ᠣᠢ᠌ᠷ᠎ᠠ᠎ᠳᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠪᠠ) ᠵᠢ ᠳᠠᠷᠤᠮᠠᠯᠯᠠᠨ ᠶᠠᠪᠤᠭᠤᠯᠪᠠ᠂ 《ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠨᠠᠩ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ᠎ᠬᠢᠨ᠎ᠤ ᠠᠩᠬᠠᠷᠤᠯ᠎ᠳᠤ ᠬᠠᠷᠢᠭᠤ ᠲᠤᠰᠬᠠᠬᠤ ᠵᠢᠨ ᠲᠥᠯᠥᠭᠡ᠂ 《ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠳᠣᠣᠷᠠᠬᠢ ᠮᠡᠲᠦ ᠲᠠᠢ᠌ᠯᠤᠮᠵᠢ ᠬᠢᠪᠡ᠄
1. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠭᠰᠡᠨ ᠠᠬᠤᠢ ᠪᠠᠢ᠌ᠳᠠᠯ᠎ᠨᠢ ᠶᠠᠭᠤ ᠪᠣᠶ?
ᠬᠠᠷᠢᠭᠤᠯᠲᠠ᠄ ᠶᠡᠷᠦᠩᠬᠡᠢ ᠱᠦᠵᠢ ᠰᠢ᠎ᠵᠢᠨ᠎ᠫᠢᠩ ᠴᠢᠬᠤᠯᠠᠴᠢᠯᠠᠬᠤ᠎ᠳᠤ᠎ᠪᠠᠨ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠰᠢᠨ᠎ᠡ᠎ᠪᠠᠷ ᠮᠠᠨᠳᠤᠵᠤ ᠪᠠᠢ᠌ᠭ᠎ᠠ ᠠᠵᠤ ᠦᠢ᠍ᠯᠡᠰ᠎ᠢ ᠨᠡᠪᠴᠢᠭᠦᠯᠬᠦ᠎ᠳᠤ ᠨᠡᠩ ᠶᠡᠬᠡ ᠬᠦᠴᠦ ᠣᠷᠣᠭᠤᠯᠤᠨ᠂ ᠰᠢᠨ᠎ᠡ ᠡᠵᠡᠩᠨᠡᠯᠲᠡ ᠵᠢᠨ ᠪᠠᠢ᠌ᠳᠠᠯ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠴᠢᠳᠠᠮᠵᠢ ᠵᠢ ᠢᠳᠡᠪᠬᠢᠲᠡᠢ ᠪᠦᠲᠦᠭᠡᠵᠦ᠂ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ》 ᠭᠡᠪᠡ᠃ ᠨᠡᠪᠴᠢᠭᠦᠯᠦᠭᠦᠷ᠎ᠨᠢ ᠤᠷᠤᠭᠰᠢ᠎ᠪᠠᠨ ᠰᠢᠨ᠎ᠡ ᠵᠢ ᠡᠭᠦᠳᠬᠦ ᠬᠡᠯᠬᠢᠶ᠎ᠡ ᠵᠢ ᠨᠠᠪᠲᠠᠷᠡᠭᠦᠯᠵᠦ᠂ ᠬᠣᠢ᠌ᠰᠢ᠎ᠪᠠᠨ ᠠᠵᠤ ᠦᠢ᠍ᠯᠡᠰ᠎ᠤᠨ ᠬᠡᠯᠬᠢᠶ᠎ᠡ ᠵᠢ ᠵᠠᠯᠭ᠋ᠠᠵᠤ᠂ ᠬᠥᠨᠳᠡᠯᠡᠨ ᠵᠶ᠋ᠡᠷ ᠪᠡᠯᠡ ᠮᠥᠩᠭᠥᠨ᠎ᠤ ᠬᠡᠯᠬᠢᠶ᠎ᠡ ᠪᠠ ᠴᠢᠳᠠᠪᠤᠷᠢᠲᠠᠨ᠎ᠤ ᠬᠡᠯᠬᠢᠶ᠎ᠡ ᠵᠢ ᠠᠭᠤᠰᠤᠯᠴᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠭᠤᠰᠤᠯᠴᠠᠭᠤᠯᠬᠤ ᠴᠢᠬᠤᠯᠠ ᠠᠴᠢᠶᠠᠯᠠᠪᠤᠷᠢ ᠪᠣᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠂ ᠨᠡᠪᠴᠢᠭᠦᠯᠬᠦ ᠪᠠ ᠠᠵᠤ ᠦᠢ᠍ᠯᠡᠰᠵᠢᠭᠦᠯᠬᠦ ᠵᠢ ᠪᠦᠲᠦᠮᠵᠢᠲᠡᠢ ᠠᠬᠢᠭᠤᠯᠵᠤ᠂ ᠠᠵᠤ ᠠᠬᠤᠢ᠌ᠯᠠᠯ᠎ᠤᠨ ᠨᠡᠮᠡᠭᠳᠡᠯ᠎ᠢ ᠰᠢᠯᠢᠳᠡᠭᠵᠢᠭᠦᠯᠵᠦ᠂ ᠴᠢᠨᠠᠷ ᠰᠠᠢ᠌ᠲᠠᠢ ᠠᠵᠢᠯ ᠣᠯᠭᠣᠯᠲᠠ ᠵᠢ ᠠᠬᠢᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢᠨ ᠪᠦᠲᠦᠭᠡᠨ ᠪᠠᠢ᠌ᠭᠤᠯᠤᠯᠲᠠ ᠵᠢ ᠪᠦᠲᠦᠮᠵᠢᠲᠡᠢ ᠲᠤᠯᠭ᠋ᠠᠭᠤᠷᠢᠯᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠵᠦ ᠴᠢᠳᠠᠨ᠎ᠠ᠃
30 ᠭᠠᠷᠤᠢ ᠵᠢᠯ᠎ᠤᠨ ᠬᠥᠭᠵᠢᠯᠲᠡ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠨᠡᠪᠴᠢᠭᠦᠯᠦᠭᠦᠷ᠎ᠤᠨ ᠪᠦᠲᠦᠭᠡᠨ ᠪᠠᠢ᠌ᠭᠤᠯᠤᠯᠲᠠ ᠬᠢᠬᠦ ᠦᠭᠡᠢ ᠪᠠᠢ᠌ᠭᠰᠠᠨ᠎ᠠᠴᠠ᠎ᠪᠠᠨ ᠬᠢᠬᠦ ᠪᠣᠯᠵᠤ᠂ ᠪᠠᠭ᠎ᠠ᠎ᠪᠠᠷ ᠪᠠᠢ᠌ᠭᠤᠯᠵᠤ ᠪᠠᠢ᠌ᠭᠰᠠᠨ᠎ᠠᠴᠠ ᠶᠡᠬᠡ᠎ᠪᠠᠷ ᠪᠠᠢ᠌ᠭᠤᠯᠬᠤ ᠪᠣᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠢ᠍ᠯᠡᠰ ᠪᠣᠰᠬᠠᠨ ᠨᠡᠪᠴᠢᠭᠦᠯᠬᠦ ᠬᠥᠭᠵᠢᠯᠲᠡ ᠵᠢᠨ ᠵᠠᠮ᠎ᠢ ᠨᠡᠭᠡᠭᠡᠪᠡ᠃ ᠣᠳᠣᠬᠠᠨ᠎ᠳᠤ᠂ ᠪᠦᠬᠦ ᠤᠯᠤᠰ᠎ᠤᠨ ᠨᠡᠪᠴᠢᠭᠦᠯᠬᠦ ᠪᠠᠢ᠌ᠭᠤᠯᠤᠮᠵᠢ ᠵᠢᠨ ᠶᠡᠷᠦᠩᠬᠡᠢ ᠲᠣᠭ᠎ᠠ 1.6 ᠲᠦᠮᠡ᠎ᠳᠤ ᠬᠦᠷᠴᠦ᠂ ᠪᠦᠬᠦ ᠪᠥᠮᠪᠥᠷᠴᠡᠭ᠎ᠤᠨ 50 ᠭᠠᠷᠤᠢ ᠤᠯᠤᠰ ᠪᠠ ᠭᠠᠵᠠᠷ ᠣᠷᠣᠨ᠎ᠳᠤ ᠬᠤᠪᠢᠶᠠᠷᠢ ᠰᠠᠯᠪᠤᠷᠢ ᠪᠠᠢ᠌ᠭᠤᠯᠤᠮᠵᠢ ᠵᠢ ᠪᠠᠢ᠌ᠷᠢᠰᠢᠭᠤᠯᠤᠨ ᠪᠠᠢ᠌ᠭᠤᠯᠵᠤ᠂ ᠶᠡᠬᠡ ᠬᠡᠮᠵᠢᠶᠡᠨ᠎ᠤ ᠨᠥᠯᠥᠭᠡᠯᠡᠬᠦ ᠬᠦᠴᠦᠨ᠎ᠲᠠᠢ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠢ᠌ᠯᠠᠯ᠎ᠢ ᠪᠣᠢ᠌ᠵᠢᠭᠤᠯᠵᠤ᠂ ᠠᠵᠤ ᠠᠬᠤᠢ ᠵᠢᠨ ᠲᠦᠷᠭᠡᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃
2023 ᠣᠨ᠎ᠤ 3 ᠳ᠋ᠤᠭ᠋ᠠᠷ ᠰᠠᠷ᠎ᠠ᠎ᠳᠤ 《ᠨᠠᠮ ᠪᠠ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠢ ᠦᠨᠳᠦᠰᠦᠯᠡᠨ᠂ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ ᠵᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠳᠤ ᠬᠤᠪᠢᠶᠠᠷᠢᠯᠠᠨ ᠣᠷᠣᠭᠤᠯᠪᠠ᠃ ᠣᠳᠣᠬᠠᠨ᠎ᠳᠤ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠲᠦᠷᠭᠡᠰᠴᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠨᠢ ᠨᠡᠪᠴᠢᠭᠦᠯᠦᠭᠦᠷ᠎ᠤᠨ ᠬᠥᠭᠵᠢᠯᠲᠡ᠎ᠳᠤ ᠰᠢᠨ᠎ᠡ ᠡᠭᠦᠷᠭᠡ ᠣᠯᠭᠣᠵᠤ᠂ ᠰᠢᠨ᠎ᠡ ᠱᠠᠭ᠋ᠠᠷᠳᠠᠯᠭ᠎ᠠ ᠳᠤᠷᠠᠳᠪᠠ᠃ ᠡᠢ᠌ᠮᠦ᠎ᠠᠴᠠ᠂ ᠤᠤᠯ᠎ᠤᠨ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠵᠤ᠂ ᠨᠡᠪᠴᠢᠭᠦᠯᠦᠬᠦᠷ᠎ᠤᠨ ᠬᠥᠭᠵᠢᠯᠲᠡ ᠵᠢᠨ ᠰᠡᠳᠬᠢᠮᠵᠢ ᠵᠢ ᠢᠯᠭ᠋ᠠᠷᠠᠭᠤᠯᠤᠨ ᠵᠠᠰᠠᠵᠤ᠂ ᠴᠢᠭᠯᠡᠯ᠎ᠢ ᠲᠣᠳᠣᠷᠬᠠᠢ᠌ᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠠᠭᠤᠰᠤᠯᠴᠠᠭᠤᠯᠬᠤ᠎ᠳᠤ ᠤᠯᠠᠮ ᠨᠢᠭᠡ ᠠᠯᠬᠤᠮ ᠠᠩᠬᠠᠷᠤᠯ ᠲᠥᠪᠯᠡᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡ ᠵᠢ ᠴᠢᠩᠭ᠋ᠠᠳᠬᠠᠨ᠂ ᠰᠢᠨ᠎ᠡ ᠴᠠᠭ ᠦᠶ᠎ᠡ ᠵᠢᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠬᠡᠷᠡᠭᠲᠡᠢ ᠪᠣᠯᠪᠠ᠃ ᠵᠢᠯ ᠭᠠᠷᠤᠢ ᠵᠢᠨ ᠥᠷᠭᠡᠨ ᠳᠡᠯᠭᠡᠷᠡᠩᠭᠦᠢ ᠪᠠᠢ᠌ᠴᠠᠭ᠋ᠠᠨ ᠰᠤᠳᠤᠯᠤᠯᠲᠠ᠂ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠴᠢ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ ᠰᠠᠨᠠᠭᠤᠯᠭ᠎ᠠ ᠵᠢ ᠬᠤᠷᠢᠶᠠᠭ᠋ᠠᠳ᠂ ᠮᠠᠨ᠎ᠤ ᠶᠠᠮᠤᠨ ᠰᠢᠨ᠎ᠡ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠭᠰᠠᠨ᠎ᠨᠢ ᠮᠠᠨ᠎ᠤ ᠤᠯᠤᠰ᠎ᠤᠨ ᠨᠡᠪᠴᠢᠭᠦᠯᠦᠭᠦᠷ᠎ᠤᠨ ᠬᠥᠭᠵᠢᠯᠲᠡ ᠪᠠ ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢ᠌ᠨ᠎ᠠ᠃
2. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠶᠡᠷᠦᠩᠬᠡᠢ ᠰᠡᠳᠬᠢᠮᠵᠢ᠎ᠨᠢ ᠶᠠᠭᠤ ᠪᠤᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ ᠨᠡᠪᠴᠢᠭᠦᠯᠦᠭᠦᠷ᠎ᠤᠨ ᠬᠥᠭᠵᠢᠯᠲᠡ ᠵᠢᠨ ᠣᠳᠣᠬᠢ ᠪᠠᠢ᠌ᠳᠠᠯ᠂ ᠠᠰᠠᠭᠤᠳᠠᠯ ᠪᠠ ᠬᠠᠨᠳᠤᠰᠢ ᠵᠢ ᠶᠡᠷᠦᠩᠬᠡᠢ᠌ᠯᠡᠨ ᠪᠣᠳᠣᠯᠬᠢᠯᠠᠵᠤ᠂ ᠣᠳᠣᠬᠠᠨ᠎ᠤ ᠬᠥᠭᠵᠢᠯᠲᠡ ᠵᠢᠨ ᠪᠣᠳᠠᠲᠤ ᠪᠠᠢ᠌ᠳᠠᠯ᠎ᠲᠠᠢ ᠵᠣᠬᠢᠴᠠᠭᠤᠯᠤᠨ ᠰᠢᠰᠲ᠋ᠧᠮ᠎ᠤᠨ ᠴᠢᠨᠠᠷᠲᠠᠢ ᠳᠠᠬᠢᠨ ᠴᠣᠭᠴᠠᠯᠠᠯᠲᠠ ᠬᠢᠵᠡᠢ᠂ ᠡᠭᠦᠨ᠎ᠤ ᠵᠣᠷᠢᠯᠭ᠎ᠠ᠎ᠨᠢ ᠨᠡᠪᠴᠢᠭᠦᠯᠦᠭᠦᠷ᠎ᠢ ᠲᠣᠭ᠋ᠠᠨ᠎ᠤ ᠨᠡᠮᠡᠭᠳᠡᠯ᠎ᠠᠴᠠ ᠴᠢᠨᠠᠷ᠎ᠤᠨ ᠳᠡᠭᠡᠭᠰᠢᠯᠡᠯᠲᠡ ᠲᠡᠢ᠌ᠰᠢ ᠬᠤᠪᠢᠷᠠᠭᠤᠯᠵᠤ᠂ ᠦᠢ᠍ᠯᠡᠴᠢᠯᠡᠭᠡ ᠬᠠᠩᠭ᠋ᠠᠬᠤ᠎ᠠᠴᠠ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠠᠮᠢ ᠠᠬᠤᠢ ᠵᠢ ᠪᠠᠶ᠋ᠢᠭᠤᠯᠬᠤ ᠲᠡᠢ᠌ᠰᠢ ᠬᠤᠪᠢᠷᠠᠭᠤᠯᠬᠤ ᠵᠢ ᠠᠬᠢᠭᠤᠯᠬᠤ ᠵᠢᠨ ᠲᠥᠯᠥᠭᠡ ᠶᠤᠮ᠃ ᠵᠠᠰᠠᠪᠤᠷᠢ ᠣᠷᠣᠭᠤᠯᠤᠭᠰᠠᠨ ᠰᠡᠳᠬᠢᠮᠵᠢ᠎ᠨᠢ ᠳᠣᠣᠷᠠᠬᠢ ᠳᠥᠷᠪᠡᠨ ᠲᠠᠯ᠎ᠠ᠎ᠪᠠᠷ ᠢᠯᠡᠷᠡᠵᠦ ᠪᠣᠶ᠄
ᠨᠢᠭᠡ᠎ᠳᠤ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠵᠢᠨ ᠲᠠᠯ᠎ᠠ᠎ᠪᠠᠷ᠂ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠦᠢ᠍ᠯᠡᠰᠵᠢᠭᠦᠯᠬᠦ ᠵᠢ ᠲᠣᠪᠤᠢ᠌ᠯᠭ᠋ᠠᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠨᠡᠪᠴᠢᠭᠦᠯᠵᠦ᠂ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠤᠯᠠᠮᠵᠢᠯᠠᠯᠲᠤ ᠠᠵᠤ ᠦᠢ᠍ᠯᠡᠰ᠎ᠤᠨ ᠲᠡᠰ ᠳᠡᠪᠰᠢᠬᠦ᠂ ᠰᠢᠨ᠎ᠡ᠎ᠪᠠᠷ ᠮᠠᠨᠳᠤᠵᠤ ᠪᠠᠢ᠌ᠭ᠎ᠠ ᠠᠵᠤ ᠦᠢ᠍ᠯᠡᠰ᠎ᠢ ᠪᠤᠵᠠᠭ᠋ᠠᠢ᠌ᠷᠠᠭᠤᠯᠬᠤ᠂ ᠢᠷᠡᠭᠡᠳᠦᠢ ᠵᠢᠨ ᠠᠵᠤ ᠦᠢ᠍ᠯᠡᠰ᠎ᠢ ᠪᠣᠢ᠌ᠵᠢᠭᠤᠯᠬᠤ ᠵᠢ ᠲᠣᠪᠣᠢ᠌ᠯᠭ᠋ᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠦᠢ᠍ᠯᠡᠴᠢᠯᠡᠨ᠎ᠡ᠃
ᠬᠣᠶᠠᠷ᠎ᠲᠤ ᠬᠠᠮᠢᠶᠠᠷᠤᠯᠲᠠ ᠵᠢᠨ ᠲᠣᠭᠲᠠᠯᠴᠠᠭ᠎ᠠ ᠵᠢᠨ ᠲᠠᠯ᠎ᠠ᠎ᠪᠠᠷ᠂ ᠤᠤᠯ᠎ᠤᠨ ᠤᠯᠤᠰ᠎ᠤᠨ ᠲᠡᠰ᠎ᠤᠨ᠎ᠬᠢ ᠵᠢ ᠶᠠᠮᠤᠨ᠎ᠤ ᠲᠡᠰ (ᠪᠠᠷᠢᠮᠵᠢᠶ᠎ᠠ ᠲᠡᠰ)᠎ᠤᠨ ᠨᠡᠪᠴᠢᠭᠦᠯᠦᠭᠦᠷ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠵᠢᠨ ᠬᠠᠮᠲᠤ᠂ ᠰᠢᠨ᠎ᠡ᠎ᠪᠠᠷ ᠮᠠᠨᠳᠤᠵᠤ ᠪᠠᠢ᠌ᠭ᠎ᠠ ᠠᠵᠤ ᠦᠢ᠍ᠯᠡᠰ ᠪᠠ ᠢᠷᠡᠭᠡᠳᠦᠢ ᠵᠢᠨ ᠠᠵᠤ ᠦᠢ᠍ᠯᠡᠰ᠎ᠤᠨ ᠬᠦᠷᠢᠶᠡᠨ᠎ᠳᠤ ᠠᠩᠬᠠᠷᠤᠯ ᠲᠥᠪᠯᠡᠷᠡᠭᠦᠯᠵᠦ᠂ ᠳᠡᠯᠡᠬᠡᠢ ᠵᠢᠨ ᠲᠡᠷᠢᠭᠦᠨ᠎ᠳᠤ ᠣᠷᠣᠬᠤ ᠶᠠᠮᠤᠨ᠎ᠤ ᠲᠡᠰ (ᠭᠠᠷᠮᠠᠭ᠋ᠠᠢ ᠲᠡᠰ)᠎ᠲᠠᠢ ᠬᠠᠷᠢᠴᠠᠭᠤᠯᠤᠭᠰᠠᠨ ᠨᠡᠪᠴᠢᠭᠦᠯᠦᠭᠦᠷ᠎ᠢ ᠪᠣᠢ᠌ᠵᠢᠭᠤᠯᠵᠤ᠂ ᠡᠯ᠎ᠡ ᠲᠦᠷᠦᠯ᠎ᠤᠨ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠴᠤᠭᠯᠠᠷᠠᠯ᠎ᠢ ᠬᠥᠲᠥᠯᠥᠨ ᠵᠢᠯᠣᠭᠣᠳᠤᠨ᠎ᠠ᠃
ᠭᠤᠷᠪᠠ᠎ᠳᠤ ᠪᠠᠷᠢᠮᠵᠢᠶ᠎ᠠ ᠵᠢ ᠮᠠᠭ᠋ᠠᠳᠯᠠᠨ ᠲᠣᠭᠲᠠᠭ᠋ᠠᠬᠤ ᠲᠠᠯ᠎ᠠ᠎ᠪᠠᠷ᠂ ᠪᠠᠷᠢᠮᠵᠢᠶ᠎ᠠ ᠲᠡᠰ᠎ᠤᠨ ᠨᠡᠪᠴᠢᠭᠦᠯᠦᠭᠦᠷ᠎ᠨᠢ ᠦᠢ᠍ᠯᠡᠴᠢᠯᠡᠭᠡᠨ᠎ᠤ ᠴᠢᠳᠠᠪᠤᠷᠢ ᠪᠠ ᠨᠡᠪᠴᠢᠭᠦᠯᠦᠭᠦᠷ᠎ᠤᠨ ᠦᠷ᠎ᠡ ᠪᠦᠲᠦᠮᠵᠢ ᠵᠢ ᠨᠡᠩ ᠴᠢᠬᠤᠯᠠᠴᠢᠯᠠᠵᠤ᠂ ᠭᠠᠷᠮᠠᠭ᠋ᠠᠢ ᠲᠡᠰ᠎ᠤᠨ ᠨᠡᠪᠴᠢᠭᠦᠯᠦᠭᠦᠷ᠎ᠨᠢ ᠠᠵᠤ ᠦᠢ᠍ᠯᠡᠰ᠎ᠤᠨ ᠰᠢᠨᠵᠢ ᠴᠢᠨᠠᠷ᠂ ᠦᠢ᠍ᠯᠡᠴᠢᠯᠡᠭᠡᠨ᠎ᠤ ᠴᠢᠳᠠᠮᠵᠢ᠂ ᠳᠡᠭᠡᠳᠦ ᠲᠡᠰ᠎ᠤᠨ ᠴᠢᠳᠠᠪᠤᠷᠢᠲᠠᠨ᠂ ᠪᠡᠯᠡ ᠣᠷᠣᠭᠤᠯᠤᠯᠲᠠ᠎ᠪᠠᠷ ᠳᠠᠢ᠌ᠴᠢᠯᠠᠬᠤ᠂ ᠤᠯᠠᠷᠢᠭᠤᠯᠬᠤ ᠵᠢ ᠲᠦᠷᠭᠡᠳᠬᠡᠬᠦ ᠵᠡᠷᠭᠡ ᠲᠠᠯ᠎ᠠ ᠵᠢᠨ ᠴᠢᠳᠠᠪᠤᠷᠢ ᠵᠢ᠎ᠨᠢ ᠴᠢᠩᠭ᠋ᠠᠳᠬᠠᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠡᠢ᠌ᠳᠬᠡᠨ ᠲᠥᠪᠯᠡᠷᠡᠭᠦᠯᠵᠦ᠂ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠬᠥᠭᠵᠢᠯᠲᠡ ᠵᠢᠨ ᠠᠮᠢ ᠠᠬᠤᠢ ᠵᠢ ᠴᠣᠭᠴᠠᠯᠠᠨ ᠪᠠᠢ᠌ᠭᠤᠯᠤᠨ᠎ᠠ᠃
ᠳᠥᠷᠪᠡ᠎ᠳᠤ ᠠᠵᠢᠯ᠎ᠤᠨ ᠲᠣᠭᠲᠠᠴᠠ ᠵᠢᠨ ᠲᠠᠯ᠎ᠠ᠎ᠪᠠᠷ᠂ ᠮᠤᠵᠢ ᠶᠠᠮᠤᠨ᠎ᠤ ᠬᠠᠮᠵᠢᠯᠴᠠᠭ᠎ᠠ ᠵᠢ ᠲᠤᠪᠤᠢ᠍ᠢ᠍ᠯᠭ᠋ᠠᠵᠦ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠪᠦᠬᠦ ᠤᠯᠤᠰ᠎ᠤᠨ ᠨᠡᠪᠴᠢᠬᠦᠯᠦᠬᠦᠷ᠎ᠤᠨ ᠲᠥᠯᠦᠪᠵᠢᠭᠦᠯᠭᠡ᠂ ᠲᠦᠷᠦ ᠵᠢᠨ ᠪᠣᠳᠣᠯᠭ᠎ᠠ᠂ ᠪᠠᠷᠢᠮᠵᠢᠶ᠎ᠠ᠎ᠪᠠᠷ ᠬᠥᠲᠥᠯᠥᠨ ᠵᠢᠯᠤᠭᠣᠳᠬᠤ ᠪᠠ ᠬᠢᠨᠠᠨ ᠬᠠᠮᠢᠶᠠᠷᠬᠤ ᠵᠢ ᠴᠢᠩᠭ᠋ᠠᠳᠬᠠᠬᠤ ᠵᠢᠨ ᠬᠠᠮᠲᠤ᠂ ᠣᠷᠣᠨ ᠨᠤᠲᠤᠭ᠎ᠤᠨ ᠡᠯ᠎ᠡ ᠱᠠᠲᠤᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠥᠲᠥᠯᠥᠨ ᠵᠢᠯᠤᠭᠣᠳᠴᠤ ᠪᠠᠢ᠌ᠭ᠋ᠠᠳ ᠵᠢᠯᠣᠭᠣᠳᠤᠯᠭ᠎ᠠ ᠪᠠ ᠦᠢ᠍ᠯᠡᠴᠢᠯᠡᠭᠡ ᠵᠢ ᠴᠢᠩᠭ᠋ᠠᠳᠬᠠᠵᠤ᠂ ᠨᠡᠪᠴᠢᠬᠦᠯᠦᠬᠦᠷ᠎ᠤᠨ ᠪᠡᠯᠡ ᠮᠥᠩᠭᠥ᠂ ᠴᠢᠳᠠᠪᠤᠷᠢᠲᠠᠨ ᠵᠡᠷᠭᠡ᠎ᠳᠤ ᠲᠦᠷᠦ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠵᠢ ᠴᠢᠩᠭ᠋ᠠᠳᠬᠠᠨ᠎ᠠ᠃
3. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠪᠣᠷᠣ ᠲᠥᠯᠥᠪ ᠬᠢᠭᠡᠳ ᠴᠢᠬᠤᠯᠠ ᠲᠣᠬᠢᠷᠠᠭᠤᠯᠤᠯᠲᠠ᠎ᠨᠢ ᠶᠠᠭᠤ ᠪᠤᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠳᠤ ᠨᠡᠶ᠋ᠢᠲᠡ 7 ᠪᠦᠯᠦᠭ 29 ᠵᠦᠢ᠍ᠯ ᠪᠣᠢ᠂ ᠡᠭᠦᠨ᠎ᠳᠤ᠄ ᠨᠢᠭᠡᠳᠦᠭᠡᠷ ᠪᠦᠯᠦᠭ᠎ᠨᠢ ᠶᠡᠷᠦᠩᠬᠡᠢ ᠳᠦᠷᠢᠮ ᠪᠣᠯᠣᠨ᠎ᠠ᠃ ᠲᠣᠭᠲᠠᠭ᠋ᠠᠭᠰᠠᠨ ᠦᠨᠳᠦᠰᠦᠯᠡᠯ ᠪᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠴᠢ ᠨᠡᠪᠴᠢᠭᠦᠯᠦᠭᠦᠷ᠎ᠤᠨ ᠪᠠᠢ᠌ᠷᠢ ᠲᠣᠭᠲᠠᠭ᠋ᠠᠯᠲᠠ᠂ ᠴᠢᠳᠠᠮᠵᠢ ᠪᠠ ᠬᠠᠷᠠᠯᠲᠠ ᠵᠢ ᠲᠣᠳᠣᠷᠬᠠᠢ᠌ᠯᠠᠪᠠ᠃ ᠬᠣᠶᠠᠳᠤᠭ᠋ᠠᠷ ᠪᠦᠯᠦᠭ᠎ᠨᠢ ᠮᠠᠭ᠋ᠠᠳᠯᠠᠨ ᠲᠣᠭᠲᠠᠭ᠋ᠠᠬᠤ ᠨᠥᠬᠥᠴᠡᠯ ᠪᠣᠯᠣᠨ᠎ᠠ᠃ ᠶᠠᠮᠤᠨ᠎ᠤ ᠲᠠᠰ᠎ᠤᠨ ᠨᠡᠪᠴᠢᠭᠦᠯᠦᠭᠦᠷ᠎ᠢ ᠪᠠᠷᠢᠮᠵᠢᠶ᠎ᠠ᠎ᠳᠤ ᠬᠦᠷᠦᠭᠦᠯᠦᠭᠰᠡᠨ ᠮᠠᠭ᠋ᠠᠳᠯᠠᠨ ᠲᠣᠭᠲᠠᠭ᠋ᠠᠯᠲᠠ ᠬᠢᠬᠦ ᠵᠢ ᠬᠡᠷᠡᠭᠵᠢᠭᠦᠯᠵᠦ᠂ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠲᠤ ᠰᠢᠯᠢᠳᠡᠭ᠎ᠢ᠎ᠨᠢ ᠰᠣᠩᠭᠣᠭᠰᠠᠨ ᠮᠠᠭ᠋ᠠᠳᠯᠠᠨ ᠲᠣᠭᠲᠠᠭ᠋ᠠᠯᠲᠠ ᠬᠢᠬᠦ ᠵᠢ ᠬᠡᠷᠡᠭᠵᠢᠭᠦᠯᠬᠦ ᠵᠢ ᠲᠣᠳᠣᠷᠬᠠᠢ᠌ᠯᠠᠭᠰᠠᠨ᠎ᠤ ᠬᠠᠮᠲᠤ ᠮᠠᠭ᠋ᠠᠳᠯᠠᠨ ᠲᠣᠭᠲᠠᠭ᠋ᠠᠬᠤ ᠨᠥᠬᠥᠴᠡᠯ ᠪᠠ ᠱᠠᠭ᠋ᠠᠷᠳᠠᠯᠭ᠎ᠠ ᠵᠢ ᠳᠤᠷᠠᠳᠪᠠ᠃ ᠭᠤᠷᠪᠠᠳᠤᠭ᠋ᠠᠷ ᠪᠦᠯᠦᠭ᠎ᠨᠢ ᠮᠠᠭ᠋ᠠᠳᠯᠠᠨ ᠲᠣᠭᠲᠠᠭ᠋ᠠᠬᠤ ᠵᠢᠷᠤᠮ ᠪᠣᠯᠣᠨ᠎ᠠ᠃ ᠨᠡᠪᠴᠢᠭᠦᠯᠦᠭᠦᠷ ᠭᠤᠶᠤᠴᠢᠯᠠᠬᠤ᠂ ᠬᠢᠨᠠᠨ ᠬᠠᠷᠭᠤᠭᠤᠯᠵᠤ ᠲᠠᠨᠢᠯᠴᠠᠭᠤᠯᠬᠤ᠂ ᠬᠢᠨᠠᠨ ᠰᠢᠯᠭ᠋ᠠᠷᠠᠭᠤᠯᠵᠤ ᠮᠠᠭ᠋ᠠᠳᠯᠠᠨ ᠲᠣᠭᠲᠠᠭ᠋ᠠᠬᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠡᠷᠭᠡ ᠲᠠᠰ ᠳᠠᠷᠠᠭ᠋ᠠᠯᠠᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ ᠳᠥᠷᠪᠡᠳᠦᠭᠡᠷ ᠪᠦᠯᠦᠭ᠎ᠨᠢ ᠦᠨᠡᠯᠡᠯᠲᠡ ᠪᠠ ᠬᠢᠨᠠᠯᠲᠠ ᠲᠠᠯᠪᠢᠯᠲᠠ ᠪᠣᠯᠣᠨ᠎ᠠ᠃ ᠨᠡᠪᠴᠢᠭᠦᠯᠦᠭᠦᠷ᠎ᠤᠨ ᠠᠮᠵᠢᠯᠲᠠ ᠪᠦᠲᠦᠮᠵᠢ ᠵᠢ ᠦᠨᠡᠯᠡᠯᠲᠡ ᠬᠢᠬᠦ᠂ ᠡᠳᠦᠷ ᠲᠤᠲᠤᠮ᠎ᠤᠨ ᠬᠢᠨᠠᠯᠲᠠ ᠲᠠᠯᠪᠢᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ ᠲᠠᠪᠤᠳᠤᠭ᠋ᠠᠷ ᠪᠦᠯᠦᠭ᠎ᠨᠢ ᠬᠤᠪᠢᠷᠠᠭᠤᠯᠵᠤ ᠲᠣᠬᠢᠷᠠᠭᠤᠯᠬᠤ ᠪᠠ ᠬᠦᠴᠦᠨ ᠦᠭᠡᠢ ᠪᠣᠯᠭ᠋ᠠᠬᠤ ᠱᠠᠭ᠋ᠠᠷᠳᠠᠯᠭ᠎ᠠ ᠪᠣᠯᠣᠨ᠎ᠠ᠃ ᠮᠠᠭ᠋ᠠᠳᠯᠠᠨ ᠲᠣᠭᠲᠠᠭ᠋ᠠᠭᠰᠠᠨ ᠨᠡᠪᠴᠢᠭᠦᠯᠦᠭᠦᠷ᠎ᠢ ᠬᠤᠪᠢᠷᠠᠭᠤᠯᠵᠤ ᠲᠣᠬᠢᠷᠠᠭᠤᠯᠬᠤ ᠪᠠ ᠬᠦᠴᠦᠨ ᠦᠭᠡᠢ ᠪᠣᠯᠭ᠋ᠠᠬᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ ᠵᠢᠷᠭᠤᠳᠤᠭ᠋ᠠᠷ ᠪᠦᠯᠦᠭ᠎ᠨᠢ ᠠᠬᠢᠭᠤᠯᠬᠤ ᠬᠢᠭᠡᠳ ᠬᠥᠭᠵᠢᠭᠦᠯᠬᠦ ᠠᠷᠭ᠎ᠠ ᠬᠡᠮᠵᠢᠶ᠎ᠡ ᠪᠣᠯᠣᠨ᠎ᠠ᠃ ᠨᠡᠪᠴᠢᠭᠦᠯᠦᠭᠦᠷ᠎ᠤᠨ ᠬᠥᠭᠵᠢᠯᠲᠡ ᠵᠢ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠴᠢᠳᠠᠪᠤᠷᠢ ᠵᠢᠨ ᠪᠠᠢ᠌ᠭᠤᠯᠤᠯᠲᠠ᠂ ᠰᠢᠨ᠎ᠡ ᠵᠢ ᠡᠭᠦᠳᠬᠦ ᠵᠢ ᠲᠦᠷᠭᠡᠳᠬᠡᠬᠦ᠂ ᠪᠦᠷᠢᠳᠬᠡᠨ ᠪᠠᠢ᠌ᠴᠠᠭ᠋ᠠᠬᠤ᠂ ᠲᠤᠰᠬᠠᠢ᠌ᠵᠢᠭᠤᠯᠤᠨ ᠬᠥᠭᠵᠢᠭᠦᠯᠬᠦ ᠵᠡᠷᠭᠡ ᠲᠠᠯ᠎ᠠ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ ᠳᠣᠯᠣᠳᠤᠭ᠋ᠠᠷ ᠪᠦᠯᠦᠭ᠎ᠨᠢ ᠳᠠᠭ᠋ᠠᠯᠳᠤᠭᠤᠯᠤᠯ ᠳᠦᠷᠢᠮ ᠪᠣᠯᠣᠨ᠎ᠠ᠃ ᠯᠠᠪᠯᠠᠯᠲᠠ ᠪᠣᠯᠭ᠋ᠠᠨ ᠬᠠᠮᠢᠶᠠᠷᠬᠤ᠂ ᠠᠮᠵᠢᠯᠲᠠ ᠪᠦᠲᠦᠮᠵᠢ ᠵᠢ ᠦᠨᠡᠯᠡᠬᠦ᠂ ᠲᠠᠢ᠌ᠯᠪᠤᠷᠢᠯᠠᠬᠤ ᠪᠠ ᠴᠤᠴᠠᠯᠬᠤ ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃
《ᠬᠠᠮᠢᠶᠠᠷᠤᠯᠲᠠ ᠵᠢᠨ ᠠᠷᠭ᠎ᠠ》᠎ᠳᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠨᠡᠪᠴᠢᠭᠦᠯᠦᠭᠦᠷ (ᠳᠣᠷᠣᠭᠰᠢ 《ᠶᠠᠮᠤᠨ ᠲᠠᠰ᠎ᠤᠨ ᠨᠡᠪᠴᠢᠭᠦᠯᠦᠭᠦᠷ》 ᠭᠡᠵᠦ ᠲᠣᠪᠴᠢᠯᠠᠪᠠ)᠎ᠢ ᠮᠠᠭ᠋ᠠᠳᠯᠠᠨ ᠲᠣᠭᠲᠠᠭ᠋ᠠᠬᠤ᠎ᠳᠤ ᠪᠠᠷᠢᠮᠵᠢᠶ᠎ᠠ ᠲᠠᠰ᠎ᠤᠨ ᠪᠠ ᠭᠠᠷᠮᠠᠭ᠋ᠠᠢ ᠲᠠᠰ᠎ᠤᠨ ᠭᠡᠵᠦ ᠬᠣᠶᠠᠷ ᠲᠥᠷᠥᠯ ᠲᠣᠬᠢᠷᠠᠭᠤᠯᠵᠠᠢ᠂ ᠡᠨᠡ ᠪᠣᠯ ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ ᠬᠠᠮᠤᠭ᠎ᠤᠨ ᠶᠡᠬᠡ ᠲᠣᠬᠢᠷᠠᠭᠤᠯᠤᠯᠲᠠ ᠬᠢᠭᠰᠡᠨ ᠵᠦᠢ᠍ᠯ ᠪᠣᠯᠣᠨ᠎ᠠ᠃ ᠡᠭᠦᠨ᠎ᠳᠤ᠂ ᠪᠠᠷᠢᠮᠵᠢᠶ᠎ᠠ ᠲᠠᠰ᠎ᠤᠨ ᠨᠡᠪᠴᠢᠭᠦᠯᠦᠭᠦᠷ᠎ᠨᠢ ᠤᠤᠯ᠎ᠤᠨ ᠤᠯᠤᠰ᠎ᠤᠨ ᠲᠠᠰ᠎ᠤᠨ ᠨᠡᠪᠴᠢᠭᠦᠯᠦᠭᠦᠷ᠎ᠲᠠᠢ ᠬᠠᠷᠢᠴᠠᠭᠤᠯᠵᠤ᠂ ᠪᠠᠷᠢᠮᠵᠢᠶ᠎ᠠ᠎ᠳᠤ ᠬᠦᠷᠦᠭᠦᠯᠦᠭᠰᠡᠨ ᠮᠠᠭ᠋ᠠᠳᠯᠠᠨ ᠲᠣᠭᠲᠠᠭ᠋ᠠᠯᠲᠠ ᠬᠢᠬᠦ ᠵᠢ ᠬᠡᠷᠡᠭᠵᠢᠭᠦᠯᠦᠨ᠎ᠡ᠂ ᠲᠤᠬᠠᠢ᠌ᠯᠠᠪᠠᠯ ᠲᠣᠭᠲᠠᠭ᠋ᠠᠭᠰᠠᠨ ᠨᠥᠬᠥᠴᠡᠯ᠎ᠳᠤ ᠭᠦᠷᠪᠡᠯ ᠳᠠᠷᠤᠢ ᠪᠠᠷᠢᠮᠵᠢᠶ᠎ᠠ ᠲᠠᠰ ᠵᠶ᠋ᠠᠷ ᠮᠠᠭ᠋ᠠᠳᠯᠠᠨ ᠲᠣᠭᠲᠠᠭ᠋ᠠᠵᠤ ᠪᠣᠯᠣᠨ᠎ᠠ᠃ ᠤᠤᠯ᠎ᠤᠨ ᠤᠯᠤᠰ᠎ᠤᠨ ᠲᠠᠰ᠎ᠤᠨ ᠨᠡᠪᠴᠢᠭᠦᠯᠦᠭᠦᠷ᠎ᠲᠤ ᠠᠪᠴᠤ ᠬᠡᠯᠡᠪᠡᠯ᠂ ᠰᠢᠨ᠎ᠡ᠎ᠪᠠᠷ ᠪᠠᠢ᠌ᠭᠤᠯᠤᠭᠰᠠᠨ ᠪᠠᠷᠢᠮᠵᠢᠶ᠎ᠠ ᠲᠠᠰ᠎ᠤᠨ ᠨᠥᠬᠥᠴᠡᠯ᠎ᠢ ᠤᠤᠯ᠎ᠤᠨ ᠲᠥᠷᠥ ᠵᠢᠨ ᠪᠣᠳᠣᠯᠭ᠎ᠠ ᠵᠢᠨ ᠪᠣᠷᠣ ᠲᠥᠯᠥᠪᠯᠦᠭᠡ ᠭᠦᠢ᠍ᠴᠡᠳ ᠵᠣᠯᠭ᠋ᠠᠭᠤᠯᠵᠤ᠂ ᠲᠥᠷᠥ ᠵᠢᠨ ᠪᠣᠳᠣᠯᠭ᠎ᠠ ᠵᠢᠨ ᠦᠷᠭᠦᠯᠵᠢᠯᠡᠬᠦᠢ᠌ᠴᠡ ᠴᠢᠨᠠᠷ ᠪᠠ ᠲᠣᠭᠲᠠᠪᠤᠷᠢᠲᠤ ᠴᠢᠨᠠᠷ᠎ᠢ ᠪᠠᠲᠤᠯᠠᠬᠤ ᠵᠢᠨ ᠬᠠᠮᠲᠤ᠂ ᠬᠠᠮᠢᠶ᠎ᠠ ᠪᠦᠬᠦᠢ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ ᠵᠢ ᠰᠢᠯᠢᠳᠡᠭᠵᠢᠭᠦᠯᠬᠦ ᠪᠠ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠤᠤᠯ᠎ᠤᠨ ᠤᠯᠤᠰ᠎ᠤᠨ ᠲᠠᠰ᠎ᠤᠨ ᠨᠡᠪᠴᠢᠭᠦᠯᠦᠭᠦᠷ᠎ᠢ ᠶᠠᠮᠤᠨ ᠲᠠᠰ (ᠪᠠᠷᠢᠮᠵᠢᠶ᠎ᠠ ᠲᠠᠰ)᠎ᠤᠨ ᠨᠡᠪᠴᠢᠭᠦᠯᠦᠭᠦᠷ᠎ᠲᠤ ᠲᠣᠭᠲᠠᠭᠤᠨ ᠵᠶ᠋ᠠᠷ ᠰᠢᠯᠵᠢᠬᠦ ᠵᠢ ᠠᠬᠢᠭᠤᠯᠪᠠ᠃ ᠶᠠᠮᠤᠨ ᠲᠠᠰ (ᠰᠢᠯᠭ᠋ᠠᠷᠠᠭᠰᠠᠨ ᠲᠠᠰ)᠎ᠤᠨ ᠨᠡᠪᠴᠢᠭᠦᠯᠦᠭᠦᠷ ᠪᠣᠯ ᠳᠡᠯᠡᠬᠡᠢ ᠵᠢᠨ ᠲᠡᠷᠢᠭᠦᠨ᠎ᠳᠤ ᠣᠷᠣᠬᠤᠯᠤᠭᠠ ᠬᠠᠷᠢᠴᠠᠭᠤᠯᠵᠤ ᠪᠠᠢ᠌ᠭ᠋ᠠᠳ ᠰᠢᠯᠢᠳᠡᠭ ᠵᠶ᠋ᠡᠷ ᠰᠣᠩᠭᠣᠵᠤ ᠮᠠᠭ᠋ᠠᠳᠯᠠᠨ ᠲᠣᠭᠲᠠᠭ᠋ᠠᠵᠤ᠂ ᠰᠢᠨ᠎ᠡ᠎ᠪᠠᠷ ᠮᠠᠨᠳᠤᠵᠤ ᠪᠠᠢ᠌ᠭ᠎ᠠ ᠠᠵᠤ ᠦᠢ᠍ᠯᠡᠰ ᠪᠠ ᠢᠷᠡᠭᠡᠳᠦᠢ ᠵᠢᠨ ᠠᠵᠤ ᠦᠢ᠍ᠯᠡᠰ᠎ᠤᠨ ᠬᠦᠷᠢᠶᠡᠨ᠎ᠳᠤ ᠬᠠᠨᠳᠤᠭᠤᠯᠤᠭᠰᠠᠨ᠂ ᠥᠨᠳᠥᠷ ᠪᠠᠷᠢᠮᠵᠢᠶᠠᠲᠤ ᠲᠤᠰᠬᠠᠢ᠌ᠵᠢᠭᠰᠠᠨ ᠦᠢ᠍ᠯᠡᠴᠢᠯᠡᠭᠡ ᠬᠠᠩᠭ᠋ᠠᠬᠤ ᠰᠢᠨ᠎ᠡ ᠵᠢ ᠡᠭᠦᠳᠬᠦ ᠬᠡᠯᠪᠡᠷᠢ ᠵᠢᠨ ᠨᠡᠪᠴᠢᠭᠦᠯᠦᠭᠦᠷ ᠪᠣᠯᠣᠨ᠎ᠠ᠃ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠨᠢ ᠥᠨᠳᠥᠷ ᠪᠠᠷᠢᠮᠵᠢᠶ᠎ᠠ᠂ ᠴᠢᠩᠭ᠎ᠠ ᠱᠠᠭ᠋ᠠᠷᠳᠠᠯᠭ᠎ᠠ ᠵᠢ ᠪᠠᠷᠢᠮᠲᠠᠯᠠᠨ᠂ ᠰᠢᠯᠢᠳᠡᠭ᠎ᠠᠴᠠ ᠰᠢᠯᠢᠳᠡᠭ᠎ᠢ ᠰᠣᠩᠭᠣᠬᠤ᠂ ᠶᠡᠷᠦᠩᠬᠡᠢ ᠬᠡᠮᠵᠢᠶ᠎ᠡ᠎ᠪᠠᠷ ᠬᠢᠵᠠᠭ᠋ᠠᠷᠯᠠᠬᠤ ᠵᠢ ᠪᠠᠷᠢᠮᠲᠠᠯᠠᠵᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠤᠭᠤᠯᠬᠤ ᠪᠠ ᠨᠢᠭᠡᠳᠦᠯᠲᠡᠢ ᠲᠥᠯᠥᠪᠯᠡᠨ ᠪᠠᠢ᠌ᠷᠢᠯᠠᠭᠤᠯᠬᠤ᠎ᠪᠠᠷ ᠳᠠᠮᠵᠢᠭᠤᠯᠤᠨ᠂ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠤᠨ ᠬᠡᠪ ᠳᠠᠭᠤᠷᠢᠶᠠᠯ ᠪᠣᠯᠬᠤ ᠪᠠ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠬᠦᠴᠦᠯᠡᠨ ᠪᠠᠳᠠᠷᠠᠭᠤᠯᠵᠤ᠂ ᠬᠣᠰᠢᠭᠤᠷᠠᠯ ᠮᠡᠷᠭᠡᠵᠢᠯ᠎ᠤᠨ ᠦᠷ᠎ᠡ ᠪᠦᠲᠦᠭᠡᠯ᠎ᠤᠨ ᠠᠵᠤ ᠦᠶ᠋ᠢᠯᠡᠰᠵᠢᠭᠦᠯᠬᠦ ᠵᠢ ᠠᠬᠢᠭᠤᠯᠤᠨ᠎ᠠ᠃
ᠮᠠᠭ᠋ᠠᠳᠯᠠᠨ ᠲᠣᠭᠲᠠᠭ᠋ᠠᠬᠤ ᠨᠥᠬᠥᠴᠡᠯ᠎ᠤᠨ ᠲᠠᠯ᠎ᠠ᠎ᠠᠴᠠ ᠦᠵᠡᠪᠡᠯ᠂ ᠪᠠᠷᠢᠮᠵᠢᠶ᠎ᠠ ᠳᠡᠰ᠎ᠤᠨ ᠨᠡᠪᠴᠢᠭᠦᠯᠦᠭᠦᠷ᠎ᠢ ᠰᠢᠨ᠎ᠡ ᠴᠠᠭ ᠦᠶ᠎ᠡ ᠵᠢᠨ ᠰᠢᠨ᠎ᠡ ᠱᠠᠭ᠋ᠠᠷᠳᠠᠯᠭ᠎ᠠ᠎ᠯᠤᠭ᠎ᠠ ᠤᠶᠠᠯᠳᠤᠭᠤᠯᠤᠨ᠂ ᠬᠡᠰᠡᠭ ᠭᠦᠢ᠍ᠴᠡᠳᠬᠡᠯ ᠲᠣᠭ᠎ᠠ ᠵᠢ ᠰᠢᠨ᠎ᠡ᠎ᠪᠠᠷ ᠨᠡᠮᠡᠭᠳᠡᠭᠦᠯᠦᠭᠰᠡᠨ ᠪᠠ ᠰᠢᠯᠢᠳᠡᠭᠵᠢᠭᠦᠯᠵᠦ᠂ ᠨᠡᠪᠴᠢᠭᠦᠯᠬᠦ ᠦᠢ᠍ᠯᠡᠴᠢᠯᠡᠭᠡᠨ᠎ᠤ ᠴᠢᠳᠠᠪᠤᠷᠢ ᠪᠠ ᠨᠡᠪᠴᠢᠭᠦᠯᠬᠦ ᠵᠢᠨ ᠦᠷ᠎ᠡ ᠪᠦᠲᠦᠮᠵᠢ ᠵᠢ ᠮᠥᠨ ᠴᠢᠨᠠᠷ ᠳᠡᠭᠡᠷ᠎ᠡ᠎ᠪᠠᠨ ᠨᠠᠩ ᠢᠯᠡᠭᠦᠦ ᠴᠢᠬᠤᠯᠠᠴᠢᠯᠠᠪᠠ᠂ ᠡᠭᠦᠨ᠎ᠳᠤ᠄ ᠨᠡᠪᠴᠢᠭᠦᠯᠬᠦ ᠠᠵᠤ ᠠᠬᠤᠢ᠌ᠯᠠᠯ᠎ᠤᠨ ᠰᠢᠨ᠎ᠡ᠎ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠲᠣᠭ᠎ᠠ ᠵᠢᠨ ᠡᠵᠡᠯᠡᠬᠦ ᠬᠠᠷᠢᠴᠠᠯ᠂ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠤᠨ ᠡᠵᠡᠯᠡᠬᠦ ᠬᠠᠷᠢᠴᠠᠯ᠂ ᠨᠡᠪᠴᠢᠭᠦᠯᠬᠦ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠪᠠ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠨᠡᠮᠡᠭᠳᠡᠯ᠎ᠤᠨ ᠨᠣᠷᠮ᠎ᠠ᠂ ᠨᠡᠪᠴᠢᠭᠦᠯᠬᠦ ᠦᠢ᠍ᠯᠡᠴᠢᠯᠡᠭᠡᠨ᠎ᠤ ᠣᠷᠣᠯᠭ᠎ᠠ ᠵᠢᠨ ᠡᠵᠡᠯᠡᠬᠦ ᠬᠠᠷᠢᠴᠠᠯ ᠵᠡᠷᠭᠡ ᠠᠵᠤ ᠠᠬᠤᠢ᠌ᠯᠠᠯ᠎ᠤᠨ ᠶᠠᠰᠤ ᠴᠢᠨᠠᠷ ᠪᠠ ᠨᠡᠪᠴᠢᠭᠦᠯᠦᠭᠦᠷ᠎ᠤᠨ ᠡᠵᠡᠩᠨᠡᠯᠲᠡ ᠵᠢᠨ ᠴᠢᠳᠠᠪᠤᠷᠢ ᠵᠢ ᠢᠯᠡᠷᠡᠭᠦᠯᠬᠦ ᠲᠠᠯ᠎ᠠ᠎ᠳᠠᠬᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠢ ᠨᠡᠮᠡᠭᠳᠡᠭᠦᠯᠪᠡ; ᠨᠡᠪᠴᠢᠭᠦᠯᠬᠦ ᠪᠡᠯᠡ ᠮᠥᠩᠭᠥᠨ᠎ᠤ ᠬᠡᠪᠴᠢᠶ᠎ᠡ᠂ ᠠᠵᠤ ᠠᠬᠤᠢ᠌ᠯᠠᠯ᠎ᠤᠨ ᠪᠡᠶᠡᠯᠡᠭᠦᠯᠵᠦ ᠳᠠᠭᠤᠰᠬᠠᠬᠤ ᠲᠣᠭ᠎ᠠ ᠬᠡᠮᠵᠢᠶ᠎ᠡ ᠵᠡᠷᠭᠡ ᠭᠦᠢ᠍ᠴᠡᠳᠬᠡᠯ ᠲᠣᠭ᠎ᠠ ᠵᠢᠨ ᠨᠥᠬᠥᠴᠡᠯ᠎ᠢ ᠲᠣᠬᠢᠷᠠᠭᠤᠯᠤᠨ ᠰᠢᠯᠢᠳᠡᠭᠵᠢᠭᠦᠯᠪᠡ; ᠲᠠᠯᠠᠪᠤᠷ ᠭᠠᠵᠠᠷ᠎ᠤᠨ ᠲᠠᠯᠠᠪᠠᠢ ᠵᠢ ᠵᠣᠬᠢᠰᠲᠠᠢ᠎ᠪᠠᠷ ᠪᠠᠭᠤᠷᠠᠭᠤᠯᠵᠤ᠂ ᠨᠡᠪᠴᠢᠭᠦᠯᠬᠦ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ ᠵᠡᠷᠭᠡ ᠬᠡᠪᠴᠢᠶᠡᠵᠢᠯ᠎ᠤᠨ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠨᠢ ᠠᠵᠤ ᠦᠢ᠍ᠯᠡᠰ᠎ᠤᠨ ᠰᠢᠨᠵᠢ ᠴᠢᠨᠠᠷ᠎ᠢ ᠴᠢᠩᠭ᠋ᠠᠳᠬᠠᠬᠤ᠂ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠳᠬᠠᠬᠤ᠂ ᠴᠢᠳᠠᠪᠤᠷᠢᠲᠠᠨ ᠵᠶ᠋ᠠᠷ ᠬᠥᠲᠥᠯᠬᠦ ᠵᠢ ᠴᠢᠩᠭ᠋ᠠᠳᠬᠠᠬᠤ᠂ ᠪᠡᠯᠡ ᠣᠷᠣᠭᠤᠯᠤᠯᠲᠠ ᠵᠢᠨ ᠴᠢᠳᠠᠪᠤᠷᠢ ᠣᠯᠭᠣᠬᠤ ᠵᠢ ᠴᠢᠩᠭ᠋ᠠᠳᠬᠠᠬᠤ᠂ ᠬᠤᠷᠳᠤᠴᠠ ᠵᠢ ᠲᠦᠷᠭᠡᠳᠬᠡᠬᠦ ᠦᠢ᠍ᠯᠡᠳᠦᠯ᠎ᠢ ᠴᠢᠩᠭ᠋ᠠᠳᠬᠠᠬᠤ ᠵᠡᠷᠭᠡ ᠲᠠᠪᠤᠨ ᠲᠠᠯ᠎ᠠ ᠵᠢ ᠭᠦᠢ᠍ᠴᠡᠳ ᠢᠯᠡᠷᠡᠭᠦᠯᠵᠦ᠂ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠤᠯᠲᠠ᠎ᠪᠠᠷ ᠳᠠᠮᠵᠢᠭᠤᠯᠵᠤ ᠰᠢᠯᠢᠳᠡᠭ᠎ᠢ᠎ᠨᠢ ᠰᠣᠩᠭᠣᠨ᠎ᠠ᠃
4. ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ᠎ᠳᠤ ᠶᠠᠮᠠᠷ ᠶᠠᠮᠠᠷ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠᠢ᠌ᠬᠤ ᠪᠤᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠨᠡᠪᠴᠢᠭᠦᠯᠦᠭᠦᠷ (ᠲᠦᠷᠭᠡᠳᠬᠡᠭᠦᠷ᠂ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠢ ᠪᠠᠭᠲᠠᠨ᠎ᠠ)᠎ᠲᠤ ᠬᠥᠳᠡᠯᠦᠩᠭᠦᠢ ᠬᠠᠮᠢᠶᠠᠷᠤᠯᠲᠠ ᠬᠡᠷᠡᠭᠵᠢᠭᠦᠯᠦᠨ᠎ᠡ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠨᠢ ᠶᠠᠮᠤᠨ ᠲᠠᠰ᠎ᠤᠨ ᠨᠡᠪᠴᠢᠭᠦᠯᠦᠭᠦᠷ᠎ᠢ ᠮᠠᠭ᠋ᠠᠳᠯᠠᠨ ᠲᠣᠭᠲᠠᠭ᠋ᠠᠬᠤ ᠵᠢ᠎ᠨᠢ ᠬᠠᠷᠢᠭᠤᠴᠠᠨ᠎ᠠ᠂ ᠡᠭᠦᠨ᠎ᠳᠤ ᠪᠠᠷᠢᠮᠵᠢᠶ᠎ᠠ ᠲᠠᠰ ᠪᠠ ᠭᠠᠷᠮᠠᠭ᠋ᠠᠢ ᠲᠠᠰ ᠪᠠᠭᠲᠠᠨ᠎ᠠ᠃ ᠵᠠᠷᠴᠢᠮ ᠳᠡᠭᠡᠷ᠎ᠡ᠎ᠪᠠᠨ ᠨᠡᠪᠴᠢᠭᠦᠯᠦᠭᠦᠷ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠢ᠌ᠭᠤᠯᠤᠨ᠎ᠠ᠃ ᠡᠭᠦᠨ᠎ᠤ ᠬᠠᠮᠲᠤ ᠪᠥᠬᠥ ᠤᠯᠤᠰ᠎ᠤᠨ ᠨᠡᠪᠴᠢᠭᠦᠯᠦᠭᠦᠷ᠎ᠤᠨ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠪᠠ ᠪᠠᠷᠢᠮᠵᠢᠶ᠎ᠠ ᠵᠢ ᠬᠠᠷᠢᠭᠤᠴᠠᠨ ᠲᠣᠭᠲᠠᠭ᠋ᠠᠵᠤ᠂ ᠨᠡᠪᠴᠢᠭᠦᠯᠦᠭᠦᠷ᠎ᠤᠨ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠪᠠ ᠬᠢᠨᠠᠨ ᠰᠢᠨᠵᠢᠵᠦ ᠵᠠᠳᠠᠯᠤᠯᠲᠠ ᠬᠢᠬᠦ ᠵᠡᠷᠭᠡ ᠠᠵᠢᠯ ᠥᠷᠨᠢᠭᠦᠯᠦᠨ᠎ᠡ᠃ ᠦᠨᠡᠯᠡᠯᠲᠡ ᠬᠢᠬᠦ ᠬᠢᠨᠠᠯᠲᠠ ᠲᠠᠯᠪᠢᠬᠤ ᠲᠤᠬᠠᠢ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠨᠡᠪᠴᠢᠭᠦᠯᠦᠭᠦᠷ᠎ᠤᠨ ᠠᠮᠵᠢᠯᠲᠠ ᠪᠦᠲᠦᠮᠵᠢ᠎ᠳᠤ ᠦᠨᠡᠯᠡᠯᠲᠡ ᠬᠢᠬᠦ ᠪᠠᠷᠢᠮᠵᠢᠶ᠎ᠠ ᠵᠢ ᠠᠰᠲᠤᠨᠢ ᠲᠣᠭᠲᠠᠭ᠋ᠠᠵᠤ᠂ ᠪᠠᠷᠢᠮᠵᠢᠶ᠎ᠠ ᠲᠠᠰ᠎ᠤᠨ ᠨᠡᠪᠴᠢᠭᠦᠯᠦᠭᠦᠷ᠎ᠲᠤ ᠵᠢᠯ ᠪᠦᠷᠢ ᠠᠮᠵᠢᠯᠲᠠ ᠪᠦᠲᠦᠮᠵᠢ ᠵᠢ᠎ᠨᠢ ᠦᠨᠡᠯᠡᠵᠦ᠂ ᠭᠠᠷᠮᠠᠭ᠋ᠠᠢ ᠲᠠᠰ᠎ᠤᠨ ᠨᠡᠪᠴᠢᠭᠦᠯᠦᠭᠦᠷ᠎ᠲᠤ 3 ᠵᠢᠯ ᠪᠣᠯᠬᠤ ᠪᠦᠷᠢ ᠳᠠᠬᠢᠨ ᠬᠠᠷᠭᠤᠭᠤᠯᠤᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠲᠤᠰᠬᠠᠢ ᠲᠥᠯᠥᠪᠯᠡᠭᠡᠲᠦ ᠬᠣᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠨᠡᠪᠴᠢᠭᠦᠯᠦᠭᠦᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ᠎ᠤ᠎ᠪᠠᠨ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠣᠷᠣᠨ ᠪᠦᠰᠡ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ ᠨᠡᠪᠴᠢᠭᠦᠯᠦᠭᠦᠷ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠪᠠᠢ᠌ᠷᠢᠰᠢᠭᠤᠯᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠨᠡᠪᠴᠢᠭᠦᠯᠦᠭᠦᠷ ᠵᠶ᠋ᠡᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠵᠢ ᠬᠥᠲᠥᠯᠥᠨ ᠵᠢᠯᠣᠭᠣᠳᠤᠨ᠎ᠠ᠃
5. ᠠᠰᠠᠭᠤᠯᠲᠠ᠄ ᠰᠢᠨ᠎ᠡ᠎ᠪᠠᠷ ᠮᠠᠭ᠋ᠠᠳᠯᠠᠨ ᠲᠣᠭᠲᠠᠭ᠋ᠠᠭᠰᠠᠨ ᠶᠠᠮᠤᠨ ᠳᠡᠰ᠎ᠤᠨ ᠨᠡᠪᠴᠢᠭᠦᠯᠦᠭᠦᠷ᠎ᠢ ᠤᠤᠯ᠎ᠤᠨ ᠤᠯᠤᠰ᠎ᠤᠨ ᠳᠡᠰ᠎ᠤᠨ ᠨᠡᠪᠴᠢᠭᠦᠯᠦᠭᠦᠷᠯᠦᠭᠡ ᠬᠡᠷᠬᠢᠨ ᠵᠣᠯᠭ᠋ᠠᠭᠤᠯᠬᠤ ᠪᠤᠢ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ 2027 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯᠠᠬᠢ ᠬᠤᠭᠤᠴᠠᠭ᠎ᠠ ᠵᠢ ᠲᠥᠷᠥ ᠵᠢᠨ ᠪᠣᠳᠣᠯᠭ᠎ᠠ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠎ᠠ ᠪᠣᠯᠭ᠋ᠠᠵᠤ᠂ ᠰᠢᠯᠵᠢᠯᠲᠡ ᠵᠢᠨ ᠬᠤᠭᠤᠴᠠᠭ᠋ᠠᠨ᠎ᠳᠤ ᠬᠠᠮᠢᠶ᠎ᠠ ᠪᠦᠬᠦᠢ ᠪᠠᠢ᠌ᠭᠤᠯᠤᠮᠵᠢ ᠵᠢᠨ ᠤᠤᠯ᠎ᠤᠨ 《ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ》᠎ᠤᠨ ᠬᠢᠷᠢ ᠬᠡᠮ᠎ᠢ ᠦᠷᠭᠦᠯᠵᠢᠯᠡᠨ ᠦᠯᠡᠳᠡᠭᠡᠬᠦ ᠵᠢᠨ ᠬᠠᠮᠲᠤ 《ᠬᠠᠮᠢᠶᠠᠷᠤᠯᠲᠠ ᠵᠢᠨ ᠠᠷᠭ᠎ᠠ》 ᠶᠣᠰᠣᠭ᠋ᠠᠷ 《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠨᠡᠪᠴᠢᠭᠦᠯᠦᠭᠦᠷ》 ᠵᠶ᠋ᠡᠷ ᠭᠤᠶᠤᠴᠢᠯᠠᠨ ᠮᠡᠳᠡᠭᠦᠯᠵᠦ ᠪᠣᠯᠣᠨ᠎ᠠ᠃ ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ 《ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠨᠡᠪᠴᠢᠭᠦᠯᠦᠭᠦᠷ》᠎ᠤᠨ ᠬᠢᠷᠢ ᠬᠡᠮ᠎ᠢ ᠣᠯᠣᠭᠰᠠᠨ ᠦᠭᠡᠢ ᠤᠤᠯ᠎ᠤᠨ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠵᠣᠬᠢᠬᠤ ᠬᠢᠷᠢ ᠬᠡᠮ᠎ᠢ᠎ᠨᠢ ᠳᠠᠭᠢᠵᠤ ᠦᠯᠡᠳᠡᠭᠡᠬᠦ ᠦᠭᠡᠢ᠃ ᠭᠠᠢ᠌ᠯᠢ ᠲᠠᠲᠠᠪᠤᠷᠢ ᠵᠢᠨ ᠬᠠᠮᠢᠶ᠎ᠠ ᠪᠦᠬᠦᠢ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠶᠠᠪᠤᠳᠠᠯ᠎ᠢ ᠠᠰᠲᠤᠨᠢ ᠮᠡᠳᠡᠭᠳᠡᠨ᠎ᠡ᠃