ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《2025 ᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ᠎ᠯᠤᠭ᠎ᠠ ᠬᠣᠯᠪᠣᠭᠳᠠᠬᠤ ᠵᠦᠢ᠍ᠯᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-06-03

  ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《2025 ᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ᠎ᠯᠤᠭ᠎ᠠ ᠬᠣᠯᠪᠣᠭᠳᠠᠬᠤ ᠵᠦᠢ᠍ᠯᠡᠰ᠎ᠤᠨ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠬᠡᠮᠡᠨ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠂ ᠡᠳᠦᠭᠡ ᠭᠤᠷᠪᠠᠨ ᠲᠠᠯ᠎ᠠ᠎ᠪᠠᠷ ᠲᠠᠢ᠌ᠯᠤᠮᠵᠢ ᠬᠢᠶ᠎ᠡ᠃

  ᠨᠢᠭᠡ᠂ 《ᠮᠡᠳᠡᠭᠳᠡᠯ》᠎ᠢ ᠲᠣᠭᠲᠠᠭ᠋ᠠᠭᠰᠠᠨ ᠠᠬᠤᠢ ᠪᠠᠢ᠌ᠳᠠᠯ ᠵᠢᠴᠢ ᠴᠢᠬᠤᠯᠠ ᠴᠢᠨᠠᠷ

  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯᠳᠤᠭ᠋ᠠᠨ ᠬᠢᠭᠡᠳ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ᠂ 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠠᠬᠢ 《ᠨᠢᠳᠤᠨᠤᠨ ᠮᠠᠨ᠎ᠤ ᠣᠷᠣᠨ᠎ᠤ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠴᠥᠮ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠳᠤ ᠬᠦᠷᠦᠭᠰᠡᠨ ᠪᠤᠶᠤ ᠲᠡᠭᠦᠨ᠎ᠠᠴᠠ ᠳᠠᠪᠠᠵᠤ᠂ ᠡᠨᠡ ᠵᠢᠯ ᠬᠡᠳᠦᠢ ᠬᠦᠴᠢᠷ ᠪᠠᠢ᠌ᠭᠰᠠᠨ ᠴᠤ᠌ ᠪᠠᠷᠢᠮᠵᠢᠶᠠᠨ᠎ᠠᠴᠠ ᠦᠯᠦ ᠪᠠᠭᠤᠷᠠᠭᠤᠯᠤᠨ᠂ ᠨᠠᠢ᠌ᠳᠠᠪᠤᠷᠢᠵᠢᠭᠤᠯᠵᠤ ᠪᠣᠲᠠᠲᠠᠢ᠌ᠵᠢᠭᠤᠯᠬᠤ᠎ᠪᠠᠨ ᠦᠨᠡᠨ ᠬᠦ᠌ ᠪᠠᠲᠤᠯᠠᠬᠤ》 ᠲᠤᠬᠠᠢ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠬᠦᠴᠢᠷᠳᠡᠯᠲᠡᠢ ᠣᠯᠠᠨ ᠲᠦᠮᠡᠨ᠎ᠳᠤ ᠬᠦᠷᠲᠡᠭᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《2025 ᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ᠎ᠯᠤᠭ᠎ᠠ ᠬᠣᠯᠪᠣᠭᠳᠠᠬᠤ ᠵᠦᠢ᠍ᠯᠡᠰ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠭᠳᠡᠯ》᠎ᠢ ᠲᠣᠭᠲᠠᠭ᠋ᠠᠪᠠ᠃

  ᠬᠣᠶᠠᠷ᠂ 《ᠮᠡᠳᠡᠭᠳᠡᠯ》᠎ᠢ ᠲᠤᠭᠤᠷᠪᠢᠭᠰᠠᠨ ᠦᠨᠳᠦᠰᠦᠯᠡᠯ

  《ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ

  ᠵᠠᠷᠯᠢᠭ 649 ᠳ᠋ᠦ᠍ᠭᠡᠷ ᠲᠣᠭ᠋ᠠᠲᠤ)᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠳᠦᠷᠢᠮ᠎ᠢ ᠥᠭᠡᠷᠡᠴᠢᠯᠡᠵᠦ ᠲᠡᠭᠦᠯᠳᠡᠷᠵᠢᠭᠦᠯᠬᠦ ᠲᠤᠬᠠᠢ ᠰᠠᠨᠠᠯ》 (ᠲᠥᠪ ᠠᠯᠪᠠᠨ ᠲᠠᠷᠬᠠᠭ᠋ᠠᠭᠰᠠᠨ [2020] 18 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2015] 94 ᠳ᠋ᠦ᠍ᠭᠡᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠢ ᠦᠨᠳᠦᠰᠦᠯᠡᠪᠡ᠃

  ᠭᠤᠷᠪᠠ᠂ 《ᠮᠡᠳᠡᠭᠳᠡᠯ》᠎ᠤᠨ ᠦᠨᠳᠦᠰᠦᠨ ᠪᠣᠷᠣ ᠲᠥᠯᠥᠪ ᠪᠠ ᠭᠣᠣᠯ ᠠᠭᠤᠯᠭ᠎ᠠ

  《ᠮᠡᠳᠡᠭᠳᠡᠯ》᠎ᠢ ᠨᠠᠢ᠍ᠢ᠍ᠳᠠ ᠭᠤᠷᠪᠠᠨ ᠬᠡᠰᠡᠭ᠎ᠲᠤ ᠬᠤᠪᠢᠶᠠᠪᠠ᠃

  ᠨᠢᠭᠡ᠎ᠳᠤ ᠬᠢᠨᠠᠨ ᠬᠠᠷᠭᠤᠭᠤᠯᠵᠤ ᠲᠣᠭᠲᠠᠭ᠋ᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠲᠣᠰ 《ᠮᠡᠳᠡᠭᠳᠡᠯ》᠎ᠳᠤ 2025 ᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ 2025 ᠣᠨ᠎ᠤ 6 ᠳ᠋ᠤᠭ᠋ᠠᠷ ᠰᠠᠷ᠎ᠠ᠎ᠠᠴᠠ ᠡᠬᠢᠯᠡᠵᠦ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭ᠋ᠠᠵᠤ᠂ ᠬᠣᠯᠪᠣᠭᠳᠠᠯ ᠪᠦᠬᠦᠢ ᠭᠠᠵᠠᠷ ᠣᠷᠣᠨ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ᠎ᠤ ᠳᠠᠷᠠᠭ᠎ᠠ ᠰᠢᠨ᠎ᠡ᠎ᠪᠠᠷ ᠭᠤᠶᠤᠴᠢᠯᠠᠭᠰᠠᠨ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠡᠲᠡᠭᠡᠳ᠎ᠤᠨ ᠭᠡᠷ ᠪᠦᠯᠢ ᠵᠢᠨ ᠣᠷᠣᠯᠭ᠎ᠠ ᠵᠢ ᠲᠥᠰᠥᠭᠡᠯᠡᠨ ᠪᠤᠳᠤᠬᠤ ᠪᠠ ᠤᠤᠯ᠎ᠤᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠡᠲᠡᠭᠡᠳ᠎ᠤᠨ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠵᠡᠷᠭᠡ ᠠᠵᠢᠯ ᠵᠶ᠋ᠠᠨ ᠰᠠᠢ᠌ᠲᠤᠷ ᠬᠢᠵᠦ᠂ ᠪᠠᠲᠤᠯᠠᠪᠠᠰᠤ ᠵᠣᠬᠢᠬᠤ ᠵᠢ᠎ᠨᠢ ᠴᠥᠮ ᠪᠠᠲᠤᠯᠠᠬᠤ᠎ᠪᠠᠨ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

  ᠬᠣᠶᠠᠷ᠎ᠲᠤ ᠬᠦᠴᠢᠷᠳᠡᠯᠲᠡᠢ ᠤᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ ᠵᠢᠨ ᠪᠡᠯᠡ ᠮᠥᠩᠭᠥ ᠣᠯᠭᠣᠬᠤ ᠠᠵᠢᠯ᠎ᠢ ᠵᠢᠷᠤᠮᠵᠢᠭᠤᠯᠤᠨ᠎ᠠ᠃ ᠲᠣᠰ 《ᠮᠡᠳᠡᠭᠳᠡᠯ》᠎ᠳᠤ ᠡᠯ᠎ᠡ ᠭᠠᠵᠠᠷ᠎ᠤᠨ᠎ᠬᠢᠨ 《ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ᠎ᠪᠠᠨ ᠪᠣᠳᠠᠲᠠᠢ᠌ᠵᠢᠭᠤᠯᠤᠭᠰᠠᠨ ᠵᠶ᠋ᠠᠷ ᠭᠦᠢ᠍ᠴᠡᠳ ᠪᠤᠰᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ》 ᠠᠵᠢᠯ᠎ᠯᠤᠭ᠎ᠠ ᠤᠶᠠᠯᠳᠤᠭᠤᠯᠤᠨ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ ᠵᠢᠨ ᠪᠡᠯᠡ ᠮᠥᠩᠭᠥ ᠣᠯᠭᠣᠬᠤ ᠠᠵᠢᠯ᠎ᠢ ᠬᠢᠨᠠᠮᠠᠭ᠋ᠠᠢ ᠰᠠᠢ᠌ᠲᠤᠷ ᠠᠳᠬᠤᠵᠤ᠂ ᠳᠣᠭᠲᠠᠭ᠋ᠠᠯ ᠶᠣᠰᠣᠭ᠋ᠠᠷ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠮᠥᠩᠭᠥ᠂ ᠣᠨᠴᠠ ᠬᠦᠴᠢᠷᠳᠡᠯᠲᠡᠢ ᠬᠥᠮᠥᠰ᠎ᠤᠨ ᠠᠰᠠᠷᠠᠨ ᠲᠡᠵᠢᠭᠡᠬᠦ ᠮᠥᠩᠭᠥ ᠵᠢ ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠬᠤᠪᠢ ᠬᠥᠮᠥᠨ᠎ᠤ ᠲᠠᠩᠰᠠᠨ ᠡᠷᠦᠬᠡ᠎ᠳᠤ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠣᠯᠭᠣᠬᠤ ᠬᠡᠷᠡᠭᠲᠡᠢ ᠭᠡᠵᠦ ᠴᠢᠬᠤᠯᠠᠴᠢᠯᠠᠪᠠ᠃ ᠲᠡᠩᠬᠡᠷᠡᠭᠦᠯᠦᠨ ᠲᠤᠰᠠᠯᠠᠬᠤ ᠪᠡᠯᠡ ᠮᠥᠩᠭᠥᠨ᠎ᠤ ᠣᠷᠣᠭᠤᠯᠤᠯᠲᠠ ᠵᠢᠨ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠪᠡᠯᠡ ᠮᠥᠩᠭᠥ᠎ᠪᠠᠷ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠡᠯ᠎ᠡ ᠭᠠᠵᠠᠷ᠎ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠥ ᠵᠢ ᠳᠣᠬᠢᠷᠠᠭᠤᠯᠤᠨ ᠠᠰᠢᠭᠯᠠᠬᠤ ᠡᠷᠴᠢᠮ ᠵᠶ᠋ᠡᠨ ᠴᠢᠩᠭ᠋ᠠᠷᠠᠭᠤᠯᠬᠤ᠂ ᠪᠡᠯᠡ ᠮᠥᠩᠭᠥ ᠵᠢ ᠬᠡᠷᠡᠭᠯᠡᠵᠦ ᠦᠷ᠎ᠡ ᠠᠰᠢᠭ᠎ᠢ᠎ᠨᠢ ᠳᠡᠭᠡᠭᠰᠢᠯᠡᠭᠦᠯᠬᠦ ᠲᠠᠯ᠎ᠠ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠪᠠ᠃

  ᠭᠤᠷᠪᠠ᠎ᠳᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠰᠢᠨᠵᠢᠬᠦ ᠪᠠ ᠪᠠᠢ᠌ᠩᠭᠤ ᠵᠢᠨ ᠴᠢᠨᠠᠷᠲᠠᠢ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠠᠵᠢᠯ᠎ᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠳᠤ ᠣᠷᠣᠮᠠᠷ ᠪᠠᠢ᠌ᠭ᠎ᠠ ᠭᠡᠷ ᠪᠦᠯᠢ᠂ ᠵᠠᠢ᠌ᠯᠠᠰᠢ ᠦᠭᠡᠢ ᠵᠠᠷᠤᠯᠭ᠎ᠠ᠎ᠲᠠᠢ ᠪᠠᠢ᠌ᠭ᠎ᠠ ᠬᠦᠴᠢᠷᠳᠡᠯᠲᠡᠢ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠡᠷᠴᠢᠮ ᠵᠶ᠋ᠡᠨ ᠴᠢᠩᠭ᠋ᠠᠷᠠᠭᠤᠯᠬᠤ ᠵᠢ ᠴᠢᠬᠤᠯᠠᠴᠢᠯᠠᠵᠤ᠂ ᠬᠥᠳᠡᠯᠦᠩᠭᠦᠢ ᠬᠢᠨᠠᠨ ᠰᠢᠨᠵᠢᠵᠦ ᠰᠡᠷᠡᠮᠵᠢᠯᠡᠭᠦᠯᠬᠦ ᠭᠦᠢ᠍ᠴᠡᠳᠬᠡᠯ ᠲᠣᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠬᠦ᠂ ᠪᠠᠢ᠌ᠩᠭᠤ ᠵᠢᠨ ᠴᠢᠨᠠᠷᠲᠠᠢ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ ᠠᠵᠢᠯ᠎ᠳᠤ ᠱᠠᠭ᠋ᠠᠷᠳᠠᠯᠭ᠎ᠠ ᠳᠤᠷᠠᠳᠪᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            