ᠣᠶ᠋ᠢᠷ᠎ᠠ᠎ᠳᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠬᠢᠲᠠᠳ ᠡᠮ ᠡᠮᠨᠡᠯᠭᠡ ᠵᠢᠨ ᠲᠣᠪᠴᠢᠶ᠎ᠠ᠎ᠲᠠᠢ ᠬᠠᠮᠲᠤᠷᠠᠨ 《2024 ᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠭᠡᠨᠡᠳᠡᠭᠦᠯᠦᠨ ᠪᠠᠶ᠋ᠢᠴᠠᠭ᠋ᠠᠯᠲᠠ ᠵᠢᠨ ᠠᠵᠢᠯ᠎ᠤᠨ ᠲᠥᠰᠦᠯ》 (《ᠠᠵᠢᠯ᠎ᠤᠨ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠪᠥᠬᠦ ᠤᠯᠤᠰ᠎ᠤᠨ ᠬᠡᠪᠴᠢᠶᠡᠨ᠎ᠳᠤ 2024 ᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠭᠡᠨᠡᠳᠡᠭᠦᠯᠦᠨ ᠪᠠᠶ᠋ᠢᠴᠠᠭ᠋ᠠᠯᠲᠠ (ᠭᠡᠨᠡᠳᠡᠭᠦᠯᠦᠨ ᠪᠠᠶ᠋ᠢᠴᠠᠭ᠋ᠠᠯᠲᠠ ᠭᠡᠵᠦ ᠲᠣᠪᠴᠢᠯᠠᠨ᠎ᠠ) ᠵᠢᠨ ᠠᠵᠢᠯ᠎ᠢ ᠡᠬᠢᠯᠡᠭᠦᠯᠪᠡ᠃ ᠡᠳᠦᠭᠡ ᠬᠠᠮᠢᠶ᠎ᠠ ᠪᠥᠬᠦᠶ ᠠᠭᠤᠯᠭ᠎ᠠ ᠵᠢ ᠳᠣᠤᠷᠠᠬᠢ ᠮᠡᠲᠦ ᠲᠠᠶ᠋ᠢᠯᠪᠤᠷᠢᠯᠠᠶᠠ᠄
ᠨᠢᠭᠡ᠂ ᠶᠠᠭᠤ ᠵᠢ ᠭᠡᠨᠡᠳᠡᠭᠦᠯᠦᠨ ᠪᠠᠶ᠋ᠢᠴᠠᠭ᠋ᠠᠯᠲᠠ ᠭᠡᠬᠦ ᠪᠣᠶ?
ᠭᠡᠨᠡᠳᠡᠭᠦᠯᠦᠨ ᠪᠠᠶ᠋ᠢᠴᠠᠭ᠋ᠠᠯᠲᠠ ᠭᠡᠳᠡᠭ᠎ᠨᠢ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠡᠷᠭᠡ᠎ᠳᠤ ᠥᠷᠨᠢᠭᠦᠯᠦᠭᠰᠡᠨ ᠤᠷᠢᠳᠴᠢᠯᠠᠨ ᠮᠡᠳᠡᠭᠳᠡᠬᠦ ᠦᠭᠡᠢ᠎ᠪᠠᠷ ᠲᠤᠬᠠᠶ ᠵᠢᠨ ᠲᠠᠯᠠᠪᠤᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠵᠢᠭ᠋ᠠᠵᠤ ᠪᠣᠶ᠃ ᠭᠡᠨᠡᠳᠡᠭᠦᠯᠦᠨ ᠪᠠᠶ᠋ᠢᠴᠠᠭ᠋ᠠᠯᠲᠠ᠎ᠳᠤ ᠭᠤᠷᠪᠠᠨ ᠲᠠᠯ᠎ᠠ ᠵᠢᠨ ᠣᠨᠴᠠᠯᠢᠭ᠎ᠲᠠᠢ᠄ ᠨᠢᠭᠡ᠎ᠳᠤ 《ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠪᠠᠶ᠋ᠢᠴᠠᠭ᠋ᠠᠵᠤ᠂ ᠰᠣᠯᠪᠢᠴᠠᠭᠤᠯᠤᠨ ᠬᠠᠷᠢᠯᠴᠠᠨ ᠪᠠᠶ᠋ᠢᠴᠠᠭ᠋ᠠᠬᠤ》᠃ ᠪᠠᠶ᠋ᠢᠴᠠᠭ᠋ᠠᠭᠳᠠᠬᠤ ᠣᠷᠣᠨ ᠨᠤᠲᠤᠭ᠎ᠤᠨ ᠳᠡᠭᠡᠷ᠎ᠡ ᠨᠢᠭᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ᠂ ᠳᠣᠤᠷ᠎ᠠ ᠨᠢᠭᠡ ᠱᠠᠲᠤᠨ ᠵᠢ ᠪᠠᠢ᠌ᠴᠠᠭ᠋ᠠᠬᠤ᠂ ᠠᠳᠠᠯᠢ ᠪᠤᠰᠤ ᠵᠠᠰᠠᠭ ᠵᠠᠬᠢᠷᠭ᠋ᠠᠨ᠎ᠤ ᠣᠷᠣᠨ ᠰᠣᠯᠪᠢᠴᠠᠨ ᠪᠠᠶ᠋ᠢᠴᠠᠭ᠋ᠠᠬᠤ ᠠᠷᠭ᠎ᠠ ᠮᠠᠶᠢᠭ᠎ᠢ ᠠᠪᠴᠤ᠂ ᠪᠠᠶ᠋ᠢᠴᠠᠭ᠋ᠠᠯᠲᠠ ᠵᠢ ᠨᠡᠩ ᠪᠤᠰᠤᠳᠴᠢ ᠪᠥᠭᠡᠳ ᠲᠥᠪ ᠭᠣᠤᠯᠴᠢ ᠪᠣᠯᠭ᠋ᠠᠪᠠ᠃ ᠬᠤᠶᠠᠷ᠎ᠲᠤ ᠲᠤᠰᠬᠠᠶ᠋ᠢᠵᠢᠭᠰᠠᠨ ᠬᠡᠮᠵᠢᠶ᠎ᠡ ᠨᠡᠯᠢᠶᠡᠳ ᠥᠨᠳᠥᠷ᠃ ᠭᠡᠨᠡᠳᠡᠭᠦᠯᠦᠨ ᠪᠠᠶ᠋ᠢᠴᠠᠭ᠋ᠠᠯᠲᠠ ᠵᠢ ᠡᠮᠴᠢᠯᠡᠭᠡᠨ᠎ᠤ ᠪᠠᠲᠤᠯᠠᠭ᠎ᠠ᠂ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠬᠢᠲᠠᠳ ᠡᠮ ᠡᠮᠨᠡᠯᠭᠡ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠵᠣᠬᠢᠶᠠᠨ ᠪᠠᠶ᠋ᠢᠭᠤᠯᠵᠤ᠂ ᠡᠭᠦᠨ᠎ᠤ ᠬᠠᠮᠲᠤ ᠡᠮᠴᠢᠯᠡᠭᠡᠨ᠎ᠤ ᠳᠠᠭ᠋ᠠᠳᠬᠠᠯ᠂ ᠡᠮᠴᠢᠯᠡᠭᠡ᠂ ᠡᠮ ᠡᠮᠨᠡᠯᠭᠡ᠂ ᠡᠳ᠋᠎ᠤᠨ ᠶᠠᠪᠤᠳᠠᠯ᠂ ᠮᠡᠳᠡᠭᠡ ᠵᠠᠩᠭᠢ ᠵᠡᠷᠭᠡ ᠣᠯᠠᠨ ᠵᠤᠷᠪᠤᠰ ᠱᠤᠭᠤᠮ᠎ᠤᠨ ᠬᠢᠨᠠᠯᠲᠠ ᠪᠠᠶ᠋ᠢᠴᠠᠭ᠋ᠠᠯᠲᠠ ᠵᠢ ᠥᠷᠨᠢᠭᠦᠯᠵᠦ᠂ 《ᠨᠡᠪᠲᠡᠯᠬᠦ ᠮᠠᠶᠢᠭ》᠂ 《ᠭᠦᠨᠵᠡᠭᠡᠶ᠋ᠢᠷᠡᠬᠦ ᠮᠠᠶᠢᠭ》᠎ᠤᠨ ᠬᠡᠮᠵᠢᠶ᠎ᠡ ᠨᠠᠩ ᠥᠨᠳᠥᠷ ᠪᠣᠯᠪᠠ᠃ ᠭᠤᠷᠪᠠ᠎ᠳᠤ ᠪᠠᠢ᠌ᠴᠠᠭ᠋ᠠᠯᠲᠠ᠎ᠨᠢ ᠬᠡᠪᠴᠢᠶᠡᠵᠢᠭᠰᠡᠨ ᠲᠥᠪᠯᠡᠷᠡᠭᠰᠡᠨ ᠪᠠᠢ᠌ᠳᠠᠭ᠃ ᠭᠡᠨᠡᠳᠡᠭᠦᠯᠦᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠣᠲᠣᠭ᠋ᠠᠳᠤ᠎ᠳᠤ ᠲᠥᠷᠥ ᠵᠢᠨ ᠪᠣᠳᠣᠯᠭ᠎ᠠ᠂ ᠡᠮᠴᠢᠯᠡᠭᠡ᠂ ᠡᠳ᠋᠎ᠤᠨ ᠶᠠᠪᠤᠳᠠᠯ᠂ ᠮᠡᠳᠡᠭᠡ ᠵᠠᠩᠭᠢ ᠵᠡᠷᠭᠡ ᠠᠵᠢᠯ᠎ᠤᠨ ᠳᠤᠭᠤᠶ᠋ᠢᠯᠠᠩ ᠬᠤᠪᠢᠶᠠᠵᠤ᠂ ᠡᠯ᠎ᠡ ᠳᠤᠭᠤᠶ᠋ᠢᠯᠠᠩ᠎ᠤᠨ ᠬᠤᠭᠤᠷᠣᠨᠳᠣ ᠲᠣᠰ ᠲᠣᠰ᠎ᠤᠨ ᠠᠵᠢᠯ᠎ᠤᠨ ᠬᠤᠪᠢᠶᠠᠷᠢᠯᠠᠯ᠎ᠲᠠᠢ ᠮᠥᠷᠲᠡᠭᠡᠨ ᠨᠢᠭᠲᠠ ᠬᠠᠮᠵᠢᠯᠴᠠᠨ᠂ ᠬᠡᠰᠡᠭᠴᠢᠯᠡᠭᠰᠡᠨ᠂ ᠬᠡᠪᠴᠢᠶᠡᠵᠢᠭᠰᠡᠨ᠂ ᠲᠥᠪᠯᠡᠷᠡᠭᠦᠯᠦᠨ ᠪᠠᠶ᠋ᠢᠴᠠᠭ᠋ᠠᠬᠤ ᠵᠢ ᠪᠡᠶᠡᠯᠡᠭᠦᠯᠵᠦ᠂ ᠠᠵᠢᠯ᠎ᠤᠨ ᠦᠷ᠎ᠡ ᠪᠦᠲᠦᠮᠵᠢ ᠵᠢ ᠨᠠᠩ ᠥᠨᠳᠥᠷ ᠪᠣᠯᠭ᠋ᠠᠪᠠ᠃
2019 ᠣᠨ᠎ᠳᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠭᠡᠨᠡᠳᠡᠭᠦᠯᠦᠨ ᠪᠠᠶ᠋ᠢᠴᠠᠭ᠋ᠠᠯᠲᠠ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠤᠭᠰᠠᠨ᠎ᠠᠴᠠ ᠨᠠᠭ᠋ᠠᠰᠢ᠂ 5 ᠵᠢᠯ᠎ᠤᠨ ᠳᠣᠲᠣᠷ᠎ᠠ ᠵᠠᠯᠭ᠋ᠠᠭ᠎ᠠ᠎ᠪᠠᠷ 200 ᠭᠠᠷᠤᠶ ᠪᠠᠶ᠋ᠢᠴᠠᠭ᠋ᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠪᠦᠬᠦ ᠤᠯᠤᠰ᠎ᠤᠨ ᠬᠡᠪᠴᠢᠶᠡᠨ᠎ᠳᠤ 500 ᠰᠢᠬᠠᠮ ᠡᠮ ᠡᠮᠨᠡᠯᠭᠡ ᠵᠢᠨ ᠪᠠᠶ᠋ᠢᠭᠤᠯᠤᠮᠵᠢ ᠵᠢ ᠰᠤᠭᠤᠴᠢᠨ ᠪᠠᠶ᠋ᠢᠴᠠᠭ᠋ᠠᠪᠠ᠃ ᠡᠯ᠎ᠡ ᠮᠤᠵᠢ ᠵᠢᠨ᠎ᠬᠢᠨ ᠮᠤᠵᠢ ᠵᠢᠨ ᠲᠡᠰ᠎ᠤᠨ ᠭᠡᠨᠡᠳᠡᠭᠦᠯᠦᠨ ᠪᠠᠶ᠋ᠢᠴᠠᠭ᠋ᠠᠬᠤ ᠠᠵᠢᠯ᠎ᠤᠨ ᠲᠣᠭᠲᠠᠴᠠ ᠵᠢ ᠵᠠᠯᠭ᠋ᠠᠭ᠎ᠠ᠎ᠪᠠᠷ ᠳᠠᠭᠤᠷᠢᠶᠠᠨ ᠪᠠᠶ᠋ᠢᠭᠤᠯᠵᠤ᠂ 2022 ᠣᠨ᠎ᠠᠴᠠ ᠨᠠᠭ᠋ᠠᠰᠢ ᠨᠢᠭᠡᠨᠲᠡ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢ 5000 ᠭᠠᠷᠤᠢ ᠰᠤᠭᠤᠴᠢᠨ ᠪᠠᠶ᠋ᠢᠴᠠᠭ᠋ᠠᠪᠠ᠃ ᠶᠡᠷᠦᠩᠬᠡᠶ᠎ᠳᠤᠨᠢ ᠠᠪᠴᠤ ᠦᠵᠡᠪᠡᠯ᠂ ᠤᠯᠤᠰ ᠪᠠ ᠮᠤᠵᠢ ᠵᠢᠨ ᠱᠠᠲᠤᠨ᠎ᠤ ᠭᠡᠨᠡᠳᠡᠭᠦᠯᠦᠨ ᠪᠠᠶ᠋ᠢᠴᠠᠭ᠋ᠠᠯᠲᠠ᠎ᠨᠢ ᠨᠢᠭᠡᠨᠲᠡ 80 ᠭᠠᠷᠤᠶ ᠳ᠋ᠦᠩᠰᠢᠭᠤᠷ ᠲᠥᠭᠦᠷᠢᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠣᠯᠪᠣᠭᠳᠠᠯ ᠪᠥᠬᠦᠶ ᠪᠠᠯᠠ ᠮᠥᠩᠭᠦ ᠵᠢ ᠨᠡᠬᠡᠮᠵᠢᠯᠡᠨ ᠠᠪᠴᠢᠷᠠᠵᠤ᠂ ᠳᠠᠭ᠋ᠠᠳᠬᠠᠯ᠎ᠤᠨ ᠮᠡᠬᠡᠯᠡᠯ᠎ᠳᠤ ᠴᠣᠬᠢᠯᠲᠠ ᠥᠭᠬᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠤᠬᠢᠷᠠᠯ᠎ᠢ ᠡᠭᠡᠭᠦᠯᠦᠨ ᠠᠪᠴᠢᠷᠠᠵᠤ᠂ ᠥᠨᠳᠥᠷ ᠳᠠᠷᠤᠯᠲᠠ᠎ᠪᠠᠷ ᠰᠦᠷᠳᠡᠭᠦᠯᠬᠦ ᠵᠢ ᠴᠢᠩᠭ᠋ᠠᠳᠬᠠᠬᠤ ᠢᠳᠡᠪᠬᠢᠲᠡᠶ ᠦᠢ᠍ᠯᠡᠳᠦᠯ ᠭᠠᠷᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠠᠮᠤᠷ ᠲᠦᠪᠰᠢᠨ᠎ᠢ ᠬᠠᠮᠠᠭ᠋ᠠᠯᠠᠬᠤ 《ᠬᠤᠷᠴᠠ ᠰᠡᠯᠡᠮ᠎ᠡ》 ᠪᠣᠯᠤᠭᠰᠠᠨ ᠪᠠᠶ᠋ᠢᠨ᠎ᠠ᠃
ᠬᠤᠶᠠᠷ᠂ ᠥᠩᠭᠡᠷᠡᠭᠰᠡᠨ᠎ᠤ ᠭᠡᠨᠡᠳᠡᠭᠦᠯᠦᠨ ᠪᠠᠶ᠋ᠢᠴᠠᠭ᠋ᠠᠯᠲᠠ ᠵᠢᠨ ᠳᠤᠮᠳᠠ ᠢᠯᠡᠷᠡᠭᠦᠯᠦᠭᠰᠡᠨ ᠭᠤᠤᠯ ᠠᠰᠠᠭᠤᠳᠠᠯ᠎ᠨᠢ ᠶᠠᠭᠤ ᠪᠣᠶ?
ᠣᠶ᠋ᠢᠷ᠎ᠠ ᠵᠢᠨ ᠵᠢᠯ᠎ᠤᠨ ᠭᠡᠨᠡᠳᠡᠭᠦᠯᠦᠨ ᠪᠠᠶ᠋ᠢᠴᠠᠭ᠋ᠠᠯᠲᠠ ᠵᠢᠨ ᠪᠠᠶ᠋ᠢᠳᠠᠯ᠎ᠠᠴᠠ ᠦᠵᠡᠪᠡᠯ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠬᠠᠤᠯᠢ ᠲᠣᠭᠲᠠᠭ᠋ᠠᠯ᠎ᠠᠴᠠ ᠵᠥᠷᠢᠴᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠭᠰᠡᠨ ᠭᠤᠣᠯᠳᠠᠭᠤ ᠬᠡᠳᠦᠨ ᠵᠦᠢ᠍ᠯ᠎ᠤᠨ ᠪᠠᠶ᠋ᠢᠳᠠᠯ ᠪᠠᠶ᠋ᠢᠨ᠎ᠠ᠄
ᠨᠢᠭᠡ᠎ᠳᠤ ᠳᠠᠪᠬᠤᠷᠳᠠᠭᠤᠯᠤᠨ ᠰᠦᠢ᠍ᠳᠭᠡᠯ ᠬᠤᠷᠢᠶᠠᠬᠤ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠭᠡᠯ ᠬᠤᠷᠢᠶᠠᠬᠤ᠂ ᠲᠦᠷᠦᠯ ᠵᠦᠢ᠍ᠯ᠎ᠢ ᠵᠠᠳᠠᠯᠵᠤ ᠰᠦᠢ᠍ᠳᠭᠡᠯ ᠬᠤᠷᠢᠶᠠᠬᠤ᠎ᠨᠢ ᠪᠠᠷᠤᠭ ᠪᠦᠬᠦ ᠬᠠᠤᠯᠢ ᠲᠣᠭᠲᠠᠭ᠋ᠠᠯ᠎ᠠᠴᠠ ᠵᠦᠷᠢᠴᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠦᠩᠭᠦ ᠵᠢ ᠬᠡᠷᠡᠭᠯᠡᠭᠰᠡᠨ ᠠᠰᠠᠭᠤᠳᠠᠯ᠎ᠤᠨ 36% ᠵᠢ ᠡᠵᠡᠯᠡᠪᠡ;
ᠬᠤᠶᠠᠷ᠎ᠲᠤ ᠡᠮ᠎ᠤᠨ ᠵᠦᠢ᠍ᠯᠡᠰ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠥᠷᠥᠯ ᠵᠦᠢ᠍ᠯ ᠪᠠ ᠦᠢ᠍ᠯᠡᠴᠢᠯᠡᠭᠡᠨ᠎ᠤ ᠲᠥᠬᠥᠭᠡᠷᠡᠮᠵᠢ ᠵᠢ ᠰᠣᠯᠢᠬᠤ ᠠᠰᠠᠭᠤᠳᠠᠯ ᠪᠠᠷᠤᠭ 17% ᠵᠢ ᠡᠵᠡᠯᠡᠪᠡ᠃
ᠭᠤᠷᠪᠠ᠎ᠳᠤ ᠣᠨᠣᠰᠢᠯᠠᠨ ᠡᠮᠨᠡᠬᠦ ᠵᠢᠷᠤᠮᠵᠢᠯ᠎ᠢ ᠵᠥᠷᠢᠴᠡᠨ ᠬᠡᠲᠦ ᠣᠨᠣᠰᠢᠯᠠᠨ ᠡᠮᠨᠡᠬᠦ᠂ ᠬᠡᠲᠦ ᠪᠠᠶ᠋ᠢᠴᠠᠭ᠋ᠠᠯᠲᠠ ᠬᠢᠵᠦ᠂ ᠪᠤᠰᠤᠳ ᠴᠢᠬᠤᠯᠠ ᠪᠤᠰᠤ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠬᠤ ᠠᠰᠠᠭᠤᠳᠠᠯ ᠪᠠᠷᠤᠭ 14% ᠵᠢ ᠡᠵᠡᠯᠡᠪᠡ᠃
ᠳᠦᠷᠪᠡ᠎ᠳᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠲᠦᠯᠦᠬᠦ ᠬᠡᠪᠴᠢᠶᠡᠨ᠎ᠳᠤ ᠦᠯᠦ ᠬᠠᠷᠢᠶᠠᠯᠠᠭᠳᠠᠬᠤ ᠡᠮ ᠡᠮᠨᠡᠯᠭᠡ ᠵᠢᠨ ᠵᠠᠷᠤᠳᠠᠯ᠎ᠢ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠳ᠋ᠦᠩᠨᠡᠨ ᠪᠣᠳᠤᠯᠲᠠ᠎ᠳᠤ ᠣᠷᠣᠭᠤᠯᠬᠤ ᠠᠰᠠᠭᠤᠳᠠᠯ ᠪᠠᠷᠤᠭ 14% ᠵᠢ ᠡᠵᠡᠯᠡᠪᠡ᠃
ᠡᠭᠦᠨ᠎ᠠᠴᠠ ᠭᠠᠳᠠᠨ᠎ᠠ ᠪᠠᠰᠠ ᠡᠮᠨᠡᠯᠭᠡ᠎ᠳᠤ ᠰᠠᠭᠤᠬᠤ ᠵᠢ ᠵᠠᠳᠠᠯᠬᠤ᠂ ᠣᠷᠣ ᠬᠣᠭᠣᠰᠤᠨ ᠲᠠᠯᠪᠢᠵᠤ ᠡᠮᠨᠡᠯᠭᠡ᠎ᠳᠤ ᠰᠠᠭᠤᠬᠤ᠂ ᠡᠳ᠋᠎ᠤᠨ ᠶᠠᠪᠤᠳᠠᠯ᠎ᠤᠨ ᠲᠠᠩᠰᠠ᠂ ᠨᠢᠭᠲᠠᠯᠠᠨ ᠪᠣᠳᠣᠯᠲᠠ ᠵᠢᠨ ᠭᠡᠷᠡᠴᠢ ᠪᠠᠷᠢᠮᠲᠠ᠂ ᠵᠣᠷ᠂ ᠡᠪᠡᠳᠴᠢᠨ᠎ᠤ ᠲᠡᠤᠬᠡ᠂ ᠡᠮᠨᠡᠨ ᠵᠠᠰᠠᠭᠰᠠᠨ ᠪᠠᠶ᠋ᠢᠴᠠᠭ᠋ᠠᠯᠲᠠ ᠵᠢᠨ ᠲᠡᠮᠳᠡᠭᠯᠡᠯ᠂ ᠵᠠᠷᠤᠳᠠᠯ᠎ᠤᠨ ᠨᠠᠷᠢᠨ ᠵᠦᠢ᠍ᠯᠡᠰ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠥᠮᠥᠷᠭᠡ᠎ᠳᠤ ᠭᠠᠷᠭ᠋ᠠᠭᠰᠠᠨ ᠲᠡᠮᠳᠡᠭᠯᠡᠯ᠎ᠤᠨ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠬᠠᠳᠠᠭ᠋ᠠᠯᠠᠵᠤ ᠬᠠᠮᠢᠶᠠᠷᠤᠭᠰᠠᠨ ᠦᠭᠡᠢ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ; ᠴᠥᠭᠡᠨ ᠲᠣᠭ᠋ᠠᠨ᠎ᠤ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠪᠠᠰᠠ ᠬᠤᠳᠠᠯ ᠬᠠᠭᠤᠷᠮᠠᠭ ᠣᠨᠣᠰᠢᠯᠠᠨ ᠡᠮᠨᠡᠬᠦ᠂ ᠬᠤᠳᠠᠯ ᠬᠠᠭᠤᠷᠮᠠᠭ ᠵᠶ᠋ᠠᠷ ᠡᠮ ᠬᠤᠳᠠᠯᠳᠤᠨ ᠠᠪᠬᠤ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃
ᠭᠤᠷᠪᠠ᠂ 2024 ᠣᠨ᠎ᠤ ᠪᠠᠶ᠋ᠢᠴᠠᠭ᠋ᠠᠯᠲᠠ ᠵᠢᠨ ᠭᠠᠵᠠᠷ ᠣᠷᠣᠨ ᠪᠠ ᠪᠠᠶ᠋ᠢᠭᠤᠯᠤᠮᠵᠢ᠎ᠳᠤ ᠶᠠᠮᠠᠷ ᠶᠠᠮᠠᠷ ᠬᠤᠪᠢᠷᠠᠯᠲᠠ ᠭᠠᠷᠤᠭᠰᠠᠨ ᠪᠣᠶ?
2024 ᠣᠨ᠎ᠳᠤ᠂ ᠤᠯᠤᠰ᠎ᠠᠴᠠ ᠭᠡᠨᠡᠳᠡᠭᠦᠯᠦᠨ ᠪᠠᠶ᠋ᠢᠴᠠᠭ᠋ᠠᠯᠲᠠ ᠵᠢᠨ ᠭᠠᠵᠠᠷ ᠣᠷᠣᠨ ᠪᠠ ᠪᠠᠶ᠋ᠢᠭᠤᠯᠤᠮᠵᠢ ᠵᠢ ᠬᠠᠮᠤᠷᠬᠤ ᠲᠠᠯ᠎ᠠ᠎ᠪᠠᠷ᠂ ᠳᠣᠤᠷᠠᠬᠢ ᠵᠠᠷᠴᠢᠮ᠎ᠢ ᠪᠠᠷᠢᠮᠲᠠᠯᠠᠨ᠎ᠠ᠄ ᠨᠢᠭᠡ᠎ᠳᠤ ᠭᠠᠵᠠᠷ ᠣᠷᠣᠨ᠎ᠢ ᠥᠷᠭᠡᠨ ᠵᠶ᠋ᠠᠷ ᠬᠠᠮᠤᠷᠬᠤ ᠵᠢ ᠪᠠᠷᠢᠮᠲᠠᠯᠠᠨ᠎ᠠ᠃ ᠭᠡᠨᠡᠳᠡᠭᠦᠯᠦᠨ ᠪᠠᠶ᠋ᠢᠴᠠᠭ᠋ᠠᠯᠲᠠ ᠵᠢ ᠪᠦᠬᠦ ᠤᠯᠤᠰ᠎ᠤᠨ ᠡᠯ᠎ᠡ ᠮᠤᠵᠢ ᠵᠢ ᠪᠦᠬᠦᠨ᠎ᠢ ᠬᠠᠮᠤᠷᠬᠤ ᠵᠢ ᠪᠡᠶᠡᠯᠡᠭᠦᠯᠬᠦ ᠵᠢᠨ ᠬᠠᠮᠲᠤ ᠰᠤᠭᠤᠴᠢᠨ ᠪᠠᠶ᠋ᠢᠴᠠᠭ᠋ᠠᠬᠤ ᠬᠤᠲᠠ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠵᠠᠷᠴᠢᠮ ᠳᠡᠭᠡᠷ᠎ᠡ᠎ᠪᠠᠨ ᠮᠤᠵᠢ ᠨᠢᠭᠡᠪᠦᠷᠢ ᠵᠢᠨ ᠰᠤᠭᠤᠴᠢᠨ ᠪᠠᠶ᠋ᠢᠴᠠᠭ᠋ᠠᠬᠤ ᠬᠣᠲᠠ ᠵᠢᠨ ᠲᠣᠭ᠎ᠠ᠎ᠨᠢ ᠥᠩᠭᠡᠷᠡᠭᠰᠡᠨ᠎ᠤ ᠵᠢᠯ ᠪᠦᠷᠢ 1 ᠪᠠᠶ᠋ᠢᠭᠰᠠᠨ᠎ᠠᠴᠠ᠎ᠪᠠᠨ ᠨᠡᠮᠡᠭᠳᠡᠭᠡᠳ 2 ᠪᠣᠯᠵᠤ᠂ ᠡᠭᠦᠨ᠎ᠤ ᠳᠣᠲᠣᠷ᠎ᠠ ᠡᠯ᠎ᠡ ᠮᠤᠵᠢ ᠵᠢᠨ ᠲᠥᠪ ᠬᠣᠲᠠ ᠵᠢ ᠵᠠᠪᠠᠯ ᠪᠠᠢ᠌ᠴᠠᠭ᠋ᠠᠨ᠎ᠠ᠃ ᠬᠤᠶᠠᠷ᠎ᠲᠤ ᠪᠠᠶ᠋ᠢᠭᠤᠯᠤᠮᠵᠢ ᠵᠢᠨ ᠲᠥᠷᠥᠯ ᠬᠡᠯᠪᠡᠷᠢ ᠪᠦᠬᠦᠨ᠎ᠢ ᠬᠠᠮᠤᠷᠬᠤ ᠵᠢ ᠪᠠᠷᠢᠮᠲᠠᠯᠠᠨ᠎ᠠ᠃ ᠮᠤᠵᠢ ᠪᠦᠷᠢ ᠲᠣᠭᠲᠠᠭᠰᠠᠨ ᠲᠣᠭ᠋ᠠᠨ᠎ᠤ ᠠᠯᠪᠠᠨ᠎ᠠᠴᠠ ᠪᠠᠶ᠋ᠢᠭᠤᠯᠤᠭᠰᠠᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠠᠷᠠᠳ᠎ᠠᠴᠠ ᠡᠵᠡᠩᠨᠡᠭᠰᠡᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠢ ᠬᠠᠮᠲᠤᠳᠤᠨᠢ ᠪᠠᠶ᠋ᠢᠴᠠᠭ᠋ᠠᠨ᠎ᠠ᠃ ᠭᠤᠷᠪᠠ᠎ᠳᠤ ᠠᠩᠬ᠎ᠠ ᠤᠳᠠᠭ᠎ᠠ 《ᠡᠷᠬᠢᠨ ᠬᠠᠷᠠᠬᠤ》 ᠠᠵᠢᠯᠯᠠᠭ᠎ᠠ ᠥᠷᠨᠢᠭᠦᠯᠪᠡ᠃ ᠡᠨᠡ ᠵᠢᠯ ᠥᠩᠭᠡᠷᠡᠭᠰᠡᠨ ᠵᠢᠯ᠎ᠤᠳ᠎ᠲᠤ ᠨᠢᠭᠡᠨᠲᠡ ᠭᠡᠨᠡᠳᠡᠭᠦᠯᠦᠨ ᠪᠠᠶ᠋ᠢᠴᠠᠭ᠋ᠠᠯᠲᠠ ᠬᠢᠭᠰᠡᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠳᠣᠲᠣᠷ᠎ᠠ᠎ᠠᠴᠠ ᠵᠣᠬᠢᠬᠤ ᠬᠠᠷᠢᠴᠠᠯ᠎ᠢ ᠭᠠᠷᠭ᠋ᠠᠨ ᠠᠪᠴᠤ 《ᠡᠷᠭᠢᠵᠦ ᠬᠠᠷᠠᠨ᠎ᠠ》᠃ ᠡᠨᠡ ᠬᠦ᠌ ᠠᠷᠭ᠎ᠠ ᠬᠡᠮᠵᠢᠶ᠎ᠡ ᠵᠢᠨ ᠭᠣᠣᠯ ᠪᠣᠳᠣᠯᠬᠢᠯᠠᠯ᠎ᠨᠢ ᠪᠣᠯ ᠨᠢᠭᠡᠨᠲᠡ ᠪᠠᠶ᠋ᠢᠴᠠᠭ᠋ᠠᠵᠤ ᠥᠩᠭᠡᠷᠡᠭᠰᠡᠨ ᠪᠠᠶ᠋ᠢᠭᠤᠯᠤᠮᠵᠢ᠎ᠨᠢ ᠬᠡᠳᠦᠨ ᠵᠢᠯ᠎ᠤᠨ ᠳᠣᠲᠣᠷ᠎ᠠ ᠳᠠᠬᠢᠵᠤ ᠪᠠᠶ᠋ᠢᠴᠠᠭ᠋ᠠᠬᠤ ᠦᠭᠡᠢ ᠭᠡᠵᠦ ᠦᠵᠡᠬᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠵᠢᠷᠤᠮᠵᠢᠭᠤᠯᠤᠨ ᠬᠡᠷᠡᠭᠯᠡᠬᠦ ᠲᠠᠯ᠎ᠠ᠎ᠪᠠᠷ ᠬᠤᠶ᠋ᠢᠷᠭᠤᠰᠢᠬᠤ ᠦᠵᠡᠯ ᠰᠠᠨᠠᠭ᠎ᠠ ᠪᠣᠢ ᠪᠣᠯᠬᠤ᠎ᠠᠴᠠ ᠵᠠᠢ᠌ᠯᠠᠰᠬᠢᠵᠤ᠂ ᠴᠡᠭ ᠲᠣᠭᠲᠠᠭ᠋ᠠᠭᠰᠠᠨ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠳᠣᠲᠣᠭ᠋ᠠᠳᠤ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ᠂ ᠰᠠᠭᠤᠷᠢ ᠮᠥᠩᠭᠦ ᠵᠢᠨ ᠬᠡᠷᠡᠭᠯᠡᠯᠲᠡ ᠵᠢ ᠵᠢᠷᠤᠮᠵᠢᠭᠤᠯᠬᠤ᠎ᠪᠠᠷ ᠰᠠᠨᠠᠭ᠋ᠠᠴᠢᠯᠠᠭ᠋ᠠᠲᠤ ᠤᠬᠠᠮᠰᠠᠷ ᠪᠠ ᠤᠬᠠᠮᠰᠠᠷᠲᠤ ᠠᠵᠢᠯᠯᠠᠭ᠎ᠠ ᠪᠣᠯᠭ᠋ᠠᠨ᠎ᠠ᠃
ᠳᠥᠷᠪᠡ᠂ 2024 ᠣᠨ᠎ᠤ ᠭᠡᠨᠡᠳᠡᠭᠦᠯᠦᠨ ᠪᠠᠶ᠋ᠢᠴᠠᠭ᠋ᠠᠯᠲᠠ ᠵᠢᠨ ᠭᠤᠤᠯᠳᠠᠯᠭ᠎ᠠ᠎ᠲᠠᠢ ᠠᠭᠤᠯᠭ᠎ᠠ᠎ᠨᠢ ᠶᠠᠭᠤ ᠶᠠᠭᠤ ᠪᠣᠶ?
2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯᠠᠬᠢ ᠬᠤᠭᠤᠴᠠᠭ᠋ᠠᠨ᠎ᠳᠠᠬᠢ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠡᠷᠡᠭᠯᠡᠯᠲᠡ᠂ ᠬᠠᠮᠢᠶᠠᠷᠤᠯᠲᠠ ᠵᠢᠴᠢ ᠬᠠᠮᠢᠶ᠎ᠠ ᠪᠦᠬᠦᠢ ᠳᠣᠲᠣᠭ᠋ᠠᠳᠤ ᠵᠢᠨ ᠡᠵᠡᠮᠳᠡᠯ᠎ᠤᠨ ᠲᠦᠷᠢᠮ᠎ᠤᠨ ᠪᠠᠶ᠋ᠢᠭᠤᠯᠤᠯᠲᠠ᠂ ᠬᠡᠷᠡᠭᠵᠢᠭᠦᠯᠦᠯᠲᠡ ᠵᠡᠷᠭᠡ ᠪᠠᠶ᠋ᠢᠳᠠᠯ᠎ᠢ ᠭᠤᠣᠯᠳᠠᠯᠭ᠎ᠠ᠎ᠲᠠᠢ ᠪᠠᠶ᠋ᠢᠴᠠᠭ᠋ᠠᠵᠤ᠂ ᠴᠢᠬᠤᠯᠠᠲᠠᠢ ᠦᠶ᠎ᠡ᠎ᠳᠤ ᠥᠩᠭᠡᠷᠡᠭᠰᠡᠨ ᠵᠢᠯ᠎ᠢ ᠮᠥᠷᠳᠡᠨ ᠪᠠᠶ᠋ᠢᠴᠠᠭ᠋ᠠᠬᠤ ᠪᠤᠶᠤ 2024 ᠣᠨ ᠪᠣᠯᠲᠠᠯ᠎ᠠ ᠤᠷᠲᠤᠳᠬᠠᠨ ᠪᠠᠶ᠋ᠢᠴᠠᠭ᠋ᠠᠨ᠎ᠠ᠃
ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠴᠢᠭᠯᠡᠭᠦᠯᠵᠦ᠂ ᠲᠠᠪᠤᠨ ᠲᠠᠯ᠎ᠠ᠎ᠪᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠄ ᠨᠢᠭᠡ᠎ᠳᠤ ᠬᠦᠨᠳᠦ ᠡᠪᠡᠳᠴᠢᠨ᠎ᠤ ᠠᠨᠠᠭ᠋ᠠᠬᠤ ᠤᠬᠠᠭ᠋ᠠᠨ᠂ ᠮᠢᠨᠴᠦᠭᠦᠷᠡᠭᠦᠯᠬᠦ᠂ ᠠᠭᠤᠰᠬᠢᠨ ᠬᠡᠰᠡᠭ᠎ᠤᠨ ᠬᠠᠪᠤᠳᠠᠷ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠳᠠᠭ᠋ᠠᠳᠬᠠᠯ᠎ᠢ ᠮᠡᠬᠡᠯᠡᠨ ᠠᠪᠬᠤ ᠠᠰᠠᠭᠤᠳᠠᠯ᠎ᠢ ᠭᠤᠣᠯᠳᠠᠯᠭ᠎ᠠ᠎ᠲᠠᠢ ᠪᠠᠶ᠋ᠢᠴᠠᠭ᠋ᠠᠨ ᠰᠢᠢ᠍ᠳᠪᠦᠷᠢᠯᠡᠨ᠎ᠡ᠃ ᠬᠤᠶᠠᠷ᠎ᠲᠤ ᠵᠢᠷᠦᠬᠡ ᠴᠢᠰᠤᠨ ᠰᠤᠳᠠᠯ᠎ᠤᠨ ᠳᠣᠲᠣᠷ ᠰᠠᠯᠠᠭ᠎ᠠ᠂ ᠶᠠᠰᠤᠨ᠎ᠤ ᠰᠠᠯᠠᠭ᠎ᠠ᠂ ᠴᠢᠰᠤ ᠴᠡᠪᠡᠷᠰᠢᠭᠦᠯᠬᠦ᠂ ᠡᠷᠡᠭᠦᠯᠵᠢᠬᠦ᠂ ᠠᠨᠠᠭ᠋ᠠᠬᠤ ᠤᠬᠠᠭ᠋ᠠᠨ᠎ᠤ ᠵᠢᠷᠤᠭ ᠳᠦᠷᠰᠦ᠂ ᠡᠮᠴᠢᠯᠡᠭᠡᠨ᠎ᠤ ᠰᠢᠯᠭ᠋ᠠᠨ ᠪᠠᠶ᠋ᠢᠴᠠᠭ᠋ᠠᠯᠲᠠ ᠵᠡᠷᠭᠡ ᠥᠩᠭᠡᠷᠡᠭᠰᠡᠨ ᠵᠢᠯ᠎ᠳᠤ ᠨᠢᠭᠡᠨᠲᠡ ᠭᠤᠤᠯᠳᠠᠯᠭ᠎ᠠ᠎ᠲᠠᠢ ᠪᠠᠶ᠋ᠢᠴᠠᠭ᠋ᠠᠬᠤ ᠵᠢᠨ ᠬᠠᠮᠲᠤ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠤᠭᠰᠠᠨ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠱᠠᠭ᠋ᠠᠷᠳᠠᠯᠭ᠎ᠠ ᠶᠣᠰᠣᠭ᠋ᠠᠷ ᠥᠪᠡᠰᠦᠪᠡᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠡᠰᠡᠬᠦ ᠵᠢ ᠪᠠᠢ᠌ᠴᠠᠭ᠋ᠠᠨ᠎ᠠ᠃ ᠭᠤᠷᠪᠠ᠎ᠳᠤ 《ᠡᠷᠭᠢᠨ ᠬᠠᠷᠠᠬᠤ》 ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠴᠢᠭᠯᠡᠭᠦᠯᠦᠨ᠂ ᠤᠤᠯ᠎ᠤᠨ ᠵᠢᠯ᠎ᠤᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ ᠮᠥᠨ ᠬᠦ᠌ ᠣᠷᠣᠰᠢᠵᠤ ᠪᠠᠶ᠋ᠢᠬᠤ ᠡᠰᠡᠬᠦ᠂ ᠴᠡᠭᠴᠡᠯᠡᠨ ᠰᠠᠶ᠋ᠢᠵᠢᠷᠠᠭᠤᠯᠤᠭᠰᠠᠨ ᠡᠰᠡᠬᠦ ᠵᠢ ᠭᠤᠤᠯᠳᠠᠯᠭ᠎ᠠ᠎ᠲᠠᠢ ᠠᠩᠬᠠᠷᠤᠨ᠎ᠠ᠃ ᠳᠥᠷᠪᠡ᠎ᠳᠤ ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠢ ᠰᠦᠯᠵᠢᠶ᠎ᠡ᠎ᠪᠠᠷ ᠬᠤᠳᠠᠯᠳᠤᠨ ᠠᠪᠤᠭᠰᠠᠨ ᠪᠠᠢ᠌ᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠯᠪᠠᠨ᠎ᠠᠴᠠ ᠡᠷᠬᠢᠯᠡᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠲᠣᠭᠲᠠᠭ᠋ᠠᠯ ᠶᠣᠰᠣᠭ᠋ᠠᠷ ᠮᠤᠵᠢ ᠵᠢᠨ ᠱᠠᠲᠤᠨ᠎ᠤ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠠᠴᠠ ᠪᠥᠬᠦ ᠬᠡᠷᠡᠭᠰᠡᠬᠦ ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠤᠭᠰᠠᠨ ᠡᠰᠡᠬᠦ ᠵᠢ ᠭᠤᠤᠯᠳᠠᠯᠭ᠎ᠠ᠎ᠲᠠᠢ ᠠᠩᠬᠠᠷᠤᠨ᠎ᠠ᠃ ᠲᠠᠪᠤ᠎ᠳᠤ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠦᠭᠰᠡᠨ ᠡᠪᠡᠳᠴᠢᠲᠡᠨ᠎ᠳᠤ ᠴᠢᠭᠯᠡᠭᠦᠯᠦᠨ᠂ ᠬᠠᠤᠯᠢ ᠲᠣᠭᠲᠠᠭ᠋ᠠᠯ᠎ᠠᠴᠠ ᠵᠥᠷᠢᠴᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ ᠡᠰᠡᠬᠦ ᠵᠢ ᠪᠠᠢ᠌ᠴᠠᠭ᠋ᠠᠨ᠎ᠠ᠃
ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠴᠢᠭᠯᠡᠭᠦᠯᠦᠨ᠂ ᠭᠤᠷᠪᠠᠨ ᠲᠠᠯ᠎ᠠ ᠵᠢ ᠭᠣᠣᠯᠳᠠᠯᠭ᠎ᠠ᠎ᠲᠠᠢ ᠪᠠᠢ᠌ᠴᠠᠭ᠋ᠠᠨ ᠰᠢᠢ᠍ᠳᠪᠦᠷᠢᠯᠡᠨ᠎ᠡ᠄ ᠨᠢᠭᠡ᠎ᠳᠤ ᠬᠤᠳᠠᠯ ᠬᠠᠭᠤᠷᠮᠠᠭ ᠵᠶ᠋ᠠᠷ ᠡᠮ ᠬᠤᠳᠠᠯᠳᠤᠨ ᠠᠪᠬᠤ᠃ ᠵᠣᠷ ᠪᠤᠶᠤ ᠵᠠᠷᠤᠳᠠᠯ᠎ᠤᠨ ᠨᠠᠷᠢᠨ ᠬᠠᠭᠤᠳᠠᠰᠤ ᠵᠢ ᠬᠠᠭᠤᠷᠮᠠᠭ ᠵᠣᠬᠢᠶᠠᠬᠤ᠂ ᠡᠮᠴᠢᠯᠡᠭᠡᠨ᠎ᠤ ᠳᠠᠭ᠋ᠠᠳᠭ᠋ᠠᠯᠤᠨ ᠺᠠᠷᠲ ᠪᠤᠶᠤ ᠡᠮᠴᠢᠯᠡᠭᠡᠨ᠎ᠤ ᠳᠠᠭ᠋ᠠᠳᠭ᠋ᠠᠯᠤᠨ ᠡᠯᠧᠺᠲᠷᠣᠨ ᠭᠡᠷᠡᠴᠢ ᠪᠠᠷᠢᠮᠲᠠ ᠵᠢ ᠬᠣᠭᠣᠰᠤᠨ ᠪᠣᠳᠣᠬᠤ ᠪᠤᠶᠤ ᠬᠤᠯᠠᠭ᠋ᠠᠢ᠌ᠯᠠᠨ ᠪᠣᠳᠣᠬᠤ᠃ ᠬᠤᠶᠠᠷ᠎ᠲᠤ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠢ ᠰᠠᠷᠢᠭ᠋ᠠᠯᠠᠬᠤ᠎ᠳᠤ ᠣᠷᠣᠯᠴᠠᠬᠤ᠃ ᠭᠤᠷᠪᠠ᠎ᠳᠤ ᠡᠮ᠎ᠤᠨ ᠵᠦᠢ᠍ᠯ᠎ᠢ ᠰᠣᠯᠢᠬᠤ᠃ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠲᠣᠭ᠋ᠠᠴᠠᠭ᠎ᠠ ᠬᠢᠵᠦ ᠥᠭᠬᠦ ᠦᠭᠡᠢ ᠡᠮ᠎ᠤᠨ ᠵᠦᠢ᠍ᠯ ᠪᠤᠶᠤ ᠪᠤᠰᠤᠳ ᠲᠠᠸᠠᠷ᠎ᠢ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ ᠪᠣᠯᠭ᠋ᠠᠨ ᠰᠣᠯᠢᠵᠤ ᠡᠮᠴᠢᠯᠡᠭᠡᠨ᠎ᠤ ᠳᠠᠭ᠋ᠠᠳᠬᠠᠯ ᠵᠶ᠋ᠠᠷ ᠳ᠋ᠦᠩᠨᠡᠨ ᠪᠣᠳᠣᠵᠤ᠂ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠢ 《ᠣᠷᠣᠭᠤᠯᠬᠤ᠂ ᠪᠣᠷᠣᠯᠠᠭᠤᠯᠬᠤ᠂ ᠬᠠᠳᠠᠭ᠋ᠠᠯᠠᠬᠤ》 ᠫᠢᠶᠣᠣ ᠪᠠᠷᠢᠮᠲᠠ ᠪᠠ ᠳᠠᠩᠰᠠ ᠵᠢ ᠬᠠᠭᠤᠷᠮᠠᠭᠯᠠᠨ ᠵᠣᠬᠢᠶᠠᠵᠤ᠂ ᠬᠤᠪᠢᠷᠠᠭᠤᠯᠤᠨ ᠵᠣᠬᠢᠶᠠᠬᠤ᠃
ᠲᠠᠪᠤ᠂ ᠭᠡᠨᠡᠳᠡᠭᠦᠯᠦᠨ ᠪᠠᠶ᠋ᠢᠴᠠᠭ᠋ᠠᠯᠲᠠ ᠵᠢ ᠬᠡᠷᠬᠢᠨ ᠵᠣᠬᠢᠶᠠᠨ ᠪᠠᠶ᠋ᠢᠭᠤᠯᠬᠤ ᠪᠤᠢ? ᠠᠯᠢ ᠬᠡᠳᠦᠨ ᠭᠣᠭᠴᠣᠭ᠎ᠠ ᠵᠢ ᠪᠠᠭᠲᠠᠭ᠋ᠠᠭᠰᠠᠨ ᠪᠤᠢ?
ᠤᠯᠤᠰ᠎ᠤᠨ ᠭᠡᠨᠡᠳᠡᠭᠦᠯᠦᠨ ᠪᠠᠶ᠋ᠢᠴᠠᠭ᠋ᠠᠯᠲᠠ ᠵᠢ 《ᠤᠯᠤᠰ᠎ᠠᠴᠠ ᠵᠣᠬᠢᠶᠠᠨ ᠪᠠᠶ᠋ᠢᠭᠤᠯᠵᠤ᠂ ᠡᠯ᠎ᠡ ᠮᠤᠵᠢ ᠰᠣᠯᠪᠢᠴᠠᠨ᠂ ᠬᠠᠷᠢᠶ᠎ᠠ ᠭᠠᠵᠠᠷ᠎ᠨᠢ ᠬᠠᠮᠵᠢᠯᠴᠠᠬᠤ》 ᠵᠠᠭᠪᠤᠷ ᠵᠶ᠋ᠠᠷ ᠥᠷᠨᠢᠭᠦᠯᠦᠨ᠎ᠡ᠃ ᠤᠯᠤᠰ᠎ᠤᠨ ᠳᠡᠰ ᠳᠠᠪᠬᠤᠷᠭ᠎ᠠ᠎ᠠᠴᠠ ᠪᠠᠶ᠋ᠢᠴᠠᠭ᠋ᠠᠬᠤ ᠲᠥᠰᠦᠯ ᠲᠣᠭᠲᠠᠭ᠋ᠠᠬᠤ ᠵᠢ ᠬᠠᠷᠢᠭᠤᠴᠠᠵᠤ᠂ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠵᠤ᠂ ᠪᠠᠶ᠋ᠢᠴᠠᠭ᠋ᠠᠬᠤ ᠪᠦᠬᠦ ᠶᠠᠪᠤᠴᠠ ᠵᠢ ᠵᠢᠯᠣᠭᠣᠳᠬᠤ ᠪᠠ ᠬᠢᠨᠠᠯᠲᠠ ᠲᠠᠯᠪᠢᠬᠤ ᠵᠢ ᠴᠢᠩᠭ᠋ᠠᠳᠬᠠᠨ᠂ 《ᠳᠡᠭᠡᠳᠦ ᠱᠠᠲᠤ᠎ᠠᠴᠠ ᠳᠣᠤᠷᠠᠳᠤ ᠱᠠᠲᠤ᠎ᠪᠠᠨ ᠪᠠᠶ᠋ᠢᠴᠠᠭ᠋ᠠᠬᠤ》 ᠠᠵᠢᠯ᠎ᠤᠨ ᠡᠷᠴᠢᠮ᠎ᠢ ᠴᠢᠩᠭ᠋ᠠᠷᠠᠭᠤᠯᠤᠨ᠎ᠠ᠃ ᠠᠳᠠᠯᠢ ᠪᠤᠰᠤ ᠮᠤᠵᠢ ᠵᠢᠨ ᠬᠣᠭᠣᠷᠣᠨᠳᠣ ᠲᠠᠰᠢᠷᠠᠮ ᠵᠶ᠋ᠠᠷ ᠳᠤᠭᠤᠶ᠋ᠢᠯᠠᠩ ᠲᠣᠬᠢᠷᠠᠭᠤᠯᠬᠤ ᠠᠷᠭ᠎ᠠ᠎ᠪᠠᠷ ᠰᠣᠯᠢᠪᠴᠠᠭᠤᠯᠤᠨ ᠪᠠᠶ᠋ᠢᠴᠠᠭ᠋ᠠᠯᠲᠠ ᠬᠢᠨ᠎ᠡ᠃ ᠪᠠᠢ᠌ᠴᠠᠭ᠋ᠠᠯᠲᠠ᠎ᠳᠤ ᠣᠷᠣᠯᠴᠠᠭᠰᠠᠨ ᠮᠤᠵᠢ᠎ᠨᠢ ᠪᠠᠶ᠋ᠢᠴᠠᠭ᠋ᠠᠬᠤ ᠬᠦᠴᠦᠨ᠎ᠢ ᠵᠣᠬᠢᠶᠠᠨ ᠪᠠᠶ᠋ᠢᠭᠤᠯᠵᠤ᠂ ᠲᠤᠬᠠᠶ ᠵᠢᠨ ᠲᠠᠯᠠᠪᠤᠷᠲᠤᠨᠢ ᠪᠠᠶ᠋ᠢᠴᠠᠭ᠋ᠠᠯᠲᠠ ᠬᠢᠬᠦ ᠵᠢ ᠬᠡᠷᠡᠭᠵᠢᠭᠦᠯᠬᠦ ᠵᠢ ᠬᠠᠷᠢᠭᠤᠴᠠᠨ᠎ᠠ; ᠪᠠᠶ᠋ᠢᠴᠠᠭ᠋ᠠᠭᠳᠠᠬᠤ ᠮᠣᠵᠢ᠎ᠨᠢ ᠪᠠᠶ᠋ᠢᠴᠠᠭ᠋ᠠᠬᠤ ᠵᠢ ᠪᠡᠯᠡᠳᠬᠡᠬᠦ᠂ ᠵᠣᠬᠢᠶᠠᠨ ᠪᠠᠶ᠋ᠢᠭᠤᠯᠬᠤ᠂ ᠬᠡᠷᠡᠭᠵᠢᠭᠦᠯᠬᠦ ᠵᠢ ᠬᠠᠷᠢᠭᠤᠴᠠᠵᠤ᠂ ᠲᠤᠬᠠᠶ ᠵᠢᠨ ᠲᠠᠯᠠᠪᠤᠷ᠎ᠲᠤ ᠪᠠᠶ᠋ᠢᠴᠠᠭ᠋ᠠᠬᠤ᠎ᠠᠴᠠ ᠡᠮᠦᠨᠡᠬᠢ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠬᠤ ᠪᠠ ᠪᠠᠶ᠋ᠢᠴᠠᠭ᠋ᠠᠵᠤ ᠳᠠᠭᠤᠰᠤᠭᠰᠠᠨ᠎ᠤ ᠳᠠᠷᠠᠭ᠎ᠠ ᠰᠢᠢ᠍ᠳᠪᠦᠷᠢᠯᠡᠵᠦ ᠴᠡᠭᠴᠡᠯᠡᠨ ᠰᠠᠶ᠋ᠢᠵᠢᠷᠠᠭᠤᠯᠬᠤ ᠵᠢ ᠵᠣᠬᠢᠶᠠᠨ ᠪᠠᠶ᠋ᠢᠭᠤᠯᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢᠨ ᠲᠥᠪ ᠭᠤᠤᠯᠴᠢ ᠴᠢᠨᠠᠷ᠎ᠢ ᠴᠢᠩᠭ᠋ᠠᠷᠠᠭᠤᠯᠤᠨ᠎ᠠ᠃
ᠪᠣᠳᠠᠲᠠᠶ ᠠᠵᠢᠯ᠎ᠤᠨ ᠲᠠᠯ᠎ᠠ᠎ᠪᠠᠷ᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠭᠡᠨᠡᠳᠡᠭᠦᠯᠦᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠭᠡᠨᠡᠳᠡᠭᠦᠯᠦᠨ ᠪᠠᠶ᠋ᠢᠴᠠᠭ᠋ᠠᠯᠲᠠ᠎ᠨᠢ ᠶᠡᠷᠦ᠎ᠳᠡᠭᠡᠨ ᠭᠤᠷᠪᠠᠨ ᠭᠤᠭᠴᠤᠭ᠎ᠠ ᠵᠢ ᠪᠠᠭᠲᠠᠭ᠋ᠠᠨ᠎ᠠ᠄
ᠨᠢᠭᠡ᠎ᠳᠤ ᠡᠬᠢᠯᠡᠭᠦᠯᠬᠦ᠃ ᠣᠨ᠎ᠤ ᠠᠵᠢᠯ᠎ᠤᠨ ᠲᠥᠯᠥᠪᠯᠡᠭᠡ᠂ ᠢᠯᠡᠴᠢᠯᠡᠨ ᠮᠡᠳᠡᠭᠦᠯᠦᠭᠰᠡᠨ ᠰᠦᠪᠡᠭᠴᠢ᠂ ᠣᠶᠤᠨᠴᠢ ᠬᠢᠨᠠᠨ ᠡᠵᠡᠮᠳᠡᠬᠦ ᠪᠤᠶᠤ ᠲᠣᠮᠣ ᠳ᠋ᠠᠶ᠋ᠢᠲ᠋ᠠ ᠵᠢᠨ ᠰᠢᠭᠰᠢᠨ ᠪᠠᠢ᠌ᠴᠠᠭ᠋ᠠᠭᠰᠠᠨ ᠰᠦᠪᠡᠭᠴᠢ᠂ ᠵᠠᠭᠤᠴᠢᠯᠠᠭᠤᠷ᠎ᠤᠨ ᠢᠯᠡᠴᠢᠯᠡᠭᠡ ᠵᠡᠷᠭᠡ ᠵᠢ ᠦᠨᠳᠦᠰᠦᠯᠡᠨ᠂ ᠤᠯᠤᠰ ᠪᠤᠶᠤ ᠮᠤᠵᠢ ᠵᠢᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ ᠭᠡᠨᠡᠳᠡᠭᠦᠯᠦᠨ ᠪᠠᠶ᠋ᠢᠴᠠᠭ᠋ᠠᠯᠲᠠ ᠵᠢ ᠡᠬᠢᠯᠡᠭᠦᠯᠦᠨ᠎ᠡ᠃ ᠡᠨᠡ ᠵᠢᠯ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠠᠰᠠ ᠥᠩᠭᠡᠷᠡᠭᠰᠡᠨ ᠵᠢᠯ᠎ᠤᠨ ᠠᠵᠢᠯ᠎ᠤᠨ ᠰᠠᠭᠤᠷᠢᠨ ᠳᠡᠭᠡᠷ᠎ᠡ᠂ ᠭᠤᠤᠯᠳᠠᠯᠭ᠎ᠠ᠎ᠲᠠᠢ ᠬᠦᠷᠢᠶᠡᠨ᠎ᠳᠤ ᠢᠯᠡᠷᠡᠭᠦᠯᠦᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠭᠰᠡᠨ ᠨᠡᠶ᠋ᠢᠲᠡᠯᠢᠭ ᠠᠰᠠᠭᠤᠳᠠᠯ᠎ᠢ ᠳ᠋ᠦᠩᠨᠡᠵᠦ᠂ ᠪᠥᠬᠦ ᠤᠯᠤᠰ᠎ᠤᠨ ᠬᠡᠪᠴᠢᠶᠡᠨ᠎ᠳᠤ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠥᠷᠨᠢᠭᠦᠯᠬᠦ ᠵᠢᠨ ᠬᠠᠮᠲᠤ᠂ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠤᠭᠰᠠᠨ ᠪᠠᠶ᠋ᠢᠳᠠᠯ᠎ᠢ ᠭᠡᠨᠡᠳᠡᠭᠦᠯᠦᠨ ᠪᠠᠶ᠋ᠢᠴᠠᠭ᠋ᠠᠯᠲᠠ ᠵᠢᠨ ᠭᠤᠤᠯᠳᠠᠯᠭ᠎ᠠ᠎ᠲᠠᠢ ᠠᠭᠤᠯᠭ᠎ᠠ ᠪᠣᠯᠭ᠋ᠠᠵᠤ᠂ ᠴᠡᠭ ᠲᠣᠭᠲᠠᠭ᠋ᠠᠭᠰᠠᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠵᠢᠷᠤᠮᠵᠢᠭᠤᠯᠤᠨ ᠬᠡᠷᠡᠭᠯᠡᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠎ᠪᠠᠷ ᠭᠤᠤᠯᠳᠠᠯᠭ᠎ᠠ ᠪᠣᠯᠭ᠋ᠠᠨ᠎ᠠ᠃
ᠬᠣᠶᠠᠷ᠎ᠲᠤ ᠪᠠᠢ᠌ᠴᠠᠭ᠋ᠠᠬᠤ᠃ ᠭᠡᠨᠡᠳᠡᠭᠦᠯᠦᠨ ᠪᠠᠶ᠋ᠢᠴᠠᠭ᠋ᠠᠬᠤ ᠳᠤᠭᠤᠶ᠋ᠢᠯᠠᠩ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠡᠯ᠎ᠡ ᠮᠤᠵᠢ᠎ᠳᠤ ᠵᠠᠯᠭ᠋ᠠᠭ᠎ᠠ᠎ᠪᠠᠷ ᠬᠦᠷᠴᠦ ᠲᠤᠬᠠᠶ ᠵᠢᠨ ᠲᠠᠯᠠᠪᠤᠷ᠎ᠤᠨ ᠪᠠᠶ᠋ᠢᠴᠠᠭ᠋ᠠᠯᠲᠠ ᠥᠷᠨᠢᠭᠦᠯᠵᠦ᠂ ᠲᠣᠭ᠋ᠠᠴᠢᠨ ᠲᠣᠳᠣᠷᠬᠠᠢ᠌ᠯᠠᠬᠤ ᠵᠢ ᠵᠢ ᠭᠥᠯᠢᠶᠡᠨ ᠠᠪᠴᠤ᠂ ᠨᠡᠪᠲᠡᠷᠡᠯᠴᠡᠨ ᠰᠣᠯᠢᠯᠴᠠᠵᠤ᠂ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢ ᠪᠣᠶ ᠪᠣᠯᠭ᠋ᠠᠨ᠎ᠠ᠃
ᠭᠤᠷᠪᠠ᠎ᠳᠤ ᠰᠢᠢ᠍ᠳᠪᠦᠷᠢᠯᠡᠬᠦ᠃ ᠪᠠᠶ᠋ᠢᠴᠠᠭ᠋ᠠᠭᠳᠠᠬᠤ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠭᠡᠨᠡᠳᠡᠭᠦᠯᠦᠨ ᠪᠠᠶ᠋ᠢᠴᠠᠭ᠋ᠠᠯᠲᠠ ᠵᠢᠨ ᠪᠠᠶ᠋ᠢᠳᠠᠯ᠎ᠢ ᠦᠨᠳᠦᠰᠦᠯᠡᠨ᠂ ᠰᠢᠢ᠍ᠳᠪᠦᠷᠢᠯᠡᠬᠦ ᠠᠬᠢᠴᠠ᠂ ᠴᠡᠭᠴᠡᠯᠡᠨ ᠰᠠᠶ᠋ᠢᠵᠢᠷᠠᠭᠤᠯᠬᠤ ᠲᠥᠰᠦᠯ ᠵᠶ᠋ᠠᠨ ᠮᠡᠳᠡᠭᠦᠯᠵᠦ᠂ ᠰᠢᠢ᠍ᠳᠪᠦᠷᠢᠯᠡᠵᠦ ᠪᠠᠷᠠᠭᠰᠠᠨ᠎ᠤ ᠳᠠᠷᠠᠭ᠎ᠠ ᠪᠢᠴᠢᠭ᠎ᠤᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠠᠵᠢᠯ᠎ᠤᠨ ᠳ᠋ᠦᠩᠨᠡᠯᠲᠡ ᠵᠢ ᠪᠡᠶᠡᠯᠡᠭᠦᠯᠦᠨ᠎ᠡ᠃