ᠬᠥᠮᠦᠨ ᠬᠡᠷᠡᠭᠯᠡᠬᠦ ᠨᠢᠭᠡᠴᠢ ᠵᠢᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠦᠢ᠍ᠯᠡᠴᠢᠯᠡᠭᠡᠨ᠎ᠤ ᠣᠶ᠋ᠢᠯᠠᠭ᠋ᠠᠯᠲᠠ ᠵᠢ ᠤᠯᠠᠮ ᠨᠢᠭᠡ ᠠᠯᠬᠤᠮ ᠰᠠᠶ᠋ᠢᠵᠢᠷᠠᠭᠤᠯᠵᠤ᠂ ᠠᠵᠢᠯ ᠶᠠᠪᠤᠳᠠᠯ ᠭᠦᠢ᠍ᠴᠡᠳᠭᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠲᠤᠰᠠᠳᠠ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠮᠲᠤᠷᠠᠨ 《ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠵᠢ ᠰᠢᠯᠢᠳᠡᠭᠵᠢᠭᠦᠯᠦᠨ ᠳᠣᠭᠢᠷᠠᠭᠤᠯᠬᠤ ᠲᠤᠬᠠᠶ ᠵᠠᠷᠯᠠᠯ》᠎ᠢ ᠵᠣᠬᠢᠶᠠᠨ ᠲᠠᠷᠬᠠᠭ᠋ᠠᠵᠤ᠂ ᠡᠳᠦᠭᠡ ᠳᠣᠤᠷᠠᠬᠢ ᠮᠡᠲᠦ ᠵᠠᠷᠯᠠᠶ᠎ᠠ᠄
ᠨᠢᠭᠡ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠵᠢ ᠶᠠᠭᠤᠨ᠎ᠳᠤ ᠰᠢᠯᠢᠳᠡᠭᠵᠢᠭᠦᠯᠦᠨ ᠲᠣᠬᠢᠷᠠᠭᠤᠯᠬᠤ ᠪᠣᠶ?
ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ ᠵᠢᠭ᠋ᠠᠵᠤ ᠭᠠᠷᠭ᠋ᠠᠭᠰᠠᠨ᠎ᠨᠢ᠂ ᠨᠡᠶ᠋ᠢᠭᠡᠮ᠎ᠤᠨ ᠪᠠᠲᠤᠯᠠᠭ᠎ᠠ ᠵᠢᠨ ᠲᠣᠭᠲᠠᠯᠴᠠᠭ᠎ᠠ ᠪᠣᠯ ᠠᠷᠠᠳ᠎ᠤᠨ ᠠᠮᠢᠳᠤᠷᠠᠯ᠎ᠤᠨ ᠠᠮᠤᠷ ᠲᠦᠪᠰᠢᠨ᠎ᠤ ᠲᠣᠣᠷ ᠪᠠ ᠨᠡᠶ᠋ᠢᠭᠡᠮ᠎ᠤᠨ ᠠᠵᠢᠯᠯᠠᠭ᠋ᠠᠨ᠎ᠤ ᠲᠣᠭᠲᠠᠪᠤᠷᠢᠵᠢᠭᠤᠯᠤᠭᠴᠢ ᠮᠥᠨ᠂ ᠪᠦᠬᠦ ᠠᠷᠠᠳ᠎ᠢ ᠬᠠᠮᠤᠷᠤᠭᠰᠠᠨ᠂ ᠬᠤᠳᠠ ᠬᠥᠳᠡᠭᠡ ᠵᠢ ᠨᠢᠭᠡᠳᠦᠯᠲᠡᠢ ᠲᠥᠯᠥᠪᠯᠡᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠰᠠᠨ᠂ ᠦᠷᠭᠦᠯᠵᠢᠯᠡᠬᠦᠢ᠌ᠴᠡ ᠤᠯᠠᠨ ᠲᠡᠰ ᠳᠠᠪᠬᠤᠷᠭ᠎ᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠬᠦᠯᠬᠦ ᠬᠡᠷᠡᠭᠲᠡᠢ᠃ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠪᠣᠯ ᠨᠡᠶ᠋ᠢᠭᠡᠮ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠠᠶ᠋ᠢᠭᠤᠯᠬᠤ ᠴᠢᠬᠤᠯᠠ ᠪᠣᠳᠠᠰ᠎ᠤᠨ ᠰᠠᠭᠤᠷᠢ ᠪᠣᠯᠬᠣᠷ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠬᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ᠎ᠨᠢ ᠠᠷᠠᠳ ᠣᠯᠠᠨ᠎ᠤ ᠪᠤᠶᠠᠨ ᠵᠢᠷᠭ᠋ᠠᠯ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠬᠣᠯᠪᠣᠭᠳᠠᠬᠤ ᠶᠤᠮ ᠭᠡᠵᠡᠢ᠃ ᠣᠳᠣᠬᠠᠨ᠎ᠳᠤ᠂ ᠮᠠᠨ᠎ᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠳᠤ ᠬᠥᠮᠦᠨ ᠬᠡᠷᠡᠭᠯᠡᠬᠦ ᠨᠢᠭᠡᠴᠢ ᠤᠷᠢᠳ ᠵᠶ᠋ᠠᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠲᠤᠰᠢᠶᠠᠪᠠᠰᠤ ᠵᠣᠬᠢᠬᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠮᠡᠳᠡᠭᠦᠯᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠰᠦᠢ᠍ᠳᠬᠡᠯ ᠲᠤᠰᠢᠶᠠᠬᠤ ᠶᠣᠰᠣᠲᠠᠶ ᠲᠤᠭ᠎ᠠ ᠵᠢ ᠬᠢᠨᠠᠨ ᠲᠣᠭᠲᠠᠭ᠋ᠠᠵᠤ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠰᠦᠢ᠍ᠳᠬᠡᠯ ᠬᠤᠷᠢᠶᠠᠬᠤ ᠠᠷᠭ᠎ᠠ ᠬᠡᠯᠪᠡᠷᠢ ᠵᠢ ᠬᠡᠷᠡᠭᠯᠡᠵᠦ ᠪᠣᠢ᠃ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠲᠤᠰᠢᠶᠠᠬᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠲᠤᠰᠢᠶᠠᠬᠤ ᠶᠠᠪᠤᠴᠠ ᠵᠢ ᠰᠢᠯᠢᠳᠡᠭᠵᠢᠭᠦᠯᠦᠨ ᠲᠣᠬᠢᠷᠠᠭᠤᠯᠬᠤ᠎ᠪᠠᠷ ᠲᠣᠭᠲᠠᠭ᠋ᠠᠵᠤ᠂ ᠬᠥᠮᠦᠨ ᠬᠡᠷᠡᠭᠯᠡᠬᠦ ᠨᠢᠭᠡᠴᠢ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠵᠶ᠋ᠠᠨ ᠥᠪᠡᠷᠲᠡᠭᠡᠨ ᠭᠤᠶᠤᠴᠢᠯᠠᠨ ᠮᠡᠳᠡᠭᠦᠯᠦᠨ᠎ᠡ (ᠳᠣᠷᠣᠭᠰᠢ ᠥᠪᠡᠷᠲᠡᠭᠡᠨ ᠭᠤᠶᠤᠴᠢᠯᠠᠨ ᠮᠡᠳᠡᠭᠦᠯᠬᠦ ᠭᠡᠵᠦ ᠲᠣᠪᠴᠢᠯᠠᠨ᠎ᠠ)᠃ ᠭᠣᠣᠯᠳᠠᠭᠤ ᠳᠣᠣᠷᠠᠬᠢ ᠭᠤᠷᠪᠠᠨ ᠲᠠᠯ᠎ᠠ᠎ᠠᠴᠠ ᠪᠣᠳᠤᠯᠬᠢᠯᠠᠪᠠ᠃
ᠨᠢᠭᠡ᠎ᠳᠤ᠂ ᠰᠦᠢ᠍ᠳᠬᠡᠯ ᠲᠤᠰᠢᠶᠠᠭᠴᠢ ᠵᠢᠨ ᠠᠵᠢᠯ ᠶᠠᠪᠤᠳᠠᠯ ᠭᠦᠢ᠍ᠴᠡᠳᠬᠡᠬᠦ ᠳᠠᠷᠤᠭ᠋ᠠᠰᠤ ᠵᠢ ᠬᠥᠩᠭᠡᠷᠡᠭᠦᠯᠦᠨ᠎ᠡ᠃ ᠣᠳᠣᠬᠠᠨ᠎ᠳᠤ᠂ ᠠᠳᠠᠯᠢ ᠪᠤᠰᠤ ᠳᠠᠭ᠋ᠠᠳᠬᠠᠯ᠎ᠤᠨ ᠲᠥᠷᠥᠯ᠂ ᠠᠳᠠᠯᠢ ᠪᠤᠰᠤ ᠰᠦᠢ᠍ᠳᠬᠡᠯ ᠲᠤᠰᠢᠶᠠᠭᠴᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠲᠣᠰ ᠲᠣᠰ ᠮᠡᠳᠡᠭᠦᠯᠵᠦ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠰᠦᠢ᠍ᠳᠬᠡᠯ ᠲᠤᠰᠢᠶᠠᠬᠤ᠎ᠨᠢ ᠰᠦᠢ᠍ᠳᠬᠡᠯ ᠲᠤᠰᠢᠶᠠᠭᠴᠢ 《ᠣᠯᠠᠨ ᠲᠡᠢ᠌ᠰᠢ ᠭᠦᠶᠦᠬᠦ》 《ᠨᠠᠭ᠋ᠠᠰᠢ ᠴᠠᠭ᠋ᠠᠰᠢ ᠭᠦᠶᠦᠬᠦ》 ᠪᠣᠯᠭ᠋ᠠᠪᠠ᠃ ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠭᠦᠯᠬᠦ᠎ᠨᠢ ᠨᠡᠶ᠋ᠢᠭᠡᠮ᠎ᠤᠨ ᠳᠠᠭ᠋ᠠᠳᠬᠠᠯ᠎ᠤᠨ ᠭᠤᠶᠤᠴᠢᠯᠠᠨ ᠮᠡᠳᠡᠭᠦᠯᠬᠦ ᠪᠠ ᠰᠦᠢ᠍ᠳᠬᠡᠯ ᠲᠤᠰᠢᠶᠠᠬᠤ ᠬᠤᠶᠠᠷ ᠵᠦᠢ᠍ᠯᠡᠰ᠎ᠢ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠨᠢᠭᠡᠳ ᠨᠢᠭᠡ᠎ᠪᠠᠷ ᠭᠦᠢ᠍ᠴᠡᠳᠬᠡᠬᠦ ᠪᠣᠯᠭ᠋ᠠᠨ ᠨᠢᠭᠡᠳᠦᠯᠲᠡᠢ ᠪᠣᠯᠭ᠋ᠠᠵᠤ᠂ ᠰᠦᠢ᠍ᠳᠬᠡᠯ ᠲᠤᠰᠢᠶᠠᠭᠴᠢ ᠵᠢᠨ ᠠᠵᠢᠯ ᠶᠠᠪᠤᠳᠠᠯ ᠡᠷᠬᠢᠯᠡᠬᠦ ᠥᠪᠡᠷ᠎ᠤᠨ ᠦᠷᠳᠡᠭ᠎ᠢ ᠪᠠᠭᠤᠷᠠᠭᠤᠯᠵᠤ᠂ ᠬᠤᠳᠠᠯᠳᠤᠭ᠋ᠠᠨ᠎ᠤ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠎ᠳᠤ ᠠᠰᠢᠭᠲᠠᠢ ᠶᠤᠮ᠃
ᠬᠤᠶᠠᠷ᠎ᠲᠤ᠂ ᠰᠦᠢ᠍ᠳᠬᠡᠯ ᠲᠤᠰᠢᠶᠠᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠥᠪᠡᠷᠲᠡᠭᠡᠨ ᠭᠤᠶᠤᠴᠢᠯᠠᠨ ᠮᠡᠳᠡᠭᠦᠯᠬᠦ ᠶᠠᠪᠤᠴᠠ ᠵᠢᠨ ᠵᠢᠷᠤᠭ ᠲᠥᠯᠥᠪᠯᠡᠭᠡ ᠪᠣᠯ ᠰᠦᠢ᠍ᠳᠬᠡᠯ ᠲᠤᠰᠢᠶᠠᠭᠴᠢ᠎ᠪᠠᠷ ᠭᠤᠣᠯ ᠪᠣᠯᠭ᠋ᠠᠵᠤ᠂ ᠬᠥᠮᠦᠨ ᠬᠡᠷᠡᠭᠯᠡᠬᠦ ᠨᠢᠭᠡᠴᠢ ᠬᠠᠤᠯᠢ ᠲᠣᠭᠲᠠᠭ᠋ᠠᠯ ᠶᠣᠰᠣᠭ᠋ᠠᠷ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠰᠦᠢ᠍ᠳᠬᠡᠯ ᠲᠤᠰᠢᠶᠠᠬᠤ ᠴᠠᠯᠢᠩ᠂ ᠰᠦᠢ᠍ᠳᠬᠡᠯ ᠲᠤᠰᠢᠶᠠᠬᠤ ᠰᠠᠭᠤᠷᠢ ᠲᠤᠭ᠎ᠠ ᠪᠠ ᠰᠦᠢ᠍ᠳᠬᠡᠯ ᠲᠤᠰᠢᠶᠠᠬᠤ ᠶᠣᠰᠣᠲᠠᠶ ᠲᠤᠭ᠎ᠠ ᠵᠡᠷᠭᠡ ᠮᠡᠳᠡᠭᠡ ᠵᠠᠩᠭᠢ᠎ᠪᠠᠨ ᠥᠪᠡᠷᠲᠡᠭᠡᠨ ᠭᠤᠶᠤᠴᠢᠯᠠᠨ ᠮᠡᠳᠡᠭᠦᠯᠬᠦ ᠵᠢᠨ ᠬᠠᠮᠲᠤ ᠴᠠᠭ ᠲᠤᠬᠠᠶ᠎ᠳᠤᠨᠢ ᠰᠦᠢ᠍ᠳᠬᠡᠯ ᠲᠤᠰᠢᠶᠠᠬᠤ ᠵᠢᠨ ᠬᠠᠮᠲᠤ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠬᠠᠤᠯᠢ ᠶᠣᠰᠣᠭ᠋ᠠᠷ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠵᠤ᠂ ᠬᠥᠮᠦᠨ ᠬᠡᠷᠡᠭᠯᠡᠬᠦ ᠨᠢᠭᠡᠴᠢ᠎ᠳᠤ ᠭᠦᠢ᠍ᠴᠡᠳ ᠬᠠᠷᠢᠭᠤᠴᠠᠯᠭ᠎ᠠ ᠲᠤᠳᠤᠷᠬᠠᠢ᠌ᠯᠠᠨ᠎ᠠ᠃ ᠡᠭᠦᠨ᠎ᠤ ᠬᠠᠮᠲᠤ ᠬᠥᠮᠦᠨ ᠬᠡᠷᠡᠭᠯᠡᠬᠦ ᠨᠢᠭᠡᠴᠢ᠎ᠨᠢ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ᠎ᠢ ᠲᠠᠲᠠᠪᠤᠷᠢᠯᠠᠨ ᠬᠠᠮᠢᠶᠠᠷᠬᠤ ᠮᠡᠳᠡᠭᠡ ᠵᠠᠩᠭᠢ ᠵᠢᠨ ᠰᠢᠰᠲ᠋ᠧᠮ᠎ᠢ ᠠᠰᠢᠭᠯᠠᠨ ᠰᠦᠢ᠍ᠳᠬᠡᠯ ᠲᠤᠰᠢᠶᠠᠬᠤ ᠴᠠᠯᠢᠩ᠂ ᠰᠦᠢ᠍ᠳᠬᠡᠯ ᠲᠤᠰᠢᠶᠠᠬᠤ ᠨᠠᠷᠢᠨ ᠲᠣᠳᠣᠷᠬᠠᠶ ᠵᠦᠢ᠍ᠯ ᠵᠡᠷᠭᠡ ᠮᠡᠳᠡᠭᠡ ᠵᠠᠩᠭᠢ ᠵᠢ ᠢᠯᠡ ᠲᠣᠳᠤᠴᠢᠯᠠᠨ ᠪᠠᠶ᠋ᠢᠴᠠᠭ᠋ᠠᠨ ᠯᠠᠪᠯᠠᠵᠤ᠂ ᠨᠤᠲᠠᠯᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠨ ᠲᠤᠰᠢᠶᠠᠬᠤ᠎ᠳᠤ ᠨᠡᠩ ᠢᠯᠡ ᠲᠣᠳᠣ ᠪᠣᠯᠭ᠋ᠠᠵᠤ᠂ ᠰᠦᠢ᠍ᠳᠬᠡᠯ ᠲᠤᠰᠢᠶᠠᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠤᠯᠠᠮ ᠨᠢᠭᠡ ᠠᠯᠬᠤᠮ ᠪᠠᠲᠤᠯᠠᠬᠤ ᠪᠣᠯᠤᠨ᠎ᠠ᠃
ᠭᠤᠷᠪᠠ᠎ᠳᠤ᠂ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠭᠦᠯᠬᠦ ᠪᠣᠯ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠨ ᠬᠠᠮᠢᠶᠠᠷᠬᠤ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠨ ᠲᠤᠰᠢᠶᠠᠬᠤ ᠦᠢ᠍ᠯᠡᠴᠢᠯᠡᠭᠡ ᠵᠢ ᠳᠥᠭᠦᠮᠴᠢᠯᠡᠬᠦ᠂ ᠤᠶᠤᠨᠴᠢᠯᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠢ᠍ᠳᠬᠡᠯ ᠲᠤᠰᠢᠶᠠᠭᠴᠢ ᠵᠢᠨ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠡᠭᠦᠨ᠎ᠳᠤ ᠭᠤᠤᠯᠳᠠᠭᠤ ᠭᠤᠷᠪᠠᠨ ᠲᠠᠯ᠎ᠠ᠎ᠪᠠᠷ ᠢᠯᠡᠷᠡᠵᠦ ᠪᠣᠢ᠄ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠬᠠᠪᠰᠤᠷᠤᠨ ᠵᠢᠯᠣᠭᠤᠳᠣᠯᠭ᠎ᠠ᠂ ᠠᠰᠠᠭᠤᠨ ᠯᠠᠪᠯᠠᠬᠤ ᠦᠢ᠍ᠯᠡᠴᠢᠯᠡᠭᠡ᠂ ᠭᠤᠶᠤᠴᠢᠯᠠᠨ ᠮᠡᠳᠡᠭᠦᠯᠵᠦ ᠰᠦᠢ᠍ᠳᠭᠡᠯ ᠲᠤᠰᠢᠶᠠᠬᠤ ᠵᠢᠴᠢ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠭᠡᠬᠦ ᠵᠡᠷᠭᠡ ᠦᠢ᠍ᠯᠡᠴᠢᠯᠡᠭᠡ ᠬᠠᠩᠭ᠋ᠠᠵᠤ᠂ 《ᠣᠨᠣᠪᠴᠢᠵᠢᠭᠤᠯᠤᠯᠲᠠ》 ᠵᠢ ᠬᠠᠪᠰᠤᠷᠤᠨ ᠵᠢᠯᠣᠭᠤᠳᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃ ᠬᠦᠰᠦᠨᠦᠭᠳᠦ᠎ᠪᠠᠷ ᠠᠴᠢᠶᠠᠯᠠᠪᠤᠷᠢ ᠪᠤᠯᠭ᠋ᠠᠠᠠᠰᠠᠨ ᠣᠯᠠᠮᠵᠢᠯᠠᠯᠳᠦ ᠭᠤᠶᠤᠴᠢᠯᠠᠨ ᠮᠡᠳᠡᠬᠦᠯᠬᠦ ᠵᠬᠠᠪᠤᠷ᠎ᠢ ᠠᠯᠬᠤᠮ ᠠᠯᠬᠤᠮ ᠵᠶ᠋ᠠᠷ ᠬᠤᠪᠢᠷᠡᠭᠤᠯᠵᠦ᠂ ᠮᠡᠳᠡᠭᠡ ᠵᠠᠩᠬᠢ ᠵᠢᠨ ᠰᠢᠰᠲ᠋ᠧᠮ ᠵᠶ᠋ᠠᠷ ᠳᠡᠮᠵᠢᠭᠤᠯᠥᠨ ᠰᠦᠢ᠍ᠳᠭᠡᠯ ᠲᠣᠰᠢᠶᠬᠠᠴᠢᠳᠤ ᠠᠦ᠋ᠲ᠋ᠤ᠋ ᠪᠣᠳᠤᠯᠲᠠ᠂ ᠣᠷᠢᠳᠴᠢᠯᠡᠨ ᠬᠦᠰᠦᠨᠦᠭ ᠲᠠᠭᠯᠠᠬᠤ ᠵᠡᠷᠭᠡ ᠭᠤᠶᠤᠴᠢᠯᠠᠨ ᠮᠡᠳᠡᠬᠦᠯᠬᠦ ᠦᠢ᠍ᠯᠡᠴᠢᠯᠡᠭᠡ ᠵᠢ ᠬᠠᠩᠭ᠋ᠠᠵᠦ᠂ ᠰᠦᠢ᠍ᠳᠭᠡᠯ᠎ᠤᠨ ᠲᠤᠭ᠎ᠠ ᠵᠢ ᠪᠤᠳᠣᠬᠤ 《ᠣᠶᠤᠨᠴᠢᠯᠠᠯᠲᠠ》 ᠵᠢ ᠪᠡᠶᠡᠯᠡᠭᠦᠯᠦᠨ᠎ᠡ᠃ ᠰᠦᠢ᠍ᠳᠬᠡᠯ ᠲᠤᠰᠢᠶᠠᠭᠴᠢ᠎ᠳᠤ 《ᠰᠦᠯᠵᠢᠶᠡᠨ ᠳᠡᠭᠡᠷ᠎ᠡ᠂ ᠭᠠᠷ ᠤᠲᠠᠰᠤᠨ ᠳᠡᠭᠡᠷ᠎ᠡ᠂ ᠪᠣᠳᠠᠲᠤ ᠴᠣᠭᠴᠠ᠎ᠳᠤ᠂ ᠥᠪᠡᠷᠲᠡᠭᠡᠨ ᠭᠦᠢ᠍ᠴᠡᠳᠬᠡᠬᠦ》 ᠵᠡᠷᠭᠡ ᠣᠯᠠᠨ ᠡᠰᠢᠴᠢᠯᠡᠭᠰᠡᠨ ᠭᠤᠶᠤᠴᠢᠯᠠᠨ ᠮᠡᠳᠡᠭᠦᠯᠵᠦ ᠰᠦᠢ᠍ᠳᠬᠡᠯ ᠲᠤᠰᠢᠶᠠᠬᠤ ᠠᠷᠭ᠎ᠠ ᠵᠠᠮ ᠬᠠᠩᠭ᠋ᠠᠵᠤ᠂ ᠠᠳᠠᠯᠢ ᠪᠤᠰᠤ ᠬᠥᠮᠦᠰ᠎ᠤᠨ ᠭᠤᠶᠤᠴᠢᠯᠠᠨ ᠮᠡᠳᠡᠭᠦᠯᠵᠦ ᠰᠦᠢ᠍ᠳᠬᠡᠯ ᠲᠤᠰᠢᠶᠠᠬᠤ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠬᠠᠩᠭ᠋ᠠᠵᠤ᠂ ᠠᠵᠢᠯ ᠶᠠᠪᠤᠳᠠᠯ ᠭᠦᠢ᠍ᠴᠡᠳᠬᠡᠬᠦ ᠠᠷᠭ᠎ᠠ ᠵᠠᠮ᠎ᠤᠨ 《ᠣᠯᠠᠨ ᠶᠠᠩᠵᠤᠴᠢᠯᠠᠯᠲᠠ》 ᠵᠢ ᠪᠡᠶᠡᠯᠡᠭᠦᠯᠦᠨ᠎ᠡ᠃
ᠬᠤᠶᠠᠷ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠵᠢ ᠰᠢᠯᠢᠳᠡᠭᠵᠢᠭᠦᠯᠦᠨ ᠳᠤᠬᠢᠷᠠᠭᠤᠯᠬᠤ ᠵᠢᠨ ᠭᠤᠤᠯ ᠠᠭᠤᠯᠭ᠎ᠠ᠎ᠨᠢ ᠶᠠᠭᠤ ᠪᠣᠶ?
ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠵᠢ ᠰᠢᠯᠢᠳᠡᠭᠵᠢᠭᠦᠯᠦᠨ ᠲᠣᠬᠢᠷᠠᠭᠤᠯᠬᠤ᠎ᠨᠢ ᠭᠤᠤᠯᠳᠠᠭᠤ ᠣᠳᠣᠬᠠᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠤᠷᠢᠳ ᠵᠶ᠋ᠠᠷ ᠰᠦᠢ᠍ᠳᠭᠡᠯ ᠲᠤᠰᠢᠶᠠᠬᠤ ᠲᠤᠭ᠎ᠠ ᠵᠢ ᠬᠢᠨᠠᠨ ᠲᠣᠭᠲᠠᠭ᠋ᠠᠵᠤ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠲᠠᠲᠠᠪᠤᠷᠢᠯᠠᠬᠤ᠎ᠪᠠᠷ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠵᠢ ᠳᠠᠬᠢᠨ ᠬᠦᠷᠭᠡᠨ ᠥᠭᠴᠦ᠂ ᠬᠥᠮᠦᠨ ᠬᠡᠷᠡᠭᠯᠡᠬᠦ ᠨᠢᠭᠡᠴᠢ ᠪᠣᠯᠭ᠋ᠠᠨ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠥᠪᠡᠷᠲᠡᠭᠡᠨ ᠭᠤᠶᠤᠴᠢᠯᠠᠨ ᠮᠡᠳᠡᠭᠦᠯᠵᠦ ᠲᠤᠰᠢᠶᠠᠵᠤ ᠪᠣᠯᠬᠤ᠎ᠪᠠᠷ ᠰᠢᠯᠢᠳᠡᠭᠵᠢᠭᠦᠯᠦᠨ ᠲᠣᠬᠢᠷᠠᠭᠤᠯᠤᠨ᠎ᠠ᠃
ᠭᠤᠷᠪᠠ᠂ ᠥᠪᠡᠷᠲᠡᠭᠡᠨ ᠭᠤᠶᠤᠴᠢᠯᠠᠨ ᠮᠡᠳᠡᠭᠦᠯᠦᠭᠰᠡᠨ᠎ᠤ ᠳᠠᠷᠠᠭ᠋ᠠᠬᠢ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ᠎ᠳᠤ ᠶᠠᠮᠠᠷ ᠬᠤᠪᠢᠷᠠᠯᠲᠠ᠎ᠲᠠᠢ ᠪᠣᠶ?
ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠪᠡᠶᠡᠯᠡᠭᠦᠯᠦᠭᠰᠡᠨ᠎ᠤ ᠳᠠᠷᠠᠭ᠎ᠠ᠂ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ᠎ᠤ ᠳᠠᠭ᠋ᠠᠳᠬᠠᠯ᠎ᠳᠤ ᠣᠷᠣᠬᠤ ᠳᠡᠩᠰᠡᠯᠡᠯᠲᠡ (ᠬᠦᠮᠦᠨ᠎ᠤ ᠨᠡᠮᠡᠭᠳᠡᠯ ᠬᠠᠰᠤᠭᠳᠠᠯ ᠵᠡᠷᠭᠡ) ᠵᠡᠷᠭᠡ ᠲᠤᠬᠠᠶ᠋ᠢᠯᠠᠭᠰᠠᠨ ᠠᠵᠢᠯ᠎ᠢ ᠮᠥᠨ ᠬᠦ᠌ ᠣᠲᠣ ᠵᠢᠨ ᠪᠠᠶ᠋ᠢᠭ᠎ᠠ ᠶᠠᠪᠤᠴᠠ ᠵᠢᠨ ᠶᠣᠰᠣᠭ᠋ᠠᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠭᠤᠶᠤᠴᠢᠯᠠᠨ ᠭᠦᠢ᠍ᠴᠡᠳᠬᠡᠨ᠎ᠡ᠃
ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠬᠥᠮᠦᠨ ᠬᠡᠷᠡᠭᠯᠡᠬᠦ ᠨᠢᠭᠡᠴᠢ ᠦᠷᠭᠦᠯᠵᠢᠯᠡᠨ ᠣᠳᠣ ᠵᠢᠨ ᠬᠡᠷᠡᠭᠵᠢᠭᠦᠯᠵᠦ ᠪᠠᠶ᠋ᠢᠭ᠎ᠠ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠪᠣᠳᠣᠬᠤ ᠠᠷᠭ᠎ᠠ ᠬᠡᠯᠪᠡᠷᠢ᠎ᠪᠠᠷ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠰᠦᠢ᠍ᠳᠬᠡᠯ ᠲᠤᠰᠢᠶᠠᠬᠤ ᠴᠠᠯᠢᠩ ᠪᠣᠯᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠳᠡᠭᠡᠷ᠎ᠡ ᠳᠣᠤᠷ᠎ᠠ ᠬᠢᠵᠠᠭ᠋ᠠᠷ᠎ᠤᠨ ᠪᠠᠷᠢᠮᠵᠢᠶ᠎ᠠ᠎ᠪᠠᠷ ᠲᠣᠭᠲᠠᠭ᠋ᠠᠵᠤ᠂ ᠬᠥᠮᠦᠨ ᠬᠡᠷᠡᠭᠯᠡᠬᠦ ᠨᠢᠭᠡᠴᠢ᠎ᠨᠢ ᠰᠠᠷ᠎ᠠ ᠪᠦᠷᠢ ᠵᠢᠨ 20᠎ᠤ ᠡᠳᠦᠷ᠎ᠠᠴᠠ ᠡᠮᠦᠨ᠎ᠡ ᠲᠤᠰᠢᠶᠠᠪᠠᠰᠤ ᠵᠣᠬᠢᠬᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠲᠣᠭ᠎ᠠ (ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠵᠢ ᠬᠦᠴᠦᠨ ᠦᠭᠡᠶ ᠪᠣᠯᠭ᠋ᠠᠬᠤ᠂ ᠵᠠᠰᠠᠪᠤᠷᠢ ᠣᠷᠣᠭᠤᠯᠬᠤ᠂ ᠨᠥᠬᠥᠪᠥᠷᠢᠯᠡᠵᠦ ᠪᠣᠯᠤᠨ᠎ᠠ)᠎ᠪᠠᠨ ᠭᠤᠶᠤᠴᠢᠯᠠᠨ ᠮᠡᠳᠡᠭᠦᠯᠵᠦ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠩᠭ᠋ᠠᠭᠰᠠᠨ ᠠᠷᠭ᠎ᠠ ᠵᠠᠮ ᠵᠶ᠋ᠠᠷ ᠳᠠᠮᠵᠢᠭᠤᠯᠤᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠵᠶ᠋ᠠᠨ ᠲᠤᠰᠢᠶᠠᠨ᠎ᠠ᠃
ᠳᠥᠷᠪᠡ᠂ ᠶᠠᠮᠠᠷ ᠶᠠᠮᠠᠷ ᠬᠦᠮᠦᠰ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠵᠶ᠋ᠠᠨ ᠥᠪᠡᠷᠲᠡᠭᠡᠨ ᠭᠤᠶᠤᠴᠢᠯᠠᠨ ᠮᠡᠳᠡᠭᠦᠯᠵᠦ ᠲᠤᠰᠢᠶᠠᠬᠤ ᠴᠢᠬᠤᠯᠠᠲᠠᠢ ᠪᠣᠢ?
ᠲᠤᠰ ᠤᠳᠠᠭ᠎ᠠ ᠬᠥᠮᠦᠨ ᠬᠡᠷᠡᠭᠯᠡᠬᠦ ᠨᠢᠭᠡᠴᠢ (ᠠᠵᠤ ᠠᠬᠤᠶ᠋ᠢᠯᠠᠯ᠂ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ᠂ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠢ᠂ ᠨᠡᠶ᠋ᠢᠭᠡᠮ᠎ᠤᠨ ᠪᠦᠯᠬᠦᠮ᠂ ᠬᠥᠯᠥᠰᠥᠨ ᠠᠵᠢᠯᠴᠢᠨ᠎ᠲᠠᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠵᠢ ᠪᠠᠭᠲᠠᠭ᠋ᠠᠨ᠎ᠠ) ᠵᠢᠴᠢ ᠠᠵᠢᠯᠲᠠᠨ ᠠᠵᠢᠯᠴᠢᠨ᠎ᠤ ᠲᠤᠰᠢᠶᠠᠵᠤ ᠪᠠᠢ᠌ᠭ᠎ᠠ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ᠂ ᠠᠯᠪᠠᠨ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ (ᠠᠵᠢᠯ ᠮᠡᠷᠭᠡᠵᠢᠯ᠎ᠤᠨ ᠵᠢᠯ᠎ᠤᠨ ᠮᠥᠩᠭᠦ ᠵᠢ ᠪᠠᠭᠲᠠᠭ᠋ᠠᠨ᠎ᠠ)᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ (ᠦᠷᠡᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠪᠠᠭᠲᠠᠭ᠋ᠠᠨ᠎ᠠ)᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠦᠢ᠍ᠳᠬᠡᠯ᠂ ᠤᠷᠳᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠰᠦᠢ᠍ᠳᠬᠡᠯ ᠪᠠ ᠠᠵᠢᠯᠲᠠᠨ ᠠᠵᠢᠯᠴᠢᠨ᠎ᠤ ᠶᠡᠭᠡ ᠲᠣᠭ᠋ᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠂ ᠠᠯᠪᠠᠲᠠᠨ᠎ᠤ ᠡᠮᠴᠢᠯᠡᠭᠡᠨ᠎ᠤ ᠨᠥᠬᠦᠪᠥᠷᠢ ᠵᠡᠷᠭᠡ ᠡᠯ᠎ᠡ ᠵᠦᠢ᠍ᠯ᠎ᠤᠨ ᠨᠥᠬᠦᠪᠥᠷᠢ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠳᠤ ᠴᠢᠭᠯᠡᠭᠦᠯᠦᠨ᠎ᠡ᠃
ᠠᠮᠢᠳᠤᠯᠢᠭ ᠵᠶ᠋ᠠᠷ ᠠᠵᠢᠯ ᠣᠯᠤᠭᠰᠠᠳ᠂ ᠬᠤᠲᠠ ᠬᠥᠳᠡᠭᠡ ᠵᠢᠨ ᠰᠠᠭᠤᠭ᠋ᠠᠯᠢ ᠠᠷᠠᠳ ᠦᠷᠭᠦᠯᠵᠢᠯᠡᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠠᠷᠭ᠎ᠠ ᠬᠡᠯᠪᠡᠷᠢ ᠪᠠ ᠠᠷᠭ᠎ᠠ ᠵᠠᠮ᠎ᠤᠨ ᠶᠣᠰᠣᠭ᠋ᠠᠷ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠮᠡᠳᠡᠭᠦᠯᠵᠦ᠂ ᠲᠤᠰᠢᠶᠠᠨ᠎ᠠ᠃
ᠲᠠᠪᠤ᠂ ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠭᠤᠶᠤᠴᠢᠯᠠᠨ ᠮᠡᠳᠡᠭᠦᠯᠵᠦ ᠰᠦᠢ᠍ᠳᠭᠡᠯ ᠲᠤᠰᠢᠶᠠᠬᠤ ᠵᠢᠨ ᠲᠥᠬᠦᠮ ᠳᠦᠲᠡ ᠴᠢᠨᠠᠷ ᠨᠦᠯᠦᠭᠡᠯᠡᠭᠳᠡᠨ᠎ᠡ ᠦᠦ ᠥᠬᠡᠶ ᠤᠤ?
ᠣᠳᠣᠬᠠᠨ᠎ᠳᠤ᠂ ᠭᠠᠶ᠋ᠢᠯᠢ ᠵᠢᠨ ᠶᠠᠪᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ᠎ᠤᠨ ᠬᠠᠮᠵᠢᠯᠴᠠᠭ᠋ᠠᠨ᠎ᠤ ᠪᠠᠶ᠋ᠢᠩᠭᠤ ᠵᠢᠨ ᠵᠣᠬᠢᠴᠠᠮᠵᠢ ᠵᠢ ᠨᠢᠭᠡᠨᠲᠡ ᠪᠠᠶ᠋ᠢᠭᠤᠯᠵᠤ᠂ ᠲᠤᠬᠠᠶ᠋ᠢᠯᠠᠭᠰᠠᠨ ᠠᠵᠢᠯ᠎ᠢ ᠬᠠᠮᠲᠤᠷᠠᠨ ᠭᠦᠢ᠍ᠴᠡᠳᠭᠡᠬᠦ ᠵᠢ ᠠᠬᠢᠭᠤᠯᠬᠤ᠂ ᠠᠵᠢᠯ ᠶᠠᠪᠤᠳᠠᠯ ᠭᠦᠢ᠍ᠴᠡᠳᠭᠡᠬᠦ ᠶᠠᠪᠤᠴᠠ ᠵᠢ ᠰᠢᠯᠢᠳᠡᠭᠵᠢᠭᠦᠯᠬᠦ᠂ ᠰᠦᠢ᠍ᠳᠭᠡᠯ ᠲᠤᠰᠢᠶᠠᠬᠤ ᠦᠢ᠍ᠯᠡᠴᠢᠯᠡᠭᠡ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠶᠡᠭᠡ ᠬᠡᠮᠵᠢᠶᠡᠨ᠎ᠤ ᠠᠵᠢᠯ ᠬᠢᠵᠡᠶ᠃ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠨᠢ ᠬᠥᠮᠦᠨ ᠬᠡᠷᠡᠭᠯᠡᠬᠦ ᠨᠢᠭᠡᠴᠢ᠎ᠳᠤ ᠣᠯᠠᠨ ᠡᠰᠢᠴᠢᠯᠡᠭᠰᠡᠨ ᠭᠤᠶᠤᠴᠢᠯᠠᠨ ᠮᠡᠳᠡᠭᠦᠯᠵᠦ ᠰᠦᠢ᠍ᠳᠬᠡᠯ ᠲᠤᠰᠢᠶᠠᠬᠤ ᠠᠷᠭ᠎ᠠ ᠵᠠᠮ᠎ᠢ ᠬᠠᠩᠭ᠋ᠠᠵᠤ᠂ ᠬᠥᠮᠦᠨ ᠬᠡᠷᠡᠭᠯᠡᠬᠦ ᠨᠢᠭᠡᠴᠢ᠎ᠨᠢ ᠭᠠᠶ᠋ᠢᠯᠢ ᠭᠦᠢ᠍ᠴᠡᠳᠬᠡᠬᠦ ᠦᠢ᠍ᠯᠡᠴᠢᠯᠡᠭᠡᠨ᠎ᠤ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠭᠠᠶ᠋ᠢᠯᠢ ᠵᠢᠨ ᠶᠠᠪᠤᠳᠠᠯ᠎ᠤᠨ ᠴᠣᠩᠬᠤᠪᠴᠢ᠎ᠳᠤ ᠥᠪᠡᠷᠲᠡᠭᠡᠨ ᠬᠦᠷᠴᠦ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠮᠡᠳᠡᠭᠦᠯᠵᠦ ᠰᠦᠢ᠍ᠳᠭᠡᠯ ᠲᠤᠰᠢᠶᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠵᠦ ᠪᠣᠯᠤᠨ᠎ᠠ᠂ ᠪᠠᠰᠠ 《ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠬᠠᠮᠢᠶᠠᠷᠤᠯᠲᠠ ᠵᠢᠨ ᠬᠡᠷᠡᠭᠯᠡᠭᠴᠢ ᠵᠢᠨ ᠲᠠᠯ᠎ᠠ》᠂ ᠥᠪᠥᠷ ᠮᠣᠩᠭᠤᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠵᠢᠨ 《ᠨᠢᠭᠡᠴᠢ ᠵᠢᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠲᠤᠰᠬᠠᠶ ᠲᠤᠭᠤᠷᠢᠭ》᠎ᠢ ᠬᠡᠷᠡᠭᠯᠡᠵᠦ᠂ ᠰᠦᠯᠵᠢᠶᠡᠨ ᠳᠡᠭᠡᠷ᠎ᠡ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠭᠤᠶᠤᠴᠢᠯᠠᠨ ᠮᠡᠳᠡᠭᠦᠯᠵᠦ ᠰᠦᠢ᠍ᠳᠭᠡᠯ ᠲᠤᠰᠢᠶᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠵᠦ ᠪᠣᠯᠤᠨ᠎ᠠ᠃ ᠶᠡᠷᠦᠩᠬᠡᠶ᠎ᠳᠤᠨᠢ ᠠᠪᠴᠤ ᠬᠡᠯᠡᠪᠡᠯ᠂ ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠭᠤᠶᠤᠴᠢᠯᠠᠨ ᠮᠡᠳᠡᠭᠦᠯᠵᠦ ᠰᠦᠢ᠍ᠳᠭᠡᠯ ᠲᠤᠰᠢᠶᠠᠬᠤ ᠵᠢᠨ ᠳᠥᠭᠦᠮ ᠲᠦᠳᠡ ᠴᠢᠨᠠᠷ ᠨᠦᠯᠦᠭᠡᠯᠡᠭᠳᠡᠬᠦ ᠥᠬᠡᠶ ᠪᠠᠶ᠋ᠢᠬᠤ ᠵᠢᠨ ᠬᠠᠮᠲᠤ᠂ ᠭᠤᠭᠴᠤᠭ᠎ᠠ ᠵᠢ ᠴᠥᠬᠡᠳᠭᠡᠵᠦ᠂ ᠠᠷᠭ᠎ᠠ ᠵᠠᠮ᠎ᠢ ᠨᠡᠮᠡᠭᠳᠡᠭᠦᠯᠬᠦ᠎ᠠᠴᠠ ᠪᠣᠯᠵᠣ᠂ ᠬᠥᠮᠦᠨ ᠬᠡᠷᠡᠭᠯᠡᠬᠦ ᠨᠢᠭᠡᠴᠢ ᠵᠢᠨ ᠭᠤᠶᠤᠴᠢᠯᠠᠨ ᠮᠡᠳᠡᠭᠦᠯᠵᠦ ᠰᠦᠢ᠍ᠳᠭᠡᠯ ᠲᠤᠰᠢᠶᠠᠬᠤ ᠲᠤᠬᠠᠶ᠋ᠢᠯᠠᠭᠰᠠᠨ ᠠᠵᠢᠯ᠎ᠢ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠎ᠪᠠᠷ ᠭᠦᠢ᠍ᠴᠡᠳᠭᠡᠨ᠎ᠡ᠃
ᠵᠢᠷᠭᠤᠭ᠎ᠠ᠂ ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠭᠦᠯᠬᠦ᠎ᠨᠢ ᠬᠥᠮᠦᠨ ᠬᠡᠷᠡᠭᠯᠡᠬᠦ ᠨᠢᠭᠡᠴᠢ ᠵᠢᠨ ᠰᠦᠢ᠍ᠳᠬᠡᠯ ᠲᠤᠰᠢᠶᠠᠬᠤ ᠳᠠᠷᠤᠭ᠋ᠠᠰᠤ ᠵᠢ ᠬᠦᠨᠳᠦᠷᠡᠭᠦᠯᠵᠦ ᠮᠡᠳᠡᠨ᠎ᠡ ᠦᠦ?
ᠲᠣᠰ ᠤᠳᠠᠭ᠎ᠠ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ᠎ᠢ ᠭᠤᠶᠤᠴᠢᠯᠠᠨ ᠮᠡᠳᠡᠭᠦᠯᠵᠦ ᠲᠤᠰᠢᠶᠠᠬᠤ ᠶᠠᠪᠤᠴᠠ ᠵᠢ ᠰᠢᠯᠢᠳᠡᠭᠵᠢᠭᠦᠯᠦᠨ ᠲᠣᠬᠢᠷᠠᠭᠤᠯᠬᠤ ᠵᠢᠨ ᠵᠣᠷᠢᠯᠭ᠎ᠠ᠎ᠨᠢ ᠬᠥᠮᠦᠨ ᠬᠡᠷᠡᠭᠯᠡᠬᠦ ᠨᠢᠭᠡᠴᠢ ᠵᠢᠨ ᠲᠥᠬᠦᠮ ᠲᠥᠳᠡ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠰᠦᠢ᠍ᠳᠬᠡᠯ ᠲᠤᠰᠢᠶᠠᠬᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ ᠬᠤᠯᠪᠣᠭᠳᠠᠬᠤ ᠥᠬᠡᠶ᠂ ᠬᠥᠮᠦᠨ ᠬᠡᠷᠡᠭᠯᠡᠬᠦ ᠨᠢᠭᠡᠴᠢ ᠵᠢᠴᠢ ᠲᠡᠭᠦᠨ᠎ᠤ ᠠᠵᠢᠯᠲᠠᠨ ᠠᠵᠢᠯᠴᠢᠨ᠎ᠤ ᠰᠦᠢ᠍ᠳᠬᠡᠯ ᠲᠤᠰᠢᠶᠠᠬᠤ ᠰᠠᠭᠤᠷᠢ ᠲᠤᠭ᠎ᠠ᠂ ᠰᠦᠢ᠍ᠳᠬᠡᠯ ᠲᠤᠰᠢᠶᠠᠬᠤ ᠶᠣᠰᠣᠲᠠᠶ ᠲᠤᠭ᠎ᠠ ᠵᠢ ᠮᠥᠨ ᠬᠦ᠌ ᠣᠲᠣ ᠵᠢᠨ ᠬᠡᠷᠡᠭᠵᠢᠭᠦᠯᠵᠦ ᠪᠠᠶ᠋ᠢᠭ᠎ᠠ ᠠᠷᠭ᠎ᠠ ᠬᠡᠯᠪᠡᠷᠢ᠎ᠪᠠᠷ ᠲᠣᠭᠲᠠᠭ᠋ᠠᠵᠤ ᠪᠣᠯᠤᠨ᠎ᠠ᠃ ᠡᠭᠦᠨ᠎ᠤ ᠬᠠᠮᠲᠤ᠂ 2024 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠬᠥᠮᠦᠨ ᠬᠡᠷᠡᠭᠯᠡᠬᠦ ᠨᠢᠭᠡᠴᠢ ᠨᠢᠭᠡᠨᠲᠡ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠠᠵᠢᠯᠲᠠᠨ ᠠᠵᠢᠯᠴᠢᠨ᠎ᠤ ᠰᠦᠢ᠍ᠳᠬᠡᠯ ᠲᠤᠰᠢᠶᠠᠬᠤ ᠴᠠᠯᠢᠩ᠎ᠢ ᠮᠡᠳᠡᠭᠦᠯᠬᠦ ᠵᠢᠨ ᠬᠠᠮᠲᠤ ᠬᠢᠨᠠᠨ ᠲᠣᠭᠲᠠᠭ᠋ᠠᠭᠰᠠᠨ ᠲᠤᠬᠠᠶ ᠵᠢᠨ ᠵᠢᠯ᠎ᠤᠨ ᠰᠦᠢ᠍ᠳᠬᠡᠯ ᠲᠤᠰᠢᠶᠠᠬᠤ ᠰᠠᠭᠤᠷᠢ ᠲᠤᠭ᠎ᠠ ᠵᠢ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠦᠷᠭᠦᠯᠵᠢᠯᠡᠨ ᠬᠡᠷᠡᠭᠵᠢᠭᠦᠯᠵᠦ᠂ ᠣᠨᠴᠠᠭ᠋ᠠᠶ ᠪᠠᠶ᠋ᠢᠳᠠᠯ ᠥᠬᠡᠶ ᠪᠣᠯ ᠳᠠᠬᠢᠵᠤ ᠲᠣᠬᠢᠷᠠᠭᠤᠯᠤᠯᠲᠠ ᠬᠢᠬᠦ ᠥᠬᠡᠶ᠃ ᠡᠶ᠋ᠢᠮᠦ᠎ᠠᠴᠠ ᠲᠣᠰ ᠤᠳᠠᠭ᠋ᠠᠨ᠎ᠤ ᠰᠢᠯᠢᠳᠡᠭᠵᠢᠭᠦᠯᠦᠯᠲᠡ᠎ᠨᠢ ᠬᠥᠮᠦᠨ ᠬᠡᠷᠡᠭᠯᠡᠬᠦ ᠨᠢᠭᠡᠴᠢ ᠵᠢᠨ ᠰᠦᠢ᠍ᠳᠬᠡᠯ ᠲᠤᠰᠢᠶᠠᠬᠤ ᠳᠠᠷᠤᠭ᠋ᠠᠰᠤ ᠵᠢ ᠬᠥᠨᠳᠦᠷᠡᠭᠦᠯᠬᠦ ᠥᠬᠡᠶ᠃
ᠳᠣᠯᠤᠭ᠎ᠠ᠂ ᠥᠪᠡᠷᠲᠡᠭᠡᠨ ᠭᠤᠶᠤᠴᠢᠯᠠᠨ ᠮᠡᠳᠡᠭᠦᠯᠬᠦ ᠵᠢ ᠬᠡᠷᠡᠭᠵᠢᠬᠦᠯᠬᠦ᠎ᠨᠢ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ᠎ᠤ ᠡᠷᠬᠡ ᠠᠰᠢᠭ᠎ᠤᠨ ᠲᠡᠮᠳᠡᠭᠯᠡᠯ ᠪᠠ ᠬᠠᠷᠠᠭ᠋ᠠᠯᠵᠠᠯ ᠭᠥᠷᠳᠡᠬᠦ ᠵᠢ ᠨᠦᠯᠦᠭᠡᠯᠡᠨ᠎ᠡ ᠤᠤ?
ᠭᠠᠶ᠋ᠢᠯᠢ ᠵᠢᠨ ᠶᠠᠪᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠪᠠᠶ᠋ᠢᠩᠭᠤᠵᠢᠭᠰᠠᠨ᠂ ᠳᠦᠷᠢᠮᠵᠢᠭᠰᠡᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠣᠬᠢᠴᠠᠮᠵᠢ ᠵᠢ ᠪᠠᠶ᠋ᠢᠭᠤᠯᠵᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ ᠵᠶ᠋ᠠᠷ ᠳᠠᠮᠵᠢᠭᠤᠯᠤᠨ ᠳᠠᠭ᠋ᠠᠳᠬᠠᠯ᠎ᠳᠤ ᠣᠷᠣᠯᠴᠠᠬᠤ᠂ ᠰᠦᠢ᠍ᠳᠬᠡᠯ ᠲᠤᠰᠢᠶᠠᠬᠤ ᠵᠡᠷᠭᠡ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ ᠳᠠᠮᠵᠢᠭᠤᠯᠬᠤ᠂ ᠲᠤᠭ᠎ᠠ ᠪᠠᠷᠢᠮᠲᠠ ᠵᠢᠨ ᠴᠠᠭ ᠬᠤᠭᠤᠴᠠᠭ᠋ᠠᠲᠤ ᠴᠢᠨᠠᠷ ᠪᠠ ᠠᠮᠤᠷ ᠲᠦᠪᠰᠢᠨ᠎ᠤ ᠴᠢᠨᠠᠷ᠎ᠨᠢ ᠭᠦᠢ᠍ᠴᠡᠳ ᠪᠠᠲᠤᠯᠠᠭ᠎ᠠ᠎ᠲᠠᠢ᠂ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ᠎ᠤ ᠡᠷᠬᠡ ᠠᠰᠢᠭ᠎ᠢ ᠲᠡᠮᠳᠡᠭᠯᠡᠬᠦ ᠪᠠ ᠬᠠᠷᠠᠭ᠋ᠠᠯᠵᠠᠯ ᠭᠥᠷᠳᠡᠬᠦ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ ᠨᠥᠯᠥᠭᠡᠯᠡᠬᠦ ᠥᠬᠡᠶ᠃