ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ ᠬᠢᠭᠡᠳ ᠠᠴᠢ ᠬᠤᠯᠪᠣᠭᠳᠠᠯ
ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠪᠣᠯ ᠠᠷᠠᠳ ᠣᠯᠠᠨ᠎ᠤ 《ᠡᠪᠡᠳᠴᠢᠨ ᠦᠵᠡᠭᠦᠯᠬᠦ ᠵᠣᠭᠤᠰ》 ᠪᠠ 《ᠠᠮᠢ ᠠᠪᠤᠷᠠᠬᠤ ᠵᠣᠭᠤᠰ》 ᠮᠥᠨ᠂ ᠲᠡᠭᠦᠨ᠎ᠢ ᠠᠮᠤᠷ ᠲᠦᠪᠰᠢᠨ ᠵᠶ᠋ᠠᠷ ᠬᠡᠷᠡᠭᠯᠡᠬᠦ᠎ᠨᠢ ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠳ᠎ᠤᠨ ᠠᠮᠢ ᠪᠡᠶ᠎ᠡ ᠵᠢᠨ ᠠᠰᠢᠭ ᠲᠤᠰᠠ᠎ᠳᠤ ᠰᠢᠭᠤᠳ ᠬᠤᠯᠪᠣᠭᠳᠠᠵᠤ ᠪᠠᠶ᠋ᠢᠳᠠᠭ᠃ ᠣᠶ᠋ᠢᠷ᠎ᠠ ᠵᠢᠨ ᠵᠢᠯ᠎ᠤᠳ᠎ᠲᠤ᠂ ᠳᠠᠭ᠋ᠠᠳᠬᠠᠯ᠎ᠢ ᠮᠡᠬᠡᠯᠡᠬᠦ ᠠᠵᠢᠯᠯᠠᠭ᠎ᠠ ᠵᠢ ᠣᠯᠠᠨᠲᠠ ᠬᠤᠷᠢᠭᠯᠠᠭ᠋ᠠᠳ ᠵᠣᠭᠰᠣᠬᠤ ᠥᠬᠡᠶ ᠪᠠᠶ᠋ᠢᠵᠤ᠂ ᠰᠠᠭᠤᠷᠢ ᠮᠥᠩᠭᠦ ᠵᠢᠨ ᠠᠮᠤᠷ ᠲᠦᠪᠰᠢᠨ᠎ᠢ ᠬᠦᠨᠳᠦ ᠨᠣᠴᠢᠲᠠᠶ ᠰᠦᠷᠳᠡᠭᠦᠯᠪᠡ᠃ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ᠎ᠤᠨ ᠲᠣᠭᠲᠠᠯᠴᠠᠭ᠎ᠠ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2020] 20 ᠳ᠋ᠤᠭ᠋ᠠᠷ ᠲᠣᠭ᠋ᠠᠲᠤ)᠎ᠢ ᠦᠨᠳᠦᠰᠦᠯᠡᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠨᠡᠶ᠋ᠢᠭᠡᠮ᠎ᠤᠨ ᠠᠯᠪᠠᠨ ᠵᠢᠷᠤᠮ᠎ᠤᠨ ᠬᠢᠨᠠᠯᠲᠠ ᠲᠠᠯᠪᠢᠭᠴᠢ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠵᠤ᠂ ᠨᠡᠶ᠋ᠢᠭᠡᠮ᠎ᠤᠨ ᠬᠢᠨᠠᠯᠲᠠ ᠲᠠᠯᠪᠢᠬᠤ ᠬᠦᠴᠦᠨ᠎ᠢ ᠣᠷᠣᠭᠤᠯᠤᠨ ᠠᠪᠴᠢᠷᠠᠬᠤ᠎ᠪᠠᠷ ᠳᠠᠮᠵᠢᠭᠤᠯᠤᠨ᠂ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠬᠢᠭᠡᠳ ᠨᠡᠶ᠋ᠢᠭᠡᠮ᠎ᠤᠨ ᠬᠢᠨᠠᠯᠲᠠ ᠵᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠲᠦ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠵᠤ᠂ ᠰᠠᠭᠤᠷᠢ ᠮᠥᠩᠭᠦ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ ᠶᠤᠮ᠃
ᠬᠤᠶᠠᠷ᠂ 《ᠠᠷᠭ᠎ᠠ》 ᠵᠢᠨ ᠭᠤᠣᠯ ᠠᠭᠤᠯᠭ᠎ᠠ
《ᠠᠷᠭ᠎ᠠ》 ᠵᠢᠨ ᠭᠤᠤᠯ ᠪᠣᠷᠣ ᠲᠥᠯᠥᠪ᠎ᠢ ᠶᠡᠷᠦᠩᠬᠡᠶ ᠲᠦᠷᠢᠮ᠂ ᠤᠷᠢᠨ ᠬᠡᠷᠡᠭᠯᠡᠬᠦ ᠨᠥᠬᠦᠴᠡᠯ ᠪᠠ ᠠᠷᠭ᠎ᠠ ᠬᠡᠯᠪᠡᠷᠢ᠂ ᠠᠵᠢᠯ᠎ᠤᠨ ᠡᠭᠦᠷᠭᠡ ᠬᠠᠷᠢᠭᠤᠴᠠᠯᠭ᠎ᠠ ᠪᠠ ᠰᠠᠬᠢᠯᠭ᠎ᠠ ᠪᠠᠲᠤ᠂ ᠡᠳᠦᠷ ᠲᠤᠲᠤᠮ᠎ᠤᠨ ᠬᠠᠮᠢᠶᠠᠷᠤᠯᠲᠠ᠂ ᠦᠷᠭᠦᠯᠵᠢᠯᠡᠨ ᠤᠷᠢᠬᠤ ᠪᠠ ᠤᠷᠢᠬᠤ᠎ᠪᠠᠨ ᠪᠤᠯᠢᠬᠤ ᠵᠢᠴᠢ ᠳᠠᠭ᠋ᠠᠯᠳᠤᠭᠤᠯᠤᠭᠰᠠᠨ ᠲᠦᠷᠢᠮ ᠵᠡᠷᠭᠡ ᠵᠢᠷᠭᠤᠭ᠋ᠠᠨ ᠬᠡᠰᠡᠭ ᠬᠤᠪᠢᠶᠠᠵᠤ᠂ ᠨᠡᠶ᠋ᠢᠲᠡ ᠠᠷᠪᠠᠨ ᠲᠤᠯᠤᠭ᠋ᠠᠨ ᠵᠣᠷᠪᠣᠰ ᠪᠣᠢ᠃
ᠨᠢᠭᠡᠳᠦᠭᠡᠷ ᠪᠦᠯᠦᠭ ᠶᠡᠷᠦᠩᠬᠡᠶ ᠲᠦᠷᠢᠮ᠎ᠳᠤ ᠨᠡᠶ᠋ᠢᠲᠡ 3 ᠵᠣᠷᠪᠣᠰ ᠪᠠᠶ᠋ᠢᠵᠤ᠂ 《ᠠᠷᠭ᠎ᠠ》 ᠵᠢ ᠪᠥᠬᠦ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠬᠡᠷᠡᠭᠯᠡᠬᠦ ᠵᠢ ᠲᠤᠳᠤᠷᠬᠠᠢ᠌ᠯᠠᠪᠠ᠃
ᠬᠤᠶᠠᠳᠤᠭ᠋ᠠᠷ ᠪᠦᠯᠦᠭ ᠤᠷᠢᠨ ᠬᠡᠷᠡᠭᠯᠡᠬᠦ ᠨᠥᠬᠦᠴᠡᠯ ᠪᠠ ᠠᠷᠭ᠎ᠠ ᠮᠠᠶᠢᠭ᠎ᠲᠤ ᠨᠡᠶ᠋ᠢᠲᠡ 2 ᠵᠣᠷᠪᠣᠰ ᠪᠠᠶ᠋ᠢᠵᠤ᠂ ᠬᠢᠨᠠᠯᠲᠠ ᠲᠠᠯᠪᠢᠭᠴᠢ᠎ᠠᠴᠠ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠬᠦᠷᠢᠶᠡᠯᠡᠵᠦ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ᠂ ᠨᠢᠭᠤᠴᠠ ᠵᠢ ᠬᠠᠮᠠᠭ᠋ᠠᠯᠠᠵᠤ᠂ ᠰᠠᠬᠢᠯᠭ᠎ᠠ ᠪᠠᠲᠤ ᠵᠢ ᠵᠢᠷᠤᠮᠯᠠᠬᠤ ᠵᠢ ᠲᠤᠳᠤᠷᠬᠠᠢ᠌ᠯᠠᠪᠠ᠃ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠤᠷᠢᠨ ᠬᠡᠷᠡᠭᠯᠡᠬᠦ᠎ᠳᠤ᠎ᠪᠠᠨ ᠢᠯᠡ᠎ᠪᠠᠷ ᠰᠣᠩᠭᠤᠨ ᠤᠷᠢᠬᠤ ᠪᠠ ᠬᠠᠨᠳᠤᠯᠭ᠎ᠠ᠎ᠲᠠᠢ᠎ᠪᠠᠷ ᠣᠨᠴᠠ ᠤᠷᠢᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠭᠤᠶᠤᠴᠢᠯᠠᠭᠴᠢ ᠵᠢᠨ ᠲᠤᠰᠬᠠᠶ ᠮᠡᠷᠭᠡᠵᠢᠯ᠎ᠤᠨ ᠠᠬᠤᠶ ᠪᠠᠶ᠋ᠢᠳᠠᠯ᠂ ᠠᠵᠢᠯ᠎ᠤᠨ ᠥᠩᠭᠡᠷᠡᠯᠲᠡ ᠵᠡᠷᠭᠡ ᠵᠢ ᠦᠨᠳᠦᠰᠦᠯᠡᠨ ᠶᠡᠷᠦᠩᠬᠡᠶ᠋ᠢᠯᠡᠨ ᠪᠣᠳᠣᠯᠬᠢᠯᠠᠭᠰᠠᠨ᠎ᠤ ᠳᠠᠷᠠᠭ᠎ᠠ ᠲᠣᠭᠲᠠᠭ᠋ᠠᠨ᠎ᠠ᠃
ᠭᠤᠷᠪᠠᠳᠤᠭ᠋ᠠᠷ ᠪᠦᠯᠦᠭ ᠠᠵᠢᠯ᠎ᠤᠨ ᠡᠭᠦᠷᠭᠡ ᠬᠠᠷᠢᠭᠤᠴᠠᠯᠭ᠎ᠠ ᠪᠠ ᠰᠠᠬᠢᠯᠭ᠎ᠠ ᠪᠠᠲᠤ᠎ᠳᠤ ᠨᠡᠶ᠋ᠢᠳᠡ 3 ᠵᠣᠷᠪᠣᠰ ᠪᠠᠶ᠋ᠢᠵᠤ᠂ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠡᠪᠴᠢᠶ᠎ᠡ ᠪᠠ ᠠᠭᠤᠯᠭ᠎ᠠ ᠵᠢᠴᠢ ᠠᠵᠢᠯ᠎ᠤᠨ ᠰᠠᠬᠢᠯᠭ᠎ᠠ ᠪᠠᠲᠤ ᠵᠢ ᠲᠣᠳᠣᠷᠬᠠᠶ᠋ᠢᠯᠠᠪᠠ᠃
ᠳᠥᠷᠪᠡᠳᠦᠭᠡᠷ ᠪᠦᠯᠦᠭ ᠡᠳᠦᠷ ᠲᠤᠲᠤᠮ᠎ᠤᠨ ᠬᠠᠮᠢᠶᠠᠷᠤᠯᠲᠠ᠎ᠳᠤ ᠨᠡᠶ᠋ᠢᠲᠡ 1 ᠵᠣᠷᠪᠣᠰ ᠪᠠᠢ᠌ᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠵᠣᠬᠢᠶᠠᠨ ᠪᠠᠶ᠋ᠢᠭᠤᠯᠤᠨ ᠬᠠᠮᠢᠶᠠᠷᠬᠤ ᠵᠢ ᠲᠤᠳᠤᠷᠬᠠᠢ᠌ᠯᠠᠪᠠ᠃
ᠲᠠᠪᠤᠳᠤᠭ᠋ᠠᠷ ᠪᠦᠯᠦᠭ ᠦᠷᠭᠦᠯᠵᠢᠯᠡᠨ ᠤᠷᠢᠬᠤ ᠪᠠ ᠤᠷᠢᠬᠤ᠎ᠪᠠᠨ ᠪᠤᠯᠢᠬᠤ᠎ᠳᠤ ᠨᠡᠢ᠌ᠲᠡ 1 ᠵᠣᠷᠪᠣᠰ ᠪᠠᠢ᠌ᠵᠤ᠂ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠤᠷᠢᠬᠤ ᠬᠤᠭᠤᠴᠠᠭ᠎ᠠ᠎ᠨᠢ ᠬᠣᠶᠠᠷ ᠵᠢᠯ ᠪᠠᠢ᠌ᠵᠤ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠦᠷᠭᠦᠯᠵᠢᠯᠡᠨ ᠤᠷᠢᠵᠤ ᠪᠣᠯᠬᠤ ᠪᠠ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠤᠷᠢᠬᠤ᠎ᠪᠠᠨ ᠪᠣᠯᠢᠭᠰᠠᠨ ᠪᠠᠶ᠋ᠢᠳᠠᠯ᠎ᠢ ᠲᠤᠳᠤᠷᠬᠠᠢ᠌ᠯᠠᠪᠠ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ᠎ᠳᠤ ᠨᠡᠶ᠋ᠢᠲᠡ 5 ᠵᠣᠷᠪᠣᠰ ᠪᠠᠶ᠋ᠢᠵᠤ᠂ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢᠨ ᠠᠵᠢᠯ ᠵᠶ᠋ᠠᠨ ᠥᠷᠨᠢᠭᠦᠯᠬᠦ ᠠᠷᠭ᠎ᠠ ᠮᠠᠶᠢᠭ᠎ᠢ ᠲᠤᠳᠤᠷᠬᠠᠢ᠌ᠯᠠᠪᠠ᠂ 《ᠠᠷᠭ᠎ᠠ》 ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠬᠢᠨᠠᠨ ᠬᠠᠮᠢᠶᠠᠷᠬᠤ ᠨᠡᠶ᠋ᠢᠭᠡᠮ᠎ᠤᠨ ᠠᠯᠪᠠᠨ ᠵᠢᠷᠤᠮ᠎ᠤᠨ ᠬᠢᠨᠠᠯᠲᠠ ᠲᠠᠯᠪᠢᠭᠴᠢ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠡᠮᠴᠢᠯᠡᠭᠡᠨ᠎ᠤ ᠪᠠᠳᠤᠯᠠᠭ᠎ᠠ ᠠᠯᠪᠠᠨ ᠲᠠᠷᠬᠠᠭ᠋ᠠᠭᠰᠠᠨ [2020] 20 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠥᠬᠡᠶ ᠪᠣᠯᠭ᠋ᠠᠬᠤ ᠵᠢ ᠴᠢᠬᠤᠯᠠᠴᠢᠯᠠᠪᠠ᠃
ᠭᠤᠷᠪᠠ᠂ ᠲᠥᠷᠥ ᠵᠢᠨ ᠪᠣᠳᠣᠯᠭ᠎ᠠ ᠵᠢᠨ ᠭᠢᠯᠠᠰ ᠴᠡᠭ ᠪᠠ ᠰᠢᠨ᠎ᠡ ᠡᠭᠦᠳᠦᠯᠲᠡ
1. ᠨᠡᠶ᠋ᠢᠭᠡᠮ᠎ᠤᠨ ᠬᠦᠴᠦᠨ᠎ᠢ ᠲᠠᠲᠠᠨ ᠣᠷᠣᠭᠤᠯᠵᠤ ᠪᠠᠶ᠋ᠢᠭ᠋ᠠᠳ ᠬᠢᠨᠠᠯᠲᠠ ᠬᠠᠮᠢᠶᠠᠷᠤᠯᠲᠠ᠎ᠳᠤ ᠣᠷᠤᠯᠴᠠᠭᠤᠯᠪᠠ᠃ 《ᠠᠷᠭ᠎ᠠ》᠎ᠨᠢ ᠨᠡᠶ᠋ᠢᠭᠡᠮ᠎ᠤᠨ ᠬᠢᠨᠠᠯᠲᠠ ᠲᠠᠯᠪᠢᠭᠴᠢ ᠵᠢ ᠢᠯᠡ᠎ᠪᠠᠷ ᠴᠤᠭᠯᠠᠭᠤᠯᠬᠤ᠎ᠪᠠᠷ ᠳᠠᠮᠵᠢᠭᠤᠯᠤᠨ᠂ ᠨᠡᠶ᠋ᠢᠭᠡᠮ᠎ᠤᠨ ᠡᠯ᠎ᠡ ᠡᠲᠡᠭᠡᠳ᠎ᠤᠨ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ᠎ᠳᠤ ᠣᠷᠣᠯᠴᠠᠬᠤ ᠵᠢ ᠵᠣᠷᠢᠭᠵᠢᠭᠤᠯᠵᠤ᠂ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠵᠢᠨ ᠬᠦᠴᠦᠨ᠎ᠤ ᠬᠦᠷᠦᠯᠴᠡᠬᠦ ᠥᠬᠡᠶ ᠲᠠᠯ᠎ᠠ ᠵᠢ ᠨᠥᠬᠦᠪᠥᠷᠢᠯᠡᠵᠦ᠂ ᠣᠯᠠᠨ ᠡᠰᠢᠵᠢᠭᠰᠡᠨ ᠬᠢᠨᠠᠯᠲᠠ ᠬᠠᠮᠢᠶᠠᠷᠤᠯᠲᠠ ᠵᠢᠨ ᠪᠠᠶ᠋ᠢᠷᠢᠰᠢᠯ᠎ᠢ ᠪᠣᠶ ᠪᠣᠯᠭ᠋ᠠᠪᠠ᠃
2. ᠬᠢᠨᠠᠯᠲᠠ ᠲᠠᠯᠪᠢᠭᠴᠢ ᠵᠢᠨ ᠡᠷᠬᠡ ᠪᠠ ᠡᠭᠦᠷᠭᠡ ᠵᠢ ᠲᠤᠳᠤᠷᠬᠠᠢ᠌ᠯᠠᠪᠠ᠃ 《ᠠᠷᠭ᠎ᠠ》᠎ᠳᠤ ᠬᠢᠨᠠᠯᠲᠠ ᠲᠠᠯᠪᠢᠭᠴᠢ ᠵᠢᠨ ᠡᠭᠦᠷᠭᠡ ᠬᠠᠷᠢᠭᠤᠴᠠᠯᠭ᠎ᠠ ᠵᠢᠨ ᠬᠡᠪᠴᠢᠶ᠎ᠡ ᠪᠠ ᠠᠵᠢᠯ᠎ᠤᠨ ᠰᠠᠬᠢᠯᠭ᠎ᠠ ᠪᠠᠲᠤ ᠵᠢ ᠨᠠᠷᠢᠨ ᠲᠣᠳᠣᠷᠬᠠᠶ ᠲᠣᠭᠲᠠᠭ᠋ᠠᠵᠤ᠂ ᠬᠢᠨᠠᠯᠲᠠ ᠲᠠᠯᠪᠢᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠭᠰᠠᠨ ᠮᠥᠷᠲᠡᠭᠡᠨ ᠪᠠᠰᠠ ᠲᠡᠭᠦᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠬᠢᠨᠠᠯᠲᠠ ᠲᠠᠯᠪᠢᠬᠤ ᠠᠵᠢᠯᠯᠠᠭ᠎ᠠ ᠵᠢᠨ ᠬᠠᠤᠯᠢ ᠶᠣᠰᠣᠴᠢ ᠴᠢᠨᠠᠷ ᠪᠠ ᠪᠦᠲᠦᠮᠵᠢᠲᠦ ᠴᠢᠨᠠᠷ᠎ᠢ ᠦᠨᠡᠨ ᠬᠦ᠌ ᠪᠠᠲᠤᠯᠠᠪᠠ᠃
3. ᠬᠢᠨᠠᠯᠲᠠ ᠲᠠᠯᠪᠢᠭᠴᠢ ᠵᠢᠨ ᠬᠢᠨᠠᠯᠲᠠ ᠲᠠᠯᠪᠢᠬᠤ ᠪᠠ ᠬᠠᠮᠢᠶᠠᠷᠬᠤ ᠵᠢ ᠴᠢᠩᠭ᠋ᠠᠷᠠᠭᠤᠯᠪᠠ᠃ ᠠᠵᠢᠯ᠎ᠤᠨ ᠴᠢᠩᠭ᠎ᠠ ᠰᠠᠬᠢᠯᠭ᠎ᠠ ᠪᠠᠲᠤ ᠵᠢ ᠲᠣᠭᠲᠠᠭ᠋ᠠᠬᠤ᠎ᠪᠠᠷ ᠳᠠᠮᠵᠢᠭᠤᠯᠤᠨ᠂ ᠬᠢᠨᠠᠯᠲᠠ ᠲᠠᠯᠪᠢᠭᠴᠢ ᠵᠢᠨ ᠲᠤᠰᠬᠠᠶ ᠮᠡᠷᠭᠡᠵᠢᠯ᠎ᠤᠨ ᠬᠡᠪ ᠴᠢᠨᠠᠷ ᠪᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠤᠬᠠᠮᠰᠠᠷ᠎ᠢ ᠳᠡᠭᠡᠭᠰᠢᠯᠡᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠠᠮᠤᠷ ᠲᠦᠪᠰᠢᠨ ᠵᠶ᠋ᠠᠷ ᠠᠵᠢᠯᠯᠠᠬᠤ᠎ᠳᠤ ᠬᠦᠴᠦᠲᠡᠶ ᠪᠠᠲᠤᠯᠠᠭ᠎ᠠ ᠬᠠᠩᠭ᠋ᠠᠪᠠ᠃