《2024 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠦᠯ》 (《ᠠᠵᠢᠯ᠎ᠤᠨ ᠲᠥᠰᠦᠯ》 ᠭᠡᠵᠦ ᠲᠣᠪᠴᠢᠯᠠᠨ᠎ᠠ)᠎ᠢ ᠨᠢᠭᠡᠨᠲᠡ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠰᠦᠯᠵᠢᠶ᠎ᠡ ᠪᠠ ᠣᠯᠠᠨ ᠨᠡᠢ᠌ᠲᠡ ᠵᠢᠨ ᠸᠢᠴᠠᠲ ᠲᠠᠪᠴᠠᠩ᠎ᠳᠤ ᠨᠡᠶ᠋ᠢᠲᠡᠯᠡᠵᠦ᠂ 2024 ᠣᠨ᠎ᠤ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠢ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠡᠬᠢᠯᠡᠭᠦᠯᠦᠨ᠎ᠡ᠃ ᠡᠳᠦᠭᠡ 《ᠠᠵᠢᠯ᠎ᠤᠨ ᠲᠥᠰᠦᠯ》᠎ᠤᠨ ᠲᠤᠬᠠᠶ ᠳᠣᠤᠷᠠᠬᠢ ᠮᠡᠲᠦ ᠲᠠᠶ᠋ᠢᠯᠤᠮᠵᠢ ᠬᠢᠶ᠎ᠡ᠃
ᠨᠢᠭᠡ᠂ 2024 ᠣᠨ᠎ᠤ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠬᠠᠷᠠᠯᠲᠠ ᠡᠭᠦᠷᠭᠡ᠎ᠨᠢ ᠶᠠᠭᠤ ᠪᠣᠶ?
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠡᠮ᠎ᠤᠨ ᠵᠦᠢ᠍ᠯ᠎ᠤᠨ ᠭᠠᠷᠴᠠᠭ᠎ᠢ ᠬᠥᠳᠡᠯᠦᠩᠭᠦᠢ᠎ᠪᠠᠷ ᠲᠤᠬᠢᠷᠠᠭᠤᠯᠬᠤ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠢᠶᠠᠷᠤᠯᠲᠠ ᠵᠢᠨ ᠴᠢᠳᠠᠪᠤᠷᠢ ᠪᠣᠯᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ ᠥᠷᠭᠡᠨ ᠤᠯᠠᠨ ᠳᠠᠭ᠋ᠠᠳᠬᠠᠯ᠎ᠳᠤ ᠣᠷᠣᠯᠴᠠᠭᠰᠠᠳ᠎ᠤᠨ ᠡᠮ ᠬᠡᠷᠡᠭᠯᠡᠬᠦ ᠵᠢ ᠪᠠᠲᠤᠯᠠᠬᠤ ᠬᠡᠷᠡᠭᠴᠡᠭᠡ ᠱᠠᠭ᠋ᠠᠷᠳᠠᠯᠭ᠎ᠠ ᠪᠣᠯᠤᠨ ᠰᠠᠭᠤᠷᠢ ᠮᠥᠩᠭᠦᠨ᠎ᠤ ᠲᠣᠭ᠋ᠠᠴᠠᠭ᠎ᠠ ᠬᠢᠬᠦ ᠴᠢᠳᠠᠪᠤᠷᠢ ᠵᠡᠷᠭᠡ ᠡᠯᠧᠮᠧᠨ᠋ᠲ᠎ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ 2024 ᠣᠨ᠎ᠳᠤ ᠤᠯᠤᠰ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠤᠬᠢᠷᠠᠭᠤᠯᠤᠯᠳᠠ ᠬᠢᠬᠦ ᠠᠵᠢᠯ᠎ᠢ ᠥᠷᠨᠢᠭᠦᠯᠵᠦ᠂ ᠡᠮ᠎ᠤᠨ ᠵᠦᠢ᠍ᠯ᠎ᠤᠨ ᠭᠠᠷᠴᠠᠭ᠎ᠤᠨ ᠪᠦᠲᠦᠴᠡ ᠵᠢ ᠨᠡᠩ ᠵᠦᠢ ᠵᠣᠬᠢᠰᠲᠠᠢ ᠰᠢᠯᠢᠳᠡᠭᠵᠢᠭᠦᠯᠵᠦ᠂ ᠬᠠᠮᠢᠶᠠᠷᠤᠯᠲᠠ ᠵᠢ ᠨᠡᠩ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠵᠤ᠂ ᠲᠣᠭ᠋ᠠᠴᠠᠭ᠎ᠠ ᠬᠢᠬᠦ ᠵᠢ ᠨᠡᠩ ᠲᠤᠰᠠᠲᠠᠢ ᠥᠨᠳᠥᠷ ᠪᠦᠲᠦᠮᠵᠢᠲᠡᠢ ᠪᠣᠯᠭ᠋ᠠᠵᠤ᠂ ᠪᠠᠲᠤᠯᠠᠭ᠎ᠠ ᠵᠢ ᠨᠡᠩ ᠲᠥᠪ ᠭᠤᠣᠯᠴᠢ ᠬᠦᠷᠲᠡᠭᠡᠬᠦ᠎ᠪᠠᠷ ᠴᠢᠷᠮᠠᠶ᠋ᠢᠵᠤ᠂ ᠠᠷᠠᠳ ᠤᠯᠠᠨ᠎ᠤ ᠡᠪᠡᠳᠴᠢᠨ ᠦᠵᠡᠭᠦᠯᠵᠦ ᠡᠮᠨᠡᠭᠦᠯᠬᠦ ᠬᠣᠢ᠌ᠰᠢᠳᠠ ᠵᠢᠨ ᠵᠣᠪᠠᠨᠢᠯ᠎ᠢ ᠰᠢᠢ᠍ᠳᠪᠦᠷᠢᠯᠡᠬᠦ᠎ᠳᠤ ᠬᠦᠴᠦ ᠨᠡᠮᠡᠷᠢᠯᠡᠨ᠎ᠡ᠃
ᠬᠤᠶᠠᠷ᠂ 2024 ᠣᠨ᠎ᠤ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠰᠡᠳᠬᠢᠮᠵᠢ᠎ᠨᠢ ᠶᠠᠭᠤ ᠪᠤᠢ?
ᠡᠮᠦᠨᠡᠬᠢ ᠬᠤᠭᠤᠴᠠᠭ᠋ᠠᠨ᠎ᠤ ᠭᠠᠷᠴᠠᠭ᠎ᠲᠤ ᠲᠣᠬᠢᠷᠠᠭᠤᠯᠤᠯᠲᠠ ᠬᠢᠭᠰᠡᠨ ᠠᠵᠢᠯ᠎ᠤᠨ ᠲᠤᠷᠰᠢᠯᠭ᠎ᠠ᠎ᠪᠠᠨ ᠭᠦᠨᠵᠡᠭᠡᠶ ᠳ᠋ᠦᠩᠨᠡᠭᠰᠡᠨ ᠰᠠᠭᠤᠷᠢᠨ ᠳᠡᠭᠡᠷ᠎ᠡ᠂ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠬᠤᠷᠢᠶᠠᠵᠤ᠂ ᠬᠦᠴᠦᠨ ᠵᠶ᠋ᠠᠨ ᠵᠣᠬᠢᠶᠠᠨ ᠪᠠᠶ᠋ᠢᠭᠤᠯᠤᠨ ᠨᠠᠷᠢᠨ ᠬᠢᠨᠠᠮᠠᠭ᠋ᠠᠶ ᠰᠤᠳᠤᠯᠵᠤ᠂ ᠳᠠᠬᠢᠨ ᠳᠠᠪᠲᠠᠨ ᠨᠤᠲᠠᠯᠠᠯᠲᠠ ᠬᠢᠵᠦ᠂ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠢ ᠰᠢᠨᠵᠢᠯᠡᠬᠦ ᠤᠬᠠᠭ᠋ᠠᠨᠴᠢᠯᠠᠬᠤ᠂ ᠵᠢᠷᠤᠮᠵᠢᠭᠤᠯᠬᠤ᠂ ᠨᠠᠷᠢᠯᠢᠬ᠍ᠵᠢᠭᠤᠯᠬᠤ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠡᠨᠡ ᠵᠢᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠳᠤ ᠲᠣᠭᠲᠠᠭᠤᠨ ᠪᠠᠶ᠋ᠢᠯᠭ᠋ᠠᠬᠤ ᠵᠢ ᠲᠡᠷᠢᠭᠦᠨ᠎ᠳᠤ ᠲᠠᠯᠪᠢᠬᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ᠎ᠢ ᠦᠷᠭᠦᠯᠵᠢᠯᠡᠨ ᠪᠠᠷᠢᠮᠲᠠᠯᠠᠵᠤ᠂ 《ᠦᠨᠳᠦᠰᠦᠨ ᠵᠦᠢ᠍ᠯ᠎ᠢ ᠪᠠᠲᠤᠯᠠᠬᠤ》 ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠴᠢᠳᠠᠯ᠎ᠤᠨ ᠬᠢᠷᠢ᠎ᠪᠠᠷ ᠵᠶ᠋ᠠᠨ ᠴᠢᠷᠮᠠᠶ᠋ᠢᠵᠤ᠂ ᠴᠢᠳᠠᠯ᠎ᠤᠨ ᠬᠢᠷᠢ᠎ᠪᠠᠷ ᠵᠶ᠋ᠠᠨ ᠬᠢᠵᠦ᠂ ᠡᠮ᠎ᠤᠨ ᠵᠦᠢ᠍ᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠠᠵᠤ ᠠᠬᠤᠶ ᠪᠠ ᠡᠳ᠋᠎ᠤᠨ ᠬᠦᠴᠦᠨ᠎ᠤ ᠲᠤᠯᠭ᠋ᠠᠭᠤᠷᠢᠯᠠᠬᠤ ᠴᠢᠳᠠᠪᠤᠷᠢ ᠵᠢᠨ ᠰᠠᠭᠤᠷᠢᠨ ᠳᠡᠭᠡᠷ᠎ᠡ ᠪᠠᠶ᠋ᠢᠭᠤᠯᠤᠨ᠎ᠠ᠃ ᠡᠭᠦᠨ᠎ᠤ ᠬᠠᠮᠲᠤ᠂ ᠡᠮ᠎ᠤᠨ ᠵᠦᠢ᠍ᠯ᠎ᠤᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠪᠠᠶ᠋ᠢᠳᠠᠯ᠎ᠢ ᠬᠢᠨᠠᠨ ᠬᠡᠮᠵᠢᠬᠦ ᠪᠠ ᠬᠠᠮᠢᠶᠠᠷᠬᠤ ᠵᠢ ᠨᠠᠩ ᠠᠩᠬᠠᠷᠴᠤ᠂ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠪᠣᠯᠤᠮᠵᠢᠲᠤ ᠴᠢᠨᠠᠷ᠎ᠢ ᠳᠡᠭᠡᠭᠰᠢᠯᠡᠭᠦᠯᠦᠨ᠎ᠡ᠃ ᠲᠥᠷᠥᠯ ᠵᠦᠢ᠍ᠯ ᠶᠡᠷᠦᠩᠬᠡᠶ᠎ᠳᠡᠭᠡᠨ ᠲᠣᠭᠲᠠᠭᠤᠨ᠂ ᠵᠥᠪᠰᠢᠶᠡᠷᠡᠨ ᠣᠷᠣᠭᠤᠯᠬᠤ ᠨᠥᠬᠥᠴᠡᠯ ᠪᠠ ᠠᠵᠢᠯ᠎ᠤᠨ ᠴᠤᠪᠤᠷᠠᠯ᠎ᠢ ᠦᠨᠳᠦᠰᠦᠨ᠎ᠳᠡᠭᠡᠨ ᠬᠤᠪᠢᠷᠠᠭᠤᠯᠬᠤ ᠦᠭᠡᠶ ᠪᠠᠶ᠋ᠢᠬᠤ ᠵᠢ ᠪᠠᠲᠤᠯᠠᠭᠰᠠᠨ ᠤᠷᠢᠲᠠᠯ ᠳᠣᠤᠷ᠎ᠠ᠂ ᠬᠢᠨᠠᠨ ᠲᠣᠭᠲᠠᠭ᠋ᠠᠬᠤ᠂ ᠲᠥᠰᠦᠭᠡᠯᠡᠨ ᠪᠣᠳᠣᠬᠤ ᠵᠡᠷᠭᠡ ᠪᠣᠳᠠᠲᠠᠶ ᠳᠦᠷᠢᠮ᠎ᠢ ᠦᠷᠭᠦᠯᠵᠢᠯᠡᠨ ᠵᠢᠷᠤᠮᠵᠢᠭᠤᠯᠤᠨ᠎ᠠ᠃
ᠭᠤᠷᠪᠠ᠂ ᠥᠩᠭᠡᠷᠡᠭᠰᠡᠨ ᠵᠢᠯ᠎ᠤᠳ᠎ᠲᠠᠢ ᠬᠠᠷᠢᠴᠠᠭᠤᠯᠪᠠᠯ᠂ 《ᠠᠵᠢᠯ᠎ᠤᠨ ᠲᠥᠰᠥᠯ》᠎ᠳᠤ ᠶᠠᠮᠠᠷ ᠶᠠᠮᠠᠷ ᠪᠣᠳᠠᠲᠠᠢ ᠬᠤᠪᠢᠷᠠᠯᠲᠠ ᠭᠠᠷᠤᠭᠰᠠᠨ ᠪᠣᠢ?
ᠥᠩᠭᠡᠷᠡᠭᠰᠡᠨ ᠵᠢᠯ᠎ᠤᠨ ᠲᠤᠷᠰᠢᠯᠭ᠎ᠠ ᠵᠢᠨ ᠰᠠᠭᠤᠷᠢᠨ ᠳᠡᠭᠡᠷ᠎ᠡ᠂ ᠡᠨᠡ ᠵᠢᠯ 《ᠠᠵᠢᠯ᠎ᠤᠨ ᠲᠥᠰᠦᠯ》᠎ᠳᠤ ᠪᠠᠭ᠎ᠠ ᠬᠡᠮᠵᠢᠶᠡᠨ᠎ᠤ ᠲᠣᠬᠢᠷᠠᠭᠤᠯᠤᠯᠲᠠ ᠬᠢᠪᠡ᠃ ᠡᠭᠦᠨ᠎ᠳᠤ ᠭᠤᠤᠯᠳᠠᠭᠤ ᠳᠣᠤᠷᠠᠬᠢ ᠭᠤᠷᠪᠠᠨ ᠲᠠᠯ᠎ᠠ ᠵᠢ ᠪᠠᠭᠲᠠᠭ᠋ᠠᠨ᠎ᠠ᠄ ᠨᠢᠭᠡ᠎ᠳᠤ ᠭᠤᠶᠤᠴᠢᠯᠠᠨ ᠮᠡᠳᠡᠭᠦᠯᠬᠦ ᠨᠥᠬᠦᠴᠡᠯ᠎ᠤᠨ ᠲᠠᠯ᠎ᠠ᠎ᠪᠠᠷ᠃ᠳᠦᠷᠢᠮ ᠶᠣᠰᠣᠭ᠋ᠠᠷ ᠡᠮ᠎ᠤᠨ ᠵᠦᠢ᠍ᠯ᠎ᠤᠨ ᠵᠥᠪᠰᠢᠶᠡᠷᠡᠯ ᠣᠯᠣᠭᠰᠠᠨ ᠪᠠ ᠵᠣᠬᠢᠴᠠᠬᠤ ᠭᠡᠮ᠎ᠳᠤ ᠵᠠᠰᠠᠪᠤᠷᠢ ᠣᠷᠣᠭᠤᠯᠤᠭᠰᠠᠨ ᠴᠠᠭ᠎ᠤᠨ ᠱᠠᠭ᠋ᠠᠷᠳᠠᠯᠭ᠎ᠠ ᠵᠢ ᠤᠷᠲᠤᠳᠬᠠᠵᠤ᠂ 2019 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠬᠤᠶ᠋ᠢᠰᠢ ᠵᠠᠬ᠎ᠠ ᠳᠡᠯᠭᠡᠭᠦᠷ᠎ᠲᠤ ᠭᠠᠷᠭ᠋ᠠᠬᠤ᠎ᠪᠠᠷ ᠵᠥᠪᠰᠢᠶᠡᠷᠡᠭᠳᠡᠭᠰᠡᠨ ᠪᠤᠶᠤ ᠵᠣᠬᠢᠴᠠᠬᠤ ᠭᠡᠮ᠎ᠳᠤ ᠵᠠᠰᠠᠪᠤᠷᠢ ᠣᠷᠣᠭᠤᠯᠤᠭᠰᠠᠨ ᠡᠮ᠎ᠤᠨ ᠵᠦᠢ᠍ᠯ ᠭᠤᠶᠤᠴᠢᠯᠠᠨ ᠮᠡᠳᠡᠭᠦᠯᠵᠦ ᠪᠣᠯᠣᠨ᠎ᠠ᠃ ᠬᠤᠶᠠᠷ᠎ᠲᠤ ᠰᠢᠯᠵᠢᠭᠦᠯᠦᠨ ᠭᠠᠷᠭ᠍ᠠᠬᠤ ᠲᠥᠷᠥᠯ ᠵᠦᠢ᠍ᠯ᠎ᠤᠨ ᠬᠦᠷᠢᠶ᠎ᠡ ᠬᠡᠪᠴᠢᠶᠡᠨ᠎ᠤ ᠲᠠᠯ᠎ᠠ᠎ᠪᠠᠷ᠃ ᠣᠶ᠋ᠢᠷ᠎ᠠ ᠵᠢᠨ 3 ᠵᠢᠯ᠎ᠳᠤ ᠡᠮᠴᠢᠯᠡᠭᠡᠨ᠎ᠤ ᠳᠠᠭ᠋ᠠᠳᠬᠠᠯ᠎ᠤᠨ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠬᠠᠩᠭ᠋ᠠᠭᠰᠠᠨ ᠦᠭᠡᠢ ᠬᠡᠪ᠎ᠤᠨ ᠭᠠᠷᠴᠠᠭ᠎ᠤᠨ ᠡᠮ᠎ᠤᠨ ᠵᠦᠢ᠍ᠯ᠂ ᠵᠢᠴᠢ ᠬᠡᠯᠡᠯᠴᠡᠭᠡᠷ᠎ᠲᠤ ᠪᠣᠯᠵᠣᠨ ᠲᠣᠭᠲᠠᠭᠰᠠᠨ ᠶᠣᠰᠣᠭ᠋ᠠᠷ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠭᠰᠠᠨ ᠦᠭᠡᠢ ᠬᠡᠯᠡᠯᠴᠡᠭᠡᠷ᠎ᠤᠨ ᠡᠮ᠎ᠤᠨ ᠵᠦᠢ᠍ᠯ᠎ᠢ ᠭᠤᠣᠯᠳᠠᠯᠭ᠎ᠠ᠎ᠳᠤ ᠪᠣᠳᠣᠯᠬᠢᠯᠠᠬᠤ ᠪᠠᠢ᠌ᠳᠠᠯ᠎ᠳᠤ ᠵᠢᠭᠰᠠᠭ᠋ᠠᠨ ᠣᠷᠣᠭᠤᠯᠵᠤ᠂ ᠬᠠᠩᠭ᠋ᠠᠯᠭ᠎ᠠ ᠵᠢᠨ ᠪᠠᠲᠤᠯᠠᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠭᠤᠷᠪᠠ᠎ᠳᠤ ᠲᠤᠰᠬᠠᠶ ᠮᠡᠷᠭᠡᠵᠢᠯᠲᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ ᠲᠤᠰᠬᠠᠶ ᠮᠡᠷᠭᠡᠵᠢᠯᠲᠡᠨ᠎ᠤ ᠣᠷᠣᠯᠴᠠᠬᠤ ᠳᠦᠷᠢᠮ ᠪᠣᠯᠤᠨ ᠰᠢᠯᠢᠨ ᠰᠣᠩᠭᠣᠬᠤ ᠪᠠᠷᠢᠮᠵᠢᠶ᠎ᠠ ᠵᠢᠨ ᠨᠥᠬᠥᠴᠡᠯ᠎ᠢ ᠲᠣᠳᠣᠷᠬᠠᠶ᠋ᠢᠯᠠᠵᠤ᠂ ᠲᠤᠰᠬᠠᠶ ᠮᠡᠷᠭᠡᠵᠢᠯᠲᠡᠨ᠎ᠤ ᠲᠤᠰᠬᠠᠶ ᠮᠡᠷᠭᠡᠵᠢᠯ᠎ᠤᠨ ᠪᠣᠯᠪᠠᠰᠤᠷᠠᠯ ᠪᠣᠯᠤᠨ ᠵᠢᠯᠣᠭᠣᠳᠣᠯᠭ᠎ᠠ ᠵᠢ ᠴᠢᠩᠭ᠋ᠠᠳᠬᠠᠨ᠂ ᠬᠢᠨᠠᠨ ᠲᠣᠭᠲᠠᠭ᠋ᠠᠵᠤ ᠲᠥᠰᠦᠭᠡᠯᠡᠨ ᠪᠣᠳᠣᠬᠤ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠵᠢᠷᠤᠮᠵᠢᠯᠳᠤ ᠴᠢᠨᠠᠷ᠎ᠢ ᠳᠡᠭᠡᠭᠰᠢᠯᠡᠭᠦᠯᠦᠨ᠎ᠡ᠃ ᠲᠤᠰᠬᠠᠢ ᠮᠡᠷᠭᠡᠵᠢᠯᠲᠡᠨ᠎ᠤ ᠲᠥᠪ ᠭᠣᠣᠯᠴᠢ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠠᠮᠠᠯᠠᠯᠲᠠ᠂ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ᠂ ᠭᠠᠳᠠᠭᠰᠢ ᠤᠬᠠᠭᠤᠯᠭ᠎ᠠ ᠵᠡᠷᠭᠡ ᠲᠣᠭᠲᠠᠭ᠋ᠠᠯ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
ᠲᠦᠷᠪᠡ᠂ ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠪᠣᠳᠣᠯᠬᠢᠯᠠᠯ ᠪᠠᠶ᠋ᠢᠬᠤ ᠪᠤᠢ?
ᠡᠮ᠎ᠤᠨ ᠵᠦᠢ᠍ᠯ᠎ᠢ ᠬᠡᠯᠡᠯᠴᠡᠭᠡᠷ ᠵᠶ᠋ᠡᠷ ᠳᠠᠮᠵᠢᠭᠤᠯᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ᠎ᠲᠤ ᠣᠷᠣᠭᠤᠯᠬᠤ᠎ᠨᠢ᠂ ᠭᠠᠷᠴᠠᠭ᠎ᠲᠤ ᠲᠣᠬᠢᠷᠠᠭᠤᠯᠤᠯᠲᠠ ᠬᠢᠬᠦ ᠵᠢᠨ ᠡᠴᠦᠰ᠎ᠤᠨ ᠴᠡᠭ ᠪᠢᠰᠢ᠂ ᠬᠠᠷᠢᠨ ᠡᠬᠢᠯᠡᠯᠲᠡ ᠵᠢᠨ ᠴᠡᠭ ᠮᠥᠨ᠂ ᠡᠴᠦᠰ᠎ᠤᠨ ᠬᠠᠷᠠᠯᠲᠠ ᠪᠣᠯ ᠳᠠᠭ᠋ᠠᠳᠬᠠᠯ᠎ᠳᠤ ᠣᠷᠣᠯᠴᠠᠭᠰᠠᠳ᠎ᠲᠤ ᠬᠤᠳᠠᠯᠳᠤᠨ ᠠᠪᠤᠭᠤᠯᠵᠤ ᠳᠡᠢ᠌ᠯᠬᠦ᠂ ᠬᠡᠷᠡᠭᠯᠡᠭᠦᠯᠵᠦ ᠳᠡᠶ᠋ᠢᠯᠬᠦ᠂ ᠳᠠᠩᠰᠠ ᠴᠠᠢ᠌ᠷᠠᠭᠤᠯᠵᠤ ᠳᠡᠶ᠋ᠢᠯᠬᠦ ᠶᠠᠪᠤᠳᠠᠯ ᠪᠣᠯᠤᠨ᠎ᠠ᠃ ᠲᠣᠰ ᠤᠳᠠᠭ᠋ᠠᠨ᠎ᠤ ᠭᠠᠷᠴᠠᠭ᠎ᠲᠤ ᠲᠣᠬᠢᠷᠠᠭᠤᠯᠤᠯᠲᠠ ᠬᠢᠭᠰᠡᠨ᠎ᠨᠢ᠂ ᠰᠢᠯᠵᠢᠭᠦᠯᠦᠨ ᠭᠠᠷᠭ᠋ᠠᠭᠰᠠᠨ ᠪᠠᠶ᠋ᠢᠳᠠᠯ᠎ᠳᠤ ᠬᠡᠯᠡᠯᠴᠡᠭᠡᠷ᠎ᠲᠤ ᠪᠣᠯᠵᠣᠨ ᠲᠣᠭᠲᠠᠭᠰᠠᠨ ᠶᠣᠰᠣᠭ᠋ᠠᠷ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠭᠰᠠᠨ ᠦᠭᠡᠢ ᠬᠡᠯᠡᠯᠴᠡᠭᠡᠷ᠎ᠤᠨ ᠡᠮ᠎ᠤᠨ ᠵᠦᠢ᠍ᠯ᠎ᠠᠴᠠ ᠭᠠᠳᠠᠨ᠎ᠠ᠂ ᠡᠨᠡ ᠵᠢᠯ᠎ᠤᠨ ᠬᠡᠯᠡᠯᠴᠡᠭᠡᠷ᠎ᠤᠨ ᠪᠢᠴᠢᠭ᠎ᠲᠤ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠲᠤᠬᠠᠶ ᠵᠦᠢ᠍ᠯ ᠵᠤᠷᠪᠤᠰ᠎ᠢ ᠨᠡᠮᠡᠭᠳᠡᠭᠦᠯᠬᠦ ᠵᠢᠨ ᠬᠠᠮᠲᠤ ᠰᠢᠯᠭ᠋ᠠᠨ ᠦᠨᠡᠯᠡᠬᠦ ᠬᠠᠮᠢᠶᠠᠷᠤᠯᠲᠠ᠎ᠳᠤ ᠣᠷᠣᠭᠤᠯᠵᠤ᠂ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠬᠡᠯᠡᠯᠴᠡᠭᠡ ᠬᠢᠵᠦ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ᠎ᠲᠤ ᠣᠷᠣᠭᠤᠯᠤᠭᠰᠠᠨ᠎ᠤ ᠳᠠᠷᠠᠭ᠎ᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠰᠠᠶ᠋ᠢᠲᠤᠷ ᠪᠠᠲᠤᠯᠠᠬᠤ ᠵᠢ ᠰᠢᠪᠠᠳᠠᠨ᠎ᠠ᠂ ᠡᠭᠦᠨ᠎ᠤ ᠤᠯᠠᠮ᠎ᠠᠴᠠ ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠷᠬᠡ ᠠᠰᠢᠭ᠎ᠢ ᠨᠠᠩ ᠰᠠᠶ᠋ᠢᠲᠤᠷ ᠪᠠᠲᠤᠯᠠᠨ᠎ᠠ᠃
ᠲᠠᠪᠤ᠂ ᠡᠨᠡ ᠵᠢᠯ᠎ᠤᠨ ᠭᠡᠷ᠎ᠡ ᠵᠢ ᠦᠷᠭᠦᠯᠵᠢᠯᠡᠭᠦᠯᠬᠦ ᠳᠦᠷᠢᠮ ᠪᠠ ᠦᠨ᠎ᠡ ᠬᠠᠶᠠᠯᠴᠠᠬᠤ ᠳᠦᠷᠢᠮ᠎ᠳᠤ ᠬᠤᠪᠢᠷᠠᠯᠲᠠ ᠭᠠᠷᠤᠭᠰᠠᠨ ᠤᠤ?
ᠠᠵᠤ ᠠᠬᠤᠶ᠋ᠢᠯᠠᠯ᠎ᠤᠨ ᠵᠢᠱ᠌ᠢᠯᠲᠡ ᠵᠢ ᠲᠣᠭᠲᠠᠪᠤᠷᠢᠵᠢᠭᠤᠯᠬᠤ ᠵᠢᠨ ᠲᠥᠯᠥᠭᠡ᠂ ᠡᠨᠡ ᠵᠢᠯ᠎ᠤᠨ ᠭᠡᠷ᠎ᠡ ᠵᠢ ᠦᠷᠭᠦᠯᠵᠢᠯᠡᠬᠦ ᠳᠦᠷᠢᠮ ᠪᠣᠯᠣᠨ ᠦᠨ᠎ᠡ ᠬᠠᠶᠠᠯᠴᠠᠬᠤ ᠳᠦᠷᠢᠮ᠎ᠨᠢ ᠥᠩᠭᠡᠷᠡᠭᠰᠡᠨ ᠵᠢᠯ᠎ᠤᠨ᠎ᠬᠢ᠎ᠲᠠᠢ ᠦᠨᠳᠦᠰᠦᠨ᠎ᠳᠡᠭᠡᠨ ᠨᠢᠭᠡᠳᠦᠯᠲᠡᠶ᠃ ᠨᠢᠭᠡᠳᠦᠭᠡᠷ ᠪᠦᠯᠦᠭ ᠦᠨ᠎ᠡ ᠬᠠᠶᠠᠯᠴᠠᠬᠤ ᠲᠥᠷᠥᠯ ᠵᠦᠢ᠍ᠯ᠎ᠤᠨ ᠥᠭᠬᠦ ᠪᠠᠷᠢᠮᠵᠢᠶ᠎ᠠ ᠵᠢᠨ ᠬᠦᠴᠦᠨ᠎ᠲᠠᠢ ᠬᠤᠭᠤᠴᠠᠭ᠎ᠠ᠎ᠨᠢ ᠡᠨᠡ ᠵᠢᠯ᠎ᠤᠨ 12 ᠳ᠋ᠤᠭ᠋ᠠᠷ ᠰᠠᠷ᠎ᠠ ᠵᠢᠨ 31᠎ᠤ ᠡᠳᠦᠷ ᠲᠤᠯᠤᠨ᠎ᠠ᠂ ᠡᠨᠡ ᠵᠢᠯ᠎ᠤᠨ ᠦᠨ᠎ᠡ ᠬᠠᠶᠠᠯᠴᠠᠬᠤ ᠳᠦᠷᠢᠮ ᠳᠣᠲᠣᠷ᠎ᠠ ᠲᠣᠭ᠋ᠠᠴᠠᠭ᠎ᠠ ᠬᠢᠬᠦ ᠪᠠᠷᠢᠮᠵᠢᠶ᠎ᠠ ᠵᠢᠨ ᠬᠦᠴᠦᠨ᠎ᠲᠠᠢ ᠬᠤᠭᠤᠴᠠᠭ᠎ᠠ᠎ᠨᠢ ᠲᠤᠯᠤᠭᠰᠠᠨ ᠲᠥᠷᠥᠯ ᠵᠦᠢ᠍ᠯ᠎ᠢ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ᠎ᠪᠠᠷ ᠳᠠᠮᠵᠢᠭᠤᠯᠤᠨ ᠡᠩ᠎ᠤᠨ ᠭᠠᠷᠴᠠᠭ᠎ᠤᠨ ᠬᠠᠮᠢᠶᠠᠷᠤᠯᠲᠠ᠎ᠳᠤ ᠣᠷᠣᠭᠤᠯᠬᠤ ᠲᠤᠬᠠᠶ ᠥᠭᠦᠯᠡᠯᠲᠡ ᠵᠢ ᠨᠡᠮᠡᠵᠦ᠂ ᠳᠦᠷᠢᠮ᠎ᠢ ᠨᠡᠩ ᠲᠡᠭᠦᠯᠳᠡᠷᠵᠢᠭᠦᠯᠪᠡ᠃
ᠵᠢᠷᠭᠤᠭ᠎ᠠ᠂ ᠡᠨᠡ ᠵᠢᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠴᠠᠭ᠎ᠢ ᠬᠡᠷᠬᠢᠨ ᠲᠣᠬᠢᠷᠠᠭᠤᠯᠬᠤ ᠪᠣᠶ?
《ᠠᠵᠢᠯ᠎ᠤᠨ ᠲᠥᠰᠦᠯ》᠎ᠢ ᠦᠨᠳᠦᠰᠦᠯᠡᠪᠡᠯ᠂ ᠡᠨᠡ ᠵᠢᠯ᠎ᠤᠨ ᠠᠵᠢᠯ᠎ᠤᠨ ᠶᠠᠪᠤᠴᠠ ᠵᠢ ᠮᠥᠨ ᠬᠦ᠌ ᠪᠡᠯᠡᠳᠬᠡᠯ᠂ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ᠂ ᠬᠡᠯᠡᠯᠴᠡᠭᠡ ᠬᠢᠬᠦ᠂ ᠦᠷ᠎ᠡ ᠳ᠋ᠦᠩ᠎ᠢ ᠨᠡᠢ᠌ᠲᠡᠯᠡᠬᠦ ᠵᠡᠷᠭᠡ 5 ᠱᠠᠲᠤ ᠬᠤᠪᠢᠶᠠᠨ᠎ᠠ᠃ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠭᠤᠶᠤᠴᠢᠯᠠᠨ ᠮᠡᠳᠡᠭᠦᠯᠵᠦ᠂ 11 ᠳ᠋ᠦ᠍ᠭᠡᠷ ᠰᠠᠷ᠎ᠠ᠎ᠳᠤ ᠬᠡᠯᠡᠯᠴᠡᠭᠡ ᠵᠢ ᠪᠡᠶᠡᠯᠡᠭᠦᠯᠬᠦ ᠵᠢᠨ ᠬᠠᠮᠲᠤ ᠦᠷ᠎ᠡ ᠳ᠋ᠦᠩ᠎ᠢ ᠨᠡᠶ᠋ᠢᠲᠡᠯᠡᠬᠦ᠎ᠪᠠᠷ ᠴᠢᠷᠮᠠᠶ᠋ᠢᠨ᠎ᠠ᠃