ᠣᠢᠷ᠎ᠠ᠎ᠳᠤ᠂ ᠤᠯᠤᠰ᠎ᠤᠨ ᠡᠮᠴᠢᠯᠡᠭᠡᠨ᠎ᠦ᠌ ᠳᠠᠭᠠᠳᠭᠠᠯ᠎ᠤᠨ ᠲᠣᠪᠴᠢᠶ᠎ᠠ《ᠰᠢᠩᠭᠡᠭᠡᠯᠲᠡ᠎ᠶᠢᠨ ᠰᠢᠰᠲᠧᠮ᠎ᠤᠨ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》 ᠪᠠ 《ᠢᠪᠡᠷᠬᠡᠢ᠂ ᠬᠥᠬᠡ ᠰᠦᠨᠦ᠌ ᠲᠥᠷᠥᠯ᠎ᠤᠨ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》᠎ᠢ ᠳᠠᠷᠤᠮᠠᠯᠯᠠᠨ ᠲᠠᠷᠬᠠᠭᠠᠵᠤ᠂ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠣᠨᠣᠱᠢᠯᠠᠨ ᠡᠮᠨᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ᠂ ᠦᠨ᠎ᠡ ᠪᠣᠳᠣᠵᠤ ᠰᠦᠢᠳᠭᠡᠯ ᠬᠤᠷᠢᠶᠠᠬᠤ ᠵᠢᠷᠤᠮᠵᠢᠯᠳᠤ ᠴᠢᠨᠠᠷ᠎ᠢ ᠳᠡᠭᠡᠭᠰᠢᠯᠡᠭᠦᠯᠪᠡ᠃
ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠦᠷᠦᠯ ᠵᠦᠢ᠍ᠯ᠎ᠢ ᠵᠢᠷᠤᠮᠵᠢᠭᠤᠯᠤᠨ ᠨᠡᠢᠯᠡᠭᠦᠯᠵᠦ᠍᠂ ᠪᠠᠷᠢᠮᠵᠢᠶᠠᠵᠢᠭ᠍ᠰᠠᠨ ᠰᠦᠢᠳᠭᠡᠯ ᠬᠤᠷᠢᠶᠠᠬᠤ᠎ᠶ᠋ᠢ ᠲᠦᠯᠬᠢᠨ ᠠᠬᠢᠭᠤᠯᠤᠨ᠎ᠠ
ᠢᠳᠡᠭᠡᠨ ᠠᠮᠠᠨ᠎ᠤ ᠬᠥᠨᠳᠡᠢ᠎ᠪᠡᠷ ᠤᠷᠤᠵᠦ ᠳᠠᠬᠢᠨ ᠪᠡᠶ᠎ᠡ᠎ᠡᠴᠡ ᠭᠠᠳᠠᠭᠰᠢᠯᠠᠬᠤ ᠬᠦᠷᠲᠡᠯ᠎ᠡ᠂ ᠭᠣᠭᠴᠣᠭ᠎ᠠ ᠨᠢᠭᠡᠪᠦᠷᠢ ᠨᠢ ᠴᠥᠮ ᠰᠢᠩᠭᠡᠭᠡᠯᠲᠡ᠎ᠶᠢᠨ ᠰᠢᠰᠲᠧᠮ᠎ᠦᠨ ᠡᠷᠡᠭᠦᠯ ᠡᠷᠭᠢᠯᠲᠡ᠎ᠳᠦ ᠲᠦᠰᠢᠭᠯᠡᠵᠦ ᠪᠠᠢᠳᠠᠭ ᠂ ᠤᠴᠢᠷ ᠨᠢ ᠰᠢᠩᠭᠡᠭᠡᠯᠲᠡ᠎ᠶᠢᠨ ᠰᠢᠰᠲᠧᠮ᠎ᠳᠦ ᠡᠷᠬᠡᠲᠡᠨ ᠣᠯᠠᠨ ᠂ ᠰᠦᠯᠵᠢᠶ᠎ᠡ ᠪᠤᠳᠤᠯᠢᠶᠠᠨᠲᠠᠢ ᠂ ᠬᠣᠯᠪᠣᠭᠳᠠᠬᠤ ᠡᠮᠴᠢᠯᠡᠭᠡᠨ᠎ᠦ ᠮᠡᠷᠭᠡᠵᠢᠯ ᠴᠦ᠍ ᠪᠤᠳᠤᠯᠢᠶᠠᠨᠲᠠᠢ ᠪᠠᠢᠳᠠᠭ᠃ ᠲᠣᠰ ᠤᠳᠠᠭᠠᠨ᠎ᠤ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ ᠡᠮᠴᠢᠯᠡᠭᠡᠨ᠎ᠤ ᠦᠢᠯᠡᠳᠦᠯᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠣᠯᠠᠨ ᠡᠭᠡᠯᠵᠢ᠎ᠶ᠋ᠢᠨ ᠲᠤᠰᠭᠠᠶ ᠮᠡᠷᠭᠡᠵᠢᠯᠲᠡᠨ᠎ᠢᠶᠠᠷ ᠨᠤᠲᠠᠯᠠᠭᠤᠯᠬᠤ᠂ ᠥᠷᠭᠡᠨ᠎ᠢᠶᠠᠷ ᠰᠠᠨᠠᠯ ᠬᠤᠷᠢᠶᠠᠬᠤ᠎ᠪᠠᠷ ᠳᠠᠮᠵᠢᠭᠤᠯᠤᠨ᠂ ᠦᠢᠯᠡᠴᠢᠯᠡᠭᠡᠨ᠎ᠤ ᠦᠢᠯᠡᠳᠪᠦᠷᠢᠯᠡᠯ᠎ᠳᠤ ᠰᠠᠭᠤᠷᠢᠯᠠᠭ᠍ᠰᠠᠨ ᠱᠢᠨᠵᠢᠯᠡᠬᠦ᠌ ᠤᠬᠠᠭᠠᠨᠴᠢ ᠲᠥᠷᠥᠯ ᠵᠦᠢᠯ ᠲᠣᠭ᠍ᠲᠠᠭᠠᠬᠤ ᠯᠣᠭᠢᠭ᠎ᠤᠨ ᠪᠣᠷᠣ ᠲᠥᠯᠥᠪ᠎ᠢ ᠦᠢᠯᠡᠳᠦᠯᠭᠡᠵᠢᠭᠦᠯᠪᠡ᠃ ᠵᠢᠱ᠌ᠢᠶᠡᠯᠡᠪᠡᠯ᠂ ᠵᠠᠷᠢᠮ ᠵᠠᠯᠭᠢᠬᠤ ᠴᠢᠳᠠᠪᠤᠷᠢ ᠨᠢ ᠬᠦᠴᠢᠷᠲᠡᠢ ᠡᠪᠡᠳᠴᠢᠲᠡᠨ᠎ᠳᠦ ᠰᠢᠩᠭᠡᠭᠡᠯᠲᠡ᠎ᠶᠢᠨ ᠵᠠᠮ᠎ᠤᠨ ᠳᠠᠷᠤᠯᠲᠠ᠎ᠶᠢᠨ ᠬᠡᠮᠵᠢᠯᠲᠡ ᠬᠢᠬᠦ ᠴᠢᠬᠤᠯᠠᠲᠠᠢ᠂ ᠣᠣᠯ ᠨᠢ ᠬᠣᠰᠬᠢᠨᠠᠭ᠎ᠤᠨ ᠰᠦᠪᠡ᠎ᠶᠢᠨ ᠬᠣᠰᠬᠢᠨᠠᠭ᠎ᠤᠨ ᠳᠠᠷᠤᠯᠲᠠ᠎ᠶᠢᠨ ᠬᠡᠮᠵᠢᠯᠲᠡ᠂ ᠤᠯᠠᠭᠠᠨ ᠬᠣᠭᠣᠯᠠᠢ᠎ᠶᠢᠨ ᠳᠠᠷᠤᠯᠲᠠ᠎ᠶᠢᠨ ᠬᠡᠮᠵᠢᠯᠲᠡ᠂ 24 ᠴᠠᠭ᠎ᠤᠨ ᠬᠣᠳᠣᠭᠣᠳᠤ ᠭᠡᠳᠡᠰᠦᠨ᠎ᠦ ᠳᠠᠷᠤᠯᠲᠠ᠎ᠶᠢᠨ ᠪᠠᠢᠴᠠᠭᠠᠯᠲᠠ᠂ ᠤᠳᠢᠰᠤᠨ ᠬᠤᠨᠢᠬᠤ ᠪᠤᠯᠴᠢᠩ᠎ᠤᠨ ᠳᠠᠷᠤᠯᠲᠠ᠎ᠶᠢᠨ ᠬᠡᠮᠵᠢᠯᠲᠡ᠂ ᠬᠣᠳᠣᠭᠣᠳᠤᠨ ᠮᠤᠬᠤᠷ᠎ᠤᠨ ᠨᠤᠭᠤᠯᠤᠭᠤᠷ ᠭᠡᠳᠡᠰᠦᠨ᠎ᠦ ᠳᠠᠷᠤᠯᠲᠠ᠎ᠶᠢᠨ ᠬᠡᠮᠵᠢᠯᠲᠡ ᠵᠡᠷᠭᠡ᠂ ᠲᠤᠰ ᠤᠳᠠᠭᠠᠨ᠎ᠤ ᠰᠡᠳᠦᠪ ᠲᠣᠭᠲᠠᠭᠠᠬᠤ ᠵᠢᠭᠠᠯᠲᠠ᠎ᠳᠤ ᠲᠡᠭᠦᠨ᠎ᠢ ᠨᠡᠢᠯᠡᠭᠦᠯᠦᠭᠡᠳ 《 ᠰᠢᠩᠭᠡᠭᠡᠯᠲᠡ᠎ᠶᠢᠨ ᠵᠠᠮ᠎ᠤᠨ ᠳᠠᠷᠤᠯᠲᠠ ᠶᠢ ᠬᠡᠮᠵᠢᠨ ᠲᠣᠭᠲᠠᠭᠠᠬᠤ ᠵᠠᠷᠤᠳᠠᠯ 》 ᠪᠣᠯᠭᠠᠵᠤ᠂ ᠡᠭᠦᠨ᠎ᠦ ᠬᠠᠮᠲᠤ ᠨᠢᠭᠡᠳᠦᠯᠲᠡᠢ ᠦᠨ᠎ᠡ ᠪᠤᠳᠤᠬᠤ ᠨᠢᠭᠡᠴᠢ ᠨᠢ 《ᠲᠦᠷᠦᠯ ᠵᠦᠢ᠍ᠯ》 ᠪᠣᠯᠣᠨ᠎ᠠ᠂ ᠠᠳᠠᠯᠢ ᠪᠤᠰᠤ ᠳᠠᠷᠤᠯᠲᠠ᠎ᠶᠢ ᠬᠡᠮᠵᠢᠬᠦ᠎ᠳᠦ ᠲᠤᠰ ᠲᠥᠷᠥᠯ ᠵᠦᠢᠯ᠎ᠦᠨ ᠶᠣᠰᠣᠭᠠᠷ ᠰᠦᠢᠳᠬᠡᠯ ᠬᠤᠷᠢᠶᠠᠵᠤ ᠪᠣᠯᠣᠨ᠎ᠠ᠂ ᠡᠭᠦᠨ᠎ᠦ ᠵᠡᠷᠭᠡ᠎ᠳᠦ 《 ᠠᠳᠠᠯᠢ ᠨᠢᠭᠡ ᠵᠠᠮ᠎ᠢᠶᠠᠷ ᠶᠠᠪᠤᠵᠤ ᠠᠳᠠᠯᠢ ᠨᠢᠭᠡ ᠴᠠᠭ᠎ᠲᠤ ᠠᠵᠢᠯᠯᠠᠪᠠᠯ ᠨᠢᠭᠡ ᠯᠡ ᠤᠳᠠᠭ᠎ᠠ ᠰᠦᠢᠳᠬᠡᠯ ᠪᠤᠳᠤᠨ᠎ᠠ 》 ᠭᠡᠵᠦ ᠲᠣᠳᠣᠷᠬᠠᠢ ᠲᠣᠭᠲᠠᠭᠠᠭᠰᠠᠨ ᠨᠢ ᠰᠢᠩᠭᠡᠭᠡᠯᠲᠡ᠎ᠶᠢᠨ ᠵᠠᠮ᠎ᠤᠨ ᠬᠥᠳᠡᠯᠭᠡᠬᠦ ᠬᠦᠴᠦᠨ᠎ᠦ ᠰᠠᠭᠠᠲᠠᠯ᠎ᠤᠨ ᠴᠢᠨᠠᠷᠲᠠᠢ ᠡᠪᠡᠳᠴᠢᠨ ᠡᠮᠭᠡᠭ᠎ᠢ ᠣᠨᠣᠰᠢᠯᠠᠬᠤ᠂ ᠡᠮᠨᠡᠨ ᠵᠠᠰᠠᠬᠤ᠎ᠶᠢ ᠬᠢᠨᠠᠨ ᠬᠡᠮᠵᠢᠬᠦ ᠵᠢᠴᠢ ᠪᠤᠰᠤᠳᠴᠢ᠎ᠪᠠᠷ ᠦᠨᠡᠯᠡᠨ ᠵᠢᠱ᠌ᠢᠬᠦ ᠮᠡᠷᠭᠡᠵᠢᠯ᠎ᠦᠨ ᠠᠭᠤᠯᠤᠭᠳᠠᠬᠤᠨ᠎ᠢ ᠪᠦᠷᠢᠨ ᠪᠦᠲᠦᠨ ᠬᠠᠳᠠᠭᠠᠯᠠᠭᠰᠠᠨ᠎ᠢᠶᠠᠷ ᠪᠠᠷᠠᠬᠤ ᠦᠭᠡᠢ ᠪᠠᠰᠠ ᠪᠠᠷᠢᠮᠵᠢᠶᠠᠵᠢᠭᠤᠯᠤᠨ ᠰᠦᠢᠳᠬᠡᠯ ᠬᠤᠷᠢᠶᠠᠬᠤ᠎ᠶᠢ ᠪᠡᠶᠡᠯᠡᠭᠦᠯᠵᠦ᠂ ᠣᠨᠣᠰᠢᠯᠠᠨ ᠡᠮᠨᠡᠬᠦ ᠵᠦᠢᠯᠡᠰ᠎ᠦᠨ ᠪᠠᠭᠲᠠᠭᠠᠮᠵᠢᠲᠤ ᠴᠢᠨᠠᠷ᠎ᠢ ᠢᠯᠡᠳᠲᠡ ᠳᠡᠭᠡᠭᠰᠢᠯᠡᠭᠦᠯᠦᠨ᠂ ᠡᠮᠴᠢᠯᠡᠭᠡ᠎ᠳᠦ ᠨᠠᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠰᠦᠢᠳᠬᠡᠯ ᠪᠤᠳᠤᠵᠤ ᠰᠢᠢᠳᠪᠦᠷᠢᠯᠡᠬᠦ ᠲᠥᠰᠥᠯ᠎ᠢ ᠬᠠᠩᠭᠠᠭᠰᠠᠨ ᠪᠠᠢᠨ᠎ᠠ ᠃
ᠰᠦᠢᠳᠬᠡᠯ ᠪᠤᠳᠤᠬᠤ ᠮᠠᠷᠭᠤᠯᠳᠤᠭᠠᠨ᠎ᠢ ᠬᠦᠴᠦᠯᠡᠨ ᠪᠠᠭᠠᠰᠬᠠᠵᠤ᠂ ᠰᠦᠢᠳᠬᠡᠯ ᠬᠤᠷᠢᠶᠠᠯᠲᠠ᠎ᠶᠢ ᠨᠠᠩ ᠢᠯᠡ ᠲᠣᠳᠣ᠌ ᠪᠣᠯᠭᠠᠨ᠎ᠠ
ᠤᠯᠤᠰ᠎ᠤ᠋ᠨ ᠥᠮᠡᠨ ᠡᠪᠡᠳᠴᠢᠨ᠎ᠦ᠌ ᠲᠥᠪ᠎ᠦ᠋ᠨ ᠲᠣᠭ᠎ᠠ ᠪᠠᠷᠢᠮᠲᠠᠠ᠋ᠴᠠ ᠦᠵᠡᠪᠡᠯ᠂ ᠮᠠᠨ᠎ᠤ᠋ ᠤᠯᠤᠰ᠎ᠤ᠋ᠨ ᠰᠢᠩᠭᠡᠭᠡᠯᠲᠡ᠎ᠶᠢᠨ ᠵᠠᠮ᠎ᠤ᠋ᠨ ᠡᠪᠡᠳᠴᠢᠨ ᠡᠭᠦᠰᠭᠦ ᠨᠣᠷᠮ᠎ᠠ ᠵᠢᠯ ᠳᠠᠷᠠᠭᠠᠯᠠᠨ ᠳᠡᠭᠡᠭ᠌ᠱᠢᠯᠡᠵᠦ᠍᠂ ᠬᠣᠳᠣᠭᠣᠳᠣᠨᠤ᠋ ᠥᠮᠡᠨ᠂ ᠭᠡᠳᠡᠰᠦᠨᠦ᠌ ᠥᠮᠡᠨ ᠵᠡᠷᠭᠡ ᠰᠢᠩᠭᠡᠭᠡᠯᠲᠡ᠎ᠶᠢᠨ ᠵᠠᠮ᠎ᠤ᠋ᠨ ᠬᠠᠪᠤᠳᠠᠷ᠎ᠤ᠋ᠨ ᠥᠮᠡᠨ ᠡᠪᠡᠳᠴᠢᠨ ᠡᠭᠦᠰᠭᠦ ᠨᠣᠷᠮ᠎ᠠ᠎ᠶᠢᠨ ᠡᠮᠦᠨ᠎ᠡ 5 ᠳ᠋ᠤᠭ᠋ᠠᠷ ᠨᠡᠷᠡᠰ᠎ᠲᠦ ᠵᠢᠭ᠍ᠰᠠᠭᠠᠭ᠍ᠳᠠᠵᠤ᠂ ᠬᠠᠮᠢᠶ᠎ᠠ ᠪᠦᠬᠦᠢ ᠡᠪᠡᠳᠴᠢᠨ᠎ᠢ᠋ ᠵᠢᠷᠤᠮᠵᠢᠭᠤᠯᠤᠨ ᠵᠠᠰᠠᠬᠤ ᠨᠢ ᠨᠡᠩ ᠴᠢᠬᠤᠯᠠ ᠪᠣᠯᠵᠠᠢ᠃ ᠯᠢᠮᠹᠠ᠎ᠶᠢᠨ ᠵᠠᠩᠭᠢᠯᠠᠭ᠎ᠠ᠎ᠶᠢᠨ ᠴᠡᠪᠡᠷᠯᠡᠭᠡ ᠪᠣᠯ ᠭᠠᠳᠠᠷ ᠰᠠᠯᠠᠭᠠᠨᠤ᠋ ᠮᠡᠰᠡ ᠵᠠᠰᠠᠯ ᠳᠤᠮᠳᠠ ᠦᠷᠭᠦᠯᠵᠢ ᠬᠠᠷᠠᠭ᠍ᠳᠠᠳᠠᠭ ᠡᠮᠨᠡᠨ ᠵᠠᠰᠠᠬᠤ ᠠᠷᠭ᠎ᠠ ᠪᠠᠷᠢᠯ ᠪᠣᠯᠤᠨ᠎ᠠ᠂ ᠣᠨᠴᠠᠭᠠᠢᠯᠠᠨ ᠪᠡᠲᠡᠭᠢ ᠪᠤᠶᠤ ᠬᠠᠯᠳᠠᠪᠤᠷᠢᠯᠠᠬᠤ ᠴᠢᠨᠠᠷᠲᠠᠢ ᠡᠪᠡᠳᠴᠢᠨ᠎ᠢ᠋ ᠡᠮᠨᠡᠨ ᠵᠠᠰᠠᠬᠤ ᠣᠢᠶᠠᠳ᠋ᠤ᠂ ᠡᠨᠡ ᠬᠦ᠌ ᠠᠵᠢᠯᠯᠠᠭ᠎ᠠ ᠨᠢ ᠬᠠᠪᠤᠳᠠᠷ ᠳᠠᠬᠢᠨ ᠡᠭᠦᠰᠭᠦ ᠲᠦᠭ᠌ᠱᠢᠭᠦᠷᠢᠶᠢ ᠪᠠᠭᠤᠷᠠᠭᠤᠯᠬᠤ᠂ ᠡᠪᠡᠳᠴᠢᠨ᠎ᠦ᠌ ᠵᠦᠢ᠎ᠶᠢ ᠲᠣᠳᠣᠷᠬᠠᠢ ᠪᠣᠯᠭᠠᠬᠤ ᠪᠤᠶᠤ ᠡᠪᠡᠳᠴᠢᠲᠡᠨ ᠤᠷᠢᠳᠴᠢᠯᠠᠨ ᠰᠠᠢ᠌ᠵᠢᠷᠠᠬᠤ᠎ᠳᠤ ᠠᠰᠢᠭᠲᠠᠢ ᠪᠠᠢ᠌ᠳᠠᠭ᠃ ᠭᠡᠪᠡᠴᠦ ᠯᠢᠮᠹᠠ᠎ᠶᠢᠨ ᠵᠠᠩᠭᠢᠯᠠᠭ᠎ᠠ᠎ᠶᠢᠨ ᠴᠡᠪᠡᠷᠯᠡᠭᠡ ᠨᠢ ᠣᠯᠠᠩᠬᠢ᠎ᠳᠠᠭᠠᠨ ᠪᠤᠰᠤᠳ ᠵᠠᠰᠠᠯᠭ᠎ᠠ᠎ᠲᠠᠢ ᠵᠡᠷᠭᠡ᠎ᠪᠡᠷ ᠶᠠᠪᠤᠭᠳᠠᠳᠠᠭ᠂ ᠥᠩᠭᠡᠷᠡᠭᠰᠡᠨ᠎ᠦ ᠰᠦᠢᠳᠬᠡᠯ ᠬᠤᠷᠢᠶᠠᠬᠤ ᠶᠠᠪᠤᠴᠠ᠎ᠳᠤ ᠵᠠᠷᠢᠮ ᠲᠠᠯ᠎ᠠ᠎ᠶᠢᠨ ᠮᠠᠷᠭᠤᠯᠳᠤᠭᠠᠨ ᠭᠠᠷᠳᠠᠭ᠃
ᠲᠣᠰ ᠤᠳᠠᠭᠠᠨ᠎ᠤ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠨᠢ ᠯᠢᠮᠹᠠ᠎ᠶᠢᠨ ᠵᠠᠩᠭᠢᠯᠠᠭ᠎ᠠ᠎ᠶᠢᠨ ᠴᠡᠪᠡᠷᠯᠡᠭᠡ᠎ᠶᠢ ᠠᠰᠲᠤᠨᠢ ᠵᠢᠭᠰᠠᠭ᠋ᠠᠵᠤ᠂ ᠡᠭᠦᠨ᠎ᠦ ᠬᠠᠮᠲᠤ 《ᠬᠣᠣᠷᠲᠤ ᠬᠠᠪᠤᠳᠠᠷ᠎ᠢ ᠦᠨᠳᠦᠰᠦᠨ᠎ᠡᠴᠡ ᠨᠢ ᠵᠠᠰᠠᠬᠤ ᠴᠢᠨᠠᠷᠲᠠᠢ᠎ᠪᠠᠷ ᠣᠭᠲᠣᠯᠣᠨ ᠠᠪᠬᠤ᠎ᠶᠢ ᠦᠷᠭᠡᠳᠭᠡᠬᠦ》 ᠭᠡᠳᠡᠭ᠎ᠲᠦ ᠵᠢᠭᠠᠵᠤ ᠪᠠᠢᠭ᠎ᠠ ᠨᠡᠢᠯᠡᠮᠡᠯ ᠣᠯᠠᠨ ᠡᠷᠬᠡᠲᠡᠨ᠎ᠢ ᠣᠭᠲᠣᠯᠣᠨ ᠠᠪᠴᠤ᠂ ᠯᠢᠮᠹᠠ᠎ᠶᠢᠨ ᠵᠠᠩᠭᠢᠯᠠᠭ᠎ᠠ᠎ᠶᠢᠨ ᠴᠡᠪᠡᠷᠯᠡᠭᠡ ᠠᠭᠤᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ ᠬᠣᠲᠣᠷᠢᠩᠬᠠᠢ ᠭᠡᠳᠡᠰᠦᠨ᠎ᠦ ᠥᠮᠡᠨ ᠢ᠋ ᠵᠠᠰᠠᠬᠤ 《 ᠬᠣᠲᠣᠷᠢᠩᠬᠠᠢ ᠭᠡᠳᠡᠰᠦᠨ᠎ᠦ ᠬᠡᠰᠡᠭ ᠢ᠋ ᠣᠭᠲᠣᠯᠬᠤ ᠰᠦᠢᠳᠬᠡᠯ 》 ᠢ᠋ᠶ᠋ᠡᠷ ᠵᠢᠱ᠌ᠢᠶᠡᠯᠡᠪᠡᠯ ᠂ ᠬᠣᠲᠣᠷᠢᠩᠬᠠᠢ ᠭᠡᠳᠡᠰᠦᠨ᠎ᠦ ᠥᠮᠡᠨᠦ ᠡᠯᠢᠭᠡᠨ᠎ᠳᠦ ᠰᠢᠯᠵᠢᠭᠰᠡᠨ ᠡᠪᠡᠳᠴᠢᠲᠡᠨ᠎ᠡᠴᠡ ᠬᠣᠲᠣᠷᠢᠩᠬᠠᠢ ᠭᠡᠳᠡᠰᠦᠨ᠎ᠦ ᠬᠡᠰᠡᠭ ᠢ᠋ ᠣᠭᠲᠣᠯᠬᠤ ᠰᠦᠢᠳᠬᠡᠯ + ᠬᠣᠣᠷᠲᠤ ᠬᠠᠪᠤᠳᠠᠷ ᠢ᠋ ᠦᠨᠳᠦᠰᠦᠨ᠎ᠡᠴᠡ ᠨᠢ ᠵᠠᠰᠠᠬᠤ ᠴᠢᠨᠠᠷᠲᠠᠢ ᠣᠭᠲᠣᠯᠬᠤ ᠰᠦᠢᠳᠬᠡᠯ ( ᠨᠡᠮᠡᠵᠦ ᠬᠤᠷᠢᠶᠠᠬᠤ ) + ᠬᠡᠪᠡᠯᠢ᠎ᠶᠢᠨ ᠬᠡᠰᠡᠭ᠎ᠦᠨ ᠯᠢᠮᠹᠠ᠎ᠶᠢᠨ ᠵᠠᠩᠭᠢᠯᠠᠭ᠎ᠠ᠎ᠶᠢ ᠴᠡᠪᠡᠷᠯᠡᠬᠦ ᠰᠦᠢᠳᠬᠡᠯ ᠢ᠋ ᠬᠤᠷᠢᠶᠠᠵᠤ ᠪᠣᠯᠣᠨ᠎ᠠ᠂ ᠡᠨᠡ ᠨᠢ ᠰᠦᠢᠳᠬᠡᠯ ᠬᠤᠷᠢᠶᠠᠬᠤ ᠲᠠᠰ ᠳᠠᠪᠬᠤᠷᠭ᠎ᠠ᠎ᠶᠢ ᠲᠣᠳᠣᠷᠬᠠᠢ ᠪᠣᠯᠭᠠᠵᠤ᠂ ᠡᠷᠬᠡ ᠬᠠᠷᠢᠭᠤᠴᠠᠯᠭ᠎ᠠ᠎ᠶᠢ ᠲᠣᠳᠣᠷᠬᠠᠢ ᠪᠣᠯᠭᠠᠵᠤ᠂ ᠡᠮᠴᠢᠯᠡᠭᠡᠨ᠎ᠦ ᠬᠡᠷᠡᠭᠵᠢᠭᠦᠯᠦᠯᠲᠡ᠎ᠳᠦ ᠲᠣᠳᠣᠷᠬᠠᠢ ᠵᠢᠯᠣᠭᠣᠳᠤᠯᠭ᠎ᠠ ᠬᠠᠩᠭᠠᠭᠰᠠᠨ ᠪᠠᠢᠨ᠎ᠠ᠃
ᠮᠡᠰᠡ ᠵᠠᠰᠠᠯ ᠬᠢᠬᠦ᠌᠎ᠳᠤ ᠬᠦᠴᠢᠷ᠎ᠤᠨ ᠬᠡᠮᠵᠢᠶ᠎ᠡ᠎ᠶ᠋ᠢ᠎ᠨᠢ ᠢᠯᠭᠠᠵᠦ᠍᠂ ᠡᠮᠴᠢᠯᠡᠭᠡᠨ᠎ᠤ ᠦᠷᠲᠡᠭ᠎ᠢ ᠬᠦᠢᠴᠡᠳ ᠢᠯᠡᠷᠡᠭᠦᠯᠦᠨ᠎ᠡ
ᠢᠪᠡᠷᠬᠡᠢ ᠪᠣᠯ ᠬᠥᠮᠥᠨ᠎ᠦ ᠪᠡᠶ᠎ᠡ᠎ᠶᠢᠨ ᠳᠣᠲᠣᠷᠠᠬᠢ ᠡᠷᠬᠡᠲᠡᠨ ᠪᠤᠶᠤ ᠨᠡᠬᠡᠳᠡᠰᠦ᠎ᠶᠢᠨ ᠲᠥᠷᠥᠯᠬᠢ ᠪᠤᠶᠤ ᠲᠥᠷᠥᠯᠬᠢ ᠪᠤᠰᠤ ᠪᠠᠷ ᠳᠡᠮᠵᠢᠨ ᠪᠦᠷᠢᠯᠳᠦᠭᠰᠡᠨ ᠪᠠᠭᠤᠷᠠᠢ ᠲᠠᠯ᠎ᠠ᠂ ᠭᠡᠮᠲᠦᠯ ᠪᠤᠶᠤ ᠵᠠᠢ ᠵᠠᠪᠰᠠᠷ ᠪᠣᠯᠣᠨ᠎ᠠ᠂ ᠦᠷᠭᠦᠯᠵᠢ ᠬᠠᠷᠠᠭᠳᠠᠳᠠᠭ ᠨᠢ ᠴᠠᠪᠢ᠎ᠶᠢᠨ ᠢᠪᠡᠷᠬᠡᠢ᠂ ᠬᠦᠢᠰᠦᠨᠦ ᠢᠪᠡᠷᠬᠡᠢ᠂ ᠬᠡᠷᠴᠢᠭᠦᠷ᠎ᠦᠨ ᠢᠪᠡᠷᠬᠡᠢ ᠵᠡᠷᠭᠡ ᠪᠣᠯᠣᠨ᠎ᠠ᠃ ᠢᠪᠡᠷᠬᠡᠢ᠎ᠶᠢᠨ ᠪᠠᠢᠷᠢᠰᠢᠯ᠂ ᠶᠡᠬᠡ ᠪᠠᠭ᠎ᠠ ᠵᠡᠷᠭᠡ ᠰᠢᠯᠲᠠᠭᠠᠨ᠎ᠠᠴᠠ ᠪᠣᠯᠵᠤ᠂ ᠮᠡᠰᠡ ᠵᠠᠰᠠᠯ᠎ᠤᠨ ᠬᠦᠴᠢᠷ᠎ᠦᠨ ᠵᠥᠷᠢᠶ᠎ᠡ ᠶᠡᠬᠡ᠂ ᠰᠦᠢᠳᠬᠡᠯ ᠬᠤᠷᠢᠶᠠᠬᠤ ᠲᠠᠯ᠎ᠠ᠎ᠪᠠᠷ ᠪᠠᠰᠠ ᠢᠯᠭᠠᠭ᠎ᠠ᠎ᠲᠠᠢ ᠪᠠᠢᠳᠠᠭ᠃ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ 《ᠡᠩ᠎ᠤᠨ — ᠪᠤᠳᠤᠯᠢᠶᠠᠨᠲᠠᠶ》 ᠲᠥᠷᠥᠯ ᠬᠤᠪᠢᠶᠠᠨ ᠦᠨ᠎ᠡ ᠪᠣᠳᠣᠬᠤ ᠱᠢᠰᠲ᠋ᠧᠮᠵᠢ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠮᠡᠰᠡ ᠵᠠᠰᠠᠯ᠎ᠤᠨ ᠬᠦᠴᠢᠷᠳᠡᠯ᠎ᠲᠠᠢ ᠱᠠᠲᠤ ᠳᠠᠪᠬᠤᠷᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠣᠬᠢᠴᠠᠭᠤᠯᠵᠤ᠂ ᠡᠮᠴᠢᠯᠡᠭᠡᠨ᠎ᠤ ᠥᠷᠲᠡᠭ᠎ᠢ ᠭᠦᠢᠴᠡᠳ ᠢᠯᠡᠷᠡᠭᠦᠯᠦᠨ᠎ᠡ᠃ ᠵᠢᠱ᠌ᠢᠶᠡᠯᠡᠪᠡᠯ ᠢᠪᠡᠷᠬᠡᠢ ᠨᠥᠬᠥᠬᠦ ᠬᠦᠷᠢᠶ᠎ᠡ ᠴᠠᠷᠠᠭ᠎ᠠ᠎ᠳᠤ᠂ ᠲᠣᠮᠣ᠌ ᠢᠪᠡᠷᠬᠡᠢ ( ᠢᠪᠡᠷᠬᠡᠢ ᠴᠠᠭᠠᠷᠢᠭ᠋ ) 12cm᠂ ᠰᠢᠭᠢᠳᠦᠨ ᠦᠬᠦᠵᠢᠬᠦ᠂ ᠬᠡᠪᠡᠯᠢ᠎ᠶᠢᠨ ᠤᠰᠤ ᠳᠠᠪᠬᠤᠴᠠᠬᠤ ᠂ ᠳᠠᠬᠢᠨ ᠡᠭᠦᠰᠬᠦ ᠢᠪᠡᠷᠬᠡᠢ᠂ ᠣᠯᠠᠨ ᠡᠭᠦᠰᠬᠦ ᠢᠪᠡᠷᠬᠡᠢ ᠵᠢᠴᠢ ᠵᠠᠬ᠎ᠠ᠎ᠶᠢᠨ ᠴᠢᠨᠠᠷᠲᠠᠢ ᠬᠡᠪᠡᠯᠢ᠎ᠶᠢᠨ ᠬᠠᠨ᠎ᠠ᠎ᠶᠢᠨ ᠢᠪᠡᠷᠬᠡᠢ ᠵᠡᠷᠭᠡ ᠮᠡᠷᠭᠡᠵᠢᠯ᠎ᠦᠨ ᠬᠦᠴᠢᠷᠳᠡᠯ᠎ᠢᠶᠡᠷ ᠨᠡᠯᠢᠶᠡᠳ ᠶᠡᠬᠡ ᠪᠠᠢᠳᠠᠯ᠎ᠢ ᠪᠤᠳᠤᠯᠢᠶᠠᠨᠲᠠᠢ ᠢᠪᠡᠷᠬᠡᠢ ᠨᠥᠬᠥᠬᠦ ᠰᠦᠢᠳᠬᠡᠯ᠎ᠳᠦ ᠣᠷᠣᠭᠤᠯᠳᠠᠭ᠃ ᠪᠠᠰᠠ ᠵᠢᠱ᠌ᠢᠶᠡᠯᠡᠪᠡᠯ᠂ ᠪᠠᠮᠪᠠᠶ ᠪᠤᠯᠴᠢᠷᠬᠠᠶ᠎ᠶ᠋ᠢ ᠣᠭ᠍ᠲᠣᠯᠵᠤ ᠬᠠᠶᠠᠬᠤ ᠮᠡᠰᠡ ᠵᠠᠰᠠᠯ᠎ᠨᠢ ᠪᠣᠳᠠᠭᠠᠯᠢ ᠪᠡᠶ᠎ᠡ᠎ᠶ᠋ᠢᠨ ᠵᠥᠷᠢᠶ᠎ᠡ᠎ᠠᠴᠠ ᠪᠣᠯᠵᠤ᠂ ᠬᠡᠰᠡᠭ ᠡᠪᠡᠳᠴᠢᠲᠡᠨ᠎ᠤ ᠪᠠᠮᠪᠠᠢ ᠪᠤᠯᠴᠢᠷᠬᠠᠶ᠎ᠨᠢ ᠡᠪᠴᠢᠭᠦᠦ ᠶ᠋ᠢᠨ ᠠᠷᠤ ᠲᠠᠯ᠎ᠠ ᠶ᠋ᠢᠨ ᠮᠡᠰᠡ ᠵᠠᠰᠠᠯ᠎ᠤᠨ ᠬᠠᠷᠠᠭ᠎ᠠ᠎ᠪᠠᠷ ᠬᠢᠵᠠᠭᠠᠷᠯᠠᠭ᠍ᠳᠠᠵᠤ᠂ ᠴᠢᠨᠠᠭ᠍ᠰᠢᠯᠠᠪᠠᠯ ᠡᠪᠴᠢᠭᠦᠦ ᠪᠠᠨ ᠬᠠᠭᠠᠯᠵᠤ ᠮᠡᠰᠡ ᠵᠠᠰᠠᠯ ᠬᠢᠬᠦ᠌ ᠴᠢᠬᠤᠯᠠᠲᠠᠶ᠂ ᠮᠡᠰᠡ ᠵᠠᠰᠠᠯ᠎ᠤᠨ ᠬᠦᠴᠢᠷᠳᠡᠯ ᠪᠠ ᠲᠦᠭ᠌ᠰᠢᠭᠦᠷᠢ ᠱᠢᠷᠦᠭᠦᠰᠴᠦ᠍᠂ ᠡᠩ᠎ᠤᠨ ᠪᠠᠢᠳᠠᠯ ᠪᠠ ᠪᠤᠳᠤᠯᠢᠶᠠᠨᠲᠠᠶ ᠰᠤᠢᠳᠭᠡᠯ ᠪᠤᠳᠤᠬᠤ ᠪᠠᠷᠢᠮᠵᠢᠶ᠎ᠠ᠎ᠶ᠋ᠢ ᠲᠣᠳᠣᠷᠬᠠᠶ ᠢᠯᠭᠠᠬᠤ ᠬᠡᠷᠡᠭ᠌ᠲᠡᠶ᠃ ᠡᠩ᠎ᠦ᠋ᠨ ᠪᠠ ᠪᠤᠳᠤᠯᠢᠶᠠᠨᠲᠠᠢ ᠲᠥᠷᠥᠯ ᠬᠤᠪᠢᠶᠠᠨ ᠰᠦᠢᠳᠭᠡᠯ ᠬᠤᠷᠢᠶᠠᠬᠤ ᠵᠠᠭ᠍ᠪᠤᠷ ᠨᠢ ᠤᠯᠠᠮᠵᠢᠯᠠᠯᠲᠤ ᠳᠠᠩ ᠭᠠᠭ᠍ᠴᠠ ᠦᠨ᠎ᠡ ᠲᠣᠭ᠍ᠲᠠᠭᠠᠬᠤ ᠬᠢᠵᠠᠭᠠᠷ᠎ᠢ᠋ ᠰᠢᠪᠳᠤᠯᠤᠨ᠂ ᠪᠠᠰᠠ ᠮᠡᠷᠭᠡᠵᠢᠯ᠎ᠢ᠋ ᠵᠣᠬᠢᠴᠠᠭᠤᠯᠬᠤᠳ᠋ᠠᠭᠠᠨ ᠨᠡᠩ ᠣᠯᠠᠨ ᠵᠠᠯᠭᠠᠰᠤ᠎ᠶᠢ ᠦᠯᠡᠳᠡᠭᠡᠵᠦ᠍᠂ ᠡᠮᠴᠢᠯᠡᠭᠡᠨ᠎ᠦ᠌ ᠮᠡᠷᠭᠡᠵᠢᠯ᠎ᠦ᠋ᠨ ᠳᠠᠪᠰᠢᠯᠲᠠ ᠪᠠ ᠦᠨ᠎ᠡ ᠬᠠᠩᠰᠢ᠎ᠶᠢᠨ ᠰᠢᠰᠲᠸᠮᠦ᠋ᠨ ᠬᠥᠳᠡᠯᠦᠩᠭᠦᠢ ᠲᠣᠬᠢᠷᠠᠭᠤᠯᠤᠯᠲᠠ᠎ᠶᠢ ᠪᠡᠶᠡᠯᠡᠭᠦᠯᠵᠡᠢ ᠃