ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ 《ᠡᠮᠴᠢᠯᠡᠭᠡᠨ᠎ᠤ ᠳᠠᠭ᠋ᠠᠳᠬᠠᠯ᠎ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠵᠢᠨ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠵᠠᠷᠤᠳᠠᠯ᠎ᠢ ᠣᠷᠣᠯᠠᠨ ᠥᠭᠬᠦ ᠳᠠᠷᠤᠯᠲᠠ ᠵᠢ ᠤᠯᠠᠮ ᠨᠢᠭᠡ ᠠᠯᠬᠤᠮ ᠨᠠᠮᠳᠠᠭᠤᠯᠵᠤ᠂ ᠡᠮᠴᠢᠯᠡᠭᠡ᠂ ᠡᠮᠴᠢᠯᠡᠭᠡᠨ᠎ᠤ ᠳᠠᠭ᠋ᠠᠳᠬᠠᠯ᠂ ᠡᠮ ᠡᠮᠨᠡᠯᠭᠡ ᠵᠢᠨ ᠬᠠᠮᠵᠢᠯᠴᠠᠨ ᠬᠥᠭᠵᠢᠬᠦ ᠪᠠ ᠵᠠᠰᠠᠬᠤ ᠵᠢ ᠠᠬᠢᠭᠤᠯᠤᠨ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠳᠠᠭ᠋ᠠᠳᠬᠠᠯ᠎ᠳᠤ ᠣᠷᠣᠯᠴᠠᠭᠰᠠᠳ᠎ᠲᠤ ᠨᠠᠩ ᠰᠠᠢ᠌ᠨ ᠦᠢ᠍ᠯᠡᠴᠢᠯᠡᠬᠦ ᠵᠢ ᠵᠣᠷᠢᠭᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠵᠢ ᠳᠣᠤᠷᠠᠬᠢ ᠮᠡᠲᠦ ᠲᠠᠶ᠋ᠢᠯᠪᠤᠷᠢᠯᠠᠪᠠ᠃
ᠨᠢᠭᠡ᠂ 《ᠠᠷᠭ᠎ᠠ》 ᠵᠢ ᠨᠡᠶ᠋ᠢᠲᠡᠯᠡᠭᠰᠡᠨ ᠠᠬᠤᠶ ᠪᠠᠶ᠋ᠢᠳᠠᠯ
ᠣᠳᠣᠬᠠᠨ᠎ᠳᠤ᠂ ᠮᠠᠨ᠎ᠤ ᠣᠷᠣᠨ᠎ᠤ ᠤᠷᠢᠳᠴᠢᠯᠠᠨ ᠥᠭᠭᠦᠭᠰᠡᠨ ᠮᠥᠩᠭᠦ᠎ᠳᠤ ᠭᠤᠤᠯᠳᠠᠭᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠲᠤᠰᠬᠠᠶ ᠵᠦᠢ᠍ᠯ ᠵᠶ᠋ᠡᠷ ᠤᠷᠢᠳᠴᠢᠯᠠᠨ ᠥᠭᠬᠦ᠂ ᠡᠪᠡᠳᠴᠢᠨ᠎ᠤ ᠳᠤᠭᠤᠶ᠋ᠢᠯᠠᠩ ᠪᠠ ᠡᠪᠡᠳᠴᠢᠨ᠎ᠤ ᠲᠥᠷᠥᠯ᠎ᠤᠨ ᠬᠤᠪᠢ ᠵᠢᠨ ᠥᠷᠲᠡᠭ ᠵᠶ᠋ᠠᠷ ᠵᠠᠷᠤᠳᠠᠯ ᠲᠤᠰᠢᠶᠠᠬᠤ ᠲᠤᠰᠬᠠᠶ ᠵᠦᠢ᠍ᠯ ᠵᠶ᠋ᠡᠷ ᠤᠷᠢᠳᠴᠢᠯᠠᠨ ᠥᠭᠬᠦ᠂ 《ᠬᠤᠤᠰ ᠨᠡᠪᠲᠡᠷᠡᠬᠦ ᠵᠠᠮ》᠎ᠤᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠢ᠌ᠭᠤᠯᠤᠮᠵᠢ ᠪᠠ ᠡᠮᠨᠡᠯᠭᠡ᠎ᠳᠤ ᠰᠠᠭᠤᠬᠤ ᠬᠢᠷᠢ ᠬᠡᠮ᠎ᠲᠠᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭᠤᠯᠤᠭᠰᠠᠨ ᠡᠷᠭᠢᠯᠲᠡ ᠵᠢᠨ ᠮᠥᠩᠭᠦ ᠵᠢᠨ ᠲᠦᠷᠢᠮ (《ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠪᠥᠬᠦ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠲᠣᠭ᠋ᠠᠴᠠᠭ᠎ᠠ ᠬᠢᠬᠦ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡᠨ ᠳᠠᠭ᠋ᠠᠳᠬᠠᠯ ᠠᠯᠪᠠᠨ ᠲᠠᠷᠬᠠᠭ᠋ᠠᠭᠰᠠᠨ [2022 ] 2 ᠳ᠋ᠤᠭ᠋ᠠᠷ ᠲᠣᠭ᠋ᠠᠲᠤ) ᠵᠡᠷᠭᠡ ᠪᠣᠶ᠃
ᠬᠡᠳᠦ᠋ᠢ᠍ᠪᠡᠷ ᠤᠷᠢᠳᠴᠢᠯᠠᠨ ᠥᠭᠬᠦ ᠮᠥᠩᠭᠦ (ᠡᠷᠭᠢᠯᠲᠡ ᠵᠢᠨ ᠮᠥᠩᠭᠦ) ᠵᠢᠨ ᠲᠦᠷᠢᠮ᠎ᠢ ᠨᠢᠭᠡᠨᠲᠡ ᠪᠠᠶ᠋ᠢᠭᠤᠯᠤᠭᠰᠠᠨ ᠪᠣᠯᠪᠠᠴᠤ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠷᠢᠳᠴᠢᠯᠠᠨ ᠥᠭᠬᠦ ᠨᠥᠬᠦᠴᠡᠯ᠂ ᠰᠠᠯᠭ᠋ᠠᠨ ᠥᠭᠬᠦ ᠪᠠᠷᠢᠮᠵᠢᠶ᠎ᠠ᠂ ᠰᠠᠯᠭ᠋ᠠᠨ ᠥᠭᠬᠦ ᠶᠠᠪᠤᠴᠠ ᠪᠠ ᠪᠣᠳᠠᠲᠠᠶ ᠠᠭᠤᠯᠭ᠎ᠠ ᠵᠢᠨ ᠲᠠᠯ᠎ᠠ᠎ᠪᠠᠷ ᠪᠠᠰᠠ ᠨᠢᠭᠡᠳᠦᠯᠲᠡᠶ ᠵᠢᠷᠤᠮᠵᠢᠭ᠋ᠠᠳᠤᠢ ᠪᠠᠶ᠋ᠢᠭᠰᠠᠭ᠋ᠠᠷ᠃ 2024 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠂ ᠤᠯᠤᠰ᠎ᠠᠴᠠ 《 ᠡᠮᠴᠢᠯᠡᠭᠡᠨ᠎ᠤ ᠳᠠᠭ᠋ᠠᠳᠬᠠᠯ᠎ᠤᠨ ᠤᠷᠢᠳᠴᠢᠯᠠᠨ ᠥᠭᠭᠦᠭᠰᠡᠨ ᠰᠠᠭᠤᠷᠢ ᠮᠥᠩᠭᠦ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠠᠯᠪᠠᠨ ᠬᠡᠷ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠣᠷᠣᠨ ᠤᠯᠤᠰ᠎ᠤᠨ ᠮᠡᠳᠡᠭᠳᠡᠯ᠎ᠤᠨ ᠰᠠᠭᠤᠷᠢᠨ ᠳᠡᠭᠡᠷ᠎ᠡ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠠᠵᠢᠯ᠎ᠤᠨ ᠶᠣᠪᠤᠴᠠ ᠵᠢ ᠵᠢᠷᠤᠮᠵᠢᠭᠤᠯᠤᠨ᠂ ᠪᠠᠯᠠ ᠮᠥᠩᠭᠦ ᠵᠢᠨ ᠬᠠᠮᠢᠶᠠᠷᠤᠯᠲᠠ ᠵᠢ ᠴᠢᠩᠭ᠋ᠠᠷᠠᠭᠤᠯᠬᠤ ᠵᠢ ᠲᠤᠯᠭ᠋ᠠᠮ᠎ᠠ ᠱᠠᠭ᠋ᠠᠷᠳᠠᠵᠤ ᠪᠠᠶ᠋ᠢᠨ᠎ᠠ᠃
ᠬᠤᠶᠠᠷ᠂ 《ᠠᠷᠭ᠎ᠠ》 ᠵᠢᠨ ᠭᠤᠣᠯ ᠠᠭᠤᠯᠭ᠎ᠠ
《ᠠᠷᠭ᠎ᠠ》 ᠵᠢᠨ ᠭᠤᠣᠯ ᠪᠣᠷᠣ ᠲᠥᠯᠥᠪ᠎ᠢ ᠶᠡᠷᠦᠩᠬᠡᠶ ᠲᠦᠷᠢᠮ᠂ ᠤᠷᠢᠳᠴᠢᠯᠠᠨ ᠥᠭᠬᠦ ᠮᠥᠩᠭᠦ ᠵᠢᠨ ᠨᠥᠬᠦᠴᠡᠯ ᠵᠢᠴᠢ ᠪᠠᠷᠢᠮᠵᠢᠶ᠎ᠠ᠂ ᠤᠷᠢᠳᠴᠢᠯᠠᠨ ᠥᠭᠬᠦ ᠳᠠᠷᠠᠭ᠋ᠠᠯᠠᠯ᠂ ᠤᠷᠢᠳᠴᠢᠯᠠᠨ ᠥᠭᠭᠦᠭᠰᠡᠨ ᠮᠥᠩᠭᠦ ᠵᠢ ᠬᠤᠷᠢᠶᠠᠨ ᠠᠪᠬᠤ᠂ ᠤᠷᠢᠳᠴᠢᠯᠠᠨ ᠥᠭᠭᠦᠭᠰᠡᠨ ᠮᠥᠩᠭᠦ ᠵᠢ ᠬᠠᠮᠢᠶᠠᠷᠬᠤ ᠪᠠ ᠬᠢᠨᠠᠨ ᠪᠤᠳᠤᠬᠤ᠂ ᠤᠷᠢᠳᠴᠢᠯᠠᠨ ᠥᠭᠭᠦᠭᠰᠡᠨ ᠮᠥᠩᠭᠦ᠎ᠳᠤ ᠬᠢᠨᠠᠯᠲᠠ ᠲᠠᠯᠪᠢᠬᠤ ᠵᠢᠴᠢ ᠳᠠᠭ᠋ᠠᠯᠳᠤᠭᠤᠯᠤᠭᠰᠠᠨ ᠲᠦᠷᠢᠮ ᠵᠡᠷᠭᠡ ᠲᠤᠯᠤᠭ᠋ᠠᠨ ᠬᠡᠰᠡᠭ ᠬᠤᠪᠢᠶᠠᠵᠤ᠂ ᠨᠡᠶ᠋ᠢᠳᠡ ᠬᠤᠷᠢᠨ ᠳᠥᠷᠪᠡᠨ ᠵᠣᠷᠪᠣᠰ ᠪᠤᠢ᠃
ᠨᠢᠭᠡᠳᠦᠭᠡᠷ ᠪᠦᠯᠦᠭ᠎ᠤᠨ ᠶᠡᠷᠦᠩᠬᠡᠶ ᠲᠦᠷᠢᠮ᠎ᠳᠤ ᠨᠡᠶ᠋ᠢᠲᠡ 3 ᠵᠣᠷᠪᠣᠰ ᠪᠠᠶ᠋ᠢᠵᠤ᠂ 《ᠠᠷᠭ᠎ᠠ》 ᠵᠢᠨ ᠠᠭᠤᠯᠭ᠎ᠠ ᠵᠢᠴᠢ ᠪᠥᠬᠦ ᠣᠷᠣᠨ᠎ᠤ ᠬᠤᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠡᠮᠨᠡᠯᠭᠡ᠎ᠳᠤ ᠰᠠᠭᠤᠬᠤ ᠦᠢ᠍ᠯᠡᠴᠢᠯᠡᠭᠡ᠎ᠲᠠᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠲᠤᠳᠤᠷᠬᠠᠢ᠌ᠯᠠᠪᠠ ᠃
ᠬᠤᠶᠠᠳᠤᠭ᠋ᠠᠷ ᠪᠦᠯᠦᠭ᠎ᠤᠨ ᠤᠷᠢᠳᠴᠢᠯᠠᠨ ᠥᠭᠬᠦ ᠮᠥᠩᠭᠦ ᠵᠢᠨ ᠨᠥᠬᠦᠴᠡᠯ ᠵᠢᠴᠢ ᠪᠠᠷᠢᠮᠵᠢᠶ᠎ᠠ᠎ᠳᠤ ᠨᠡᠶ᠋ᠢᠲᠡ 4 ᠵᠦᠢ᠍ᠯ ᠪᠠᠶ᠋ᠢᠵᠤ᠂ ᠡᠮᠴᠢᠯᠡᠭᠡᠨ᠎ᠤ ᠪᠠᠲᠤᠯᠠᠭ᠎ᠠ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠵᠢᠨ ᠤᠷᠢᠳᠴᠢᠯᠠᠨ ᠥᠭᠬᠦ ᠨᠥᠬᠦᠴᠡᠯ ᠵᠢᠴᠢ ᠤᠷᠢᠳᠴᠢᠯᠠᠨ ᠥᠭᠴᠦ ᠳᠡᠶ᠋ᠢᠯᠬᠦ ᠦᠭᠡᠢ ᠪᠠᠶ᠋ᠢᠳᠠᠯ᠎ᠢ ᠲᠤᠳᠤᠷᠬᠠᠢ᠌ᠯᠠᠪᠠ ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢᠨ ᠨᠡᠶ᠋ᠢᠲᠡ ᠦᠯᠡᠳᠡᠪᠦᠷᠢ᠎ᠲᠠᠢ ᠥᠭᠴᠦ ᠪᠣᠯᠬᠤ ᠰᠠᠷ᠎ᠠ ᠵᠢᠨ ᠲᠤᠭ᠎ᠠ ᠵᠢ 12 ᠰᠠᠷ᠎ᠠ᠎ᠠᠴᠠ ᠳᠣᠣᠷ᠎ᠠ ᠦᠭᠡᠢ ᠪᠠᠶ᠋ᠢᠯᠭ᠋ᠠᠵᠤ ᠪᠣᠯᠬᠤ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢ ᠤᠷᠢᠳᠴᠢᠯᠠᠨ ᠥᠭᠬᠦ ᠵᠢ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠨᠡᠶ᠋ᠢᠲᠡ ᠦᠯᠡᠳᠡᠪᠦᠷᠢ᠎ᠲᠠᠢ ᠥᠭᠴᠦ ᠪᠣᠯᠬᠤ ᠰᠠᠷ᠎ᠠ ᠵᠢᠨ ᠲᠤᠭ᠎ᠠ ᠵᠢ 6 ᠰᠠᠷ᠎ᠠ᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ ᠭᠡᠵᠦ ᠲᠣᠳᠣᠷᠬᠠᠶ ᠲᠣᠭᠲᠠᠭ᠋ᠠᠪᠠ᠃ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠤᠷᠢᠳᠴᠢᠯᠠᠨ ᠥᠭᠬᠦ ᠮᠥᠩᠭᠦ ᠭᠤᠶᠤᠴᠢᠯᠠᠬᠤ ᠨᠥᠬᠦᠴᠡᠯ ᠵᠢᠴᠢ ᠤᠷᠢᠳᠴᠢᠯᠠᠨ ᠥᠭᠬᠦ ᠮᠥᠩᠭᠦ ᠵᠢ ᠬᠢᠨᠠᠨ ᠲᠣᠭᠲᠠᠭ᠋ᠠᠬᠤ ᠪᠠᠷᠢᠮᠵᠢᠶ᠎ᠠ ᠵᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠪᠣᠯᠭ᠋ᠠᠵᠤ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠲᠦᠷᠦᠭᠦᠤ ᠭᠤᠷᠪᠠᠨ ᠵᠢᠯ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠮᠨᠡᠯᠭᠡ᠎ᠳᠤ ᠰᠠᠭᠤᠬᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢᠨ ᠰᠠᠷ᠎ᠠ ᠵᠢᠨ ᠳᠤᠮᠳᠠᠴᠢ ᠵᠠᠷᠤᠯᠭ᠎ᠠ ᠵᠢᠨ ᠲᠤᠭ᠎ᠠ᠎ᠪᠠᠷ ᠰᠠᠭᠤᠷᠢ ᠲᠤᠭ᠎ᠠ ᠪᠣᠯᠭ᠋ᠠᠵᠤ᠂ ᠪᠥᠬᠦ ᠭᠤᠶᠤᠴᠢᠯᠠᠬᠤ ᠨᠥᠬᠦᠴᠡᠯ᠎ᠳᠤ ᠨᠡᠶ᠋ᠢᠴᠡᠬᠦ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠳᠤ ᠤᠷᠢᠳᠴᠢᠯᠠᠨ ᠥᠭᠴᠦ᠂ ᠤᠷᠢᠳᠴᠢᠯᠠᠨ ᠥᠭᠬᠦ ᠬᠡᠪᠴᠢᠶᠡᠵᠢᠯ᠎ᠢ 1.5 ᠰᠠᠷ᠎ᠠ ᠪᠣᠯᠭ᠋ᠠᠨ᠎ᠠ᠃
ᠭᠤᠷᠪᠠᠳᠤᠭ᠋ᠠᠷ ᠪᠦᠯᠦᠭ᠎ᠤᠨ ᠤᠷᠢᠳᠴᠢᠯᠠᠨ ᠥᠭᠬᠦ ᠳᠠᠷᠠᠭ᠋ᠠᠯᠠᠯ᠎ᠳᠤ ᠨᠡᠶ᠋ᠢᠲᠡ 1 ᠵᠣᠷᠪᠤᠰ ᠪᠠᠶ᠋ᠢᠵᠤ᠂ ᠤᠷᠢᠳᠴᠢᠯᠠᠨ ᠥᠭᠬᠦ ᠪᠣᠳᠠᠲᠠᠶ ᠶᠠᠪᠤᠴᠠ ᠵᠢ ᠲᠤᠳᠤᠷᠬᠠᠢ᠌ᠯᠠᠪᠠ ᠂ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ᠎ᠨᠢ ᠤᠷᠢᠳᠴᠢᠯᠠᠨ ᠥᠭᠬᠦ ᠮᠥᠩᠭᠦ ᠵᠢ ᠰᠢᠯᠵᠢᠭᠦᠯᠦᠨ ᠥᠭᠬᠦ᠎ᠠᠴᠠ ᠡᠮᠦᠨ᠎ᠡ ᠬᠢᠨᠠᠨ ᠲᠣᠭᠲᠠᠭ᠋ᠠᠭᠰᠠᠨ ᠪᠠᠶ᠋ᠢᠳᠠᠯ ᠵᠶ᠋ᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠲᠤ ᠲᠤᠰᠢᠶᠠᠵᠤ᠂ ᠳᠠᠬᠢᠨ ᠬᠢᠨᠠᠭᠰᠠᠨ᠎ᠤ ᠳᠠᠷᠠᠭ᠎ᠠ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ ᠵᠶ᠋ᠠᠷ ᠳᠠᠮᠵᠢᠭᠤᠯᠤᠨ ᠰᠠᠯᠭ᠋ᠠᠨ ᠥᠭᠭᠦᠨ᠎ᠡ᠃ ᠤᠷᠢᠳᠴᠢᠯᠠᠨ ᠥᠭᠬᠦ ᠮᠥᠩᠭᠦ ᠵᠢ ᠬᠤᠷᠢᠶᠠᠨ ᠠᠪᠬᠤ ᠴᠠᠭ᠎ᠢ ᠲᠣᠳᠣᠷᠬᠠᠶ᠋ᠢᠯᠠᠵᠤ᠂ ᠠᠷᠭ᠎ᠠ ᠵᠠᠮ᠎ᠨᠢ ᠳᠠᠷᠤᠢ᠌ᠬᠠᠨ ᠲᠤᠯᠭ᠋ᠠᠨ ᠪᠤᠳᠤᠬᠤ ᠵᠣᠭᠤᠰ᠎ᠤᠨ ᠲᠣᠭ᠋ᠠᠨ᠎ᠤ ᠠᠷᠭ᠎ᠠ ᠬᠡᠯᠪᠡᠷᠢ᠎ᠪᠠᠷ ᠳᠠᠮᠵᠢᠭᠤᠯᠤᠨ ᠤᠷᠢᠳᠴᠢᠯᠠᠨ ᠥᠭᠬᠦ ᠮᠥᠩᠭᠦ ᠵᠢ ᠪᠦᠬᠦ ᠲᠤᠭ᠎ᠠ᠎ᠪᠠᠷ ᠬᠤᠷᠢᠶᠠᠨ ᠠᠪᠤᠨ᠎ᠠ᠃
ᠳᠥᠷᠪᠡᠳᠦᠭᠡᠷ ᠪᠦᠯᠦᠭ᠎ᠤᠨ ᠤᠷᠢᠳᠴᠢᠯᠠᠨ ᠥᠭᠭᠦᠭᠰᠡᠨ ᠮᠥᠩᠭᠦ ᠵᠢ ᠬᠤᠷᠢᠶᠠᠨ ᠠᠪᠬᠤ᠎ᠳᠤ ᠨᠡᠶ᠋ᠢᠲᠡ 3 ᠵᠤᠷᠪᠤᠰ ᠪᠠᠶ᠋ᠢᠵᠤ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠳᠤ ᠶᠠᠮᠠᠷ ᠶᠠᠮᠠᠷ ᠪᠠᠶ᠋ᠢᠳᠠᠯ ᠣᠷᠣᠰᠢᠵᠤ ᠪᠠᠶ᠋ᠢᠪᠠᠯ ᠤᠷᠢᠳᠴᠢᠯᠠᠨ ᠥᠭᠭᠦᠭᠰᠡᠨ ᠮᠥᠩᠭᠦ ᠵᠢ ᠬᠤᠷᠢᠶᠠᠨ ᠠᠪᠬᠤ ᠵᠢ ᠲᠣᠳᠣᠷᠬᠠᠶ᠋ᠢᠯᠠᠪᠠ᠂ ᠡᠭᠦᠨ᠎ᠳᠤ ᠠᠷᠪᠠᠳᠤᠭ᠋ᠠᠷ ᠵᠤᠷᠪᠤᠰ ᠪᠣᠯ ᠤᠯᠤᠰ᠎ᠤᠨ ᠪᠢᠴᠢᠭ ᠮᠠᠲ᠋ᠧᠷᠢᠶᠠᠯ᠎ᠤᠨ ᠰᠠᠭᠤᠷᠢᠨ ᠳᠡᠭᠡᠷ᠎ᠡ ᠨᠦᠬᠦᠪᠦᠷᠢᠯᠡᠭᠰᠡᠨ ᠤᠷᠢᠳᠴᠢᠯᠠᠨ ᠥᠭᠭᠦᠭᠰᠡᠨ ᠮᠥᠩᠭᠦ ᠵᠢ ᠬᠤᠷᠢᠶᠠᠨ ᠠᠪᠴᠤ ᠪᠣᠯᠬᠤ ᠦᠶ᠎ᠡ᠎ᠳᠤ ᠠᠪᠤᠭᠰᠠᠨ ᠠᠷᠭ᠎ᠠ ᠬᠡᠮᠵᠢᠶ᠎ᠡ ᠪᠣᠯᠣᠨ᠎ᠠ᠃ ᠡᠮᠴᠢᠯᠡᠭᠡᠨ᠎ᠤ ᠪᠠᠲᠤᠯᠠᠭ᠎ᠠ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ 5 ᠠᠵᠢᠯᠯᠠᠬᠤ ᠡᠳᠦᠷ᠎ᠤᠨ ᠳᠣᠲᠣᠷ᠎ᠠ ᠤᠷᠢᠳᠴᠢᠯᠠᠨ ᠥᠭᠭᠦᠭᠰᠡᠨ ᠮᠥᠩᠭᠥ᠎ᠪᠠᠨ ᠪᠤᠴᠠᠭ᠋ᠠᠯᠭ᠋ᠠᠨ᠂ ᠤᠷᠢᠳᠴᠢᠯᠠᠨ ᠥᠭᠭᠦᠭᠰᠡᠨ ᠮᠥᠩᠭᠥ᠎ᠪᠠᠨ ᠬᠤᠷᠢᠶᠠᠨ ᠠᠪᠬᠤ᠎ᠠᠴᠠ ᠡᠮᠦᠨ᠎ᠡ᠂ ᠡᠮᠴᠢᠯᠡᠭᠡᠨ᠎ᠤ ᠪᠠᠲᠤᠯᠠᠭ᠎ᠠ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠣᠳᠣᠭᠰᠠᠨ ᠵᠠᠷᠤᠳᠠᠯ᠎ᠢ ᠰᠢᠯᠵᠢᠭᠦᠯᠦᠨ ᠥᠭᠬᠦ ᠵᠢ ᠵᠣᠭᠰᠣᠭ᠋ᠠᠨ᠎ᠠ ᠃
ᠲᠠᠪᠤᠳᠤᠭ᠋ᠠᠷ ᠪᠦᠯᠦᠭ᠎ᠤᠨ ᠤᠷᠢᠳᠴᠢᠯᠠᠨ ᠥᠭᠭᠦᠭᠰᠡᠨ ᠮᠥᠩᠭᠦ ᠵᠢ ᠬᠠᠮᠢᠶᠠᠷᠬᠤ ᠪᠠ ᠬᠢᠨᠠᠨ ᠪᠣᠳᠣᠬᠤ᠎ᠳᠤ ᠨᠡᠶ᠋ᠢᠲᠡ 6 ᠵᠤᠷᠪᠤᠰ ᠪᠠᠶ᠋ᠢᠵᠤ᠂ ᠤᠷᠢᠳᠴᠢᠯᠠᠨ ᠥᠭᠭᠦᠭᠰᠡᠨ ᠮᠥᠩᠭᠦ ᠵᠢ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠡᠮᠴᠢᠯᠡᠭᠡᠨ᠎ᠤ ᠵᠠᠷᠤᠳᠠᠯ᠎ᠤᠨ ᠡᠷᠭᠢᠯᠲᠡ ᠵᠢᠨ ᠵᠠᠷᠤᠯᠭ᠎ᠠ᠎ᠳᠤ ᠬᠡᠷᠡᠭᠯᠡᠬᠦ ᠵᠢ ᠲᠤᠳᠤᠷᠬᠠᠢ᠌ᠯᠠᠪᠠ ᠂ ᠡᠮᠴᠢᠯᠡᠭᠡᠨ᠎ᠤ ᠪᠠᠢ᠌ᠭᠤᠯᠤᠮᠵᠢ ᠵᠢᠨ ᠰᠠᠭᠤᠷᠢ ᠪᠦᠲᠦᠭᠡᠨ ᠪᠠᠢ᠌ᠭᠤᠯᠤᠯᠲᠠ ᠵᠢᠨ ᠣᠷᠣᠭᠤᠯᠤᠯᠲᠠ᠂ ᠡᠳᠦᠷ ᠲᠤᠲᠤᠮ᠎ᠤᠨ ᠠᠵᠢᠯᠯᠠᠭ᠋ᠠᠨ᠂ ᠥᠷᠢ ᠥᠭᠴᠡᠭᠡ ᠵᠡᠷᠭᠡ ᠡᠮᠴᠢᠯᠡᠭᠡᠨ᠎ᠤ ᠪᠤᠰᠤ ᠵᠠᠷᠤᠳᠠᠯ᠎ᠤᠨ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠢ᠃ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠲᠤᠰᠠᠭ᠋ᠠᠷ ᠡᠬᠡ ᠳᠠᠩᠰᠠ ᠪᠠᠶ᠋ᠢᠭᠤᠯᠤᠨ ᠬᠠᠮᠢᠶᠠᠷᠴᠤ᠂ ᠪᠡᠯᠡ ᠮᠥᠩᠭᠥ ᠵᠢᠨ ᠬᠡᠷᠡᠭᠯᠡᠯᠲᠡ ᠵᠢ ᠬᠢᠨᠠᠨ ᠵᠥᠪᠰᠢᠶᠡᠷᠡᠬᠦ᠂ ᠵᠠᠷᠤᠯᠭ᠎ᠠ ᠵᠢᠨ ᠳᠠᠷᠠᠭ᠋ᠠᠯᠠᠯ᠎ᠢ ᠴᠢᠩᠳᠠᠯᠠᠵᠤ᠂ ᠵᠢᠭᠡᠯᠡᠵᠦ ᠭᠠᠷᠭ᠋ᠠᠬᠤ ᠪᠤᠶᠤ ᠨᠡᠭᠦᠯᠭᠡᠨ ᠬᠡᠷᠡᠭᠯᠡᠬᠦ ᠵᠢ ᠴᠢᠩᠭ᠎ᠠ ᠬᠣᠷᠢᠭᠯᠠᠨ᠎ᠠ ᠃ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠤᠷᠢᠳᠴᠢᠯᠠᠨ ᠥᠭᠭᠦᠭᠰᠡᠨ ᠮᠥᠩᠭᠦ ᠵᠢ ᠰᠠᠯᠭ᠋ᠠᠨ ᠥᠭᠴᠦ ᠬᠡᠷᠡᠭᠯᠡᠬᠦ ᠵᠠᠷᠤᠯᠭ᠎ᠠ ᠵᠢᠨ ᠡᠷᠦᠬᠡ ᠵᠢ ᠴᠢᠬᠤᠯᠠᠴᠢᠯᠠᠵᠤ᠂ ᠡᠳ᠋᠎ᠤᠨ ᠵᠠᠰᠠᠭ᠎ᠤᠨ ᠲᠤᠰᠬᠠᠶ ᠡᠷᠦᠬᠡ ᠵᠢᠨ ᠬᠠᠳᠠᠭ᠋ᠠᠯᠠᠮᠵᠢ ᠵᠢ ᠬᠡᠷᠡᠭᠯᠡᠬᠦ ᠥᠬᠡᠶ ᠪᠠᠶ᠋ᠢᠬᠤ ᠵᠢ ᠴᠢᠬᠤᠯᠠᠴᠢᠯᠠᠬᠤ ᠵᠢᠨ ᠬᠠᠮᠲᠤ᠂ ᠤᠷᠢᠳᠴᠢᠯᠠᠨ ᠥᠭᠭᠦᠭᠰᠡᠨ ᠮᠥᠩᠭᠦ ᠵᠢ ᠰᠢᠯᠵᠢᠭᠦᠯᠦᠨ ᠥᠭᠬᠦ᠂ ᠢᠯᠭ᠋ᠠᠷᠠᠭᠤᠯᠤᠨ ᠪᠤᠳᠤᠬᠤ᠂ ᠤᠷᠢᠳᠴᠢᠯᠠᠨ ᠥᠭᠭᠦᠭᠰᠡᠨ ᠮᠥᠩᠭᠦ ᠵᠢ ᠬᠤᠷᠢᠶᠠᠨ ᠠᠪᠬᠤ ᠵᠢᠨ ᠠᠷᠭ᠎ᠠ ᠥᠬᠡᠶ ᠨᠢᠭᠲᠠᠯᠠᠨ ᠪᠤᠳᠤᠵᠤ ᠲᠣᠭ᠋ᠠᠴᠠᠭ᠎ᠠ ᠬᠢᠬᠦ ᠠᠵᠢᠯ᠎ᠢ ᠰᠠᠶ᠋ᠢᠲᠤᠷ ᠬᠢᠵᠦ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠲᠠᠩᠰᠠ ᠬᠠᠷᠭᠤᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠵᠢ ᠴᠢᠬᠤᠯᠠᠴᠢᠯᠠᠪᠠ᠃
ᠵᠢᠷᠭᠤᠳᠤᠭ᠋ᠠᠷ ᠪᠦᠯᠦᠭ᠎ᠤᠨ ᠤᠷᠢᠳᠴᠢᠯᠠᠨ ᠥᠭᠭᠦᠭᠰᠡᠨ ᠮᠥᠩᠭᠦ᠎ᠳᠤ ᠬᠢᠨᠠᠯᠲᠠ ᠲᠠᠯᠪᠢᠬᠤ᠎ᠳᠤ ᠨᠡᠶ᠋ᠢᠲᠡ 5 ᠵᠤᠷᠪᠤᠰ ᠪᠠᠶ᠋ᠢᠵᠤ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠬᠤᠳᠠᠯ ᠬᠠᠭᠤᠷᠮᠠᠭ ᠡᠳ᠋᠎ᠤᠨ ᠶᠠᠪᠤᠳᠠᠯ᠎ᠤᠨ ᠮᠡᠳᠡᠭᠦᠯᠬᠦ ᠬᠦᠰᠦᠨᠦᠭᠲᠦ ᠬᠠᠩᠭ᠋ᠠᠬᠤ ᠵᠡᠷᠭᠡ ᠠᠷᠭ᠎ᠠ ᠮᠠᠶᠢᠭ ᠵᠶ᠋ᠠᠷ ᠤᠷᠢᠳᠴᠢᠯᠠᠨ ᠥᠭᠬᠦ ᠮᠥᠩᠭᠦ ᠵᠢ ᠮᠡᠬᠡᠯᠡᠨ ᠠᠪᠤᠭᠰᠠᠨ ᠪᠠᠢ᠌ᠪᠠᠯ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠬᠠᠮᠢᠶᠠᠷᠤᠯᠲᠠ ᠵᠢᠨ ᠲᠦᠷᠢᠮ》᠎ᠤᠨ ᠳᠥᠴᠢᠳᠦᠭᠡᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠪᠠᠢ᠌ᠭᠤᠯᠤᠮᠵᠢ᠎ᠨᠢ ᠠᠯᠪᠠᠨ ᠰᠦᠯᠵᠢᠶᠡᠨ ᠳᠡᠭᠡᠷ᠎ᠡ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠤᠷᠢᠳᠴᠢᠯᠠᠨ ᠥᠭᠭᠦᠭᠰᠡᠨ ᠮᠥᠩᠭᠦ ᠵᠢ ᠬᠡᠷᠡᠭᠯᠡᠭᠰᠡᠨ ᠪᠠᠢ᠌ᠳᠠᠯ ᠵᠶ᠋ᠡᠨ ᠤᠯᠠᠷᠢᠯ ᠵᠶ᠋ᠠᠷ ᠨᠡᠢ᠌ᠲᠡᠯᠡᠵᠦ ᠂ ᠵᠢᠯ᠎ᠤᠨ ᠡᠴᠦᠰ᠎ᠲᠤ ᠤᠷᠢᠳᠴᠢᠯᠠᠨ ᠥᠭᠬᠦ ᠮᠥᠩᠭᠦ ᠵᠢ ᠰᠠᠯᠭ᠋ᠠᠨ ᠥᠭᠭᠦᠭᠰᠡᠨ ᠪᠠᠢ᠌ᠳᠠᠯ ᠪᠠ ᠪᠤᠳᠤᠬᠤ ᠠᠷᠭ᠎ᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠨᠡᠢ᠌ᠭᠡᠮ ᠨᠡᠢ᠌ᠲᠡ᠎ᠳᠤ ᠨᠡᠢ᠌ᠲᠡᠯᠡᠵᠦ ᠂ ᠤᠬᠠᠮᠰᠠᠷ᠎ᠠᠴᠠ᠎ᠪᠠᠨ ᠬᠢᠨᠠᠯᠲᠠ ᠲᠠᠯᠪᠢᠬᠤ ᠵᠢ ᠬᠦᠯᠢᠶᠡᠬᠦ ᠵᠢ ᠴᠢᠬᠤᠯᠠᠴᠢᠯᠠᠪᠠ ᠃
ᠳᠣᠯᠣᠳᠤᠭ᠋ᠠᠷ ᠪᠦᠯᠦᠭ᠎ᠤᠨ ᠳᠠᠭ᠋ᠠᠯᠳᠤᠭᠤᠯᠤᠭᠰᠠᠨ ᠲᠦᠷᠢᠮ᠎ᠳᠤ ᠨᠡᠶ᠋ᠢᠲᠡ 2 ᠵᠤᠷᠪᠤᠰ ᠪᠠᠶ᠋ᠢᠵᠤ᠂ ᠡᠯ᠎ᠡ ᠭᠠᠵᠠᠷ᠎ᠤᠨ᠎ᠬᠢᠨ ᠡᠭᠦᠨ᠎ᠠᠴᠠ ᠡᠮᠦᠨ᠎ᠡ ᠥᠪᠡᠰᠦᠪᠡᠨ ᠲᠣᠭᠲᠠᠭ᠋ᠠᠭᠰᠠᠨ ᠡᠮᠴᠢᠯᠡᠭᠡᠨ᠎ᠤ ᠵᠠᠷᠤᠳᠠᠯ᠎ᠢ ᠳ᠋ᠦᠩᠨᠡᠨ ᠪᠤᠳᠤᠵᠤ ᠤᠷᠢᠳᠴᠢᠯᠠᠨ ᠥᠭᠬᠦ (ᠡᠷᠭᠢᠯᠲᠡ ᠵᠢᠨ ᠮᠥᠩᠭᠦ ᠵᠢ ᠪᠠᠭᠲᠠᠭ᠋ᠠᠨ᠎ᠠ ) ᠵᠢ ᠠᠷᠭ᠋ᠠᠴᠠᠭ᠋ᠠᠬᠤ ᠠᠷᠭ᠎ᠠ ᠵᠢ ᠢᠯᠭ᠋ᠠᠷᠠᠭᠤᠯᠬᠤ ᠪᠠ ᠬᠦᠴᠦᠨ ᠥᠬᠡᠶ ᠪᠣᠯᠭ᠋ᠠᠬᠤ ᠵᠢ ᠴᠢᠬᠤᠯᠠᠴᠢᠯᠠᠪᠠ᠃
ᠭᠤᠷᠪᠠ᠂ 《ᠠᠷᠭ᠎ᠠ》᠎ᠳᠠᠬᠢ ᠬᠡᠳᠦᠨ ᠴᠠᠭ᠎ᠤᠨ ᠵᠠᠩᠭᠢᠶᠠᠰᠤ
《ᠠᠷᠭ᠎ᠠ》 ᠵᠢᠨ ᠳᠠᠭ᠋ᠠᠯᠳᠤᠭᠤᠯᠤᠭᠰᠠᠨ ᠲᠦᠷᠢᠮ᠎ᠳᠤ ᠲᠣᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠬᠦ ᠵᠢ ᠲᠤᠳᠤᠷᠬᠠᠢ᠌ᠯᠠᠪᠠ ᠃ ᠭᠤᠶᠤᠴᠢᠯᠠᠯ ᠳᠤᠷᠠᠳᠬᠤ ᠴᠠᠭ᠎ᠢ ᠤᠷᠢᠳᠴᠢᠯᠠᠨ ᠥᠭᠬᠦ ᠨᠥᠬᠥᠴᠡᠯ᠎ᠳᠤ ᠨᠡᠶ᠋ᠢᠴᠡᠬᠦ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠢ ᠵᠢᠯ ᠪᠦᠷᠢ ᠵᠢᠨ 1 ᠳ᠋ᠦ᠍ᠭᠡᠷ ᠰᠠᠷ᠎ᠠ ᠵᠢᠨ 10᠎ᠤ ᠡᠳᠦᠷ᠎ᠠᠴᠠ ᠡᠮᠦᠨ᠎ᠡ ᠬᠠᠷᠢᠶ᠎ᠠ ᠪᠦᠬᠦᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ᠎ᠪᠠᠨ ᠡᠮᠴᠢᠯᠡᠭᠡᠨ᠎ᠤ ᠪᠠᠲᠤᠯᠠᠭ᠎ᠠ ᠵᠢ ᠡᠷᠬᠢᠯᠡᠨ ᠬᠢᠬᠦ ᠪᠠᠶ᠋ᠢᠭᠤᠯᠤᠮᠵᠢ᠎ᠳᠤ ᠤᠷᠢᠳᠴᠢᠯᠠᠨ ᠥᠭᠭᠦᠭᠰᠡᠨ ᠮᠥᠩᠭᠥ᠎ᠪᠠᠨ ᠰᠠᠶ᠋ᠢᠨ ᠳᠤᠷ᠎ᠠ᠎ᠠᠴᠠ᠎ᠪᠠᠨ ᠲᠤᠰᠢᠶᠠᠵᠤ ᠪᠣᠯᠤᠨ᠎ᠠ᠃ ᠤᠷᠢᠳᠴᠢᠯᠠᠨ ᠥᠭᠬᠦ ᠮᠥᠩᠭᠦ ᠵᠢ ᠰᠢᠯᠵᠢᠭᠦᠯᠦᠨ ᠥᠭᠬᠦ ᠴᠠᠭ᠎ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ ᠵᠶ᠋ᠠᠷ ᠳᠠᠮᠵᠢᠭᠤᠯᠤᠨ ᠤᠷᠢᠳᠴᠢᠯᠠᠨ ᠥᠭᠬᠦ ᠮᠥᠩᠭᠦ ᠵᠢ ᠲᠣᠭᠲᠠᠮᠠᠯ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨᠳᠦᠰᠦᠨ ᠬᠠᠳᠠᠭ᠋ᠠᠯᠠᠮᠵᠢ ᠵᠢᠨ ᠲᠠᠩᠰᠠᠨ ᠡᠷᠦᠬᠡ᠎ᠳᠤ ᠰᠢᠯᠵᠢᠭᠦᠯᠦᠨ ᠥᠭᠭᠦᠨ᠎ᠡ᠃ ᠤᠷᠢᠳᠴᠢᠯᠠᠨ ᠥᠭᠭᠦᠭᠰᠡᠨ ᠮᠥᠩᠭᠦ ᠵᠢ ᠬᠤᠷᠢᠶᠠᠨ ᠠᠪᠬᠤ ᠴᠠᠭ᠎ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢ ᠭᠠᠷᠳᠠᠨ ᠬᠢᠬᠦ ᠪᠠᠶ᠋ᠢᠭᠤᠯᠤᠮᠵᠢ᠎ᠨᠢ ᠲᠤᠬᠠᠶ ᠵᠢᠨ ᠵᠢᠯ᠎ᠤᠨ 12 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ᠂ ᠲᠤᠯᠭ᠋ᠠᠨ ᠪᠤᠳᠤᠬᠤ ᠵᠣᠭᠤᠰ᠎ᠤᠨ ᠲᠤᠭ᠎ᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠤᠷᠢᠳᠴᠢᠯᠠᠨ ᠥᠭᠭᠦᠭᠰᠡᠨ ᠮᠥᠩᠭᠦ ᠵᠢ ᠪᠦᠬᠦ ᠲᠤᠭ᠎ᠠ᠎ᠪᠠᠷ ᠬᠤᠷᠢᠶᠠᠨ ᠠᠪᠤᠨ᠎ᠠ ᠃
ᠳᠥᠷᠪᠡ᠂ 《ᠠᠷᠭ᠎ᠠ》 ᠵᠢᠨ ᠠᠩᠬᠠᠷᠬᠤ ᠴᠢᠬᠤᠯᠠᠲᠠᠶ ᠵᠦᠢ᠍ᠯᠡᠰ
ᠨᠢᠭᠡ᠎ᠳᠤ᠂ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠴᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠲᠤᠰᠬᠠᠶ ᠵᠦᠢ᠍ᠯ ᠵᠶ᠋ᠠᠷ ᠤᠷᠢᠳᠴᠢᠯᠠᠨ ᠥᠭᠬᠦ ᠵᠢ ᠤᠤᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠡᠪᠡᠳᠴᠢᠨ᠎ᠤ ᠳᠤᠭᠤᠶ᠋ᠢᠯᠠᠩ ᠪᠠ ᠡᠪᠡᠳᠴᠢᠨ᠎ᠤ ᠲᠥᠷᠥᠯ᠎ᠤᠨ ᠬᠤᠪᠢ ᠵᠢᠨ ᠥᠷᠲᠡᠭ ᠵᠶ᠋ᠠᠷ ᠵᠠᠷᠤᠳᠠᠯ ᠲᠤᠰᠢᠶᠠᠬᠤ ᠲᠤᠰᠬᠠᠶ ᠵᠦᠢ᠍ᠯ ᠵᠶ᠋ᠠᠷ ᠤᠷᠢᠳᠴᠢᠯᠠᠨ ᠥᠭᠬᠦ ᠵᠢ ᠤᠤᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠳᠡᠭᠡᠷᠡᠬᠢ ᠤᠷᠢᠳᠴᠢᠯᠠᠨ ᠥᠭᠬᠦ ᠠᠭᠤᠯᠭ᠎ᠠ ᠬᠢᠭᠡᠳ ᠲᠤᠰ ᠠᠷᠭ᠎ᠠ ᠵᠢᠨ ᠤᠷᠢᠳᠴᠢᠯᠠᠨ ᠥᠭᠬᠦ ᠠᠭᠤᠯᠭ᠎ᠠ ᠮᠥᠷᠭᠦᠯᠳᠦᠭᠡᠨ ᠦᠭᠡᠢ ᠪᠠᠢ᠌ᠪᠠᠯ ᠬᠠᠮᠲᠤᠳᠤᠨᠢ ᠥᠷᠨᠢᠭᠦᠯᠵᠦ ᠪᠣᠯᠤᠨ᠎ᠠ᠃ ᠬᠣᠶᠠᠷ᠎ᠲᠤ ᠂ ᠳᠡᠭᠡᠷ᠎ᠡ ᠵᠢᠯ᠎ᠳᠤ ᠨᠢᠭᠡᠨᠲᠡ ᠭᠠᠷᠤᠭᠰᠠᠨ ᠲᠤᠰ ᠬᠤᠭᠤᠴᠠᠭ᠋ᠠᠨ᠎ᠤ ᠤᠯᠠᠭ᠋ᠠᠨ ᠲᠣᠭ᠎ᠠ ᠪᠤᠶᠤ 12 ᠰᠠᠷ᠎ᠠ ᠵᠢᠨ ᠦᠷᠭᠦᠯᠵᠢᠯᠡᠭᠰᠡᠨ ᠬᠡᠮᠵᠢᠨ ᠪᠣᠳᠣᠬᠤ ᠠᠷᠭ᠎ᠠ᠎ᠪᠠᠷ ᠲᠤᠰ ᠵᠢᠯ᠎ᠤᠨ ᠤᠯᠠᠭ᠋ᠠᠨ ᠲᠣᠭ᠎ᠠ ᠵᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠳᠤ ᠤᠷᠢᠳᠴᠢᠯᠠᠨ ᠥᠭᠴᠦ ᠪᠣᠯᠬᠤ ᠦᠭᠡᠶ᠃ ᠳᠡᠭᠡᠷᠡᠬᠢ ᠤᠯᠠᠭ᠋ᠠᠨ ᠲᠤᠭ᠎ᠠ ᠵᠢᠨ ᠠᠭᠤᠯᠭ᠎ᠠ ᠪᠣᠯ ᠴᠥᠮ ᠲᠤᠬᠠᠢ ᠵᠢᠨ ᠵᠢᠯ᠎ᠤᠨ ᠨᠡᠶ᠋ᠢᠯᠡᠪᠦᠷᠢ ᠪᠣᠯᠤᠨ᠎ᠠ᠃ ᠭᠤᠷᠪᠠ᠎ᠳᠤ᠂ ᠲᠠᠪᠤᠳᠤᠭ᠋ᠠᠷ ᠵᠣᠷᠪᠤᠰ᠎ᠤᠨ (ᠭᠤᠷᠪᠠ) ᠳ᠋ᠤᠭ᠋ᠠᠷ ᠵᠦᠢ᠍ᠯ᠎ᠤᠨ ᠳᠥᠷᠪᠡᠳᠦᠭᠡᠷ ᠵᠤᠷᠪᠤᠰ᠎ᠤᠨ ᠮᠡᠳᠡᠭᠡ ᠵᠠᠩᠭᠢᠵᠢᠯᠲᠠ ᠵᠢᠨ ᠬᠢᠨᠠᠨ ᠰᠢᠯᠭ᠋ᠠᠬᠤ ᠱᠠᠭ᠋ᠠᠷᠳᠠᠯᠭ᠎ᠠ᠎ᠳᠤ ᠬᠠᠮᠢᠶ᠎ᠠ ᠪᠥᠬᠦᠶ ᠮᠡᠳᠡᠭᠡ ᠵᠠᠩᠭᠢᠵᠢᠯᠲᠠ ᠵᠢᠨ ᠡᠵᠡᠯᠡᠬᠦ ᠬᠠᠷᠢᠴᠠᠯ᠎ᠢ ᠤᠯᠤᠰ᠎ᠤᠨ ᠮᠡᠳᠡᠭᠡ ᠵᠠᠩᠭᠢᠵᠢᠯᠲᠠ ᠵᠢᠨ ᠬᠢᠨᠠᠨ ᠰᠢᠯᠭ᠋ᠠᠬᠤ ᠭᠦᠢ᠍ᠴᠡᠳᠬᠡᠯ ᠲᠤᠭ᠎ᠠ᠎ᠪᠠᠷ ᠪᠠᠷᠢᠮᠵᠢᠶ᠎ᠠ ᠪᠣᠯᠭ᠋ᠠᠨ᠎ᠠ᠃