ᠨᠢᠭᠡ᠂ ᠠᠬᠤᠶ ᠪᠠᠶ᠋ᠢᠳᠠᠯ ᠵᠢᠴᠢ ᠦᠨᠳᠦᠰᠦᠯᠡᠯ
ᠬᠦᠨᠳᠦ ᠡᠪᠡᠳᠴᠢᠨ ᠮᠡᠳᠡᠷᠡᠯ᠎ᠤᠨ ᠡᠪᠡᠳᠴᠢᠨ᠎ᠤ ᠣᠯᠠᠩᠬᠢ ᠡᠪᠡᠳᠴᠢᠲᠡᠨ ᠨᠠᠰᠤᠨ ᠲᠤᠷᠰᠢᠳᠠ ᠡᠮ ᠬᠡᠷᠡᠭᠯᠡᠬᠦ ᠪᠠ ᠬᠢᠨᠠᠨ ᠬᠠᠮᠠᠭ᠋ᠠᠯᠠᠵᠤ ᠬᠠᠷᠠᠭ᠋ᠠᠯᠵᠠᠬᠤ ᠴᠢᠬᠤᠯᠠᠲᠠᠶ ᠮᠥᠷᠲᠡᠭᠡᠨ ᠦᠷᠭᠦᠯᠵᠢ ᠳᠠᠬᠢᠨ ᠳᠠᠪᠲᠠᠨ ᠡᠭᠦᠰᠬᠦ ᠪᠠᠶ᠋ᠢᠳᠠᠯ᠎ᠳᠤ ᠲᠤᠯᠭ᠋ᠠᠷᠠᠵᠤ ᠪᠠᠶ᠋ᠢᠭ᠎ᠠ ᠪᠣᠯᠬᠤᠷ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠲᠥᠷᠥ ᠵᠢᠨ ᠪᠣᠳᠣᠯᠭ᠎ᠠ᠎ᠨᠢ ᠬᠦᠨᠳᠦ ᠡᠪᠡᠳᠴᠢᠨ ᠮᠡᠳᠡᠷᠡᠯ᠎ᠤᠨ ᠡᠪᠡᠳᠴᠢᠲᠡᠨ᠎ᠤ ᠡᠭᠦᠳᠡᠨ ᠡᠮᠨᠡᠯᠭᠡ ᠵᠢᠨ ᠡᠮᠨᠡᠨ ᠵᠠᠰᠠᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠠᠷᠭ᠎ᠠ ᠥᠬᠡᠶ ᠪᠠᠶ᠋ᠢᠵᠤ᠂ ᠶᠡᠭᠡ ᠬᠡᠮᠵᠢᠶᠡᠨ᠎ᠤ ᠡᠮ ᠡᠮᠨᠡᠯᠭᠡ ᠵᠢᠨ ᠵᠠᠷᠤᠳᠠᠯ᠎ᠤᠨ ᠡᠮᠦᠨ᠎ᠡ᠂ ᠣᠯᠠᠩᠬᠢ ᠬᠦᠨᠳᠦ ᠡᠪᠡᠳᠴᠢᠲᠡᠨ ᠮᠡᠳᠡᠷᠡᠯ᠎ᠤᠨ ᠡᠪᠡᠳᠴᠢᠲᠡᠨ ᠡᠮᠨᠡᠯᠭᠡ᠎ᠳᠤ ᠰᠠᠭᠤᠵᠤ ᠡᠮᠨᠡᠨ ᠵᠠᠰᠠᠬᠤ ᠵᠢ ᠰᠣᠩᠭᠤᠬᠤ᠎ᠪᠠᠷ ᠳᠠᠮᠵᠢᠭᠤᠯᠤᠨ ᠲᠠᠩᠰᠠ ᠴᠠᠢ᠌ᠷᠠᠭᠤᠯᠵᠤ᠂ ᠡᠭᠦᠨ᠎ᠠᠴᠠ ᠪᠣᠯᠵᠤ ᠡᠮᠴᠢᠯᠡᠭᠡᠨ᠎ᠤ ᠪᠠᠶ᠋ᠢᠭᠤᠯᠤᠮᠵᠢ ᠵᠢᠨ ᠡᠪᠡᠳᠴᠢᠲᠡᠨ᠎ᠤ ᠣᠷᠣ ᠪᠠᠴᠢᠮ ᠪᠣᠯᠵᠣ᠂ ᠵᠠᠷᠢᠮ ᠴᠢᠬᠤᠯᠠ ᠪᠤᠰᠤ ᠣᠷᠣ ᠵᠢᠨ ᠵᠠᠷᠤᠳᠠᠯ᠂ ᠰᠤᠪᠢᠯᠠᠯᠲᠠ ᠵᠢᠨ ᠵᠠᠷᠤᠳᠠᠯ ᠵᠡᠷᠭᠡ ᠢᠯᠡᠭᠦᠴᠡ ᠵᠠᠷᠤᠳᠠᠯ᠎ᠨᠢ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢ ᠪᠦᠷᠢᠯᠭᠡᠭᠰᠡᠨ ᠮᠥᠷᠲᠡᠭᠡᠨ ᠪᠠᠰᠠ ᠡᠪᠡᠳᠴᠢᠲᠡᠨ᠎ᠤ ᠬᠤᠪᠢ ᠬᠥᠮᠦᠨ᠎ᠤ ᠵᠠᠷᠤᠳᠠᠯ᠎ᠤᠨ ᠳᠠᠷᠤᠭ᠋ᠠᠰᠤ ᠵᠢ ᠬᠦᠨᠳᠦᠷᠡᠭᠦᠯᠦᠭᠰᠡᠨ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠎ᠤ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠬᠢ ᠪᠠᠶᠠᠯᠢᠭ᠎ᠢ ᠪᠦᠷᠢᠯᠭᠡᠬᠦ ᠵᠢ ᠪᠠᠭ᠋ᠠᠰᠬᠠᠨ᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠵᠣᠬᠢᠴᠠᠮᠵᠢ ᠵᠢ ᠪᠠᠶ᠋ᠢᠭᠤᠯᠤᠨ ᠪᠦᠷᠢᠨᠰᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》᠂ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠵᠣᠬᠢᠴᠠᠮᠵᠢ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠂ 《ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠨᠠᠷᠢᠨ ᠬᠠᠭᠤᠳᠠᠰᠤ ᠵᠢᠨ ᠲᠦᠷᠢᠮ᠎ᠢ ᠪᠠᠶ᠋ᠢᠭᠤᠯᠬᠤ ᠲᠤᠬᠠᠶ ᠤᠯᠤᠰ᠎ᠤᠨ ᠡᠮᠴᠢᠯᠡᠭᠡ ᠵᠢᠨ ᠳᠠᠭ᠋ᠠᠳᠬᠠᠯ᠎ᠤᠨ ᠲᠣᠪᠴᠢᠶ᠎ᠠ ᠂ ᠡᠳ᠋᠎ᠤᠨ ᠵᠠᠰᠠᠭ᠎ᠤᠨ ᠶᠠᠮᠤᠨ᠎ᠤ ᠰᠠᠨᠠᠯ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠨ ᠂ 《ᠬᠦᠨᠳᠦ ᠡᠪᠡᠳᠴᠢᠨ ᠮᠡᠳᠡᠷᠡᠯ᠎ᠤᠨ ᠡᠪᠡᠳᠴᠢᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠲᠥᠷᠥᠯ᠎ᠤᠨ ᠬᠡᠪᠴᠢᠶᠡᠨ᠎ᠳᠤ ᠣᠷᠣᠭᠤᠯᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠲᠣᠭᠲᠠᠭ᠋ᠠᠪᠠ᠃
ᠬᠤᠶᠠᠷ᠂ ᠭᠤᠣᠯ ᠠᠭᠤᠯᠭ᠎ᠠ
(ᠨᠢᠭᠡ) ᠬᠡᠷᠡᠭᠯᠡᠬᠦ ᠬᠡᠪᠴᠢᠶ᠎ᠠ
ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠭᠰᠠᠳ᠃
(ᠬᠤᠶᠠᠷ) ᠣᠯᠭᠤᠮᠵᠢ ᠵᠢᠨ ᠪᠠᠷᠢᠮᠵᠢᠶ᠎ᠠ
1. ᠡᠬᠢᠯᠡᠨ ᠲᠦᠯᠦᠪᠦᠷᠢ ᠥᠭᠬᠦ ᠪᠠᠷᠢᠮᠵᠢᠶ᠎ᠠ᠃ ᠳᠠᠭ᠋ᠠᠳᠬᠠᠯ᠎ᠳᠤ ᠣᠷᠣᠯᠴᠠᠭᠰᠠᠳ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠴᠡᠭ᠎ᠲᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠨᠡᠶ᠋ᠢᠴᠡᠭᠰᠡᠨ ᠡᠮ ᠡᠮᠨᠡᠯᠭᠡ ᠵᠢᠨ ᠵᠠᠷᠤᠳᠠᠯ ᠭᠠᠷᠪᠠᠯ᠂ ᠨᠢᠭᠡ ᠵᠢᠯ᠎ᠤᠨ ᠳᠣᠲᠣᠷᠠᠬᠢ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢᠨ ᠡᠬᠢᠯᠡᠵᠦ ᠥᠭᠬᠦ ᠪᠠᠷᠢᠮᠵᠢᠶ᠎ᠠ᠎ᠨᠢ 300 ᠲᠥᠭᠦᠷᠢᠭ ᠪᠣᠯᠤᠨ᠎ᠠ᠃
2. ᠲᠦᠯᠦᠪᠦᠷᠢ ᠥᠭᠬᠦ ᠬᠠᠷᠢᠴᠠᠯ᠃ ᠨᠢᠭᠡ ᠵᠢᠯ᠎ᠤᠨ ᠳᠣᠲᠣᠷ᠎ᠠ ᠡᠭᠦᠰᠦᠭᠰᠡᠨ ᠡᠬᠢᠯᠡᠨ ᠲᠦᠯᠦᠪᠦᠷᠢ ᠥᠭᠬᠦ ᠪᠠᠷᠢᠮᠵᠢᠶ᠎ᠠ᠎ᠠᠴᠠ ᠳᠡᠭᠡᠭᠰᠢ᠂ ᠬᠠᠮᠤᠭ᠎ᠤᠨ ᠥᠨᠳᠥᠷ ᠥᠭᠬᠦ ᠬᠢᠵᠠᠭ᠋ᠠᠷ ᠲᠤᠭ᠎ᠠ᠎ᠠᠴᠠ ᠳᠣᠷᠣᠭᠰᠢ᠂ ᠲᠥᠷᠥ ᠵᠢᠨ ᠪᠣᠳᠣᠯᠭ᠎ᠠ ᠵᠢᠨ ᠬᠡᠪᠴᠢᠶᠡᠨ ᠳᠣᠲᠣᠷᠠᠬᠢ ᠡᠭᠦᠳᠡᠨ ᠡᠮᠨᠡᠯᠭᠡ ᠵᠢᠨ ᠡᠮ ᠡᠮᠨᠡᠯᠭᠡ ᠵᠢᠨ ᠵᠠᠷᠤᠳᠠᠯ᠎ᠳᠤ ᠲᠦᠯᠦᠪᠦᠷᠢ ᠥᠭᠬᠦ ᠬᠠᠷᠢᠴᠠᠯ᠎ᠨᠢ 90% ᠪᠣᠯᠤᠨ᠎ᠠ᠃
3. ᠵᠢᠯ᠎ᠤᠨ ᠲᠦᠯᠦᠪᠦᠷᠢ ᠥᠭᠬᠦ ᠬᠢᠵᠠᠭ᠋ᠠᠷ ᠲᠣᠭ᠎ᠠ᠃ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠨᠢᠭᠡᠳᠦᠯᠲᠡᠢ ᠲᠦᠯᠦᠪᠯᠡᠭᠰᠡᠨ ᠰᠠᠭᠤᠷᠢ ᠮᠦᠩᠭᠦ᠎ᠪᠠᠨ ᠶᠡᠬᠡ ᠲᠣᠭ᠋ᠠᠨ᠎ᠤ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠵᠠᠷᠤᠴᠠᠭᠤᠯᠤᠭᠰᠠᠨ ᠬᠡᠪᠴᠢᠶᠡᠨ ᠳᠣᠲᠤᠷ᠎ᠠ ᠨᠡᠶ᠋ᠢᠯᠡᠭᠦᠯᠦᠨ ᠪᠤᠲᠤᠪᠠᠯ᠂ ᠨᠢᠭᠡ ᠵᠢᠯ᠎ᠤᠨ ᠳᠣᠲᠤᠷᠠᠬᠢ ᠬᠠᠮᠤᠭ᠎ᠤᠨ ᠦᠨᠳᠦᠷ ᠲᠦᠯᠦᠪᠦᠷᠢ ᠥᠭᠬᠦ ᠬᠢᠵᠠᠭ᠋ᠠᠷ ᠲᠣᠭ᠎ᠠ᠎ᠨᠢ 30.5 ᠲᠦᠮᠡᠨ ᠲᠦᠭᠦᠷᠢᠭ ᠪᠣᠯᠣᠨ᠎ᠠ᠃
(ᠭᠤᠷᠪᠠ) ᠭᠤᠶᠤᠴᠢᠯᠠᠨ ᠮᠡᠳᠡᠭᠦᠯᠦᠯᠲᠡ ᠵᠢ ᠮᠠᠭ᠋ᠠᠳᠯᠠᠨ ᠲᠣᠭᠲᠠᠭ᠋ᠠᠬᠤ
ᠬᠦᠨᠳᠦ ᠡᠪᠡᠳᠴᠢᠨ ᠮᠡᠳᠡᠷᠡᠯ᠎ᠤᠨ ᠡᠪᠡᠳᠴᠢᠨ (M02100)᠎ᠤ ᠬᠠᠷᠠᠭ᠋ᠠᠯᠵᠠᠯ᠎ᠤᠨ ᠭᠤᠶᠤᠴᠢᠯᠠᠨ ᠮᠡᠳᠡᠭᠦᠯᠦᠯᠲᠡ ᠵᠢ ᠮᠠᠭ᠋ᠠᠳᠯᠠᠨ ᠲᠣᠭᠲᠠᠭ᠋ᠠᠬᠤ ᠪᠠ ᠡᠮᠨᠡᠨ ᠵᠠᠰᠠᠬᠤ ᠲᠥᠰᠦᠯ᠎ᠢ ᠬᠤᠪᠢᠷᠠᠭᠤᠯᠬᠤ ᠠᠵᠢᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠲᠥᠪ᠎ᠠᠴᠠ ᠭᠦᠢ᠍ᠴᠡᠳᠭᠡᠨ᠎ᠡ᠃ ᠬᠦᠨᠳᠦ ᠡᠪᠡᠳᠴᠢᠨ ᠮᠡᠲᠡᠷᠡᠯ᠎ᠤᠨ ᠡᠪᠡᠳᠴᠢᠨ᠎ᠳᠤ ᠨᠡᠷᠪᠡᠭᠳᠡᠭᠰᠡᠨ ᠳᠠᠭ᠋ᠠᠳᠬᠠᠯ᠎ᠳᠤ ᠣᠷᠣᠯᠴᠠᠭᠰᠠᠨ ᠬᠥᠮᠦᠰ (ᠪᠤᠶᠤ ᠣᠷᠣᠯᠠᠨ ᠭᠦᠢ᠍ᠴᠡᠳᠬᠡᠭᠴᠢ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠲᠥᠪ᠎ᠲᠤ ᠭᠤᠶᠤᠴᠢᠯᠠᠯ ᠵᠶ᠋ᠠᠨ ᠳᠤᠷᠠᠳᠴᠤ ᠪᠣᠯᠤᠨ᠎ᠠ᠂ ᠭᠤᠶᠤᠴᠢᠯᠠᠨ ᠮᠡᠳᠡᠭᠦᠯᠬᠦ᠎ᠳᠤ᠎ᠪᠠᠨ ᠣᠨᠣᠰᠢᠯᠠᠯᠲᠠ ᠵᠢᠨ ᠭᠡᠷᠡᠴᠢ ᠪᠢᠴᠢᠭ᠎ᠤᠨ ᠤᠭ ᠮᠠᠲ᠋ᠧᠷᠢᠶᠠᠯ᠂ ᠡᠪᠡᠳᠴᠢᠨ᠎ᠤ ᠲᠥᠷᠥᠯ᠎ᠲᠠᠢ ᠬᠣᠯᠪᠣᠭᠳᠠᠬᠤ ᠪᠦᠷᠢᠨ ᠪᠦᠲᠦᠨ ᠡᠮᠨᠡᠯᠭᠡ᠎ᠳᠤ ᠰᠠᠭᠤᠭᠰᠠᠨ ᠡᠪᠡᠳᠴᠢᠨ᠎ᠤ ᠲᠡᠦᠬᠡ᠂ ᠬᠦᠴᠦᠨ ᠪᠦᠬᠦᠢ ᠪᠡᠶ᠎ᠡ ᠵᠢᠨ ᠦᠨᠡᠮᠯᠡᠯ᠎ᠢ ᠬᠠᠩᠭ᠋ᠠᠬᠤ ᠬᠡᠷᠡᠭᠲᠡᠶ᠃
(ᠳᠥᠷᠪᠡ) ᠭᠦᠢ᠍ᠴᠡᠳᠬᠡᠬᠦ ᠬᠤᠭᠤᠴᠠᠭ᠎ᠠ
ᠲᠣᠰ ᠮᠡᠳᠡᠭᠳᠡᠯ᠎ᠢ 2024 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠠᠴᠠ ᠠᠰᠲᠠᠭ᠋ᠠᠨ ᠰᠢᠨ᠎ᠡ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ᠎ᠢ ᠬᠡᠷᠡᠭᠵᠢᠭᠦᠯᠦᠨ᠎ᠡ᠃ ᠳᠠᠭᠤᠰᠤᠭ᠋ᠠᠳᠤᠶ ᠵᠦᠢ᠍ᠯᠡᠰ᠎ᠢ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ [2022] 25 ᠳ᠋ᠤᠭ᠋ᠠᠷ ᠲᠣᠭ᠋ᠠᠲᠤ) ᠶᠣᠰᠣᠭ᠋ᠠᠷ ᠬᠡᠷᠡᠭᠵᠢᠭᠦᠯᠦᠨ᠎ᠡ᠃