2025 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠂ ᠦᠷᠡᠵᠢᠯ᠎ᠤᠨ ᠳᠠᠭᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭᠠᠳᠬᠠᠯ᠎ᠤᠨ ᠡᠮ᠎ᠤᠨ ᠵᠦᠢᠯ᠎ᠤᠨ ᠭᠠᠷᠴᠠᠭ ᠪᠠ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶ᠋ᠢᠨ ᠡᠮ᠎ᠤᠨ ᠵᠦᠢᠯ᠎ᠤᠨ ᠭᠠᠷᠴᠠᠭ (ᠳᠣᠷᠣᠭ᠍ᠰᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠭᠠᠷᠴᠠᠭ ᠭᠡᠵᠦ ᠲᠣᠪᠴᠢᠯᠠᠨ᠎ᠠ)᠎ᠤᠨ ᠬᠤᠯᠪᠣᠭᠳᠠᠯ ᠪᠦᠬᠦᠢ ᠠᠵᠢᠯ᠎ᠤᠨ ᠲᠣᠬᠢᠷᠠᠭᠤᠯᠤᠯᠲᠠ᠎ᠶᠢ ᠲᠣᠬᠢᠷᠠᠭᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠳᠡᠮᠵᠢᠯᠭᠡ᠎ᠪᠠᠷ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠣᠶ᠋ᠢᠷ᠎ᠠ᠎ᠳᠤ ᠮᠡᠳᠡᠭᠦᠯᠦᠭᠰᠡᠨ ᠡᠮ᠎ᠤᠨ ᠵᠦᠢᠯ᠎ᠳᠤ ᠠᠩᠬ᠎ᠠ ᠠᠯᠬᠤᠮ᠎ᠤᠨ ᠬᠡᠯᠪᠡᠷᠢ᠎ᠶᠢᠨ ᠬᠢᠨᠠᠨ ᠪᠠᠶ᠋ᠢᠴᠠᠭᠠᠯᠲᠠ ᠬᠢᠭᠰᠡᠨ᠎ᠤ ᠬᠠᠮᠲᠤ ᠂ ᠠᠩᠬᠠᠨ᠎ᠤ ᠬᠢᠨᠠᠯᠲᠠ᠎ᠪᠠᠷ ᠳᠠᠮᠵᠢᠨ ᠡᠮ᠎ᠤᠨ ᠵᠦᠢᠯ᠎ᠤᠨ ᠨᠡᠷᠡᠰ ᠪᠠ ᠭᠤᠣᠯ ᠪᠣᠯᠬᠤ ᠮᠡᠳᠡᠭᠡ ᠵᠠᠩᠭᠢ᠎ᠶᠢ ᠨᠡᠶ᠋ᠢᠲᠡᠯᠡᠪᠡ ᠃ ᠡᠳᠦᠭᠡ ᠬᠤᠯᠪᠣᠭᠳᠠᠯ ᠪᠥᠬᠦᠶ ᠠᠵᠢᠯ᠎ᠤᠨ ᠪᠠᠶ᠋ᠢᠳᠠᠯ᠎ᠤᠨ ᠲᠤᠬᠠᠶ ᠳᠣᠤᠷᠠᠬᠢ ᠮᠡᠲᠦ ᠲᠠᠶ᠋ᠢᠯᠤᠮᠵᠢ ᠬᠢᠶ᠎ᠡ ᠄
ᠨᠢᠭᠡ ᠂ ᠠᠩᠬ᠎ᠠ ᠠᠯᠬᠤᠮ᠎ᠤᠨ ᠬᠡᠯᠪᠡᠷᠢ᠎ᠶᠢᠨ ᠬᠢᠨᠠᠨ ᠪᠠᠶ᠋ᠢᠴᠠᠭᠠᠯᠲᠠ᠎ᠶᠢᠨ ᠦᠢᠯᠡᠳᠦᠯ ᠪᠠ ᠠᠴᠢ ᠬᠤᠯᠪᠣᠭᠳᠠᠯ
ᠬᠡᠯᠪᠡᠷᠢ᠎ᠶᠢᠨ ᠬᠢᠨᠠᠨ ᠪᠠᠶ᠋ᠢᠴᠠᠭᠠᠯᠲᠠ ᠪᠣᠯ ᠮᠡᠳᠡᠭᠦᠯᠦᠭᠰᠡᠨ ᠡᠮ᠎ᠤᠨ ᠵᠤᠶ᠋ᠢᠯ᠎ᠨᠢ ᠲᠤᠬᠠᠶ᠎ᠶᠢᠨ ᠵᠢᠯ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠲᠤ ᠲᠣᠬᠢᠷᠠᠭᠤᠯᠤᠯᠲᠠ ᠬᠢᠵᠦ ᠭᠤᠶᠤᠴᠢᠯᠠᠨ ᠮᠡᠳᠡᠭᠦᠯᠬᠦ ᠨᠥᠬᠦᠴᠡᠯ ᠵᠢᠴᠢ ᠡᠮ᠎ᠤᠨ ᠵᠤᠶ᠋ᠢᠯ᠎ᠤᠨ ᠮᠡᠳᠡᠭᠡ ᠵᠠᠩᠭᠢ᠎ᠶᠢᠨ ᠪᠦᠷᠢᠨ ᠪᠦᠲᠦᠨ ᠴᠢᠨᠠᠷ᠎ᠢ ᠬᠢᠨᠠᠨ ᠬᠠᠷᠭᠤᠭᠤᠯᠬᠤ ᠪᠣᠯᠤᠨ᠎ᠠ ᠃ 《2025 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ ᠳᠠᠭᠠᠳᠬᠠᠯ ᠂ ᠦᠷᠡᠵᠢᠯ᠎ᠤᠨ ᠳᠠᠭᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭᠠᠳᠬᠠᠯ᠎ᠤᠨ ᠡᠮ᠎ᠤᠨ ᠵᠦᠢᠯ᠎ᠤᠨ ᠭᠠᠷᠴᠠᠭ ᠵᠢᠴᠢ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠦᠯ》᠎ᠢ ᠦᠨᠳᠦᠰᠦᠯᠡᠨ ᠂ ᠬᠡᠯᠪᠡᠷᠢ᠎ᠶᠢᠨ ᠬᠢᠨᠠᠨ ᠪᠠᠶ᠋ᠢᠴᠠᠭᠠᠯᠲᠠ᠎ᠶᠢ ᠠᠩᠬᠠᠨ᠎ᠤ ᠬᠢᠨᠠᠯᠲᠠ ᠂ ᠠᠩᠬᠠᠨ᠎ᠤ ᠬᠢᠨᠠᠯᠲᠠ᠎ᠶᠢᠨ ᠦᠷ᠎ᠡ ᠳ᠋ᠦᠩ᠎ᠢ ᠨᠡᠶ᠋ᠢᠲᠡᠯᠡᠬᠦ ᠂ ᠳᠠᠬᠢᠨ ᠬᠢᠨᠠᠯᠲᠠ ᠂ ᠳᠠᠬᠢᠨ ᠬᠢᠨᠠᠭᠰᠠᠨ ᠳ᠋ᠦᠩ᠎ᠤᠨ ᠵᠠᠷᠯᠠᠯ ᠵᠡᠷᠭᠡ ᠳᠥᠷᠪᠡᠨ ᠠᠯᠬᠤᠮ ᠳᠠᠷᠠᠭ᠎ᠠ ᠬᠤᠪᠢᠶᠠᠨ᠎ᠠ ᠃ ᠲᠣᠰ ᠤᠳᠠᠭᠠᠨ᠎ᠤ ᠨᠡᠶ᠋ᠢᠲᠡᠯᠡᠭᠰᠡᠨ ᠠᠭᠤᠯᠭ᠎ᠠ᠎ᠨᠢ ᠳᠠᠷᠤᠶ ᠡᠨᠡ ᠵᠢᠯ᠎ᠤᠨ ᠠᠩᠬᠠᠨ᠎ᠤ ᠬᠢᠨᠠᠯᠲᠠ᠎ᠶᠢᠨ ᠳ᠋ᠦᠩ ᠪᠣᠯᠤᠨ᠎ᠠ ᠃
ᠡᠮ᠎ᠤᠨ ᠵᠦᠢᠯ᠎ᠤᠨ ᠮᠡᠳᠡᠭᠦᠯᠦᠯᠲᠡ᠎ᠶᠢᠨ ᠮᠠᠲᠧᠷᠢᠶᠠᠯ᠎ᠤᠨ ᠬᠡᠯᠪᠡᠷᠢ᠎ᠶᠢᠨ ᠬᠢᠨᠠᠨ ᠪᠠᠶ᠋ᠢᠴᠠᠭᠠᠯᠲᠠ ᠬᠢᠬᠦ᠎ᠪᠠᠷ ᠳᠠᠮᠵᠢᠭᠤᠯᠤᠨ ᠂ ᠨᠢᠭᠡ ᠲᠠᠯ᠎ᠠ᠎ᠪᠠᠷ ᠭᠤᠶᠤᠴᠢᠯᠠᠨ ᠮᠡᠳᠡᠭᠦᠯᠦᠭᠰᠡᠨ ᠡᠮ᠎ᠤᠨ ᠵᠦᠢᠯ᠎ᠤᠨ ᠭᠤᠶᠤᠴᠢᠯᠠᠨ ᠮᠡᠳᠡᠭᠦᠯᠬᠦ ᠨᠥᠬᠦᠴᠡᠯ᠎ᠳᠤ ᠨᠡᠶ᠋ᠢᠴᠡᠬᠦ᠎ᠶᠢ ᠦᠨᠡᠨ ᠬᠦ᠌ ᠪᠠᠲᠤᠯᠠᠵᠤ ᠂ ᠨᠥᠭᠦᠭᠡ ᠲᠠᠯ᠎ᠠ᠎ᠪᠠᠷ ᠭᠤᠶᠤᠴᠢᠯᠠᠨ ᠮᠡᠳᠡᠭᠦᠯᠦᠭᠰᠡᠨ ᠮᠠᠲᠧᠷᠢᠶᠠᠯ᠎ᠤᠨ ᠪᠦᠷᠢᠨ ᠪᠦᠲᠦᠨ ᠴᠢᠨᠠᠷ ᠂ ᠵᠢᠷᠤᠮᠵᠢᠯ᠎ᠤᠨ ᠴᠢᠨᠠᠷ᠎ᠢ ᠬᠢᠨᠠᠨ ᠬᠠᠷᠭᠤᠭᠤᠯᠵᠤ ᠂ ᠲᠠᠷᠠᠭᠠᠴᠢ᠎ᠶᠢᠨ ᠬᠢᠨᠠᠨ ᠲᠣᠭᠲᠠᠭᠠᠬᠤ ᠂ ᠲᠥᠰᠦᠭᠡᠯᠡᠨ ᠪᠤᠳᠤᠬᠤ ᠱᠠᠲᠤᠨ᠎ᠤ ᠬᠠᠮᠢᠶ᠎ᠠ ᠪᠥᠬᠦᠶ ᠮᠡᠳᠡᠭᠡ ᠵᠠᠩᠭᠢ᠎ᠶᠢᠨ ᠪᠥᠬᠦ ᠲᠠᠯ᠎ᠠ᠎ᠶᠢᠨ ᠂ ᠦᠨᠡᠨ ᠪᠣᠳᠠᠲᠠᠶ ᠂ ᠣᠨᠣᠪᠴᠢᠲᠠᠶ ᠪᠠᠶ᠋ᠢᠬᠤ᠎ᠳᠤ ᠠᠰᠢᠭ᠍ᠲᠠᠶ ᠶᠤᠮ ᠃ ᠡᠭᠦᠨ᠎ᠤ ᠬᠠᠮᠲᠤ ᠂ ᠭᠠᠷᠴᠠᠭ᠎ᠲᠤ ᠲᠣᠬᠢᠷᠠᠭᠤᠯᠤᠯᠲᠠ ᠬᠢᠵᠦ ᠢᠯᠡ ᠲᠣᠳᠣ᠌ ᠪᠠᠶ᠋ᠢᠯᠭᠠᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶ᠎ᠠ᠎ᠠᠴᠠ ᠠᠩᠬᠠᠨ᠎ᠤ ᠬᠢᠨᠠᠯᠲᠠ ᠬᠢᠭᠰᠡᠨ ᠡᠮ᠎ᠤᠨ ᠵᠦᠢᠯ᠎ᠤᠨ ᠨᠡᠷᠡᠰ ᠪᠠ ᠭᠤᠤᠯ ᠮᠡᠳᠡᠭᠡ ᠵᠠᠩᠭᠢ᠎ᠶᠢ ᠨᠡᠢᠲᠡᠯᠡᠵᠦ ᠂ ᠲᠣᠰ ᠪᠡᠶ᠎ᠡ᠎ᠨᠢ ᠴᠦ᠍ ᠰᠠᠨᠠᠭᠠᠴᠢᠯᠠᠭ᠎ᠠ᠎ᠠᠴᠠ᠎ᠪᠠᠨ ᠬᠢᠨᠠᠯᠲᠠ ᠬᠦᠯᠢᠶᠡᠬᠦ ᠨᠢᠭᠡ ᠵᠦᠢᠯ᠎ᠤᠨ ᠠᠷᠭ᠎ᠠ ᠮᠠᠶᠢᠭ᠋ ᠪᠣᠯᠤᠨ᠎ᠠ ᠂ ᠪᠢᠳᠡ ᠨᠡᠢᠭᠡᠮ᠎ᠦᠨ ᠡᠯ᠎ᠡ ᠡᠲᠡᠭᠡᠳ᠎ᠤᠨ᠎ᠬᠢᠨ᠎ᠤ ᠪᠢᠳᠡᠨ᠎ᠢ ᠬᠠᠪᠰᠤᠷᠤᠨ ᠠᠰᠠᠭᠤᠳᠠᠯ᠎ᠢ ᠢᠯᠡᠷᠡᠭᠦᠯᠵᠦ ᠂ ᠡᠷᠬᠢᠮ ᠨᠠᠨᠳᠢᠨ ᠰᠠᠨᠠᠯ ᠰᠠᠨᠠᠭᠤᠯᠭ᠎ᠠ᠎ᠪᠠᠨ ᠳᠤᠷᠠᠳᠬᠤ᠎ᠶᠢ ᠪᠠᠶᠠᠷᠯᠠᠨ ᠤᠭᠲᠤᠵᠤ ᠪᠠᠢᠨ᠎ᠠ ᠃
ᠬᠤᠶᠠᠷ ᠂ ᠠᠩᠬ᠎ᠠ ᠠᠯᠬᠤᠮ᠎ᠤᠨ ᠬᠡᠯᠪᠡᠷᠢ᠎ᠶᠢᠨ ᠬᠢᠨᠠᠨ ᠪᠠᠶ᠋ᠢᠴᠠᠭᠠᠯᠲᠠ᠎ᠨᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠤᠶᠤ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠲᠤ ᠣᠷᠣᠭᠤᠯᠤᠭᠰᠠᠨ᠎ᠢ ᠬᠠᠷᠠᠭᠤᠯᠵᠤ ᠪᠠᠶ᠋ᠢᠭ᠎ᠠ ᠦᠦ ?
《ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠡᠮ ᠬᠡᠷᠡᠭᠯᠡᠬᠦ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ》 ᠪᠠ 《2025 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ ᠂ ᠦᠷᠡᠵᠢᠯ᠎ᠦᠨ ᠳᠠᠭᠠᠳᠬᠠᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭᠠᠳᠬᠠᠯ᠎ᠤᠨ ᠡᠮ᠎ᠤᠨ ᠵᠦᠢᠯ᠎ᠤᠨ ᠭᠠᠷᠴᠠᠭ ᠵᠢᠴᠢ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠲᠥᠰᠥᠯ》 ᠶᠣᠰᠣᠭᠠᠷ ᠂ ᠭᠠᠷᠴᠠᠭ᠎ᠲᠤ ᠲᠣᠬᠢᠷᠠᠭᠤᠯᠤᠯᠲᠠ᠎ᠶᠢ ᠠᠵᠤ ᠠᠬᠤᠶ᠋ᠢᠯᠠᠯ᠎ᠢᠶᠠᠷ ᠭᠤᠶᠤᠴᠢᠯᠠᠨ ᠮᠡᠳᠡᠭᠦᠯᠬᠦ ᠂ ᠬᠡᠯᠪᠡᠷᠢ᠎ᠶᠢᠨ ᠬᠢᠨᠠᠨ ᠪᠠᠶ᠋ᠢᠴᠠᠭᠠᠯᠲᠠ ᠂ ᠲᠤᠰᠬᠠᠢ ᠮᠡᠷᠭᠡᠵᠢᠯᠲᠡᠨ᠎ᠤ ᠰᠢᠯᠭᠠᠷᠠᠭᠤᠯᠤᠯᠲᠠ ᠂ ᠬᠡᠯᠡᠯᠴᠡᠭᠡᠷ ᠬᠢᠭᠡᠳ ᠦᠨ᠎ᠡ ᠬᠠᠩᠰᠢ ᠥᠷᠢᠰᠥᠯᠳᠦᠭᠦᠯᠬᠦ ᠵᠡᠷᠭᠡ ᠭᠤᠭᠴᠤᠭ᠎ᠠ᠎ᠳᠤ ᠬᠤᠪᠢᠶᠠᠪᠠ ᠂ ᠬᠡᠯᠪᠡᠷᠢ᠎ᠶᠢᠨ ᠬᠢᠨᠠᠨ ᠪᠠᠶ᠋ᠢᠴᠠᠭᠠᠯᠲᠠ ᠪᠣᠯ ᠵᠥᠪᠬᠡᠨ ᠠᠵᠤ ᠠᠬᠤᠶ᠋ᠢᠯᠠᠯ ᠭᠤᠶᠤᠴᠢᠯᠠᠨ ᠮᠡᠳᠡᠭᠦᠯᠦᠭᠰᠡᠨ᠎ᠤ ᠳᠠᠷᠠᠭᠠᠬᠢ ᠭᠠᠷᠴᠠᠭ᠎ᠲᠤ ᠲᠣᠬᠢᠷᠠᠭᠤᠯᠤᠯᠲᠠ ᠬᠢᠬᠦ ᠪᠦᠬᠦᠢᠯᠡ ᠳᠠᠷᠠᠭᠠᠯᠠᠯ᠎ᠤᠨ ᠳᠣᠲᠣᠷᠠᠬᠢ ᠠᠩᠬᠠᠨ᠎ᠤ ᠠᠯᠬᠤᠮ ᠪᠣᠯᠤᠨ᠎ᠠ ᠃ ᠨᠢᠭᠡ ᠡᠮ᠎ᠤᠨ ᠵᠦᠢᠯ᠎ᠤᠨ ᠠᠩᠬ᠎ᠠ ᠠᠯᠬᠤᠮ᠎ᠤᠨ ᠬᠡᠯᠪᠡᠷᠢ᠎ᠪᠠᠷ ᠬᠢᠨᠠᠨ ᠪᠠᠶ᠋ᠢᠴᠠᠭᠠᠵᠤ ᠂ ᠵᠥᠪᠬᠡᠨ ᠠᠩᠬᠠᠨ᠎ᠤ ᠬᠢᠨᠠᠯᠲᠠ᠎ᠨᠢ ᠵᠣᠬᠢᠴᠠᠩᠭᠤᠶ ᠭᠤᠶᠤᠴᠢᠯᠠᠨ ᠮᠡᠳᠡᠭᠦᠯᠬᠦ ᠨᠥᠬᠦᠴᠡᠯ᠎ᠳᠤ ᠨᠡᠶ᠋ᠢᠴᠡᠵᠦ ᠂ ᠪᠠᠰᠠ ᠨᠡᠶ᠋ᠢᠲᠡᠯᠡᠬᠦ᠎ᠪᠠᠷ ᠳᠠᠮᠵᠢᠭᠤᠯᠤᠨ ᠨᠡᠶ᠋ᠢᠭᠡᠮ᠎ᠤᠨ ᠬᠢᠨᠠᠯᠲᠠ᠎ᠶᠢ ᠬᠦᠯᠢᠶᠡᠬᠦ ᠬᠡᠷᠡᠭᠲᠡᠶ ᠂ ᠡᠮ᠎ᠤᠨ ᠵᠦᠢᠯ᠎ᠤᠨ ᠬᠠᠮᠤᠭ ᠡᠴᠦᠰ᠎ᠲᠤ ᠬᠡᠯᠪᠡᠷᠢ᠎ᠪᠠᠷ ᠬᠢᠨᠠᠨ ᠪᠠᠶ᠋ᠢᠴᠠᠭᠠᠬᠤ᠎ᠶᠢ ᠲᠣᠭᠲᠠᠭᠠᠭᠰᠠᠨ ᠴᠤ᠌ ᠵᠥᠪᠬᠡᠨ ᠲᠣᠰ ᠡᠮ᠎ᠤᠨ ᠵᠦᠢᠯ᠎ᠢ ᠲᠥᠯᠥᠭᠡᠯᠡᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠳᠤ ᠣᠷᠣᠯᠴᠠᠬᠤ ᠬᠢᠷᠢ ᠬᠡᠮ᠎ᠲᠠᠢ ᠪᠣᠯᠵᠤ ᠂ ᠲᠡᠭᠦᠨ᠎ᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠤᠶᠤ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠲᠤ ᠣᠷᠣᠭᠤᠯᠤᠭᠰᠠᠨ᠎ᠢ ᠢᠯᠡᠳᠬᠡᠬᠦ ᠪᠢᠰᠢ ᠃
ᠭᠤᠷᠪᠠ ᠂ 2025 ᠣᠨ᠎ᠤ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠦᠭᠰᠡᠨ ᠪᠠ ᠠᠩᠬ᠎ᠠ ᠠᠯᠬᠤᠮ᠎ᠤᠨ ᠬᠡᠯᠪᠡᠷᠢ᠎ᠶᠢᠨ ᠬᠢᠨᠠᠨ ᠪᠠᠶ᠋ᠢᠴᠠᠭᠠᠭᠰᠠᠨ ᠳ᠋ᠦᠩ᠎ᠢ ᠨᠢᠳᠤᠨᠤᠨ᠎ᠤ᠎ᠬᠢ᠎ᠲᠠᠢ ᠬᠠᠷᠢᠴᠠᠭᠤᠯᠪᠠᠯ ᠶᠠᠮᠠᠷ ᠬᠤᠪᠢᠷᠠᠯᠲᠠ᠎ᠲᠠᠢ ᠪᠣᠶ ?
2025 ᠣᠨ᠎ᠤ 7 ᠳ᠋ᠤᠭᠠᠷ ᠰᠠᠷ᠎ᠠ᠎ᠶᠢᠨ 11᠎ᠤ ᠡᠳᠦᠷ᠎ᠠᠴᠠ 20᠎ᠤ ᠡᠳᠦᠷ᠎ᠤᠨ 17 ᠴᠠᠭ ᠪᠣᠯᠲᠠᠯ᠎ᠠ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠮᠡᠳᠡᠭᠦᠯᠦᠭᠰᠡᠨ ᠮᠡᠳᠡᠭᠡ ᠵᠠᠩᠭᠢ᠎ᠶᠢ 718 ᠬᠤᠪᠢ ᠭᠥᠯᠢᠶᠡᠨ ᠠᠪᠴᠤ ᠂ 633 ᠬᠤᠪᠢ ᠨᠢ ᠡᠮ᠎ᠤᠨ ᠵᠦᠢᠯ᠎ᠳᠤ ᠬᠤᠯᠪᠣᠭᠳᠠᠵᠤ ᠂ ᠠᠩᠬ᠎ᠠ ᠠᠯᠬᠤᠮ᠎ᠤᠨ ᠬᠢᠨᠠᠨ ᠬᠠᠷᠭᠤᠭᠤᠯᠤᠯᠲᠠ᠎ᠪᠠᠷ ᠳᠡᠮᠵᠢᠨ ᠂ 534 ᠬᠤᠪᠢ ᠨᠢ ᠬᠡᠯᠪᠡᠷᠢ᠎ᠶᠢᠨ ᠬᠢᠨᠠᠨ ᠪᠠᠢᠴᠠᠭᠠᠯᠲᠠ᠎ᠳᠤ ᠪᠠᠲᠤᠯᠠᠭᠳᠠᠪᠠ ᠃ ᠡᠭᠦᠨ᠎ᠳᠤ ᠭᠠᠷᠴᠠᠭ᠎ᠠᠴᠠ ᠭᠠᠳᠠᠨᠠᠬᠢ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ᠎ᠨᠢ 472 ᠬᠤᠪᠢ ᠪᠠᠶ᠋ᠢᠵᠤ ᠂ 393 ᠬᠤᠪᠢ ᠨᠢ ᠡᠮ᠎ᠤᠨ ᠵᠦᠢᠯ᠎ᠳᠦ ᠬᠤᠯᠪᠣᠭᠳᠠᠵᠤ ᠂ 310 ᠬᠤᠪᠢ ᠨᠢ ᠠᠩᠬᠠᠨ᠎ᠤ ᠬᠢᠨᠠᠯᠲᠠ᠎ᠳᠦ ᠪᠠᠲᠤᠯᠠᠭᠳᠠᠵᠤ ᠂ 2024 ᠣᠨ᠎ᠤ 249 ᠬᠤᠪᠢ᠎ᠶᠢᠨ ᠬᠡᠯᠪᠡᠷᠢ᠎ᠶᠢᠨ ᠬᠢᠨᠠᠨ ᠪᠠᠶ᠋ᠢᠴᠠᠭᠠᠯᠲᠠ᠎ᠠᠴᠠ ᠢᠯᠡᠳᠲᠡ ᠨᠡᠮᠡᠭᠳᠡᠪᠡ ᠃
ᠡᠭᠦᠨ᠎ᠤ ᠬᠠᠮᠲᠤ ᠂ ᠡᠨᠡ ᠵᠢᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ᠎ᠳᠤ ᠬᠤᠳᠠᠯᠳᠤᠭᠠᠨ᠎ᠤ ᠪᠠᠲᠤᠯᠠᠭ᠎ᠠ᠎ᠶᠢᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠨᠡᠮᠡᠨ ᠪᠠᠶ᠋ᠢᠭᠤᠯᠵᠤ ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠠᠢ ᠵᠡᠷᠭᠡ᠎ᠪᠠᠷ ᠭᠤᠶᠤᠴᠢᠯᠠᠨ ᠮᠡᠳᠡᠭᠦᠯᠪᠡ ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠤᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ᠎ᠶᠢ 141 ᠬᠤᠪᠢ ᠬᠦᠯᠢᠶᠡᠨ ᠠᠪᠴᠤ ᠂ ᠡᠮ᠎ᠤᠨ ᠵᠦᠢᠯ᠎ᠤᠨ ᠨᠡᠶ᠋ᠢᠳᠡᠮ ᠬᠡᠷᠡᠭᠯᠡᠬᠦ ᠨᠡᠷᠡᠳᠤ ᠬᠣᠯᠪᠣᠭᠳᠠᠬᠤ 141 ᠬᠤᠪᠢ ᠪᠠᠶ᠋ᠢᠵᠤ ᠂ ᠠᠩᠬ᠎ᠠ ᠠᠯᠬᠤᠮ᠎ᠤᠨ ᠬᠢᠨᠠᠨ ᠬᠠᠷᠭᠤᠭᠤᠯᠤᠯᠲᠠ᠎ᠪᠡᠷ ᠳᠡᠮᠵᠢᠨ ᠂ 121 ᠬᠤᠪᠢ᠎ᠶᠢ ᠡᠮ᠎ᠤᠨ ᠵᠦᠢᠯ᠎ᠤᠨ ᠨᠡᠶ᠋ᠢᠳᠡᠮ ᠬᠡᠷᠡᠭᠯᠡᠬᠦ ᠬᠡᠯᠪᠡᠷᠢ᠎ᠪᠠᠷ ᠬᠢᠨᠠᠨ ᠪᠠᠶ᠋ᠢᠴᠠᠭᠠᠪᠠ ᠃ ᠵᠠᠷᠢᠮ ᠡᠮ᠎ᠤᠨ ᠵᠦᠢᠯ ᠨᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠭᠤᠶᠤᠴᠢᠯᠠᠨ ᠮᠡᠳᠡᠭᠦᠯᠵᠡᠶ ᠂ ᠭᠡᠪᠡᠴᠦ ᠬᠤᠶᠠᠭᠤᠯᠠ᠎ᠶᠢᠨ ᠭᠤᠶᠤᠴᠢᠯᠠᠨ ᠮᠡᠳᠡᠭᠦᠯᠬᠦ ᠨᠥᠬᠦᠴᠡᠯ᠎ᠨᠢ ᠪᠦᠷᠢᠮᠦᠰᠦᠨ ᠨᠢᠭᠡᠳᠦᠯᠲᠡᠶ ᠪᠢᠰᠢ ᠪᠣᠯᠬᠤᠷ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠤᠨ ᠬᠡᠯᠪᠡᠷᠢ᠎ᠶᠢᠨ ᠬᠢᠨᠠᠨ ᠪᠠᠶ᠋ᠢᠴᠠᠭᠠᠭᠰᠠᠨ ᠳ᠋ᠦᠩ᠎ᠨᠢ ᠨᠢᠭᠡᠳᠦᠯ ᠥᠬᠡᠶ ᠪᠠᠶ᠋ᠢᠳᠠᠯ ᠢᠯᠡᠷᠡᠬᠦ ᠪᠣᠯᠤᠨ᠎ᠠ ᠃
ᠳᠥᠷᠪᠡ ᠂ ᠣᠳᠣᠬᠠᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ ᠨᠡᠯᠢᠶᠡᠳ ᠥᠨᠳᠥᠷ ᠪᠠᠶ᠋ᠢᠬᠤ ᠵᠡᠷᠭᠡ ᠦᠨᠳᠦᠰᠦᠨ ᠪᠠᠲᠤᠯᠠᠭ᠎ᠠ᠎ᠶᠢᠨ ᠬᠡᠪᠴᠢᠶ᠎ᠡ᠎ᠠᠴᠠ ᠢᠯᠡᠳᠲᠡ ᠳᠠᠪᠠᠭᠰᠠᠨ ᠡᠮ᠎ᠤᠨ ᠵᠦᠢᠯ᠎ᠢ ᠬᠡᠷᠬᠢᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠤᠨ ᠬᠡᠯᠪᠡᠷᠢ᠎ᠪᠠᠷ ᠬᠢᠨᠠᠨ ᠪᠠᠢᠴᠠᠭᠠᠬᠤ᠎ᠶᠢ ᠬᠡᠷᠬᠢᠨ ᠦᠵᠡᠬᠦ ᠪᠣᠶ ?
ᠪᠠᠶ᠋ᠢᠭᠤᠯᠤᠭᠳᠠᠭᠰᠠᠨ᠎ᠠᠴᠠ ᠨᠠᠭᠠᠰᠢ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠨᠠᠮ᠎ᠤᠨ ᠲᠥᠪ ᠬᠤᠷᠢᠶ᠎ᠠ ᠂ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠰᠢᠢᠳᠪᠦᠷᠢᠲᠦ ᠪᠣᠳᠣᠯᠭ᠎ᠠ᠎ᠶᠢᠨ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠵᠤ ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ 《ᠦᠨᠳᠦᠰᠦᠨ ᠵᠦᠢᠯ᠎ᠢ ᠪᠠᠲᠤᠯᠠᠬᠤ》 ᠴᠢᠳᠠᠮᠵᠢ᠎ᠶᠢᠨ ᠪᠠᠶ᠋ᠢᠷᠢ ᠲᠣᠭᠲᠠᠭᠠᠯᠲᠠ᠎ᠶᠢ ᠢᠮᠠᠭᠲᠠ ᠪᠠᠲᠤ ᠡᠵᠡᠮᠳᠡᠵᠦ ᠂ ᠴᠢᠳᠠᠯ᠎ᠤᠨ ᠬᠢᠷᠢ᠎ᠪᠠᠷ᠎ᠢᠶᠠᠨ ᠬᠢᠬᠦ ᠂ ᠬᠡᠮᠵᠢᠶᠡᠨ᠎ᠦ᠎ᠪᠡᠨ ᠬᠢᠷᠢ᠎ᠪᠠᠷ ᠬᠢᠬᠦ᠎ᠶᠢ ᠪᠠᠷᠢᠮᠲᠠᠯᠠᠵᠤ ᠂ ᠪᠠᠲᠤᠯᠠᠭ᠎ᠠ᠎ᠶᠢᠨ ᠬᠡᠪᠴᠢᠶ᠎ᠡ᠎ᠶᠢ ᠦᠨᠡᠨ᠎ᠠᠴᠠ ᠵᠥᠪ᠎ᠢ ᠡᠷᠢᠵᠦ ᠲᠣᠭᠲᠠᠭᠠᠪᠠ ; ᠢᠮᠠᠭᠲᠠ ᠲᠣᠭᠲᠠᠭᠤᠨ ᠪᠥᠭᠡᠳ ᠦᠷᠭᠦᠯᠵᠢᠯᠡᠭᠦᠯᠬᠦ᠎ᠶᠢ ᠪᠠᠷᠢᠮᠲᠠᠯᠠᠵᠤ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ ᠪᠠ ᠳᠠᠭᠠᠳᠬᠠᠯ᠎ᠳᠤ ᠣᠷᠣᠯᠴᠠᠭᠰᠠᠨ ᠤᠯᠠᠨ ᠲᠦᠮᠡᠨ᠎ᠤ ᠳᠠᠭᠠᠭᠠᠬᠤ ᠴᠢᠳᠠᠪᠤᠷᠢ᠎ᠶᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ ᠠᠵᠢᠯ᠎ᠤᠨ ᠰᠠᠭᠤᠷᠢ ᠪᠣᠯᠭᠠᠵᠤ ᠂ ᠵᠥᠪᠰᠢᠶᠡᠷᠡᠨ ᠣᠷᠣᠭᠤᠯᠬᠤ ᠬᠡᠯᠡᠯᠴᠡᠭᠡᠷ ᠬᠢᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠭᠠᠭᠴᠠᠭᠠᠷ ᠦᠢᠯᠡᠳᠪᠦᠷᠢᠯᠡᠵᠦ ᠪᠦᠬᠦᠢ ᠡᠮ᠎ᠤᠨ ᠵᠦᠢᠯ᠎ᠤᠨ ᠦᠨ᠎ᠡ ᠬᠠᠩᠰᠢ᠎ᠶᠢ ᠶᠡᠭᠡ᠎ᠪᠠᠷ ᠪᠠᠭᠤᠷᠠᠭᠤᠯᠪᠠ ; ᠢᠮᠠᠭᠲᠠ ᠣᠯᠠᠨ ᠲᠦᠮᠡᠨ᠎ᠤ ᠦᠨᠳᠦᠰᠦᠨ ᠡᠮᠴᠢᠯᠡᠭᠡᠨ᠎ᠤ ᠬᠡᠷᠡᠭᠴᠡᠭᠡ ᠱᠠᠭᠠᠷᠳᠠᠯᠭ᠎ᠠ ᠪᠠ ᠡᠮᠴᠢᠯᠡᠭᠡᠨ᠎ᠤ ᠮᠡᠷᠭᠡᠵᠢᠯ᠎ᠤᠨ ᠳᠠᠪᠰᠢᠯᠲᠠ᠎ᠶᠢᠨ ᠬᠤᠭᠤᠷᠣᠨᠳᠣᠬᠢ ᠲᠡᠩᠴᠡᠭᠦᠷᠢᠳᠤ ᠠᠩᠬᠠᠷᠤᠯ᠎ᠢᠶᠠᠨ ᠲᠥᠪᠯᠡᠷᠡᠭᠦᠯᠵᠦ ᠂ ᠪᠣᠯᠤᠮᠵᠢᠲᠤ ᠴᠢᠨᠠᠷ᠎ᠢ ᠳᠡᠭᠡᠭᠰᠢᠯᠡᠭᠦᠯᠦᠨ ᠂ ᠲᠥᠪ ᠭᠤᠤᠯᠴᠢ ᠴᠢᠨᠠᠷ᠎ᠢ ᠬᠠᠮᠠᠭᠠᠯᠠᠨ᠎ᠠ ᠃ ᠵᠠᠷᠢᠮ ᠦᠨ᠎ᠡ ᠬᠠᠩᠰᠢ᠎ᠨᠢ ᠨᠡᠯᠢᠶᠡᠳ ᠥᠨᠳᠥᠷ ᠪᠥᠭᠡᠳ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠪᠠᠲᠤᠯᠠᠭ᠎ᠠ᠎ᠶᠢᠨ ᠬᠡᠪᠴᠢᠶᠡᠨ᠎ᠠᠴᠠ ᠢᠯᠡᠳᠲᠡ ᠳᠠᠪᠠᠭᠰᠠᠨ ᠡᠮ᠎ᠤᠨ ᠵᠦᠢᠯ᠎ᠨᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠢ ᠠᠩᠬ᠎ᠠ ᠠᠯᠬᠤᠮ ᠬᠢᠨᠠᠨ ᠪᠠᠶ᠋ᠢᠴᠠᠭᠠᠬᠤ᠎ᠪᠠᠷ ᠳᠡᠮᠵᠢᠨ ᠂ ᠵᠥᠪᠬᠡᠨ ᠲᠣᠰ ᠡᠮ᠎ᠤᠨ ᠵᠦᠢᠯ ᠨᠢ ᠭᠤᠶᠤᠴᠢᠯᠠᠨ ᠮᠡᠳᠡᠭᠦᠯᠬᠦ ᠨᠥᠬᠦᠴᠡᠯ᠎ᠳᠤ ᠨᠡᠶ᠋ᠢᠴᠡᠬᠦ᠎ᠶᠢ ᠢᠯᠡᠳᠬᠡᠵᠦ ᠂ ᠲᠠᠷᠠᠭᠠᠴᠢ᠎ᠶᠢᠨ ᠠᠯᠬᠤᠮ᠎ᠳᠤ ᠣᠷᠣᠬᠤ ᠬᠢᠷᠢ ᠬᠡᠮ᠎ᠢ ᠤᠯᠪᠠ ᠃ ᠡᠨᠡ ᠲᠥᠷᠥᠯ᠎ᠤᠨ ᠡᠮ᠎ᠤᠨ ᠵᠦᠢᠯ ᠨᠢ ᠡᠴᠦᠰ᠎ᠲᠦ᠎ᠪᠡᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠲᠤ ᠣᠷᠣᠵᠤ ᠳᠡᠶ᠋ᠢᠯᠬᠦ ᠡᠰᠡᠬᠦ᠎ᠳᠤ ᠪᠠᠰᠠ ᠴᠢᠩᠭ᠎ᠠ ᠬᠢᠨᠠᠨ ᠲᠣᠭᠲᠠᠭᠠᠬᠤ ᠲᠠᠰ ᠳᠠᠷᠠᠭᠠᠯᠠᠯ᠎ᠢᠶᠠᠷ ᠳᠡᠮᠵᠢᠨ ᠂ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭᠠᠯᠲᠠ᠎ᠪᠠᠷ ᠳᠡᠮᠵᠢᠨ ᠭᠠᠭᠴᠠᠭᠠᠷ ᠦᠢᠯᠡᠳᠪᠦᠷᠢᠯᠡᠵᠦ ᠪᠦᠬᠦᠢ ᠡᠮ᠎ᠤᠨ ᠵᠦᠢᠯ᠎ᠦᠨ ᠬᠡᠯᠡᠯᠴᠡᠭᠡᠷ᠎ᠨᠢ ᠠᠮᠵᠢᠯᠲᠠ ᠣᠯᠤᠭᠰᠠᠨ ᠂ ᠭᠠᠭᠴᠠᠭᠠᠷ ᠦᠢᠯᠡᠳᠪᠦᠷᠢᠯᠡᠵᠦ ᠪᠠᠶ᠋ᠢᠭ᠎ᠠ ᠥᠬᠡᠶ ᠡᠮ᠎ᠤᠨ ᠵᠦᠢᠯ᠎ᠦᠨ ᠦᠨᠡᠳᠤ ᠠᠮᠵᠢᠯᠲᠠ ᠣᠯᠪᠠᠯ ᠰᠠᠶᠢ ᠡᠴᠦᠰ᠎ᠲᠤ᠎ᠪᠠᠨ ᠭᠠᠷᠴᠠᠭ᠎ᠲᠤ ᠣᠷᠣᠭᠤᠯᠵᠤ ᠪᠣᠯᠤᠨ᠎ᠠ ᠃
ᠲᠠᠪᠤ ᠂ ᠲᠣᠰ ᠤᠳᠠᠭᠠᠨ᠎ᠤ ᠨᠡᠢᠲᠡᠯᠡᠯ᠎ᠦᠨ ᠳᠠᠷᠠᠭ᠎ᠠ ᠶᠠᠮᠠᠷ ᠶᠠᠮᠠᠷ ᠠᠵᠢᠯ᠎ᠤᠳ᠎ᠢ ᠬᠢᠬᠦ ᠪᠣᠶ ?
ᠲᠠᠷᠠᠭᠠᠴᠢ᠎ᠶᠢᠨ ᠠᠯᠬᠤᠮ᠎ᠳᠤ ᠂ ᠪᠢᠳᠡ ᠨᠡᠢᠲᠡᠯᠡᠯ᠎ᠦᠨ ᠬᠤᠭᠤᠴᠠᠭᠠᠨ᠎ᠳᠤ ᠬᠤᠷᠢᠶᠠᠨ ᠠᠪᠤᠭᠰᠠᠨ ᠬᠠᠷᠢᠭᠤ ᠲᠤᠰᠬᠠᠭᠰᠠᠨ ᠰᠠᠨᠠᠯ᠎ᠢ ᠦᠨᠳᠦᠰᠦᠯᠡᠨ ᠂ ᠬᠤᠯᠪᠣᠭᠳᠠᠯ ᠪᠥᠬᠦᠶ ᠡᠮ᠎ᠤᠨ ᠵᠦᠢᠯ᠎ᠤᠨ ᠮᠡᠳᠡᠭᠡ ᠵᠠᠩᠭᠢ᠎ᠶᠢ ᠳᠠᠬᠢᠨ ᠬᠢᠨᠠᠵᠤ ᠂ ᠡᠴᠦᠰ᠎ᠲᠤ᠎ᠪᠠᠨ ᠬᠡᠯᠪᠡᠷᠢ᠎ᠪᠠᠷ ᠬᠢᠨᠠᠨ ᠪᠠᠶ᠋ᠢᠴᠠᠭᠠᠭᠰᠠᠨ ᠡᠮ᠎ᠤᠨ ᠵᠦᠢᠯ᠎ᠤᠨ ᠨᠡᠷᠡᠰ᠎ᠢ ᠲᠣᠭᠲᠠᠭᠠᠬᠤ᠎ᠶᠢᠨ ᠬᠠᠮᠲᠤ ᠨᠡᠶ᠋ᠢᠭᠡᠮ᠎ᠳᠤ ᠨᠡᠶ᠋ᠢᠲᠡᠯᠡᠨ᠎ᠡ ᠃ ᠡᠭᠦᠨ᠎ᠤ ᠬᠠᠮᠲᠤ ᠂ ᠬᠠᠮᠤᠭ ᠡᠴᠦᠰ᠎ᠤᠨ ᠬᠡᠯᠪᠡᠷᠢ᠎ᠶᠢᠨ ᠬᠢᠨᠠᠨ ᠪᠠᠶ᠋ᠢᠴᠠᠭᠠᠭᠰᠠᠨ ᠳ᠋ᠦᠩ᠎ᠨᠢ ᠪᠠᠲᠤᠯᠠᠭᠳᠠᠭᠰᠠᠨ ᠡᠰᠡᠬᠦ ᠴᠤ᠌ ᠴᠥᠮ 2025 ᠣᠨ᠎ᠤ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠵᠢᠴᠢ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢᠶᠠᠷ ᠳᠠᠮᠵᠢᠭᠤᠯᠤᠨ ᠭᠤᠶᠤᠴᠢᠯᠠᠨ ᠮᠡᠳᠡᠭᠦᠯᠬᠦ ᠬᠡᠰᠡᠭ᠎ᠢ ᠭᠤᠶᠤᠴᠢᠯᠠᠨ ᠮᠡᠳᠡᠭᠦᠯᠬᠦ ᠠᠵᠤ ᠠᠬᠤᠶ᠋ᠢᠯᠠᠯ᠎ᠳᠤ ᠬᠠᠷᠢᠭᠤ ᠲᠤᠰᠬᠠᠨ᠎ᠠ ᠃ ᠵᠠᠯᠭᠠᠭᠠᠳ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠠᠵᠢᠯ᠎ᠤᠨ ᠲᠥᠰᠦᠯ᠎ᠤᠨ ᠱᠠᠭᠠᠷᠳᠠᠯᠭ᠎ᠠ ᠶᠣᠰᠣᠭᠠᠷ ᠂ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭᠠᠯᠲᠠ ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠤᠨ ᠬᠡᠯᠡᠯᠴᠡᠭᠡᠷ᠎ᠢᠶᠠᠷ ᠦᠨ᠎ᠡ ᠬᠠᠶᠠᠯᠴᠠᠬᠤ ᠵᠢᠴᠢ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠤᠨ ᠦᠨ᠎ᠡ ᠬᠠᠩᠰᠢ᠎ᠶᠢ ᠵᠥᠪᠳᠡᠯᠴᠡᠬᠦ ᠵᠡᠷᠭᠡ ᠠᠵᠢᠯ᠎ᠢ ᠱᠠᠯᠠᠪᠳᠠᠨ ᠠᠬᠢᠭᠤᠯᠤᠨ᠎ᠠ ᠃
ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ ᠃