠨ ᠲᠣᠬᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠣᠳᠣᠯᠬᠢᠯᠠᠵᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠴᠡᠭ ᠲᠣᠭᠲᠠᠭ᠋ᠠᠨ ᠬᠠᠮᠢᠶᠠᠷᠬᠤ᠂  ᠵᠡᠷᠭᠡ ᠳᠡᠰ᠎ᠢ ᠲᠣᠭᠲᠠᠭ᠋ᠠᠬᠤ ᠵᠡᠷᠭᠡ ᠠᠵᠢᠯ᠎ᠢ ᠴᠢᠬᠤᠯᠠᠴᠢᠯᠠᠬᠤ ᠵᠢᠨ ᠬᠠᠮᠲᠤ  ᠰᠢᠨ᠎ᠡ᠎ᠪᠠᠷ ᠭᠤᠶᠤᠴᠢᠯᠠᠬᠤ ᠪᠠᠢ᠌ᠭᠤᠯᠤᠮᠵᠢ ᠵᠢᠨ  ᠵᠡᠷᠭᠡ ᠳᠡᠰ᠎ᠢ ᠬᠡᠷᠬᠢᠨ ᠲᠣᠭᠲᠠᠭ᠋ᠠᠬᠤ  ᠪᠠ ᠨᠢᠭᠡᠨᠲᠡ ᠣᠷᠤᠭᠤᠯᠤᠭᠰᠠᠨ  ᠪᠠᠢ᠌ᠭᠤᠯᠤᠮᠵᠢ ᠵᠢᠨ ᠰᠢᠯᠵᠢᠯᠲᠡ ᠵᠢᠨ ᠬᠤᠭᠤᠴᠠᠭ᠎ᠠ᠎ᠪᠠᠨ  ᠬᠡᠷᠬᠢᠨ ᠥᠩᠭᠡᠷᠡᠭᠦᠯᠬᠦ  ᠵᠡᠷᠭᠡ᠎ᠳᠤ ᠲᠤᠰ ᠲᠤᠰ ᠪᠤᠳᠠᠲᠠᠶ ᠲᠣᠭᠲᠠᠭ᠋ᠠᠯ ᠭᠠᠷᠭ᠋ᠠᠪᠠ᠃

   ᠳᠥᠷᠪᠡᠳᠦᠭᠡᠷ ᠪᠦᠯᠦᠭ   ᠳᠠᠭ᠋ᠠᠯᠳᠤᠭᠤᠯᠤᠭᠰᠠᠨ ᠲᠦᠷᠢᠮ᠎ᠨᠢ ᠨᠡᠶ᠋ᠢᠲᠡ 2 ᠵᠣᠷᠪᠣᠰ ᠪᠣᠯᠣᠨ᠎ᠠ᠂ 《ᠠᠷᠭ᠎ᠠ》 ᠵᠢ ᠲᠠᠶ᠋ᠢᠯᠪᠤᠷᠢᠯᠠᠬᠤ ᠭᠤᠤᠯ ᠴᠣᠭᠴᠠ ᠪᠠ ᠬᠡᠷᠡᠭᠵᠢᠭᠦᠯᠬᠦ ᠴᠠᠭ᠎ᠢ ᠲᠣᠳᠣᠷᠬᠠᠶ᠋ᠢᠯᠠᠪᠠ᠃

   ᠳᠥᠷᠪᠡ᠂ 《ᠠᠷᠭ᠎ᠠ》 ᠵᠢ ᠬᠡᠵᠢᠶ᠎ᠡ᠎ᠠᠴᠠ ᠡᠬᠢᠯᠡᠨ ᠬᠡᠷᠡᠭᠵᠢᠭᠦᠯᠬᠦ ᠪᠣᠢ ? ᠡᠪᠡᠳᠴᠢᠲᠡᠨ᠎ᠤ ᠡᠮ ᠬᠡᠷᠡᠭᠯᠡᠬᠦ ᠵᠢ  ᠬᠡᠷᠬᠢᠨ ᠪᠠᠲᠤᠯᠠᠬᠤ ᠪᠣᠶ?

  《ᠠᠷᠭ᠎ᠠ》 ᠵᠢᠨ ᠳᠠᠭ᠋ᠠᠯᠳᠤᠭᠤᠯᠤᠭᠰᠠᠨ  ᠲᠦᠷᠢᠮ᠎ᠳᠤ ᠲᠣᠰ ᠠᠷᠭ᠎ᠠ ᠵᠢ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠭᠡᠵᠦ ᠲᠤᠳᠤᠷᠬᠠᠢ᠌ᠯᠠᠪᠠ᠃ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂  ᠰᠢᠨ᠎ᠡ᠎ᠪᠠᠷ ᠣᠷᠣᠭᠤᠯᠤᠭᠰᠠᠨ ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢ A ᠲᠠᠰ᠎ᠤᠨ ᠳ᠋ᠦᠩᠨᠡᠨ ᠪᠤᠳᠤᠬᠤ ᠦᠢ᠍ᠯᠡᠴᠢᠯᠡᠭᠡ᠎ᠪᠠᠷ ᠬᠠᠮᠢᠶᠠᠷᠴᠤ᠂  ᠳ᠋ᠦᠩᠨᠡᠨ ᠪᠤᠳᠤᠬᠤ ᠦᠢ᠍ᠯᠡᠴᠢᠯᠡᠭᠡ᠎ᠨᠢ ᠪᠦᠬᠦᠯᠢ 1 ᠵᠢᠯ ᠪᠣᠯᠤᠭᠰᠠᠨ᠎ᠤ ᠳᠠᠷᠠᠭ᠎ᠠ B ᠲᠠᠰ᠎ᠤᠨ ᠳ᠋ᠦᠩᠨᠡᠨ ᠪᠤᠳᠤᠬᠤ ᠦᠢ᠍ᠯᠡᠴᠢᠯᠡᠭᠡ ᠭᠠᠷᠭ᠋ᠠᠬᠤ᠎ᠪᠠᠷ ᠭᠤᠶᠤᠴᠢᠯᠠᠵᠤ ᠪᠣᠯᠤᠨ᠎ᠠ᠃  ᠡᠪᠡᠳᠴᠢᠲᠡᠨ᠎ᠤ ᠡᠪᠡᠳᠴᠢᠨ ᠦᠵᠡᠭᠦᠯᠵᠦ ᠡᠮ ᠬᠡᠷᠡᠭᠯᠡᠬᠦ ᠵᠢ ᠪᠠᠲᠤᠯᠠᠬᠤ ᠵᠢᠨ ᠲᠤᠰᠠᠳᠠ᠂  ᠨᠢᠭᠡᠨᠲᠡ ᠣᠷᠣᠭᠤᠯᠤᠭᠰᠠᠨ ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ᠎ᠳᠤ 6 ᠰᠠᠷ᠎ᠠ ᠵᠢᠨ ᠬᠤᠭᠤᠴᠠᠭ᠎ᠠ ᠪᠦᠬᠦᠢ ᠰᠢᠯᠵᠢᠯᠲᠡ ᠵᠢᠨ ᠬᠤᠭᠤᠴᠠᠭ᠎ᠠ ᠭᠠᠷᠭ᠋ᠠᠵᠤ᠂  ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠰᠢᠯᠵᠢᠯᠲᠡ ᠵᠢᠨ ᠬᠤᠭᠤᠴᠠᠭ᠋ᠠᠨ᠎ᠳᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠢ᠌ᠭᠤᠯᠤᠮᠵᠢ᠎ᠳᠤ  ᠬᠠᠮᠢᠶ᠎ᠠ ᠪᠥᠬᠦᠶ  ᠳᠠᠪᠬᠤᠷᠭ᠎ᠠ ᠵᠢ ᠳ᠋ᠦᠩᠨᠡᠨ ᠪᠤᠳᠤᠬᠤ ᠦᠢ᠍ᠯᠡᠴᠢᠯᠡᠭᠡ ᠭᠤᠶᠤᠴᠢᠯᠠᠬᠤ ᠭᠤᠶᠤᠴᠢᠯᠠᠯ ᠭᠠᠷᠭ᠋ᠠᠵᠤ᠂  ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠢ᠌ᠭᠤᠯᠤᠮᠵᠢ᠎ᠨᠢ  ᠦᠨᠡᠯᠡᠨ ᠵᠢᠱ᠌ᠢᠬᠦ ᠪᠠᠷᠢᠮᠵᠢᠶ᠎ᠠ ᠶᠣᠰᠣᠭ᠋ᠠᠷ᠂  ᠲᠤᠬᠠᠶ ᠵᠢᠨ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ  ᠡᠬᠢ ᠪᠠᠶᠠᠯᠢᠭ᠎ᠢ ᠳᠣᠭᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂  ᠡᠮ ᠡᠮᠨᠡᠯᠭᠡ ᠵᠢᠨ ᠪᠠᠢ᠌ᠭᠤᠯᠤᠮᠵᠢ ᠵᠢᠨ  ᠳ᠋ᠦᠩᠨᠡᠨ ᠪᠤᠳᠤᠬᠤ ᠦᠢ᠍ᠯᠡᠴᠢᠯᠡᠭᠡᠨ᠎ᠤ ᠵᠡᠷᠭᠡ ᠳᠡᠰ᠎ᠢ ᠲᠣᠭᠲᠠᠭ᠋ᠠᠵᠤ᠂  ᠪᠠᠷᠢᠮᠵᠢᠶ᠎ᠠ᠎ᠳᠤ ᠬᠦᠷᠬᠦ ᠥᠬᠡᠶ ᠪᠤᠶᠤ ᠡᠬᠢ ᠪᠠᠶᠠᠯᠢᠭ᠎ᠢ ᠳᠣᠭᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠬᠦ  ᠥᠬᠡᠶ ᠵᠢ᠎ᠨᠢ ᠲᠠᠰ ᠪᠠᠭᠤᠷᠠᠭᠤᠯᠤᠨ ᠰᠢᠢ᠍ᠳᠪᠦᠷᠢᠯᠡᠬᠦ᠎ᠠᠴᠠ  ᠡᠮᠴᠢᠯᠡᠭᠡᠨ᠎ᠤ ᠳᠠᠭ᠋ᠠᠳᠬᠠᠯ᠎ᠤᠨ ᠬᠡᠯᠡᠯᠴᠡᠭᠡᠷ᠎ᠢ᠎ᠨᠢ  ᠬᠦᠴᠦᠨ ᠥᠬᠡᠶ ᠪᠣᠯᠭ᠋ᠠᠨ᠎ᠠ᠃  ᠡᠭᠦᠨ᠎ᠤ ᠬᠠᠮᠲᠤ᠂  ᠬᠤᠤᠷᠲᠤ ᠬᠠᠪᠤᠳᠠᠷ᠂  ᠡᠷᠬᠡᠲᠡᠨ ᠰᠢᠯᠵᠢᠭᠦᠯᠬᠦ᠂  ᠨᠡᠪᠴᠢᠭᠦᠯᠦᠨ ᠢᠯᠭ᠋ᠠᠷᠠᠭᠤᠯᠬᠤ  ᠵᠡᠷᠭᠡ ᠬᠦᠨᠳᠦ ᠶᠡᠭᠡ ᠡᠪᠡᠳᠴᠢᠲᠡᠨ᠎ᠤ ᠡᠮ ᠬᠡᠷᠡᠭᠯᠡᠬᠦ ᠵᠢ ᠭᠦᠢ᠍ᠴᠡᠳ ᠪᠣᠳᠣᠯᠬᠢᠯᠠᠵᠤ᠂  ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ  ᠡᠪᠡᠳᠴᠢᠨ ᠪᠠ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ᠎ᠤᠨ  ᠦᠢ᠍ᠯᠡᠴᠢᠯᠡᠭᠡ ᠵᠢ ᠨᠢᠭᠡᠨᠲᠡ ᠲᠣᠭᠲᠠᠭᠰᠠᠨ ᠴᠡᠭ  ᠪᠦᠬᠦᠢ ᠪᠠᠶ᠋ᠢᠭᠤᠯᠤᠮᠵᠢ ᠵᠢᠨ᠎ᠬᠢᠨ ᠡᠯ᠎ᠡ ᠭᠠᠵᠠᠷ᠎ᠤᠨ  ᠪᠣᠳᠠᠲᠠᠶ᠎ᠲᠠᠢ᠎ᠪᠠᠨ ᠤᠶᠠᠯᠳᠤᠭᠤᠯᠤᠨ᠂  ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠᠭ᠋ᠠᠢ  ᠡᠪᠡᠳᠴᠢᠨ ᠪᠠ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ᠎ᠤᠨ  ᠳ᠋ᠦᠩᠨᠡᠨ ᠪᠣᠳᠣᠯᠲᠠ ᠵᠢ  ᠬᠠᠮᠤᠭ ᠤᠷᠲᠤ᠎ᠳᠤ᠎ᠪᠠᠨ 1 ᠵᠢᠯ  ᠦᠯᠡᠳᠡᠭᠡᠬᠦ  ᠦᠢ᠍ᠯᠡᠴᠢᠯᠡᠭᠡᠨ᠎ᠤ ᠬᠢᠷᠢ ᠬᠡᠮ᠎ᠲᠠᠢ ᠪᠠᠢ᠌ᠵᠤ᠂  ᠡᠪᠡᠳᠴᠢᠲᠡᠨ᠎ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌  ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】《ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠯᠲᠠ ᠵᠢ ᠱᠠᠲᠤ ᠬᠤᠪᠢᠶᠠᠨ ᠬᠠᠮᠢᠶᠠᠷᠬᠤ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】《2024 ᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠤᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ 1
【ᠵᠢᠷᠤᠭᠲᠤ ᠲᠠᠢ᠌ᠯᠤᠮᠵᠢ】《2024 ᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠤᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ 2
ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            