ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ ᠲᠠᠰᠤᠯᠳᠠᠭ᠍ᠰᠠᠨ᠎ᠤ ᠳᠠᠷᠠᠭ᠎ᠠ ᠶᠠᠮᠠᠷ ᠶᠠᠮᠠᠷ ᠨᠥᠯᠥᠭᠡ ᠪᠠᠢᠬᠤ ᠪᠣᠶ? ᠡᠨᠡ 7 ᠠᠰᠠᠭᠤᠳᠠᠯ᠎ᠢ ᠵᠠᠪᠠᠯ ᠤᠢᠯᠠᠭᠠᠬᠤ ᠬᠡᠷᠡᠭ᠌ᠲᠡᠢ
ᠨᠡᠶ᠋ᠢᠲᠡᠯᠡᠭᠰᠡᠨ ᠴᠠᠭ᠄ 2025-11-03

  ᠨᠠᠢᠷᠠᠭᠤᠯᠤᠭ᠍ᠴᠢ᠎ᠶ᠋ᠢᠨ ᠦᠭᠡ

  ᠡᠮᠴᠢᠯᠡᠭᠡᠨ᠎ᠦ ᠪᠠᠲᠤᠯᠠᠭ᠎ᠠ ᠪᠣᠯ ᠤᠯᠠᠨ ᠲᠦᠮᠡᠨ᠎ᠤ ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠬᠥᠩᠭᠡᠷᠡᠭᠦᠯᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠂ ᠨᠡᠢᠭᠡᠮ᠎ᠤᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠬᠤ ᠴᠢᠬᠤᠯᠠ ᠶᠡᠭᠡ ᠲᠦᠷᠢᠮ᠎ᠤᠨ ᠲᠤᠬᠢᠷᠠᠭᠤᠯᠤᠯᠳᠠ ᠪᠣᠯᠤᠨ᠎ᠠ᠃ ᠣᠢᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠲᠤᠬᠠᠶ ᠵᠢᠯᠣᠭᠤᠳᠭᠤ ᠰᠠᠨᠠᠯ》 ᠎ᠢ ᠳᠠᠷᠤᠮᠠᠯᠯᠠᠨ ᠲᠠᠷᠬᠠᠭᠠᠵᠤ᠂ ᠡᠭᠦᠨ᠎ᠳᠤ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠨᠢ ᠨᠡᠢᠭᠡᠮ ᠨᠡᠢᠲᠡ᠎ᠶ᠋ᠢᠨ ᠠᠩᠬᠠᠷᠤᠯ᠎ᠢ ᠲᠠᠲᠠᠵᠤ ᠪᠠᠢᠨ᠎ᠠ᠃ ᠮᠠᠨ᠎ᠤ ᠤᠯᠤᠰ᠎ᠤᠨ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ (ᠳᠣᠷᠣᠭ᠍ᠰᠢ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ ᠭᠡᠵᠦ᠍ ᠲᠣᠪᠴᠢᠯᠠᠨ᠎ᠠ) ᠎ᠨᠢ ᠲᠠᠰᠤᠯᠳᠠᠭ᠍ᠰᠠᠨ᠎ᠤ ᠳᠠᠷᠠᠭ᠎ᠠ ᠶᠠᠮᠠᠷ ᠨᠥᠯᠥᠭᠡ᠎ᠲᠠᠢ ᠪᠣᠶ? ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠨᠢ ᠶᠠᠮᠠᠷ ᠲᠣᠭ᠍ᠲᠠᠭᠠᠯ᠎ᠲᠠᠢ ᠪᠤᠢ? ᠨᠢᠭᠡ ᠵᠢᠷᠤᠭ᠎ᠢᠶᠠᠷ ᠦᠵᠡᠵᠦ᠍ ᠣᠢ᠌ᠯᠠᠭ᠋ᠠᠶ᠎ᠠ᠃

  ᠶᠠᠭᠤ᠎ᠶ᠋ᠢ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ ᠭᠡᠬᠦ᠌ ᠪᠣᠶ?

  ᠳᠠᠭᠠᠳᠭᠠᠯ᠎ᠳᠤ ᠣᠷᠣᠯᠴᠠᠭ᠍ᠰᠠᠳ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ ᠶᠣᠰᠣᠭᠠᠷ ᠴᠠᠭ ᠲᠤᠬᠠᠶ᠎ᠳᠤᠨᠢ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠭ᠍ᠰᠠᠨ ᠥᠬᠡᠶ᠎ᠠᠴᠠ ᠪᠣᠯᠵᠣ ᠲᠡᠷᠡ ᠳᠠᠷᠤᠶ᠎ᠳᠤᠨᠢ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ ᠭᠥᠷᠳᠡᠬᠦ᠌᠎ᠶ᠋ᠢᠨ ᠠᠷᠭ᠎ᠠ ᠥᠬᠡᠶ᠂ ᠨᠢᠭᠡ ᠬᠡᠰᠡᠭ ᠬᠤᠭᠤᠴᠠᠭ᠎ᠠ ᠬᠦᠯᠢᠶᠡᠪᠡᠯ ᠰᠠᠶᠢ ᠭᠥᠷᠳᠡᠵᠦ᠍ ᠪᠣᠯᠤᠨ᠎ᠠ᠃ ᠡᠨᠡ ᠬᠦ᠌  ᠬᠤᠭᠤᠴᠠᠭ᠎ᠠ ᠨᠢ ᠳᠠᠷᠤᠢ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ ᠬᠤᠭᠤᠴᠠᠭ᠎ᠠ ᠪᠣᠯᠣᠨ᠎ᠠ᠃ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭᠠᠨ᠎ᠳᠤ ᠭᠠᠷᠤᠭ᠍ᠰᠠᠨ ᠡᠮ ᠡᠮᠨᠡᠯᠭᠡ᠎ᠶ᠋ᠢᠨ ᠵᠠᠷᠤᠳᠠᠯ᠎ᠢ ᠳᠠᠩᠰᠠ ᠲᠠᠢᠯᠬᠤ᠎ᠶ᠋ᠢᠨ ᠠᠷᠭ᠎ᠠ ᠦᠭᠡᠶ ᠪᠣᠯᠬᠣᠷ ᠳᠠᠭᠠᠳᠭᠠᠯ᠎ᠳᠤ ᠣᠷᠣᠯᠴᠠᠭ᠍ᠰᠠᠳ ᠥᠪᠡᠷ᠎ᠢᠶᠡᠨ ᠡᠭᠦᠷᠭᠡᠯᠡᠬᠦ᠌ ᠴᠢᠬᠤᠯᠠ᠎ᠲᠠᠶ ᠪᠠᠢᠨ᠎ᠠ ᠃

  ᠤᠤᠯ᠎ᠨᠢ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ ᠲᠣᠬᠢᠷᠠᠭᠤᠯᠤᠭ᠍ᠰᠠᠨ ᠤᠤ ᠥᠬᠡᠶ ᠤᠤ?

  《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠭᠡᠮ᠎ᠤᠨ ᠳᠠᠭᠠᠳᠭᠠᠯ᠎ᠤᠨ ᠬᠠᠤᠯᠢ》 ᠎ᠨᠢ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭᠠᠨ᠎ᠤ ᠲᠤᠬᠠᠶ ᠱᠢᠭᠤᠳ ᠲᠣᠭ᠍ᠲᠠᠭᠠᠯ ᠲᠣᠭ᠍ᠲᠠᠭᠠᠭ᠍ᠰᠠᠨ ᠥᠬᠡᠶ᠂ ᠭᠡᠪᠡᠴᠦ ᠣᠯᠠᠩᠬᠢ ᠲᠣᠭᠠᠨ᠎ᠤ ᠡᠮᠴᠢᠯᠡᠭᠡᠨ᠎ᠦ ᠳᠠᠭᠠᠳᠬᠠᠯ᠎ᠤᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠢ ᠦᠢᠯᠡᠳᠦᠯᠭᠡ᠎ᠶᠢᠨ ᠳᠤᠮᠳᠠ᠂ ᠨᠢᠭᠡᠨᠲᠡ ᠰᠦᠢᠳᠬᠡᠯ ᠲᠤᠰᠢᠶᠠᠬᠤ᠎ᠪᠠᠨ ᠵᠤᠭᠰᠤᠭᠰᠠᠨ ᠬᠥᠮᠥᠰ ᠪᠠ ᠳᠠᠭᠠᠳᠬᠠᠯ᠎ᠳᠤ ᠲᠥᠪᠯᠡᠷᠡᠭᠦᠯᠦᠨ ᠣᠷᠣᠯᠴᠠᠬᠤ ᠬᠤᠭᠤᠴᠠᠭᠠᠨ᠎ᠳᠤ ᠰᠦᠢᠳᠬᠡᠯ ᠲᠤᠰᠢᠶᠠᠭᠰᠠᠨ ᠦᠭᠡᠢ ᠬᠥᠮᠥᠰ᠎ᠲᠦ ᠬᠠᠷᠠᠭᠠᠯᠵᠠᠯ ᠬᠦᠯᠢᠶᠡᠬᠦ ᠬᠤᠭᠤᠴᠠᠭ᠎ᠠ ᠲᠣᠬᠢᠷᠠᠭᠤᠯᠤᠭᠰᠠᠨ ᠪᠠᠢᠨ᠎ᠠ ᠃ 

  ᠵᠢᠱ᠌ᠢᠶᠡᠯᠡᠪᠡᠯ᠂ 2012 ᠣᠨ᠎ᠳᠤ ᠳᠠᠷᠤᠮᠠᠯᠯᠠᠨ ᠲᠠᠷᠬᠠᠭᠠᠭ᠍ᠰᠠᠨ 《ᠱᠠᠩᠬᠠᠶ ᠬᠤᠲᠠ᠎ᠶ᠋ᠢᠨ ᠬᠤᠲᠠ ᠪᠠᠯᠭᠠᠰᠤᠨ᠎ᠤ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠲᠤᠷᠱᠢᠨ ᠬᠡᠷᠡᠭ᠌ᠵᠢᠭᠦᠯᠬᠦ᠌ ᠠᠷᠭ᠎ᠠ》᠎ᠳᠤ᠂ ᠳᠠᠭᠠᠳᠭᠠᠯ᠎ᠳᠤ ᠣᠷᠣᠯᠴᠠᠭ᠍ᠰᠠᠳ ᠣᠨ᠎ᠤ ᠶᠣᠰᠣᠭᠠᠷ ᠰᠦᠢᠳᠭᠡᠯ ᠲᠤᠱᠢᠶᠠᠨ᠎ᠠ᠂ ᠳᠠᠷᠠᠭ᠎ᠠ ᠵᠢᠯ᠎ᠤᠨ ᠬᠢᠨᠢ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ 12 ᠳ᠋ᠤᠭ᠋ᠠᠷ ᠰᠠᠷ᠎ᠠ᠎ᠶ᠋ᠢᠨ 31 ᠎ᠤ ᠡᠳᠦᠷ ᠪᠣᠯᠲᠠᠯ᠎ᠠ ᠵᠣᠬᠢᠴᠠᠩᠭᠤᠶ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠢ ᠬᠦᠷᠲᠡᠨ᠎ᠡ; ᠳᠤᠮᠳᠠ ᠨᠢ  ᠳᠠᠭᠠᠳᠭᠠᠯ᠎ᠳᠤ ᠣᠷᠣᠯᠴᠠᠭ᠍ᠰᠠᠨ ᠬᠥᠮᠦᠰ (ᠰᠠᠶᠢ ᠲᠥᠷᠥᠭ᠌ᠰᠡᠨ ᠬᠡᠤᠬᠡᠳ ᠵᠡᠷᠭᠡ᠎ᠠᠴᠠ ᠭᠠᠳᠠᠨ᠎ᠠ) ᠎ᠨᠢ ᠣᠨ᠎ᠤ ᠪᠠᠷᠢᠮᠵᠢᠶ᠎ᠠ ᠶᠣᠰᠣᠭᠠᠷ ᠰᠦᠢᠳᠭᠡᠯ ᠲᠤᠱᠢᠶᠠᠬᠤ᠎ᠶ᠋ᠢᠨ ᠬᠠᠮᠲᠤ 3 ᠰᠠᠷ᠎ᠠ᠎ᠶ᠋ᠢᠨ ᠬᠤᠭᠤᠴᠠᠭ᠎ᠠ᠎ᠨᠢ ᠳᠦᠭᠦᠷᠦᠭ᠌ᠰᠡᠨ᠎ᠤ ᠳᠠᠷᠠᠭ᠎ᠠ ᠰᠠᠶᠢ ᠰᠠᠭᠤᠭᠠᠯᠢ ᠠᠷᠠᠳ᠎ᠤᠨ ᠡᠮᠴᠢᠯᠡᠭᠡᠨ᠎ᠦ  ᠳᠠᠭᠠᠳᠭᠠᠯ᠎ᠤᠨ ᠬᠠᠷᠠᠭᠠᠯᠵᠠᠯ᠎ᠢ ᠬᠦᠷᠲᠡᠵᠦ᠍ ᠪᠣᠯᠤᠨ᠎ᠠ᠃

  ᠶᠠᠭᠤᠨ᠎ᠳᠤ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ ᠲᠤᠰᠭᠠᠢᠯᠠᠨ ᠲᠣᠭ᠍ᠲᠠᠭᠠᠭ᠍ᠰᠠᠨ ᠪᠣᠶ?

  ᠮᠠᠨ᠎ᠤ᠋ ᠤᠯᠤᠰ᠎ᠤ᠋ᠨ ᠰᠠᠭᠤᠭᠠᠯᠢ ᠠᠷᠠᠳ᠎ᠤ᠋ᠨ ᠡᠮᠴᠢᠯᠡᠭᠡᠨ᠎ᠦ ᠳᠠᠭᠠᠳᠭᠠᠯ ᠨᠢ ᠠᠯᠪᠠᠳᠠᠯᠭ᠎ᠠ᠎ᠪᠠᠷ ᠳᠠᠭᠠᠳᠬᠠᠯ᠎ᠳᠤ ᠣᠷᠣᠯᠴᠠᠭᠤᠯᠬᠤ ᠪᠢᠰᠢ᠃ ᠣᠳᠣᠬᠠᠨ᠎ᠳᠤ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ ᠤᠳᠠᠭ᠎ᠠ ᠪᠦᠷᠢ ᠡᠮᠨᠡᠯᠭᠡ᠎ᠳᠤ ᠰᠠᠭᠤᠵᠤ ᠪᠠᠢᠭ᠎ᠠ ᠳᠤᠮᠳᠠᠴᠢ ᠲᠠᠩᠰᠠ ᠲᠠᠢᠯᠬᠤ ᠲᠤᠭ᠎ᠠ᠎ᠨᠢ ᠪᠠᠷᠤᠭ 4437 ᠲᠥᠭᠦᠷᠢᠭ ᠪᠣᠯᠤᠨ᠎ᠠ᠃ ᠬᠡᠷᠪᠡ ᠬᠠᠷᠠᠭᠠᠯᠵᠠᠯ᠎ᠤᠨ ᠬᠤᠭᠤᠴᠠᠭ᠎ᠠ ᠭᠠᠷᠭᠠᠬᠤ ᠦᠭᠡᠢ ᠪᠣᠯ ᠂ ᠤᠯᠠᠮ᠎ᠠ᠋ᠴᠠ ᠤᠯᠠᠮ ᠣᠯᠠᠨ ᠬᠥᠮᠦᠨ ᠡᠪᠡᠳᠴᠢᠨ ᠣᠯᠤᠭ᠍ᠰᠠᠨ᠎ᠤ᠋ ᠳᠠᠷᠠᠭ᠎ᠠ ᠰᠠᠶᠢ ᠬᠡᠳᠦᠨ ᠵᠠᠭᠤᠨ ᠲᠥᠭᠥᠷᠢᠭ᠎ᠦ᠋ᠨ ᠳᠠᠭᠠᠳᠭᠠᠯ᠎ᠳ᠋ᠤ ᠣᠷᠣᠯᠴᠠᠵᠤ᠂ ᠬᠠᠮᠤᠭ ᠡᠴᠦᠰ᠎ᠲᠦ᠍ ᠪᠦᠬᠦ᠌ ᠳᠠᠭᠠᠳᠭᠠᠯ᠎ᠳ᠋ᠤ ᠣᠷᠣᠯᠴᠠᠭ᠍ᠴᠢ᠎ᠶᠢᠨ ᠠᠰᠢᠭ ᠲᠤᠰᠠ᠎ᠶᠢ ᠬᠣᠬᠢᠷᠠᠭᠤᠯᠤᠨ᠎ᠠ ᠃

  ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ ᠬᠡᠷᠬᠢᠨ ᠲᠣᠭ᠍ᠲᠠᠭᠠᠭ᠍ᠰᠠᠨ ᠪᠣᠶ?

  2025 ᠣᠨ᠎ᠠᠴᠠ ᠡᠬᠢᠯᠡᠨ᠂ ᠰᠠᠶᠢ ᠲᠥᠷᠥᠭ᠌ᠰᠡᠨ ᠬᠡᠤᠬᠡᠳ ᠵᠡᠷᠭᠡ ᠣᠨᠴᠠᠭᠠᠶ ᠬᠥᠮᠦᠰ᠎ᠠᠴᠠ ᠭᠠᠳᠠᠨ᠎ᠠ᠂ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠲᠦᠪᠯᠡᠷᠡᠭᠦᠯᠦᠨ ᠣᠷᠣᠯᠴᠠᠬᠤ ᠬᠤᠭᠤᠴᠠᠭᠠᠨ᠎ᠳᠤ ᠳᠠᠭᠠᠳᠬᠠᠯ᠎ᠳᠤ ᠣᠷᠣᠯᠴᠠᠭᠰᠠᠨ ᠦᠭᠡᠢ ᠪᠤᠶᠤ ᠵᠠᠯᠭᠠᠭ᠎ᠠ᠎ᠪᠠᠷ ᠳᠠᠭᠠᠳᠬᠠᠯ᠎ᠳᠤ ᠣᠷᠣᠯᠴᠠᠭᠰᠠᠨ ᠦᠭᠡᠢ ᠬᠥᠮᠥᠰ᠎ᠲᠦ᠂ ᠳᠠᠭᠠᠳᠬᠠᠯ᠎ᠳᠤ ᠣᠷᠣᠯᠴᠠᠭᠰᠠᠨ᠎ᠤ ᠳᠠᠷᠠᠭᠠᠬᠢ ᠲᠤᠭᠲᠠᠮᠠᠯ ᠬᠦᠯᠢᠶᠡᠬᠦ ᠬᠤᠭᠤᠴᠠᠭ᠎ᠠ᠎ᠶᠢ 3 ᠰᠠᠷ᠎ᠠ᠎ᠪᠠᠷ  ᠲᠤᠭᠲᠠᠭ᠋ᠠᠪᠠ ᠃ 

  ᠵᠠᠯᠭᠠᠭ᠎ᠠ᠎ᠪᠠᠷ ᠳᠠᠭᠠᠳᠬᠠᠯ᠎ᠳᠤ ᠣᠷᠣᠯᠴᠠᠭᠰᠠᠨ ᠦᠭᠡᠢ ᠪᠠᠢᠪᠠᠯ᠂ ᠢᠯᠡᠭᠦᠦ ᠨᠢᠭᠡ ᠵᠢᠯ ᠲᠡᠰᠦᠯᠦᠨ ᠲᠤᠰᠢᠶᠠᠬᠤ ᠪᠦᠷᠢ᠂ 3 ᠰᠠᠷ᠎ᠠ᠎ᠶᠢᠨ ᠲᠣᠭᠲᠠᠮᠠᠯ ᠬᠦᠯᠢᠶᠡᠬᠦ ᠬᠤᠭᠤᠴᠠᠭ᠎ᠠ᠎ᠶᠢᠨ ᠰᠠᠭᠤᠷᠢᠨ ᠳᠡᠭᠡᠷ᠎ᠡ ᠳᠠᠭᠢᠵᠤ 1 ᠰᠠᠷ᠎ᠠ᠎ᠶᠢᠨ ᠬᠤᠪᠢᠷᠠᠯᠲᠠ᠎ᠲᠠᠢ ᠬᠦᠯᠢᠶᠡᠬᠦ ᠬᠤᠭᠤᠴᠠᠭ᠎ᠠ᠎ᠶᠢ ᠨᠡᠮᠡᠨ᠎ᠡ ᠃ 

  ᠳᠠᠭᠠᠳᠭᠠᠯ᠎ᠳᠤ ᠣᠷᠣᠯᠴᠠᠭ᠍ᠴᠢ᠎ᠶ᠋ᠢᠨ ᠪᠣᠳᠠᠲᠠᠶ ᠪᠠᠢᠳᠠᠯ᠎ᠢ ᠪᠣᠳᠣᠯᠬᠢᠯᠠᠨ᠂ ᠳᠠᠭᠠᠳᠭᠠᠯ᠎ᠳᠤ ᠣᠷᠣᠯᠴᠠᠭ᠍ᠴᠢ᠎ᠶ᠋ᠢᠨ ᠰᠦᠢᠳᠭᠡᠯ ᠲᠤᠱᠢᠶᠠᠬᠤ᠎ᠪᠠᠷ ᠳᠠᠮᠵᠢᠭᠤᠯᠤᠨ ᠬᠤᠪᠢᠷᠠᠵᠤ ᠬᠦᠯᠢᠶᠡᠬᠦ᠌ ᠬᠤᠭᠤᠴᠠᠭ᠎ᠠ᠎ᠶ᠋ᠢ ᠵᠥᠪᠱᠢᠶᠡᠷᠡᠨ᠎ᠡ᠄ ᠰᠦᠢᠳᠭᠡᠯ ᠲᠤᠱᠢᠶᠠᠬᠤ᠎ᠳᠤ ᠲᠤᠬᠠᠶ᠎ᠶ᠋ᠢᠨ ᠵᠢᠯ᠎ᠤᠨ ᠳᠠᠭᠠᠳᠭᠠᠯ᠎ᠳᠤ ᠣᠷᠣᠯᠴᠠᠭ᠍ᠰᠠᠨ ᠭᠠᠵᠠᠷ᠎ᠤᠨ ᠬᠤᠪᠢ ᠬᠥᠮᠦᠨ᠎ᠤ ᠰᠦᠢᠳᠭᠡᠯ ᠲᠤᠱᠢᠶᠠᠬᠤ ᠪᠠᠷᠢᠮᠵᠢᠶ᠎ᠠ᠎ᠪᠠᠷ ᠯᠠᠪᠯᠠᠯᠲᠠ ᠪᠣᠯᠭᠠᠵᠤ᠂ 1 ᠵᠢᠯ ᠢᠯᠡᠭᠦᠦ ᠲᠤᠰᠢᠶᠠᠬᠤ ᠪᠦᠷᠢ 1 ᠰᠠᠷ᠎ᠠ᠎ᠶᠢᠨ ᠬᠤᠪᠢᠷᠠᠯᠲᠠ᠎ᠶᠢ ᠬᠦᠯᠢᠶᠡᠬᠦ ᠬᠤᠭᠤᠴᠠᠭ᠎ᠠ᠎ᠶᠢ ᠪᠠᠭᠠᠰᠬᠠᠵᠤ ᠪᠣᠯᠣᠨ᠎ᠠ᠃ 

  ᠠᠩᠬᠠᠷᠤᠭᠤᠱᠢᠲᠠᠶ᠎ᠨᠢ᠂ ᠵᠠᠯᠭᠠᠭ᠎ᠠ᠎ᠪᠠᠷ 4 ᠵᠢᠯ᠎ᠡᠴᠡ ᠳᠡᠭᠡᠭᠰᠢ ᠲᠠᠰᠤᠯᠳᠠᠭᠤᠯᠤᠨ ᠲᠤᠰᠢᠶᠠᠭᠰᠠᠨ ᠪᠠᠢᠪᠠᠯ᠂ ᠰᠡᠯᠪᠢᠨ ᠵᠠᠰᠠᠭ᠍ᠰᠠᠨ᠎ᠤ ᠳᠠᠷᠠᠭᠠᠬᠢ ᠬᠤᠪᠢᠷᠠᠯᠲᠠ᠎ᠶ᠋ᠢᠨ ᠬᠦᠯᠢᠶᠡᠬᠦ᠌ ᠬᠤᠭᠤᠴᠠᠭ᠎ᠠ᠎ᠶ᠋ᠢ 3 ᠰᠠᠷ᠎ᠠ᠎ᠠᠴᠠ ᠳᠤᠲᠠᠭᠤ ᠪᠠᠢᠯᠭᠠᠵᠤ ᠪᠣᠯᠬᠤ ᠦᠭᠡᠢ᠂ ᠡᠭᠦᠨ᠎ᠤ ᠳᠡᠭᠡᠷ᠎ᠡ ᠤᠤᠯ᠎ᠤᠨ 3 ᠰᠠᠷ᠎ᠠ᠎ᠶ᠋ᠢᠨ ᠲᠣᠭ᠍ᠲᠠᠮᠠᠯ ᠬᠦᠯᠢᠶᠡᠬᠦ᠌ ᠬᠤᠭᠤᠴᠠᠭ᠎ᠠ᠎ᠶ᠋ᠢ ᠨᠡᠮᠡᠵᠦ᠍᠂ ᠨᠠᠭᠠᠳᠤ ᠵᠠᠬ᠎ᠠ᠎ᠳᠠᠭᠠᠨ 6 ᠰᠠᠷ᠎ᠠ ᠬᠦᠯᠢᠶᠡᠬᠦ᠌ ᠴᠢᠬᠤᠯᠠᠲᠠᠢ᠃ ᠬᠦᠯᠢᠶᠡᠬᠦ᠌ ᠬᠤᠭᠤᠴᠠᠭᠠᠨ᠎ᠤ ᠪᠣᠳᠠᠲᠠᠢ ᠪᠠᠷᠢᠮᠵᠢᠶ᠎ᠠ᠎ᠶ᠋ᠢ ᠡᠯ᠎ᠡ ᠮᠤᠵᠢ ᠲᠤᠰ ᠪᠡᠶ᠎ᠡ᠎ᠶ᠋ᠢᠨ ᠪᠠᠢᠳᠠᠯ᠎ᠢᠶᠠᠨ ᠦᠨᠳᠦᠰᠦᠯᠡᠨ ᠲᠣᠭ᠍ᠲᠠᠭᠠᠨ᠎ᠠ ᠃

  ᠶᠠᠭᠤᠨ᠎ᠳᠤ ᠲᠣᠭ᠍ᠲᠠᠮᠠᠯ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ ᠵᠠᠰᠠᠨ ᠰᠡᠷᠭᠦᠭᠡᠬᠦ᠌᠎ᠶ᠋ᠢ ᠵᠥᠪᠱᠢᠶᠡᠷᠡᠬᠦ᠌ ᠦᠭᠡᠢ ᠪᠤᠢ?

  ᠬᠡᠷᠪᠡ ᠲᠣᠭᠲᠠᠮᠠᠯ ᠬᠠᠷᠠᠭᠠᠯᠵᠠᠯ᠎ᠤᠨ ᠬᠦᠯᠢᠶᠡᠬᠦ ᠬᠤᠭᠤᠴᠠᠭ᠎ᠠ᠎ᠶᠢ ᠵᠠᠰᠠᠨ ᠰᠡᠷᠭᠦᠭᠡᠵᠦ ᠴᠢᠳᠠᠪᠠᠯ ᠳᠠᠷᠤᠢ 《 ᠡᠪᠡᠳᠴᠢᠯᠡᠭᠰᠡᠨ᠎ᠦ ᠳᠠᠷᠠᠭ᠎ᠠ ᠰᠠᠶᠢ ᠰᠦᠢᠳᠬᠡᠯ ᠲᠤᠰᠢᠶᠠᠵᠤ᠂ ᠰᠦᠢᠳᠬᠡᠯ ᠲᠤᠰᠢᠶᠠᠭᠰᠠᠨ᠎ᠤ ᠳᠠᠷᠠᠭ᠎ᠠ ᠳᠠᠷᠤᠢᠬᠠᠨ ᠬᠠᠷᠠᠭᠠᠯᠵᠠᠯ ᠭᠥᠷᠳᠡᠨ᠎ᠡ 》 ᠭᠡᠳᠡᠭ᠎ᠢ ᠵᠥᠪᠰᠢᠶᠡᠷᠡᠭᠰᠡᠨ᠎ᠲᠠᠢ ᠠᠳᠠᠯᠢ ᠪᠣᠯᠣᠨ᠎ᠠ᠂ ᠢᠩᠭᠢᠪᠡᠯ ᠰᠣᠩᠭᠤᠯᠲᠠ᠎ᠶ᠋ᠢᠨ ᠴᠢᠨᠠᠷᠲᠠᠢ᠎ᠪᠠᠷ ᠳᠠᠭᠠᠳᠭᠠᠯ᠎ᠳᠤ ᠣᠷᠣᠯᠴᠠᠬᠤ ᠲᠦᠭ᠌ᠰᠢᠭᠦᠷᠢ᠎ᠶ᠋ᠢ ᠨᠡᠮᠡᠭ᠌ᠳᠡᠭᠦᠯᠵᠦ᠍᠂ ᠳᠠᠭᠠᠳᠭᠠᠯ᠎ᠳᠤ ᠣᠷᠣᠯᠴᠠᠬᠤ ᠤᠯᠠᠨ ᠲᠦᠮᠡᠨ᠎ᠳᠤ ᠲᠤᠰ ᠪᠡᠶ᠎ᠡ᠎ᠶ᠋ᠢᠨ ᠡᠷᠡᠭᠦᠯ ᠮᠡᠨᠳᠤ᠎ᠶ᠋ᠢᠨ ᠪᠠᠢᠳᠠᠯ᠎ᠤᠨ ᠮᠡᠳᠡᠭᠡ ᠵᠠᠩᠭᠢ᠎ᠶ᠋ᠢᠨ ᠳᠠᠪᠠᠭᠤᠯᠢᠭ᠎ᠢ ᠠᠱᠢᠭ᠍ᠯᠠᠵᠤ᠂ ᠪᠤᠰᠤᠳ᠎ᠤᠨ ᠲᠤᠰᠢᠶᠠᠭᠰᠠᠨ ᠰᠦᠢᠳᠭᠡᠯ᠎ᠢ ᠥᠪᠡᠷ᠎ᠤᠨ ᠪᠡᠶ᠎ᠡ᠎ᠳᠦ ᠎ᠪᠠᠨ ᠡᠳ᠋ᠯᠡᠭᠦᠯᠵᠦ᠍᠂ ᠬᠡᠪ᠎ᠤᠨ ᠶᠣᠰᠣᠭᠠᠷ ᠦᠷᠭᠦᠯᠵᠢᠯᠡᠨ ᠳᠠᠭᠠᠳᠭᠠᠯ᠎ᠳᠤ ᠣᠷᠣᠯᠴᠠᠭ᠍ᠰᠠᠳ᠎ᠲᠤ ᠠᠪᠴᠤ᠌ ᠬᠡᠯᠡᠪᠡᠯ ᠲᠦᠢᠯ᠎ᠤᠨ ᠡᠷᠬᠡ ᠲᠡᠭ᠌ᠰᠢ ᠪᠤᠰᠤ ᠶᠤᠮ᠃

  2025 ᠣᠨ᠎ᠠᠴᠠ ᠡᠮᠦᠨ᠎ᠡ ᠳᠠᠭᠠᠳᠭᠠᠯ᠎ᠳᠤ ᠣᠷᠣᠯᠴᠠᠭ᠍ᠰᠠᠨ ᠦᠭᠡᠢ ᠣᠯᠠᠨ ᠲᠦᠮᠡᠨ  ᠨᠦᠯᠦᠭᠡᠯᠡᠭᠳᠡᠨ᠎ᠡ ᠦᠦ?

  ᠨᠥᠯᠥᠭᠡᠯᠡᠭ᠌ᠳᠡᠬᠦ᠌᠎ᠦᠭᠡᠢ᠃ ᠬᠠᠷᠠᠭᠠᠯᠵᠠᠯ ᠬᠦᠯᠢᠶᠡᠬᠦ ᠬᠤᠭᠤᠴᠠᠭᠠᠨ᠎ᠤ ᠲᠥᠷᠥ᠎ᠶᠢᠨ ᠪᠣᠳᠣᠯᠭ᠎ᠠ᠎ᠶᠢ 2024 ᠣᠨ᠎ᠳᠤ ᠰᠦᠢᠳᠬᠡᠯ ᠲᠤᠰᠢᠶᠠᠵᠤ 2025 ᠣᠨ᠎ᠤ ᠦᠨᠳᠦᠰᠦᠨ ᠡᠮᠴᠢᠯᠡᠭᠡᠨ᠎ᠦ  ᠳᠠᠭᠠᠳᠬᠠᠯ᠎ᠳᠤ ᠣᠷᠣᠯᠴᠠᠭᠰᠠᠨ᠎ᠠᠴᠠ ᠡᠬᠢᠯᠡᠵᠦ ᠬᠡᠷᠡᠭᠵᠢᠭᠦᠯᠦᠨ᠎ᠡ ᠃  ᠥᠩᠭᠡᠷᠡᠭ᠌ᠰᠡᠨ᠎ᠳᠤ ᠳᠠᠭᠠᠳᠭᠠᠯ᠎ᠳᠤ ᠣᠷᠣᠯᠴᠠᠭ᠍ᠰᠠᠨ ᠦᠭᠡᠢ ᠴᠤ᠌ ᠂ 2024 ᠣᠨ᠎ᠤ ᠵᠢᠯ᠎ᠤᠨ ᠡᠴᠦᠰ᠎ᠠᠴᠠ ᠡᠬᠢᠯᠡᠨ ᠵᠢᠯ ᠪᠦᠷᠢ ᠲᠥᠪᠯᠡᠷᠡᠭᠦᠯᠦᠨ ᠲᠠᠲᠠᠪᠤᠷᠢᠯᠠᠨ ᠲᠤᠱᠢᠶᠠᠬᠤ ᠬᠤᠭᠤᠴᠠᠭᠠᠨ᠎ᠳᠤ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠳᠠᠭ ᠯᠠ ᠶᠤᠮ ᠪᠣᠯ ᠬᠠᠷᠠᠭᠠᠯᠵᠠᠯ᠎ᠤᠨ ᠬᠤᠭᠤᠴᠠᠭ᠎ᠠ ᠭᠡᠵᠦ᠍ ᠪᠠᠢᠬᠤ ᠦᠭᠡᠢ; ᠬᠡᠷᠪᠡ ᠤᠤᠯ᠎ᠨᠢ ᠬᠡᠪ᠎ᠤᠨ ᠪᠠᠢᠳᠠᠯ᠎ᠢᠶᠠᠷ ᠳᠠᠭᠠᠳᠭᠠᠯ᠎ᠳᠤ ᠣᠷᠣᠯᠴᠠᠭ᠍ᠰᠠᠨ ᠪᠣᠯᠪᠠᠴᠤ᠌ 2024 ᠣᠨ᠎ᠤ ᠵᠢᠯ᠎ᠤᠨ ᠡᠴᠦᠰ᠎ᠲᠤ ᠲᠥᠪᠯᠡᠷᠡᠭᠦᠯᠦᠨ ᠲᠠᠲᠠᠪᠤᠷᠢᠯᠠᠨ ᠲᠤᠱᠢᠶᠠᠬᠤ ᠬᠤᠭᠤᠴᠠᠭᠠᠨ᠎ᠳᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠭ᠍ᠰᠠᠨ ᠦᠭᠡᠢ ᠪᠠᠢ᠌ᠪᠠᠯ᠂ 2025 ᠣᠨ ᠪᠣᠯᠬᠤ᠎ᠳᠤ ᠳᠠᠷᠤᠶ ᠬᠠᠷᠠᠭᠠᠯᠵᠠᠯ ᠬᠦᠯᠢᠶᠡᠬᠦ᠌ ᠬᠤᠭᠤᠴᠠᠭ᠎ᠠ ᠲᠠᠢ ᠪᠣᠯᠤᠨ᠎ᠠ᠃

  ᠰᠠᠭᠤᠭᠠᠯᠢ ᠠᠷᠠᠳ᠎ᠤᠨ ᠳᠠᠭᠠᠳᠬᠠᠯ᠎ᠳᠤ ᠲᠥᠪᠯᠡᠷᠡᠭᠦᠯᠦᠨ ᠣᠷᠣᠯᠴᠠᠬᠤ ᠬᠤᠭᠤᠴᠠᠭ᠎ᠠ᠎ᠶᠢ ᠮᠡᠳᠡᠬᠦ ᠦᠭᠡᠢ᠎ᠡᠴᠡ ᠪᠣᠯᠵᠤ ᠲᠤᠰᠢᠶᠠᠬᠤ᠎ᠪᠠᠨ ᠵᠣᠭᠰᠣᠬᠤ ᠠ᠋ᠴᠠ ᠬᠡᠷᠬᠢᠨ ᠵᠠᠢᠯᠠᠰᠬᠢᠬᠦ ᠪᠣᠶ ? 

  ᠵᠢᠯ ᠪᠦᠷᠢ᠎ᠶ᠋ᠢᠨ 9 ᠳ᠋ᠦ᠍ᠭᠡᠷ ᠰᠠᠷ᠎ᠠ᠎ᠳᠤ᠂ ᠡᠯ᠎ᠡ ᠭᠠᠵᠠᠷ᠎ᠤᠨ᠎ᠬᠢᠨ ᠦᠨᠳᠦᠰᠦᠨ ᠡᠮᠴᠢᠯᠡᠭᠡᠨ᠎ᠦ ᠪᠠᠳᠤᠯᠠᠭ᠎ᠠ᠎ᠶ᠋ᠢᠨ ᠬᠢᠨ ᠪᠦᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠪᠯᠡᠷᠡᠩᠭᠦᠢ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠳᠡᠭ᠃ ᠬᠡᠷᠪᠡ ᠲᠣᠰ ᠪᠡᠶ᠎ᠡ᠎ᠶ᠋ᠢᠨ ᠱᠢᠯᠲᠠᠭᠠᠨ᠎ᠠᠴᠠ ᠪᠣᠯᠵᠣ ᠲᠥᠪᠯᠡᠷᠡᠭᠦᠯᠦᠨ ᠰᠦᠢᠳᠭᠡᠯ ᠲᠤᠱᠢᠶᠠᠬᠤ ᠬᠤᠭᠤᠴᠠᠭ᠎ᠠ᠎ᠠᠴᠠ ᠤᠳᠠᠭᠠᠱᠢᠷᠠᠭ᠍ᠰᠠᠨ᠎ᠠᠴᠠ ᠪᠣᠯᠵᠣ ᠲᠤᠱᠢᠶᠠᠬᠤ ᠶᠣᠰᠣᠲᠠᠶ ᠪᠣᠯ ᠳᠠᠷᠤᠶ ᠲᠦᠷᠭᠡᠨ ᠰᠦᠢᠳᠭᠡᠯ ᠲᠤᠱᠢᠶᠠᠵᠤ᠂ ᠬᠤᠪᠢᠷᠠᠯᠲᠠ᠎ᠶ᠋ᠢᠨ ᠬᠦᠯᠢᠶᠡᠬᠦ᠌ ᠬᠤᠭᠤᠴᠠᠭ᠎ᠠ᠎ᠶ᠋ᠢ ᠪᠠᠭᠠᠰᠭᠠᠨ᠂ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ ᠭᠥᠷᠳᠡᠵᠦ᠍ ᠳᠡᠢᠯᠬᠦ᠌ ᠥᠬᠡᠶ ᠬᠤᠬᠢᠷᠠᠯ᠎ᠢ ᠪᠠᠭᠤᠷᠠᠭᠤᠯᠬᠤ ᠬᠡᠷᠡᠭ᠌ᠲᠡᠶ᠃

ᠢᠷᠡᠯᠲᠡ᠄ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠸᠢᠴᠠᠲ᠎ᠤᠨ ᠣᠯᠠᠨ ᠨᠡᠢ᠌ᠲᠡ᠎ᠶᠢᠨ ᠲᠠᠪᠴᠠᠩ
          
ᠬᠠᠮᠢᠶ᠎ᠡ ᠪᠦᠬᠦᠢ ᠰᠣᠨᠢᠨ
 
            