ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠥᠭᠦᠯᠡᠬᠦᠢ᠄ 《ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠬᠡᠰᠡᠭ ᠲᠥᠷᠥᠯ ᠵᠦᠢ᠍ᠯ᠎ᠢ ᠦᠨᠳᠦᠰᠦᠨ ᠡᠮᠴᠢᠯᠡᠭᠡ ᠵᠢᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠥᠭᠬᠦ ᠬᠡᠪᠴᠢᠶᠡᠨ᠎ᠳᠤ ᠣᠷᠣᠭᠤᠯᠬᠤ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-01-30

   ᠦᠷᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠬᠥᠮᠦᠨ ᠠᠮᠠ ᠵᠢᠨ ᠣᠷᠳᠣ ᠬᠤᠭᠤᠴᠠᠭ᠋ᠠᠨ᠎ᠤ ᠲᠡᠩᠴᠡᠭᠦᠷᠢᠲᠡᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ 《ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠬᠡᠰᠡᠭ ᠲᠥᠷᠥᠯ ᠵᠦᠢ᠍ᠯ᠎ᠢ ᠦᠨᠳᠦᠰᠦᠨ ᠡᠮᠴᠢᠯᠡᠭᠡ ᠵᠢᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠥᠭᠬᠦ ᠬᠡᠪᠴᠢᠶᠡᠨ᠎ᠳᠤ ᠣᠷᠣᠭᠤᠯᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠲᠤᠰᠠᠯᠠᠬᠤ ᠦᠷᠡᠵᠢᠯ᠎ᠤᠨ ᠮᠡᠷᠭᠡᠵᠢᠯ᠎ᠢ ᠥᠷᠨᠢᠭᠦᠯᠬᠦ ᠵᠢ ᠳᠡᠮᠵᠢᠵᠦ᠂ ᠣᠯᠠᠨ ᠲᠦᠮᠡᠨ᠎ᠤ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠮᠠᠨ᠎ᠤ ᠣᠷᠣᠨ᠎ᠤ ᠲᠤᠰᠠᠯᠠᠬᠤ ᠦᠷᠡᠵᠢᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠡᠮᠴᠢᠯᠡᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ 《ᠲᠡᠭ᠎ᠢ ᠰᠢᠪᠲᠤᠯᠤᠯᠲᠠ》 ᠵᠢ ᠪᠡᠶᠡᠯᠡᠭᠦᠯᠪᠡ᠃

   ᠨᠢᠭᠡ᠂ 《ᠮᠡᠳᠡᠭᠳᠡᠯ》᠎ᠢ ᠨᠡᠶ᠋ᠢᠲᠡᠯᠡᠭᠰᠡᠨ ᠠᠬᠤᠢ ᠪᠠᠶ᠋ᠢᠳᠠᠯ ᠪᠠ ᠶᠠᠪᠤᠴᠠ

  2021 ᠣᠨ᠎ᠤ 7 ᠳ᠋ᠤᠭ᠋ᠠᠷ ᠰᠠᠷ᠎ᠠ ᠵᠢᠨ 20᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 《ᠦᠷᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ ᠬᠥᠮᠦᠨ ᠠᠮᠠ ᠵᠢᠨ ᠣᠷᠳᠣ ᠬᠤᠭᠤᠴᠠᠭ᠋ᠠᠨ᠎ᠤ ᠲᠡᠩᠴᠡᠭᠦᠷᠢᠲᠡᠶ ᠬᠥᠭᠵᠢᠯᠲᠡ ᠵᠢ ᠠᠬᠢᠭᠤᠯᠬᠤ ᠲᠤᠬᠠᠶ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠵᠤ᠂ ᠢᠳᠡᠪᠬᠢᠲᠡᠶ ᠦᠷᠡᠵᠢᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ 2022 ᠣᠨ᠎ᠤ 7 ᠳ᠋ᠤᠭ᠋ᠠᠷ ᠰᠠᠷ᠎ᠠ ᠵᠢᠨ 25᠎ᠤ ᠡᠳᠦᠷ᠂ ᠤᠯᠤᠰ᠎ᠤᠨ ᠡᠮᠴᠢᠯᠡᠭᠡ ᠵᠢᠨ ᠳᠠᠭ᠋ᠠᠳᠬᠠᠯ᠎ᠤᠨ ᠲᠣᠪᠴᠢᠶ᠎ᠠ ᠵᠡᠷᠭᠡ 17 ᠶᠠᠮᠤᠨ ᠵᠥᠪᠯᠡᠯ᠎ᠠᠴᠠ 《ᠢᠳᠡᠪᠬᠢᠲᠡᠶ ᠦᠷᠡᠵᠢᠯ᠎ᠤᠨ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ》 (ᠤᠯᠤᠰ ᠡᠷᠡᠭᠦᠯ ᠬᠥᠮᠦᠨ ᠠᠮᠠ ᠲᠠᠷᠬᠠᠭ᠋ᠠᠭᠰᠠᠨ [2022] 26 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠣᠷᠣᠨ ᠨᠤᠲᠤᠭ᠎ᠤᠨ ᠡᠮᠴᠢᠯᠡᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠠᠭᠤᠷᠢ ᠮᠥᠩᠭᠦ ᠵᠢᠨ ᠳᠠᠭ᠋ᠠᠭ᠋ᠠᠬᠤ ᠴᠢᠳᠠᠪᠤᠷᠢ᠂ ᠬᠠᠮᠢᠶ᠎ᠠ ᠪᠥᠬᠦᠶ ᠮᠡᠷᠭᠡᠵᠢᠯ᠎ᠤᠨ ᠵᠢᠷᠤᠮᠵᠢᠯ᠎ᠤᠨ ᠴᠢᠨᠠᠷ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠲᠣᠬᠢᠷᠠᠮᠵᠢᠲᠠᠶ ᠬᠥᠩᠭᠡᠵᠢᠯ᠎ᠤᠨ ᠡᠪᠡᠳᠬᠦ ᠵᠢ ᠳᠠᠷᠤᠬᠤ ᠪᠠ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠲᠥᠷᠥᠯ ᠵᠦᠢ᠍ᠯ᠎ᠢ ᠠᠯᠬᠤᠮ ᠠᠯᠬᠤᠮ ᠵᠶ᠋ᠠᠷ ᠡᠮᠴᠢᠯᠡᠭᠡ ᠵᠢᠨ ᠳᠠᠭ᠋ᠠᠳᠬᠠᠯ᠎ᠤᠨ ᠥᠭᠬᠦ ᠬᠡᠪᠴᠢᠶᠡᠨ᠎ᠳᠤ ᠣᠷᠣᠭᠤᠯᠤᠨ᠎ᠠ᠃ ᠮᠠᠨ᠎ᠤ ᠣᠷᠣᠨ᠎ᠤ ᠦᠷᠡᠵᠢᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠷᠡᠵᠢᠬᠦ ᠡᠮᠴᠢᠯᠡᠭᠡ ᠵᠢᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠭᠦᠨᠵᠡᠭᠡᠶ ᠪᠠᠶ᠋ᠢᠴᠠᠭ᠋ᠠᠨ ᠰᠤᠳᠤᠯᠤᠯᠲᠠ ᠬᠢᠵᠦ᠂ ᠮᠠᠨ᠎ᠤ ᠣᠷᠣᠨ᠎ᠤ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠦᠢ᠍ᠯᠡᠴᠢᠯᠡᠭᠡ᠂ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠂ ᠣᠯᠠᠨ ᠲᠦᠮᠡᠨ᠎ᠤ ᠵᠠᠷᠤᠳᠠᠯ᠎ᠤᠨ ᠳᠠᠷᠤᠭ᠋ᠠᠰᠤ᠂ ᠰᠠᠭᠤᠷᠢ ᠮᠥᠩᠭᠦ ᠵᠢᠨ ᠳᠠᠭ᠋ᠠᠭ᠋ᠠᠬᠤ ᠴᠢᠳᠠᠪᠤᠷᠢ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠪᠡᠳᠴᠢᠨ ᠦᠵᠡᠭᠦᠯᠬᠦ ᠬᠠᠮᠢᠶᠠᠷᠤᠯᠲᠠ ᠵᠡᠷᠭᠡ ᠪᠠᠶ᠋ᠢᠳᠠᠯ᠎ᠢ ᠪᠥᠬᠦ ᠲᠠᠯ᠎ᠠ᠎ᠪᠠᠷ ᠣᠶ᠋ᠢᠯᠠᠭ᠋ᠠᠵᠤ᠂ ᠡᠮᠴᠢᠯᠡᠭᠡᠨ᠎ᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠵᠤ ᠨᠤᠲᠠᠯᠠᠬᠤ᠂ ᠰᠠᠭᠤᠷᠢ ᠮᠥᠩᠭᠦ ᠵᠢᠨ ᠵᠠᠷᠤᠯᠭ᠎ᠠ ᠵᠢ ᠲᠥᠰᠦᠭᠡᠯᠡᠨ ᠪᠤᠳᠤᠬᠤ᠂ ᠥᠷᠭᠡᠨ ᠵᠶ᠋ᠠᠷ ᠰᠠᠨᠠᠯ ᠬᠤᠷᠢᠶᠠᠬᠤ᠂ ᠤᠯᠤᠰ᠎ᠤᠨ ᠡᠮᠴᠢᠯᠡᠭᠡ ᠵᠢᠨ ᠳᠠᠭ᠋ᠠᠳᠬᠠᠯ᠎ᠤᠨ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠬᠤ ᠵᠡᠷᠭᠡ ᠲᠠᠰ ᠳᠠᠷᠠᠭ᠋ᠠᠯᠠᠯ ᠵᠶ᠋ᠠᠷ       ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠲᠣᠰ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃

   ᠬᠤᠶᠠᠷ᠂ 《ᠮᠡᠳᠡᠭᠳᠡᠯ》᠎ᠤᠨ ᠭᠤᠣᠯ ᠠᠭᠤᠯᠭ᠎ᠠ

  《ᠦᠨᠳᠡᠭᠡ ᠠᠪᠬᠤ ᠵᠠᠰᠠᠯ》 ᠵᠡᠷᠭᠡ ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠬᠡᠰᠡᠭ ᠲᠥᠷᠥᠯ ᠵᠦᠢ᠍ᠯ᠎ᠢ ᠦᠨᠳᠦᠰᠦᠨ ᠡᠮᠴᠢᠯᠡᠭᠡ ᠵᠢᠨ ᠳᠠᠭ᠋ᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠥᠭᠬᠦ ᠬᠡᠪᠴᠢᠶᠡᠨ᠎ᠳᠤ ᠣᠷᠣᠭᠤᠯᠵᠤ᠂ ᠳᠥᠷᠪᠡᠨ ᠲᠠᠯ᠎ᠠ ᠵᠢᠨ ᠭᠤᠤᠯ ᠠᠭᠤᠯᠭ᠎ᠠ ᠵᠢ ᠲᠣᠳᠣᠷᠬᠠᠢ᠌ᠯᠠᠪᠠ᠄

  (ᠨᠢᠭᠡ) ᠮᠡᠷᠭᠡᠵᠢᠯ᠎ᠤᠨ ᠪᠠᠷᠢᠮᠵᠢᠶ᠎ᠠ ᠵᠢ ᠵᠢᠷᠤᠮᠵᠢᠭᠤᠯᠪᠠ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠵᠦ ᠬᠥᠮᠦᠨ ᠲᠥᠷᠥᠯᠬᠢᠲᠡᠨ᠎ᠤ ᠲᠤᠰᠠᠯᠠᠬᠤ ᠦᠷᠡᠵᠢᠯ᠎ᠤᠨ ᠮᠡᠷᠭᠡᠵᠢᠯ᠎ᠢ ᠥᠷᠨᠢᠭᠦᠯᠬᠦ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ ᠬᠥᠮᠦᠨ ᠲᠥᠷᠥᠯᠬᠢᠲᠡᠨ᠎ᠤ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠵᠢᠷᠤᠮᠵᠢᠯ᠎ᠢ ᠴᠢᠩᠭ᠎ᠠ ᠵᠢᠷᠤᠮᠯᠠᠨ ᠨᠥᠬᠦᠴᠡᠯ᠎ᠳᠤ ᠨᠡᠶ᠋ᠢᠴᠡᠬᠦ ᠳᠠᠭ᠋ᠠᠳᠬᠠᠯ᠎ᠳᠤ ᠣᠷᠣᠯᠴᠠᠭᠰᠠᠳ᠎ᠲᠤ ᠲᠤᠰᠠᠯᠠᠬᠤ ᠦᠷᠡᠵᠢᠯ᠎ᠤᠨ ᠦᠢ᠍ᠯᠡᠴᠢᠯᠡᠭᠡ       ᠬᠠᠩᠭ᠋ᠠᠨ᠎ᠠ᠃

  (ᠬᠤᠶᠠᠷ) ᠡᠮᠴᠢᠯᠡᠭᠡ ᠵᠢᠨ ᠳᠠᠭ᠋ᠠᠳᠬᠠᠯ᠎ᠤᠨ ᠥᠭᠬᠦ ᠲᠥᠷᠥ ᠵᠢᠨ ᠪᠣᠳᠣᠯᠭ᠎ᠠ ᠵᠢ ᠲᠣᠳᠣᠷᠬᠠᠢ᠌ᠯᠠᠪᠠ᠃ ᠨᠢᠭᠡ᠎ᠳᠤ ᠰᠠᠭᠤᠷᠢ ᠮᠥᠩᠭᠦ ᠵᠢᠨ ᠳᠠᠭ᠋ᠠᠭ᠋ᠠᠬᠤ ᠴᠢᠳᠠᠪᠤᠷᠢ᠎ᠲᠠᠢ ᠤᠶᠠᠯᠳᠤᠭᠤᠯᠤᠨ᠂ 8 ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠰᠠᠭᠤᠷᠢ ᠮᠥᠩᠭᠦ ᠵᠢᠨ ᠥᠭᠬᠦ ᠬᠡᠪᠴᠢᠶᠡᠨ᠎ᠳᠤ ᠣᠷᠣᠭᠤᠯᠤᠨ᠎ᠠ᠃ ᠡᠮᠨᠡᠨ ᠵᠠᠰᠠᠬᠤ ᠨᠥᠬᠦᠴᠡᠯ᠎ᠳᠤ ᠨᠡᠶ᠋ᠢᠴᠡᠭᠰᠡᠨ ᠳᠠᠭ᠋ᠠᠳᠬᠠᠯ᠎ᠳᠤ ᠣᠷᠣᠯᠴᠠᠭᠰᠠᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠳᠡᠨ ᠡᠮᠨᠡᠯᠭᠡ᠎ᠳᠤ ᠡᠮᠨᠡᠭᠦᠯᠦᠭᠰᠡᠨ᠎ᠤ ᠳᠠᠷᠠᠭ᠎ᠠ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠲᠠᠩᠰᠠ᠎ᠢ᠎ᠨᠢ ᠲᠠᠶ᠋ᠢᠯᠬᠤ ᠬᠡᠷᠡᠭᠲᠡᠶ᠃ ᠰᠠᠭᠤᠷᠢ ᠮᠥᠩᠭᠥ ᠵᠢᠨ ᠳᠠᠩᠰᠠᠨ᠎ᠠᠴᠠ ᠭᠠᠷᠭ᠋ᠠᠬᠤ᠎ᠳᠤ ᠲᠤᠰᠬᠠᠶ ᠵᠦᠢ᠍ᠯ ᠵᠶ᠋ᠠᠷ ᠵᠠᠷᠤᠳᠠᠯ ᠥᠭᠬᠦ ᠵᠢ ᠬᠡᠷᠡᠭᠵᠢᠭᠦᠯᠵᠦ᠂ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠨ ᠥᠭᠬᠦ ᠬᠢᠵᠠᠭ᠋ᠠᠷ ᠲᠣᠭ᠎ᠠ᠎ᠳᠤ ᠪᠣᠳᠣᠵᠤ ᠣᠷᠣᠭᠤᠯᠬᠤ ᠦᠭᠡᠶ᠃ ᠬᠤᠶᠠᠷ᠎ᠲᠤ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ ᠵᠠᠷᠤᠳᠠᠯ᠎ᠢ ᠲᠦᠷ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠬᠤ ᠥᠬᠡᠶ᠃ ᠭᠤᠷᠪᠠ᠎ᠳᠤ ᠡᠮᠴᠢᠯᠡᠭᠡᠨ᠎ᠤ ᠨᠥᠬᠦᠴᠡᠯ᠎ᠳᠤ ᠨᠡᠶ᠋ᠢᠴᠡᠬᠦ ᠳᠠᠭ᠋ᠠᠳᠬᠠᠯ᠎ᠳᠤ ᠣᠷᠣᠯᠴᠠᠭᠰᠠᠳ ᠨᠢᠭᠡᠪᠦᠷᠢ ᠵᠢ 8 ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ᠎ᠤᠨ ᠲᠥᠷᠥᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ ᠵᠢᠴᠢ ᠬᠠᠮᠢᠶ᠎ᠠ ᠪᠥᠬᠦᠶ ᠨᠡᠮᠡᠵᠦ ᠬᠤᠷᠢᠶᠠᠬᠤ ᠲᠥᠷᠥᠯ ᠵᠦᠢ᠍ᠯ᠎ᠢ 2 ᠤᠳᠠᠭ᠎ᠠ ᠲᠠᠩᠰᠠ ᠳᠡᠶ᠋ᠢᠯᠵᠦ ᠪᠣᠯᠤᠨ᠎ᠠ᠃ ᠳᠥᠷᠪᠡ᠎ᠳᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠳᠠᠩᠰᠠ ᠲᠠᠶ᠋ᠢᠯᠬᠤ ᠬᠠᠷᠢᠴᠠᠯ᠎ᠢ ᠲᠣᠰ ᠲᠣᠰ 70%᠂ 50%᠎ᠳᠤ ᠬᠦᠷᠦᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠣᠨ᠎ᠤ ᠰᠠᠭᠤᠷᠢ ᠮᠥᠩᠭᠦ ᠵᠢᠨ ᠬᠠᠮᠤᠭ᠎ᠤᠨ ᠥᠨᠳᠥᠷ ᠥᠭᠬᠦ ᠬᠢᠵᠠᠭ᠋ᠠᠷ ᠲᠤᠭ᠎ᠠ᠎ᠳᠤ ᠪᠣᠳᠣᠨ ᠣᠷᠣᠭᠤᠯᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ 《ᠢᠯᠡᠭᠦᠦ ᠲᠤᠰᠢᠶᠠᠪᠠᠯ ᠢᠯᠡᠭᠦᠦ ᠣᠯᠬᠤ》 ᠳᠦᠷᠢᠮ᠎ᠤᠨ ᠲᠣᠬᠢᠷᠠᠭᠤᠯᠤᠯᠲᠠ ᠵᠢ ᠵᠢᠷᠤᠮᠯᠠᠬᠤ ᠬᠡᠷᠡᠭᠲᠡᠶ᠃ ᠲᠠᠪᠤ᠎ᠳᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠂ ᠮᠠᠨ᠎ᠤ ᠣᠷᠣᠨ᠎ᠤ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠬᠢᠷᠢ ᠬᠡᠮ᠎ᠲᠠᠢ ᠡᠮᠴᠢᠯᠡᠭᠡᠨ᠎ᠤ ᠪᠠᠶ᠋ᠢᠭᠤᠯᠤᠮᠵᠢ ᠨᠡᠶ᠋ᠢᠲᠡ 10 ᠪᠠᠶ᠋ᠢᠵᠤ᠂ ᠡᠭᠦᠨ᠎ᠳᠤ ᠡᠮᠴᠢᠯᠡᠭᠡ ᠵᠢᠨ ᠳᠠᠭ᠋ᠠᠳᠬᠠᠯ᠎ᠤᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ 8᠂ ᠡᠮᠴᠢᠯᠡᠭᠡ ᠵᠢᠨ ᠳᠠᠭ᠋ᠠᠳᠬᠠᠯ᠎ᠤᠨ ᠪᠤᠰᠤ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ 2 ᠪᠣᠶ᠃ ᠣᠳᠣᠬᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠤᠷᠢᠶ᠎ᠠ᠂ ᠥᠪᠥᠷ ᠮᠣᠩᠭᠤᠯ᠎ᠤᠨ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠵᠢᠨ ᠬᠠᠷᠢᠶ᠎ᠠ ᠡᠮᠨᠡᠯᠭᠡ ᠵᠢᠨ ᠬᠤᠷᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ ᠵᠢᠨ ᠬᠤᠷᠢᠶ᠎ᠠ᠂ ᠪᠤᠭᠤᠲᠤ ᠵᠢᠨ ᠪᠣᠯᠣᠳ ᠲᠡᠮᠦᠷ᠎ᠤᠨ ᠡᠮᠨᠡᠯᠭᠡ ᠵᠢᠨ ᠬᠤᠷᠢᠶ᠎ᠠ᠂ ᠤᠯᠠᠭ᠋ᠠᠨᠬᠠᠳᠠ ᠬᠤᠲᠠ ᠵᠢᠨ ᠬᠥᠩᠭᠡᠵᠢᠭᠦᠯᠬᠦ ᠡᠮᠨᠡᠯᠭᠡ ᠵᠢᠨ ᠬᠤᠷᠢᠶ᠎ᠠ᠂ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ ᠬᠠᠷᠢᠶ᠎ᠠ ᠡᠮᠨᠡᠯᠭᠡ ᠵᠢᠨ ᠬᠤᠷᠢᠶ᠎ᠠ᠂ ᠦᠬᠠᠶ ᠬᠤᠲᠠ ᠵᠢᠨ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ ᠵᠢᠨ ᠬᠤᠷᠢᠶ᠎ᠠ᠂ ᠣᠷᠳᠣᠰ᠎ᠤᠨ ᠬᠥᠩᠭᠡᠵᠢᠭᠦᠯᠬᠦ ᠡᠮᠨᠡᠯᠭᠡ ᠵᠢᠨ ᠬᠤᠷᠢᠶ᠎ᠠ᠎ᠳᠤ ᠡᠭᠦᠰᠦᠭᠰᠡᠨ ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ᠎ᠤᠨ ᠮᠡᠷᠭᠡᠵᠢᠯ᠎ᠤᠨ ᠲᠥᠷᠥᠯ ᠵᠦᠢ᠍ᠯ ᠎ᠢ ᠲᠣᠭᠲᠠᠭ᠋ᠠᠯ ᠶᠣᠰᠣᠭ᠋ᠠᠷ ᠲᠠᠩᠰᠠ ᠲᠠᠶ᠋ᠢᠯᠵᠤ᠂ ᠡᠮᠴᠢᠯᠡᠭᠡ ᠵᠢᠨ ᠳᠠᠭ᠋ᠠᠳᠬᠠᠯ᠎ᠤᠨ ᠪᠤᠰᠤ ᠲᠣᠭᠲᠠᠭᠰᠠᠨ ᠡᠮᠴᠢᠯᠡᠭᠡᠨ᠎ᠤ ᠵᠠᠷᠤᠳᠠᠯ᠎ᠢ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠥᠭᠬᠦ ᠥᠬᠡᠶ᠃

  (ᠭᠤᠷᠪᠠ) ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ 《ᠮᠡᠳᠡᠭᠳᠡᠯ》᠎ᠳᠤ ᠡᠯ᠎ᠡ ᠱᠠᠲᠤᠨ᠎ᠤ ᠡᠮᠴᠢᠯᠡᠭᠡ ᠵᠢᠨ ᠳᠠᠭ᠋ᠠᠳᠬᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ ᠵᠢᠴᠢ ᠡᠮᠴᠢᠯᠡᠭᠡᠨ᠎ᠤ ᠪᠠᠶ᠋ᠢᠭᠤᠯᠤᠮᠵᠢ᠎ᠳᠤ ᠪᠣᠳᠠᠲᠠᠶ ᠠᠵᠢᠯ᠎ᠤᠨ ᠱᠠᠭ᠋ᠠᠷᠳᠠᠯᠭ᠎ᠠ ᠳᠤᠷᠠᠳᠪᠠ᠃ ᠨᠢᠭᠡ᠎ᠳᠤ ᠬᠡᠯᠡᠯᠴᠡᠭᠡᠷ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢᠨ ᠰᠢᠰᠲ᠋ᠧᠮ᠎ᠤᠨ ᠬᠠᠮᠢᠶ᠎ᠠ ᠪᠥᠬᠦᠶ ᠪᠣᠯᠵᠣᠯᠲᠤ ᠲᠤᠭ᠎ᠠ ᠵᠢ ᠴᠠᠭ ᠲᠤᠬᠠᠶ᠎ᠳᠤᠨᠢ ᠲᠣᠬᠢᠷᠠᠭᠤᠯᠵᠤ᠂ ᠰᠠᠭᠤᠷᠢ ᠮᠥᠩᠭᠦ ᠵᠢᠨ ᠠᠵᠢᠯᠯᠠᠭ᠋ᠠᠨ᠎ᠢ ᠬᠢᠨᠠᠨ ᠬᠡᠮᠵᠢᠬᠦ ᠪᠠ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠳᠬᠠᠬᠤ ᠬᠡᠷᠡᠭᠲᠡᠶ᠃ ᠬᠤᠶᠠᠷ᠎ᠲᠤ ᠡᠮᠴᠢᠯᠡᠭᠡᠨ᠎ᠤ ᠪᠠᠢ᠌ᠭᠤᠯᠤᠮᠵᠢ ᠵᠢᠨ ᠲᠤᠰᠠᠯᠠᠬᠤ ᠦᠷᠡᠵᠢᠯ᠎ᠤᠨ ᠦᠢ᠍ᠯᠡᠴᠢᠯᠡᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠭᠤᠷᠪᠠ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠭᠦᠨ᠎ᠡ᠃

  (ᠲᠦᠷᠪᠡ) ᠬᠡᠷᠡᠭᠵᠢᠭᠦᠯᠬᠦ ᠴᠠᠭ᠎ᠢ ᠲᠣᠳᠣᠷᠬᠠᠢ᠌ᠯᠠᠪᠠ᠃ ᠲᠣᠰ 《ᠮᠡᠳᠡᠭᠳᠡᠯ》᠎ᠢ 2024 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

   ᠭᠤᠷᠪᠠ᠂ ᠲᠠᠢ᠌ᠯᠤᠮᠵᠢ ᠬᠢᠭᠰᠡᠨ ᠨᠢᠭᠡᠴᠢ ᠵᠢᠴᠢ ᠬᠠᠷᠢᠯᠴᠠᠬᠤ ᠠᠷᠭ᠎ᠠ ᠮᠠᠶᠢᠭ

  《ᠮᠡᠳᠡᠭᠳᠡᠯ》᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠭᠠᠵᠠᠷ᠎ᠠᠴᠠ ᠬᠠᠷᠢᠭᠤᠴᠠᠨ ᠲᠠᠢ᠌ᠯᠪᠤᠷᠢᠯᠠᠪᠠ᠃ ᠲᠠᠢ᠌ᠯᠪᠤᠷᠢᠯᠠᠭᠴᠢ ᠬᠠᠷᠢᠯᠴᠠᠬᠤ ᠬᠥᠮᠦᠨ᠎ᠤ ᠤᠲᠠᠰᠤ᠄ 0471 - 6606265

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠦᠭᠦᠯᠡᠬᠦᠢ᠄ 《ᠬᠦᠨᠳᠦ ᠡᠪᠡᠳᠴᠢᠨ ᠮᠡᠳᠡᠷᠡᠯ᠎ᠤᠨ ᠡᠪᠡᠳᠴᠢᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠲᠥᠷᠥᠯ᠎ᠤᠨ ᠬᠡᠪᠴᠢᠶᠡᠨ᠎ᠳᠤ ᠣᠷᠣᠭᠤᠯᠬᠤ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠵᠢ ᠰᠢᠯᠢᠳᠡᠭᠵᠢᠭᠦᠯᠦᠨ ᠳᠣᠭᠢᠷᠠᠭᠤᠯᠬᠤ ᠲᠤᠬᠠᠶ ᠵᠠᠷᠯᠠᠯ》᠎ᠤᠨ ᠲᠤᠬᠠᠶ ᠲᠠᠶ᠋ᠢᠯᠤᠮᠵᠢ
《2024 ᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠭᠡᠨᠡᠳᠡᠭᠦᠯᠦᠨ ᠪᠠᠶ᠋ᠢᠴᠠᠭ᠋ᠠᠯᠲᠠ ᠵᠢᠨ ᠠᠵᠢᠯ᠎ᠤᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】《2024 ᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠭᠡᠨᠡᠳᠡᠭᠦᠯᠦᠨ ᠪᠠᠶ᠋ᠢᠴᠠᠭ᠋ᠠᠯᠲᠠ ᠵᠢᠨ ᠠᠵᠢᠯ᠎ᠤᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《2024 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠦᠯ》᠎ᠤᠨ ᠲᠤᠬᠠᠶ ᠲᠠᠶ᠋ᠢᠯᠤᠮᠵᠢ
 
            