ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠣᠰ ᠤᠳᠠᠭ᠎ᠠ 《ᠠᠵᠢᠯᠯᠠᠭ᠋ᠠᠨ᠎ᠤ ᠵᠢᠯᠣᠭᠤᠳᠤᠮᠵᠢ》 ᠵᠢ ᠲᠣᠭᠲᠠᠭ᠋ᠠᠨ ᠨᠡᠢ᠌ᠲᠡᠯᠡᠬᠦ᠎ᠪᠠᠷ ᠪᠠᠢ᠌ᠭ᠎ᠠ ᠨᠢ ᠳᠠᠷᠤᠶ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠢᠭᠤᠳ ᠰᠦᠯᠵᠢᠶᠡᠨ᠎ᠳᠤ ᠣᠷᠤᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠭᠠᠵᠠᠷ᠎ᠢ ᠵᠢᠯᠣᠭᠤᠳᠤᠨ ᠰᠦᠯᠵᠢᠶᠡᠨ᠎ᠳᠤ ᠣᠷᠤᠭᠤᠯᠬᠤ ᠦᠢ᠍ᠯᠡᠴᠢᠯᠡᠭᠡ ᠵᠢ ᠲᠥᠷᠥᠯ ᠬᠤᠪᠢᠶᠠᠨ ᠰᠢᠯᠢᠳᠡᠭᠵᠢᠭᠦᠯᠵᠦ᠂ ᠬᠡᠷᠡᠭ᠎ᠤᠨ ᠡᠮᠦᠨᠡᠬᠢ ᠦᠨ᠎ᠡ ᠵᠢᠨ ᠮᠡᠳᠡᠭᠡ ᠵᠠᠩᠭᠢ ᠵᠢ ᠨᠡᠶ᠋ᠢᠲᠡᠯᠡᠬᠦ᠂ ᠬᠡᠷᠡᠭ᠎ᠤᠨ ᠳᠤᠮᠳᠠᠬᠢ ᠦᠨ᠎ᠡ ᠵᠢ ᠵᠠᠳᠠᠯᠤᠨ ᠬᠠᠷᠢᠴᠠᠭᠤᠯᠬᠤ ᠵᠢᠴᠢ ᠬᠡᠷᠡᠭ᠎ᠤᠨ ᠳᠠᠷᠠᠭ᠋ᠠᠬᠢ ᠦᠨ᠎ᠡ ᠵᠢ ᠬᠢᠨᠠᠨ ᠬᠡᠮᠵᠢᠵᠦ ᠰᠢᠢ᠍ᠳᠪᠦᠷᠢᠯᠡᠬᠦ᠎ᠪᠠᠷ ᠭᠠᠷᠳᠠᠴᠠ ᠪᠣᠯᠭ᠋ᠠᠵᠤ᠂ ᠦᠨ᠎ᠡ ᠵᠢᠨ ᠲᠦᠭᠰᠢᠭᠦᠷᠢ ᠵᠢᠨ ᠰᠡᠷᠭᠡᠢ᠌ᠯᠡᠯᠲᠡ ᠵᠢ ᠴᠢᠩᠭ᠋ᠠᠳᠬᠠᠬᠤ ᠶᠠᠪᠤᠳᠠᠯ ᠪᠣᠯᠤᠨ᠎ᠠ᠃
ᠬᠣᠶᠠᠷ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠦᠨ᠎ᠡ ᠵᠢᠨ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠭᠣᠤᠯ ᠰᠡᠳᠬᠢᠮᠵᠢ
《ᠠᠵᠢᠯᠯᠠᠭ᠋ᠠᠨ᠎ᠤ ᠵᠢᠯᠣᠭᠤᠳᠤᠮᠵᠢ》 ᠵᠢ ᠶᠡᠷᠦᠩᠬᠡᠶ ᠲᠦᠷᠢᠮ᠂ ᠦᠨ᠎ᠡ ᠵᠢᠨ ᠲᠦᠭᠰᠢᠭᠦᠷᠢ ᠵᠢᠨ ᠰᠡᠷᠭᠡᠢ᠌ᠯᠡᠯᠲᠡ᠂ ᠦᠨ᠎ᠡ ᠵᠢᠨ ᠲᠦᠭᠰᠢᠭᠦᠷᠢ ᠵᠢᠨ ᠢᠯᠡᠷᠡᠭᠦᠯᠦᠯ᠂ ᠦᠨ᠎ᠡ ᠵᠢᠨ ᠲᠦᠭᠰᠢᠭᠦᠷᠢ ᠵᠢᠨ ᠠᠷᠭ᠋ᠠᠴᠠᠭ᠋ᠠᠯᠲᠠ᠂ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠯᠢᠳᠡᠭᠵᠢᠭᠦᠯᠦᠯ᠂ ᠳᠠᠭ᠋ᠠᠯᠳᠤᠭᠤᠯᠤᠭᠰᠠᠨ ᠲᠦᠷᠢᠮ ᠵᠡᠷᠭᠡ ᠵᠢᠷᠭᠤᠭ᠋ᠠᠨ ᠬᠡᠰᠡᠭ᠎ᠲᠤ ᠨᠡᠶ᠋ᠢᠳᠡ 31 ᠵᠣᠷᠪᠣᠰ ᠬᠤᠪᠢᠶᠠᠪᠠ᠃ ᠭᠤᠣᠯ ᠰᠡᠳᠬᠢᠮᠵᠢ ᠵᠢ ᠳᠣᠣᠷᠠᠬᠢ ᠳᠥᠷᠪᠡᠨ ᠲᠠᠯ᠎ᠠ᠎ᠪᠠᠷ ᠬᠤᠷᠢᠶᠠᠩᠭᠤᠶ᠋ᠢᠯᠠᠵᠤ ᠪᠣᠯᠤᠨ᠎ᠠ᠄
ᠨᠢᠭᠡ᠎ᠳᠤ᠂ ᠬᠡᠷᠡᠭᠯᠡᠬᠦ ᠬᠡᠪᠴᠢᠶ᠎ᠡ ᠵᠢ ᠲᠣᠳᠣᠷᠬᠠᠶ᠋ᠢᠯᠠᠵᠤ᠂ ᠬᠠᠩᠭ᠋ᠠᠯᠭ᠎ᠠ ᠵᠢ ᠪᠠᠲᠤᠯᠠᠬᠤ ᠵᠢ ᠲᠡᠷᠢᠭᠦᠨ᠎ᠳᠤ ᠲᠠᠯᠪᠢᠬᠤ ᠵᠢ ᠴᠢᠬᠤᠯᠠᠴᠢᠯᠠᠪᠠ᠃ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠦᠨ᠎ᠡ ᠵᠢᠨ ᠲᠦᠭᠰᠢᠭᠦᠷᠢ ᠵᠢᠨ ᠬᠠᠮᠢᠶᠠᠷᠤᠯᠲᠠ ᠵᠢ 《ᠬᠤᠶᠠᠷ ᠨᠠᠷᠢᠨ ᠲᠠᠩᠰᠠ》 ᠵᠢᠴᠢ ᠬᠠᠮᠲᠤᠷᠠᠨ ᠬᠥᠳᠡᠯᠦᠯᠴᠡᠬᠦ ᠲᠣᠭᠲᠠᠴᠠ ᠵᠢᠨ ᠲᠦᠷᠦᠭᠦᠯᠡᠨ ᠬᠢᠬᠦ ᠰᠠᠯᠠᠭ᠎ᠠ ᠮᠥᠴᠢᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠣᠳᠠᠲᠠᠶ ᠲᠥᠷᠥᠯ ᠵᠦᠢ᠍ᠯ᠎ᠲᠠᠢ ᠴᠢᠩᠭ᠎ᠠ ᠬᠠᠷᠢᠴᠠᠭᠤᠯᠤᠨ᠂ 《ᠬᠠᠩᠭ᠋ᠠᠯᠭ᠎ᠠ ᠵᠢ ᠪᠠᠲᠤᠯᠠᠬᠤ》 ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ ᠬᠠᠩᠭ᠋ᠠᠯᠭ᠎ᠠ ᠵᠢ ᠪᠠᠲᠤᠯᠠᠬᠤ ᠲᠣᠭᠲᠠᠴᠠ ᠵᠢᠨ ᠬᠡᠪ᠎ᠤᠨ ᠠᠵᠢᠯᠯᠠᠭ᠋ᠠᠨ᠎ᠢ ᠬᠠᠷᠰᠢᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠬᠢᠬᠦ ᠥᠬᠡᠶ᠂ ᠰᠦᠯᠵᠢᠶᠡᠨ᠎ᠳᠤ ᠣᠷᠤᠭᠤᠯᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠬᠡᠪᠴᠢᠶ᠎ᠡ ᠵᠢ ᠥᠪᠡᠰᠦᠪᠡᠨ ᠥᠷᠭᠡᠳᠬᠡᠬᠦ ᠥᠬᠡᠶ ᠪᠤᠶᠤ ᠪᠠᠭ᠋ᠠᠰᠬᠠᠬᠤ ᠥᠬᠡᠶ᠃
ᠬᠤᠶᠠᠷ᠎ᠲᠤ᠂ ᠵᠠᠬ᠎ᠠ ᠳᠡᠯᠭᠡᠭᠦᠷ ᠵᠶ᠋ᠠᠷ ᠦᠨ᠎ᠡ ᠲᠣᠭᠲᠠᠭ᠋ᠠᠬᠤ ᠵᠢ ᠪᠠᠷᠢᠮᠲᠠᠯᠠᠵᠤ᠂ ᠰᠢᠭᠤᠳ ᠰᠦᠯᠵᠢᠶᠡᠨ᠎ᠳᠤ ᠣᠷᠤᠭᠤᠯᠬᠤ ᠵᠢ ᠰᠢᠯᠢᠳᠡᠭᠵᠢᠭᠦᠯᠪᠡ᠃ ᠬᠣᠪᠣᠷ ᠴᠤᠬᠠᠭ ᠡᠮ᠎ᠤᠨ ᠦᠨ᠎ᠡ ᠵᠢ ᠵᠠᠬ᠎ᠠ ᠳᠡᠯᠭᠡᠭᠦᠷ᠎ᠠᠴᠠ ᠲᠣᠭᠲᠠᠭ᠋ᠠᠨ᠎ᠠ᠃ ᠠᠵᠤ ᠠᠬᠤᠶ᠋ᠢᠯᠠᠯ᠎ᠨᠢ ᠡᠮ᠎ᠤᠨ ᠵᠦᠢ᠍ᠯ᠎ᠤᠨ ᠦᠨ᠎ᠡ ᠵᠢᠨ ᠨᠢᠭᠡᠳᠦᠭᠡᠷ ᠬᠠᠷᠢᠭᠤᠴᠠᠯᠭ᠋ᠠᠲᠠᠨ ᠪᠣᠯᠤᠭᠰᠠᠨ᠎ᠤ ᠬᠤᠪᠢ᠎ᠳᠤ᠂ ᠥᠪᠡᠷ᠎ᠤᠨ ᠥᠷᠲᠡᠭ᠎ᠤᠨ ᠬᠤᠪᠢᠷᠠᠯᠲᠠ ᠵᠡᠷᠭᠡ ᠵᠦᠶ ᠵᠣᠬᠢᠰᠲᠠᠶ ᠬᠦᠴᠦᠨ ᠵᠦᠢ᠍ᠯ᠎ᠢ ᠦᠨᠳᠦᠰᠦᠯᠡᠨ ᠦᠨ᠎ᠡ ᠵᠢ ᠡᠵᠡᠨ ᠮᠡᠳᠡᠨ ᠲᠣᠬᠢᠷᠠᠭᠤᠯᠵᠤ ᠪᠣᠯᠤᠨ᠎ᠠ; ᠡᠯ᠎ᠡ ᠭᠠᠵᠠᠷ᠎ᠤᠨ᠎ᠬᠢᠨ 《ᠠᠵᠢᠯᠯᠠᠭ᠋ᠠᠨ᠎ᠤ ᠵᠢᠯᠣᠭᠤᠳᠤᠮᠵᠢ》᠎ᠲᠠᠢ ᠬᠠᠷᠢᠴᠠᠭᠤᠯᠵᠤ᠂ ᠦᠨ᠎ᠡ ᠵᠢᠨ ᠲᠦᠭᠰᠢᠭᠦᠷᠢ ᠵᠢ ᠪᠠᠭᠤᠷᠠᠭᠤᠯᠤᠭᠰᠠᠨ ᠰᠠᠭᠤᠷᠢᠨ ᠳᠡᠭᠡᠷ᠎ᠡ᠂ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠠᠴᠠ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ 》 ᠱᠠᠭ᠋ᠠᠷᠳᠠᠯᠭ᠎ᠠ᠎ᠪᠠᠷ ᠰᠢᠭᠤᠳ ᠰᠦᠯᠵᠢᠶᠡᠨ᠎ᠳᠤ ᠣᠷᠤᠭᠤᠯᠬᠤ ᠵᠢ ᠨᠠᠢ᠌ᠳᠠᠪᠤᠷᠢᠵᠢᠭᠤᠯᠤᠨ᠎ᠠ᠃
ᠭᠤᠷᠪᠠ᠎ᠳᠤ᠂ ᠤᠷᠢᠳᠴᠢᠯᠠᠨ ᠰᠡᠷᠭᠡᠶ᠋ᠢᠯᠡᠵᠦ ᠰᠢᠢ᠍ᠳᠪᠦᠷᠢᠯᠡᠬᠦ ᠵᠢ ᠤᠶᠠᠯᠳᠤᠭᠤᠯᠵᠤ᠂ ᠲᠦᠭᠰᠢᠭᠦᠷᠢ ᠵᠢ ᠲᠦᠷᠦᠯ ᠬᠤᠪᠢᠶᠠᠨ ᠬᠠᠮᠢᠶᠠᠷᠪᠠ᠃ ᠲᠥᠪ ᠭᠤᠣᠯᠴᠢ ᠵᠦᠢ ᠵᠣᠬᠢᠰᠲᠠᠢ᠂ ᠢᠯᠡ ᠲᠣᠳᠣ ᠲᠡᠩᠴᠡᠭᠦᠷᠢᠲᠡᠢ ᠦᠨ᠎ᠡ ᠵᠢᠨ ᠤᠳᠤᠷᠢᠳᠤᠮᠵᠢ ᠵᠢ ᠪᠠᠷᠢᠮᠲᠠᠯᠠᠵᠤ᠂ ᠰᠦᠯᠵᠢᠶᠡᠨ᠎ᠳᠤ ᠣᠷᠤᠭᠤᠯᠬᠤ᠎ᠳᠤ᠎ᠪᠠᠨ ᠮᠡᠳᠡᠭᠡ ᠵᠠᠩᠭᠢ ᠨᠡᠶ᠋ᠢᠲᠡᠯᠡᠬᠦ᠎ᠪᠠᠨ ᠴᠢᠩᠭ᠋ᠠᠳᠬᠠᠵᠤ᠂ ᠦᠨ᠎ᠡ ᠵᠢᠨ ᠳᠠᠯᠳᠠ ᠲᠦᠭᠰᠢᠭᠦᠷᠢ ᠵᠢ ᠰᠤᠳᠤᠯᠤᠨ ᠮᠠᠭ᠋ᠠᠳᠯᠠᠵᠤ᠂ ᠵᠦᠷᠢᠶᠡᠴᠢᠯᠡᠭᠰᠡᠨ ᠰᠦᠯᠵᠢᠶᠡᠨ᠎ᠳᠤ ᠬᠤᠯᠪᠣᠬᠤ ᠠᠷᠭ᠎ᠠ ᠬᠡᠮᠵᠢᠶ᠎ᠡ ᠵᠢ ᠠᠪᠤᠨ᠎ᠠ ; ᠰᠦᠯᠵᠢᠶᠡᠨ᠎ᠳᠤ ᠣᠷᠤᠭᠤᠯᠬᠤ ᠵᠢ ᠪᠡᠶᠡᠯᠡᠭᠦᠯᠦᠭᠰᠡᠨ᠎ᠤ ᠳᠠᠷᠠᠭ᠎ᠠ ᠬᠢᠨᠠᠨ ᠬᠡᠮᠵᠢᠵᠦ ᠦᠨᠡᠯᠡᠨ ᠵᠢᠱ᠌ᠢᠬᠦ ᠵᠢ ᠦᠷᠭᠦᠯᠵᠢᠯᠡᠨ ᠴᠢᠩᠭ᠋ᠠᠳᠬᠠᠵᠤ᠂ ᠴᠢᠬᠤᠯᠠᠲᠠᠶ ᠦᠶ᠎ᠡ᠎ᠳᠤ ᠵᠠᠬᠢᠳᠠᠯ ᠵᠶ᠋ᠠᠷ ᠠᠰᠠᠭᠤᠵᠤ ᠪᠣᠯᠵᠣᠨ ᠶᠠᠷᠢᠯᠴᠠᠬᠤ᠂ ᠢᠲᠡᠭᠡᠮᠵᠢ ᠵᠢᠨ ᠦᠨᠡᠯᠡᠯᠲᠡ ᠬᠢᠬᠦ ᠵᠡᠷᠭᠡ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠦᠨ᠎ᠡ ᠵᠢᠨ ᠲᠦᠭᠰᠢᠭᠦᠷᠢ ᠵᠢ ᠰᠢᠢ᠍ᠳᠪᠦᠷᠢᠯᠡᠨ᠎ᠡ᠃
ᠳᠥᠷᠪᠡ᠎ᠳᠤ᠂ ᠠᠩᠬ᠎ᠠ ᠤᠳᠠᠭ᠎ᠠ ᠦᠨ᠎ᠡ ᠥᠰᠬᠡᠬᠦ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠨ᠎ᠠ᠃ ᠦᠨ᠎ᠡ ᠵᠢ ᠥᠰᠬᠡᠵᠦ ᠰᠦᠯᠵᠢᠶᠡᠨ᠎ᠳᠤ ᠣᠷᠤᠭᠤᠯᠤᠭᠰᠠᠨ ᠠᠩᠬᠠᠳᠠᠭᠴᠢ ᠮᠤᠵᠢ ᠣᠷᠣᠨ (ᠳᠣᠷᠣᠭᠰᠢ ᠥᠩᠨᠡᠬᠦ ᠵᠢ ᠥᠰᠬᠡᠭᠰᠡᠨ ᠠᠩᠬᠠᠳᠠᠭᠴᠢ ᠮᠤᠵᠢ ᠭᠡᠵᠦ ᠲᠣᠪᠴᠢᠯᠠᠨ᠎ᠠ)᠎ᠨᠢ ᠮᠠᠲ᠋ᠧᠷᠢᠶᠠᠯ᠎ᠢ ᠳᠠᠬᠢᠨ ᠬᠠᠷᠭᠤᠭᠤᠯᠬᠤ᠂ ᠦᠨ᠎ᠡ ᠪᠠ ᠥᠪᠡᠷ᠎ᠤᠨ ᠥᠷᠲᠡᠭ᠎ᠢ ᠪᠠᠶ᠋ᠢᠴᠠᠭ᠋ᠠᠬᠤ᠂ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠬᠤ ᠵᠡᠷᠭᠡ ᠬᠠᠷᠢᠭᠤᠴᠠᠯᠭ᠎ᠠ ᠵᠢ ᠲᠦᠷᠦᠭᠦᠯᠡᠨ ᠡᠭᠦᠷᠭᠡᠯᠡᠵᠦ᠂ ᠪᠤᠰᠤᠳ ᠮᠤᠵᠢ ᠣᠷᠣᠨ᠎ᠤ ᠰᠦᠯᠵᠢᠶᠡᠨ᠎ᠳᠤ ᠣᠷᠤᠭᠤᠯᠤᠭᠰᠠᠨ ᠮᠡᠳᠡᠭᠡ ᠵᠠᠩᠭᠢ ᠪᠠ ᠲᠦᠭᠰᠢᠭᠦᠷᠢ ᠵᠢ ᠰᠢᠢ᠍ᠳᠪᠦᠷᠢᠯᠡᠭᠰᠡᠨ ᠦᠷ᠎ᠡ ᠳ᠋ᠦᠩ ᠵᠡᠷᠭᠡ ᠪᠠᠶ᠋ᠢᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠪᠤᠰᠤᠳ ᠮᠤᠵᠢ ᠣᠷᠣᠨ᠎ᠳᠤ ᠬᠠᠮᠲᠤ᠎ᠪᠠᠷ ᠬᠤᠪᠢᠶᠠᠯᠴᠠᠨ᠎ᠠ᠃ ᠦᠨ᠎ᠡ ᠦᠰᠦᠭᠰᠡᠨ ᠲᠥᠷᠥᠯ ᠵᠦᠢ᠍ᠯ᠎ᠤᠨ ᠭᠠᠷᠤᠯᠲᠠ ᠵᠢᠨ ᠣᠷᠣᠨ᠎ᠤ ᠮᠤᠵᠢ ᠵᠢᠴᠢ ᠬᠤᠳᠠᠯᠳᠤᠨ ᠠᠪᠬᠤ ᠵᠣᠭᠣᠰ᠎ᠤᠨ ᠲᠣᠭ᠎ᠠ ᠵᠢᠨ ᠨᠡᠷᠡᠰ᠎ᠤᠨ ᠵᠢᠭᠰᠠᠭ᠋ᠠᠯᠲᠠ᠎ᠨᠢ ᠡᠮᠦᠨᠡᠰᠢᠯᠡᠵᠦ ᠪᠠᠶ᠋ᠢᠭ᠎ᠠ ᠮᠤᠵᠢ ᠣᠷᠣᠨ ᠤᠷᠢᠳ ᠵᠶ᠋ᠠᠷ ᠥᠰᠬᠦ᠎ᠳᠤ ᠢᠳᠡᠪᠬᠢᠲᠡᠶ ᠬᠠᠮᠵᠢᠯᠴᠠᠨ᠎ᠠ᠃ ᠪᠤᠰᠤᠳ ᠮᠤᠵᠢ ᠣᠷᠣᠨ ᠦᠨ᠎ᠡ ᠥᠰᠬᠦ ᠵᠢ ᠰᠦᠯᠵᠢᠶᠡᠨ᠎ᠳᠤ ᠣᠷᠤᠭᠤᠯᠬᠤ ᠵᠢ ᠭᠥᠯᠢᠶᠡᠨ ᠠᠪᠴᠤ ᠰᠢᠢ᠍ᠳᠪᠦᠷᠢᠯᠡᠬᠦ᠎ᠳᠤ᠎ᠪᠠᠨ ᠲᠦᠷᠦᠭᠦᠦ ᠤᠳᠠᠭ᠎ᠠ ᠮᠤᠵᠢ ᠵᠢᠨ ᠬᠠᠩᠭ᠋ᠠᠭᠰᠠᠨ ᠪᠠᠶ᠋ᠢᠳᠠᠯ ᠵᠶ᠋ᠠᠷ ᠯᠠᠪᠯᠠᠯᠲᠠ ᠪᠣᠯᠭ᠋ᠠᠵᠤ᠂ ᠬᠠᠮᠵᠢᠯᠴᠠᠨ ᠬᠤᠯᠪᠣᠭ᠋ᠠᠯᠠᠨ ᠬᠥᠳᠡᠯᠦᠯᠴᠡᠬᠦ᠎ᠪᠠᠨ ᠴᠢᠩᠭ᠋ᠠᠳᠬᠠᠨ᠎ᠠ᠃
ᠭᠤᠷᠪᠠ᠂ ᠳᠤᠲᠠᠭᠳᠠᠵᠤ ᠪᠠᠢ᠌ᠭ᠎ᠠ ᠡᠮ᠎ᠤᠨ ᠵᠦᠢ᠍ᠯ᠎ᠢ ᠭᠤᠶᠤᠴᠢᠯᠠᠨ ᠮᠡᠳᠡᠭᠦᠯᠬᠦ ᠰᠦᠯᠵᠢᠶᠡᠨ᠎ᠳᠤ ᠣᠷᠤᠭᠤᠯᠬᠤ ᠭᠤᠤᠯ ᠲᠥᠷᠥ ᠵᠢᠨ ᠪᠣᠳᠣᠯᠭ᠎ᠠ ᠵᠢᠨ ᠬᠤᠪᠢᠷᠠᠯᠲᠠ
《ᠠᠵᠢᠯᠯᠠᠭ᠋ᠠᠨ᠎ᠤ ᠵᠢᠯᠣᠭᠤᠳᠤᠮᠵᠢ》 ᠵᠢ ᠨᠡᠶ᠋ᠢᠲᠡᠯᠡᠭᠰᠡᠨ᠎ᠤ ᠳᠠᠷᠠᠭ᠎ᠠ᠂ ᠠᠮᠠᠷᠬᠠᠨ ᠳᠤᠲᠠᠭᠳᠠᠬᠤ ᠡᠮ᠎ᠤᠨ ᠵᠦᠢ᠍ᠯ᠎ᠤᠨ ᠦᠨ᠎ᠡ ᠵᠢ ᠮᠥᠨ ᠬᠦ᠌ ᠠᠵᠤ ᠠᠬᠤᠶ᠋ᠢᠯᠠᠯ᠎ᠠᠴᠠ ᠡᠵᠡᠨ ᠮᠡᠳᠡᠵᠦ ᠲᠣᠭᠲᠠᠭ᠋ᠠᠵᠤ᠂ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠵᠢ ᠬᠡᠷᠡᠭᠵᠢᠭᠦᠯᠦᠨ᠎ᠡ᠃ ᠠᠵᠤ ᠠᠬᠤᠶ᠋ᠢᠯᠠᠯ ᠰᠢᠨ᠎ᠡ ᠦᠨ᠎ᠡ᠎ᠪᠠᠷ ᠡᠯ᠎ᠡ ᠮᠤᠵᠢ ᠵᠢᠨ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠤᠨ ᠰᠦᠯᠵᠢᠶᠡᠨ᠎ᠳᠤ ᠣᠷᠣᠭᠤᠯᠬᠤ᠎ᠪᠠᠷ ᠭᠤᠶᠤᠴᠢᠯᠠᠪᠠᠯ᠂ 《ᠠᠵᠢᠯᠯᠠᠭ᠋ᠠᠨ᠎ᠤ ᠵᠢᠯᠣᠭᠤᠳᠤᠮᠵᠢ》᠎ᠲᠠᠢ ᠬᠠᠷᠢᠴᠠᠭᠤᠯᠤᠨ᠂ ᠦᠨ᠎ᠡ ᠵᠢᠨ ᠮᠡᠳᠡᠭᠡ ᠵᠠᠩᠭᠢ ᠨᠡᠶ᠋ᠢᠲᠡᠯᠡᠬᠦ ᠪᠠ ᠦᠨ᠎ᠡ ᠵᠢᠨ ᠲᠦᠭᠰᠢᠭᠦᠷᠢ ᠵᠢ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠬᠤ ᠵᠡᠷᠭᠡ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠶ; ᠡᠯ᠎ᠡ ᠭᠠᠵᠠᠷ᠎ᠤᠨ᠎ᠬᠢᠨ ᠥᠩᠭᠡᠷᠡᠭᠰᠡᠨ᠎ᠲᠠᠢ ᠠᠳᠠᠯᠢ᠎ᠪᠠᠷ ᠪᠦᠷᠢᠮᠦᠰᠦᠨ ᠢᠲᠡᠭᠡᠬᠦ᠂ ᠬᠠᠭᠤᠳᠠᠰᠤ ᠶᠣᠰᠣᠭ᠋ᠠᠷ ᠪᠦᠬᠦᠨ᠎ᠢ ᠬᠤᠷᠢᠶᠠᠨ ᠠᠪᠬᠤ ᠦᠭᠡᠢ᠂ ᠬᠠᠷᠢᠨ 《ᠠᠵᠢᠯᠯᠠᠭ᠋ᠠᠨ᠎ᠤ ᠵᠢᠯᠣᠭᠤᠳᠤᠮᠵᠢ》᠎ᠲᠠᠢ ᠬᠠᠷᠢᠴᠠᠭᠤᠯᠤᠨ᠂ ᠰᠢᠨ᠎ᠡ ᠦᠨ᠎ᠡ ᠵᠢᠨ ᠲᠦᠭᠰᠢᠭᠦᠷᠢ ᠵᠢ ᠦᠨᠡᠯᠡᠨ ᠵᠢᠱ᠌ᠢᠵᠦ᠂ ᠲᠥᠷᠥᠯ ᠬᠤᠪᠢᠶᠠᠨ ᠰᠦᠯᠵᠢᠶᠡᠨ᠎ᠳᠤ ᠣᠷᠤᠭᠤᠯᠬᠤ ᠦᠢ᠍ᠯᠡᠴᠢᠯᠡᠭᠡ ᠬᠠᠩᠭ᠋ᠠᠨ᠎ᠠ᠃
ᠠᠵᠤ ᠠᠬᠤᠶ᠋ᠢᠯᠠᠯ᠎ᠤᠨ ᠲᠠᠯ᠎ᠠ᠎ᠪᠠᠷ ᠭᠤᠤᠯᠳᠠᠯᠭ᠎ᠠ᠎ᠲᠠᠢ ᠦᠨ᠎ᠡ ᠵᠢᠨ ᠮᠡᠳᠡᠭᠡ ᠵᠠᠩᠭᠢ ᠵᠢ ᠨᠡᠶ᠋ᠢᠲᠡᠯᠡᠬᠦ᠎ᠪᠠᠷ ᠳᠠᠮᠵᠢᠨ ᠦᠨ᠎ᠡ ᠵᠢᠨ ᠲᠦᠭᠰᠢᠭᠦᠷᠢ ᠵᠢ ᠠᠷᠢᠯᠭ᠋ᠠᠨ᠎ᠠ᠃ ᠪᠣᠳᠠᠲᠠᠢ᠎ᠪᠠᠷ ᠬᠡᠯᠡᠪᠡᠯ᠂ ᠤᠷᠢᠳ ᠵᠶ᠋ᠠᠷ ᠮᠤᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠪᠠᠶ᠋ᠢᠳᠠᠯ᠎ᠢ ᠲᠣᠳᠣᠷᠬᠠᠶ᠋ᠢᠯᠠᠨ᠎ᠠ᠂ ᠵᠢᠱ᠌ᠢᠶᠡᠯᠡᠪᠡᠯ ᠰᠢᠨ᠎ᠡ ᠦᠨ᠎ᠡ ᠵᠢ ᠬᠡᠷᠬᠢᠨ ᠲᠣᠭᠲᠠᠭ᠋ᠠᠵᠤ ᠭᠠᠷᠭ᠋ᠠᠭᠰᠠᠨ᠂ ᠰᠢᠨ᠎ᠡ ᠦᠨ᠎ᠡ ᠵᠢ ᠥᠩᠭᠡᠷᠡᠭᠰᠡᠨ᠎ᠲᠠᠢ ᠠᠳᠠᠯᠢᠳᠬᠠᠬᠤ᠂ ᠡᠷᠬᠢᠨ ᠲᠣᠭᠤᠷᠢᠨ᠎ᠲᠠᠢ ᠠᠳᠠᠯᠢᠰᠬᠠᠵᠤ ᠬᠡᠷᠬᠢᠨ ᠬᠤᠪᠢᠷᠠᠭᠰᠠᠨ᠂ ᠰᠢᠨ᠎ᠡ ᠦᠨ᠎ᠡ ᠵᠢ ᠦᠵᠡᠨ ᠦᠨ᠎ᠡ ᠵᠢᠨ ᠥᠰᠥᠯᠲᠡ ᠵᠢᠨ ᠬᠡᠮᠵᠢᠶ᠎ᠡ ᠪᠣᠯᠣᠨ ᠥᠰᠦᠭᠰᠡᠨ ᠰᠢᠯᠲᠠᠭ᠋ᠠᠨ᠎ᠨᠢ ᠵᠣᠬᠢᠴᠠᠯᠳᠤᠭᠰᠠᠨ ᠡᠰᠡᠬᠦ᠂ ᠦᠨ᠎ᠡ ᠥᠰᠦᠭᠡᠳ ᠨᠡᠮᠡᠭᠳᠡᠭᠰᠡᠨ ᠠᠰᠢᠭ ᠣᠷᠣᠯᠭ᠎ᠠ᠎ᠪᠠᠷ ᠶᠠᠰᠤ ᠴᠢᠨᠠᠷ᠎ᠢ ᠪᠠᠲᠤᠯᠠᠬᠤ᠂ ᠬᠠᠩᠭ᠋ᠠᠯᠭ᠎ᠠ ᠵᠢ ᠲᠣᠭᠲᠠᠪᠤᠷᠢᠵᠢᠭᠤᠯᠬᠤ ᠵᠡᠷᠭᠡ ᠵᠦᠢ ᠶᠣᠰᠣᠨ᠎ᠤ ᠬᠡᠷᠡᠭᠯᠡᠯᠲᠡ ᠳᠡᠭᠡᠷ᠎ᠡ ᠬᠡᠷᠡᠭᠯᠡᠭᠰᠡᠨ ᠡᠰᠡᠬᠦ᠃
ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠠᠴᠠ ᠵᠥᠷᠢᠶᠡᠴᠢᠯᠡᠭᠰᠡᠨ ᠰᠦᠯᠵᠢᠶᠡᠨ᠎ᠳᠤ ᠣᠷᠤᠭᠤᠯᠬᠤ ᠦᠢ᠍ᠯᠡᠴᠢᠯᠡᠭᠡ ᠬᠠᠩᠭ᠋ᠠᠵᠤ᠂ ᠥᠰᠦᠯᠲᠡ ᠵᠢᠨ ᠬᠡᠮᠵᠢᠶ᠎ᠡ᠎ᠨᠢ ᠪᠠᠭ᠎ᠠ᠂ ᠲᠦᠭᠰᠢᠭᠦᠷᠢ ᠳᠣᠤᠷ᠎ᠠ ᠤᠯᠤᠰ᠎ᠤᠨ ᠨᠠᠷᠢᠨ ᠳᠠᠩᠰᠠ ᠵᠢᠨ ᠳᠣᠲᠣᠷᠠᠬᠢ ᠲᠥᠷᠥᠯ ᠵᠦᠢ᠍ᠯ᠎ᠳᠤ ᠰᠢᠭᠤᠳ ᠨᠡᠪᠲᠡᠷᠡᠬᠦ ᠬᠡᠯᠪᠡᠷᠢ᠎ᠪᠠᠷ ᠰᠦᠯᠵᠢᠶᠡᠨ᠎ᠳᠤ ᠣᠷᠤᠭᠤᠯᠵᠤ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠲᠣᠭᠲᠠᠭ᠋ᠠᠭᠰᠠᠨ ᠰᠢᠨ᠎ᠡ ᠦᠨ᠎ᠡ ᠵᠢ ᠬᠦᠯᠢᠶᠡᠨ᠎ᠡ; ᠥᠰᠥᠯᠲᠡ ᠵᠢᠨ ᠬᠡᠮᠵᠢᠶ᠎ᠡ᠎ᠨᠢ ᠶᠡᠭᠡ᠂ ᠲᠦᠭᠰᠢᠭᠦᠷᠢ᠎ᠨᠢ ᠥᠨᠳᠥᠷ ᠮᠥᠷᠲᠡᠭᠡᠨ ᠤᠯᠤᠰ᠎ᠤᠨ ᠳᠣᠲᠣᠭ᠋ᠠᠳᠤ᠎ᠳᠤ ᠠᠳᠠᠯᠢ ᠬᠡᠷᠡᠭᠴᠡᠭᠡᠲᠦ ᠡᠮ᠎ᠤᠨ ᠵᠦᠢ᠍ᠯ ᠪᠠᠶ᠋ᠢᠪᠠᠯ ᠳᠠᠷᠠᠭ᠋ᠠᠯᠠᠨ ᠨᠥᠬᠦᠪᠥᠷᠢᠯᠡᠬᠦ ᠬᠡᠯᠪᠡᠷᠢ᠎ᠪᠠᠷ ᠰᠦᠯᠵᠢᠶᠡᠨ᠎ᠳᠤ ᠣᠷᠤᠭᠤᠯᠵᠤ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠲᠣᠭᠲᠠᠭ᠋ᠠᠭᠰᠠᠨ ᠰᠢᠨ᠎ᠡ ᠦᠨ᠎ᠡ ᠵᠢ ᠬᠦᠯᠢᠶᠡᠨ᠎ᠡ᠂ ᠡᠭᠦᠨ᠎ᠤ ᠬᠠᠮᠲᠤ ᠬᠤᠳᠠᠯᠳᠤᠨ ᠠᠪᠬᠤ ᠨᠢᠭᠡᠴᠢ᠎ᠳᠤ ᠰᠢᠷ᠎ᠠ ᠳ᠋ᠧᠩ ᠪᠤᠶᠤ ᠤᠯᠠᠭ᠋ᠠᠨ ᠳ᠋ᠧᠩ ᠠᠰᠠᠭ᠋ᠠᠵᠤ᠂ ᠦᠨ᠎ᠡ ᠵᠢᠨ ᠲᠦᠭᠰᠢᠭᠦᠷᠢ ᠵᠢ ᠰᠡᠷᠡᠮᠵᠢᠯᠡᠭᠦᠯᠦᠨ᠎ᠡ; ᠥᠰᠥᠯᠲᠡ ᠵᠢᠨ ᠬᠡᠮᠵᠢᠶ᠎ᠡ᠎ᠨᠢ ᠶᠡᠭᠡ᠂ ᠲᠦᠭᠰᠢᠭᠦᠷᠢ᠎ᠨᠢ ᠥᠨᠳᠥᠷ ᠮᠥᠷᠲᠡᠭᠡᠨ ᠤᠯᠤᠰ᠎ᠤᠨ ᠳᠣᠲᠣᠭ᠋ᠠᠳᠤ᠎ᠳᠤ ᠠᠳᠠᠯᠢ ᠬᠡᠷᠡᠭᠴᠡᠭᠡᠲᠦ ᠡᠮ᠎ᠤᠨ ᠵᠦᠢ᠍ᠯ ᠪᠠᠶ᠋ᠢᠬᠤ ᠥᠬᠡᠶ ᠪᠣᠯ ᠨᠥᠬᠦᠴᠡᠯ ᠳᠠᠭ᠋ᠠᠯᠳᠤᠭᠤᠯᠤᠨ ᠰᠦᠯᠵᠢᠶᠡᠨ᠎ᠳᠤ ᠣᠷᠤᠭᠤᠯᠵᠤ᠂ ᠠᠵᠤ ᠠᠬᠤᠶ᠋ᠢᠯᠠᠯ᠎ᠢ ᠱᠠᠭ᠋ᠠᠷᠳᠠᠵᠤ ᠪᠠᠶ᠋ᠢᠭ᠋ᠠᠳ ᠭᠤᠣᠯᠴᠢ᠎ᠪᠠᠷ ᠦᠨ᠎ᠡ ᠲᠣᠭᠲᠠᠭ᠋ᠠᠬᠤ᠂ ᠦᠨᠡᠨᠴᠢ ᠢᠲᠡᠭᠡᠮᠵᠢᠲᠡᠶ ᠡᠵᠡᠩᠨᠡᠬᠦ ᠵᠢᠴᠢ ᠢᠲᠡᠭᠡᠮᠵᠢ ᠠᠯᠳᠠᠭᠰᠠᠨ ᠬᠠᠷᠢᠭᠤᠴᠠᠯᠭ᠎ᠠ ᠵᠡᠷᠭᠡ ᠲᠠᠯ᠎ᠠ᠎ᠳᠤ ᠪᠢᠴᠢᠭ᠎ᠤᠨ ᠬᠡᠯᠪᠡᠷᠢ᠎ᠪᠠᠷ ᠠᠮᠠᠯᠠᠯᠲᠠ ᠬᠢᠯᠭᠡᠨ᠎ᠡ᠂ ᠡᠭᠦᠨ᠎ᠤ ᠰᠠᠭᠤᠷᠢᠨ ᠳᠡᠭᠡᠷ᠎ᠡ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠲᠣᠭᠲᠠᠭ᠋ᠠᠭᠰᠠᠨ ᠰᠢᠨ᠎ᠡ ᠦᠨ᠎ᠡ ᠵᠢ ᠬᠦᠯᠢᠶᠡᠵᠦ᠂ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠠᠮᠠᠯᠠᠯᠲᠠ ᠵᠢᠨ ᠵᠦᠢ᠍ᠯᠡᠰ᠎ᠢ ᠨᠠᠶ᠋ᠢᠳᠠᠪᠤᠷᠢᠵᠢᠭᠤᠯᠤᠨ᠎ᠠ᠃
ᠳᠥᠷᠪᠡ᠂ ᠳᠤᠲᠠᠭᠳᠠᠵᠤ ᠪᠠᠢ᠍ᠭ᠎ᠠ ᠡᠮ᠎ᠤᠨ ᠵᠦᠢ᠍ᠯ᠎ᠤᠨ ᠰᠦᠯᠵᠢᠶᠡᠨ᠎ᠳᠤ ᠣᠷᠤᠭᠤᠯᠬᠤ ᠦᠢ᠍ᠯᠡᠴᠢᠯᠡᠭᠡ ᠵᠢ ᠰᠢᠯᠢᠳᠡᠭᠵᠢᠭᠦᠯᠦᠨ ᠲᠣᠬᠢᠷᠠᠭᠤᠯᠬᠤ
ᠨᠢᠭᠡᠳᠦᠭᠡᠷ᠎ᠲᠤ᠂ ᠤᠷᠢᠳᠴᠢᠯᠠᠨ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠤᠨ᠎ᠠ᠃ ᠠᠵᠤ ᠠᠬᠤᠶ᠋ᠢᠯᠠᠯ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ᠎ᠳᠤ ᠪᠡᠷᠬᠡ ᠪᠠᠶ᠋ᠢᠵᠤ᠂ ᠰᠥᠷᠭᠡᠦ ᠬᠤᠪᠢᠷᠠᠭᠤᠯᠬᠤ ᠪᠤᠶᠤ ᠨᠠᠮᠳᠠᠭ᠋ᠠᠬᠤ ᠵᠢᠨ ᠠᠷᠭ᠎ᠠ ᠦᠭᠡᠢ ᠪᠠᠶ᠋ᠢᠵᠤ᠂ ᠰᠢᠭᠤᠳ ᠰᠦᠯᠵᠢᠶᠡᠨ᠎ᠳᠤ ᠬᠤᠯᠪᠣᠭᠳᠠᠬᠤ᠎ᠪᠠᠷ ᠦᠨᠡᠨ ᠬᠦ᠌ ᠭᠤᠶᠤᠴᠢᠯᠠᠨ ᠮᠡᠳᠡᠭᠦᠯᠬᠦ ᠴᠢᠬᠤᠯᠠᠲᠠᠶ ᠭᠡᠵᠦ ᠦᠵᠡᠨ᠂ ᠦᠨᠡᠨ ᠬᠦ᠌ ᠭᠤᠶᠤᠴᠢᠯᠠᠨ ᠮᠡᠳᠡᠭᠦᠯᠵᠦ ᠰᠢᠭᠤᠳ ᠰᠦᠯᠵᠢᠶᠡᠨ᠎ᠳᠤ ᠣᠷᠤᠭᠤᠯᠬᠤ ᠴᠢᠬᠤᠯᠠᠲᠠᠶ ᠪᠠᠢ᠍ᠪᠠᠯ᠂ ᠵᠠᠷᠴᠢᠮ ᠳᠡᠭᠡᠷ᠎ᠡ᠎ᠪᠠᠨ ᠵᠢᠩᠬᠢᠨᠢ᠎ᠪᠠᠷ ᠭᠤᠶᠤᠴᠢᠯᠠᠨ ᠮᠡᠳᠡᠭᠦᠯᠬᠦ᠎ᠠᠴᠠ ᠡᠮᠦᠨ᠎ᠡ ᠨᠢᠭᠡ ᠰᠠᠷ᠎ᠠ᠎ᠳᠤ ᠮᠤᠵᠢ ᠵᠢᠨ ᠱᠠᠲᠤᠨ᠎ᠤ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠪᠠᠢ᠌ᠭᠤᠯᠤᠮᠵᠢ᠎ᠲᠠᠢ ᠨᠡᠪᠲᠡᠷᠡᠯᠴᠡᠨ ᠰᠣᠯᠢᠯᠴᠠᠨ᠎ᠠ᠃
ᠬᠤᠶᠠᠳᠤᠭ᠋ᠠᠷ᠎ᠲᠤ᠂ ᠰᠦᠯᠵᠢᠶᠡᠨ᠎ᠳᠤ ᠣᠷᠤᠭᠤᠯᠤᠭᠰᠠᠨ ᠬᠡᠷᠡᠭᠴᠡᠭᠡ ᠵᠢ ᠢᠳᠡᠪᠬᠢᠲᠡᠶ ᠴᠤᠤᠷᠢᠶᠠᠳᠤᠨ ᠳᠠᠭ᠋ᠠᠨ᠎ᠠ᠃ ᠮᠤᠵᠢ ᠵᠢᠨ ᠱᠠᠲᠤᠨ᠎ᠤ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠤᠷᠢᠳᠴᠢᠯᠠᠨ ᠨᠡᠪᠲᠡᠷᠡᠯᠴᠡᠬᠦ ᠪᠤᠶᠤ ᠭᠤᠶᠤᠴᠢᠯᠠᠨ ᠮᠡᠳᠡᠭᠦᠯᠦᠭᠡᠳ ᠰᠢᠭᠤᠳ ᠰᠦᠯᠵᠢᠶᠡᠨ᠎ᠳᠤ ᠣᠷᠤᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠣᠯᠤᠭᠰᠠᠨ᠎ᠤ ᠳᠠᠷᠠᠭ᠎ᠠ᠂ ᠢᠳᠡᠪᠬᠢᠲᠡᠶ᠎ᠪᠠᠷ ᠴᠤᠤᠷᠢᠶᠠᠲᠤᠨ ᠳᠠᠭ᠋ᠠᠵᠤ᠂ ᠭᠠᠷᠲᠠᠨ ᠭᠦᠶᠴᠡᠳᠬᠡᠬᠦ ᠳᠣᠲᠣᠭ᠋ᠠᠳᠤ ᠡᠵᠡᠮᠳᠡᠯ᠎ᠢ ᠴᠢᠩᠭ᠋ᠠᠳᠬᠠᠬᠤ ᠬᠡᠷᠡᠭᠲᠡᠶ᠂ ᠲᠣᠰ ᠭᠠᠵᠠᠷ᠎ᠤᠨ ᠰᠦᠯᠵᠢᠶᠡᠨ᠎ᠳᠤ ᠣᠷᠤᠭᠤᠯᠬᠤ ᠲᠦᠷᠢᠮ ᠵᠶ᠋ᠠᠷ ᠰᠢᠯᠲᠠᠭᠯᠠᠨ ᠲᠦᠯᠬᠢᠯᠴᠡᠬᠦ ᠥᠬᠡᠶ ᠪᠠᠶ᠋ᠢᠵᠤ᠂ ᠰᠠᠨᠠᠭ᠋ᠠᠴᠢᠯᠠᠭ᠎ᠠ᠎ᠠᠴᠠ᠎ᠪᠠᠨ ᠰᠣᠯᠢᠯᠴᠠᠨ ᠰᠦᠯᠵᠢᠶᠡᠨ᠎ᠳᠤ ᠣᠷᠤᠭᠤᠯᠬᠣ ᠱᠠᠭ᠋ᠠᠷᠳᠠᠯᠭ᠎ᠠ᠎ᠪᠠᠨ ᠰᠣᠯᠢᠯᠴᠠᠵᠤ᠂ ᠴᠠᠭ ᠲᠤᠬᠠᠶ᠎ᠳᠤᠨᠢ ᠵᠢᠷᠤᠮᠵᠢᠭᠤᠯᠤᠨ ᠭᠦᠢ᠍ᠴᠡᠳᠬᠡᠨ᠎ᠡ᠃
ᠭᠤᠷᠪᠠᠳᠤᠭ᠋ᠠᠷ᠎ᠲᠤ᠂ ᠡᠮᠴᠢᠯᠡᠭᠡᠨ᠎ᠤ ᠳᠠᠭ᠋ᠠᠳᠬᠠᠯ᠎ᠤᠨ ᠲᠠᠪᠴᠠᠩ᠎ᠤᠨ ᠴᠢᠳᠠᠮᠵᠢ ᠵᠢ ᠰᠢᠯᠢᠳᠡᠭᠵᠢᠭᠦᠯᠦᠨ᠎ᠡ᠃ ᠮᠤᠵᠢ ᠵᠢᠨ ᠱᠠᠲᠤᠨ᠎ᠤ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠨᠢ ᠬᠢᠨᠠᠨ ᠬᠡᠮᠵᠢᠬᠦ ᠲᠦᠷᠢᠮ᠎ᠢ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠳᠤ ᠰᠢᠭᠤᠳ ᠰᠢᠭᠢᠳᠬᠡᠵᠦ᠂ ᠲᠦᠭᠰᠢᠭᠦᠷᠢ ᠳᠣᠣᠷ᠎ᠠ ᠦᠨ᠎ᠡ ᠥᠰᠦᠭᠰᠡᠨ ᠪᠠᠶ᠋ᠢᠳᠠᠯ᠎ᠳᠤ ᠠᠵᠤ ᠠᠬᠤᠶ᠋ᠢᠯᠠᠯ᠎ᠨᠢ ᠰᠢᠭᠤᠳ ᠲᠠᠪᠴᠠᠩ ᠳᠡᠭᠡᠷ᠎ᠡ ᠰᠦᠯᠵᠢᠶᠡᠨ᠎ᠳᠤ ᠨᠡᠪᠲᠡᠷᠡᠵᠦ ᠠᠵᠢᠯᠯᠠᠨ᠎ᠠ᠃ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠢᠭᠤᠳ ᠰᠦᠯᠵᠢᠶᠡᠨ᠎ᠳᠤ ᠣᠷᠣᠭᠤᠯᠤᠭᠰᠠᠨ᠎ᠤ ᠳᠠᠷᠠᠭ᠎ᠠ᠂ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ ᠰᠦᠯᠵᠢᠶᠡᠨ᠎ᠳᠤ ᠬᠤᠯᠪᠤᠭᠰᠠᠨ ᠮᠡᠳᠡᠭᠡ ᠵᠠᠩᠭᠢ ᠪᠠ ᠲᠥᠷᠥᠯ ᠬᠤᠪᠢᠶᠠᠭᠰᠠᠨ ᠲᠡᠮᠳᠡᠭ᠂ ᠪᠥᠬᠦ ᠤᠯᠤᠰ᠎ᠲᠤ ᠬᠠᠮᠲᠤ᠎ᠪᠠᠷ ᠭᠥᠷᠳᠡᠬᠦ ᠵᠢ ᠴᠠᠭ ᠲᠤᠬᠠᠶ᠎ᠳᠤᠨᠢ ᠰᠢᠨᠡᠳᠬᠡᠨ᠎ᠡ᠃
ᠳᠥᠷᠪᠡᠳᠦᠭᠡᠷ᠎ᠲᠤ᠂ ᠮᠤᠵᠢ ᠠᠯᠤᠰᠯᠠᠨ ᠬᠤᠯᠪᠣᠭ᠋ᠠᠯᠠᠨ ᠬᠥᠳᠡᠯᠦᠯᠴᠡᠵᠦ ᠰᠦᠯᠵᠢᠶᠡᠨ᠎ᠳᠤ ᠣᠷᠣᠭᠤᠯᠬᠤ ᠵᠢ ᠬᠡᠷᠡᠭᠵᠢᠭᠦᠯᠦᠨ᠎ᠡ᠃ ᠤᠯᠤᠰ᠎ᠤᠨ 《ᠬᠤᠶᠠᠷ ᠨᠠᠷᠢᠨ ᠲᠠᠩᠰᠠ》 ᠵᠢᠨ ᠳᠣᠲᠣᠷᠠᠬᠢ ᠡᠮ᠎ᠤᠨ ᠵᠦᠢ᠍ᠯ᠎ᠳᠤ᠂ ᠠᠵᠤ ᠠᠬᠤᠶ᠋ᠢᠯᠠᠯ ᠤᠷᠢᠳ ᠵᠶ᠋ᠠᠷ ᠮᠤᠵᠢ ᠵᠢᠨ ᠭᠠᠳᠠᠨᠠᠬᠢ ᠪᠤᠰᠤᠳ ᠮᠤᠵᠢ᠎ᠳᠤ ᠰᠦᠯᠵᠢᠶᠡᠨ᠎ᠳᠤ ᠣᠷᠤᠭᠤᠯᠬᠤ᠎ᠪᠠᠷ ᠭᠤᠶᠤᠴᠢᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠦᠨᠡᠨ᠎ᠢ ᠤᠷᠢᠳ ᠵᠶ᠋ᠠᠷ ᠮᠤᠵᠢ ᠵᠢᠨ ᠱᠠᠲᠤᠨ᠎ᠠᠴᠠ ᠥᠨᠳᠥᠷ ᠪᠢᠰᠢ ᠪᠠᠶ᠋ᠢᠪᠠᠯ᠂ ᠲᠤᠬᠠᠶ ᠵᠢᠨ ᠭᠠᠵᠠᠷ᠎ᠤᠨ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ ᠰᠠᠭ᠋ᠠᠳ ᠥᠬᠡᠶ ᠨᠡᠪᠲᠡᠷᠡᠬᠦ ᠵᠠᠮ᠎ᠢ ᠨᠡᠭᠡᠭᠡᠨ ᠰᠢᠭᠤᠳ ᠰᠦᠯᠵᠢᠶᠡᠨ᠎ᠳᠤ ᠣᠷᠤᠭᠤᠯᠵᠤ ᠪᠣᠯᠤᠨ᠎ᠠ᠃ 《ᠨᠥᠬᠦᠪᠦᠷᠢᠯᠡᠬᠦ ᠬᠡᠯᠪᠡᠷᠢ ᠵᠢᠨ ᠰᠦᠯᠵᠢᠶᠡᠨ᠎ᠳᠤ ᠣᠷᠤᠭᠤᠯᠬᠤ 》 《ᠨᠥᠬᠦᠴᠡᠯ ᠳᠠᠭ᠋ᠠᠯᠳᠤᠭᠤᠯᠤᠨ ᠰᠦᠯᠵᠢᠶᠡᠨ᠎ᠳᠤ ᠣᠷᠤᠭᠤᠯᠬᠤ 》 ᠶᠠᠪᠤᠳᠠᠯ᠎ᠳᠤ ᠬᠤᠯᠪᠣᠭᠳᠠᠪᠠᠯ᠂ ᠳᠣᠤᠷ᠎ᠠ ᠯᠠᠪᠯᠠᠯᠲᠠ ᠪᠣᠯᠭ᠋ᠠᠨ ᠮᠤᠵᠢ ᠵᠢᠨ ᠭᠦᠢ᠍ᠴᠡᠳᠬᠡᠭᠰᠡᠨ ᠦᠷ᠎ᠡ ᠳ᠋ᠦᠩ ᠵᠶ᠋ᠠᠷ ᠰᠢᠢ᠍ᠳᠪᠦᠷᠢᠯᠡᠨ᠎ᠡ᠃
ᠲᠠᠪᠤ᠂ 《ᠠᠵᠢᠯᠯᠠᠭ᠋ᠠᠨ᠎ᠤ ᠵᠢᠯᠣᠭᠤᠳᠤᠮᠵᠢ》 ᠵᠢᠨ ᠡᠮ ᠡᠮᠨᠡᠯᠭᠡ ᠵᠢᠨ ᠠᠵᠢᠯ ᠲᠥᠷᠥᠯ᠎ᠳᠤ ᠦᠵᠡᠭᠦᠯᠬᠦ ᠨᠥᠯᠥᠭᠡ ᠵᠢ ᠦᠨᠡᠯᠡᠨ ᠵᠢᠱ᠌ᠢᠬᠦ
《ᠠᠵᠢᠯᠯᠠᠭ᠋ᠠᠨ᠎ᠤ ᠵᠢᠯᠣᠭᠤᠳᠤᠮᠵᠢ》 ᠵᠢᠨ ᠬᠡᠷᠡᠭᠯᠡᠬᠦ ᠬᠡᠪᠴᠢᠶ᠎ᠡ᠎ᠨᠢ ᠭᠤᠤᠯᠳᠠᠭᠤ ᠤᠯᠤᠰ ᠪᠠ ᠮᠤᠵᠢ ᠵᠢᠨ ᠱᠠᠲᠤᠨ᠎ᠤ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠠᠵᠢᠯ᠎ᠤᠨ ᠬᠠᠮᠲᠤᠷᠠᠨ ᠵᠥᠪᠳᠡᠯᠴᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠵᠢᠨ ᠡᠯ᠎ᠡ ᠪᠦᠷᠢᠯᠳᠦᠬᠦᠨ ᠨᠢᠭᠡᠴᠢ ᠵᠢᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠨᠠᠷᠢᠨ ᠲᠠᠩᠰᠠ》 《ᠡᠮᠴᠢᠯᠡᠭᠡ᠎ᠳᠤ ᠡᠷᠬᠡᠪᠰᠢ ᠬᠡᠷᠡᠭᠰᠡᠬᠦ ᠠᠮᠠᠷᠬᠠᠨ ᠳᠤᠲᠠᠭᠳᠠᠬᠤ ᠡᠮ᠎ᠤᠨ ᠵᠦᠢ᠍ᠯ᠎ᠤᠨ ᠭᠤᠤᠯᠳᠠᠯᠭ᠎ᠠ᠎ᠲᠠᠢ ᠬᠢᠨᠠᠨ ᠬᠡᠮᠵᠢᠯᠲᠡ ᠵᠢᠨ ᠨᠠᠷᠢᠨ ᠲᠠᠩᠰᠠ》 (ᠳᠣᠷᠣᠭᠰᠢ 《ᠬᠤᠶᠠᠷ ᠨᠠᠷᠢᠨ ᠲᠠᠩᠰᠠ》 ᠭᠡᠳᠡᠭ) ᠵᠢᠨ ᠳᠣᠲᠣᠷᠠᠬᠢ ᠡᠮ᠎ᠤᠨ ᠵᠦᠢ᠍ᠯ ᠪᠣᠯᠤᠨ᠎ᠠ᠃ ᠣᠳᠣᠬᠠᠨ᠎ᠳᠤ᠂ ᠤᠯᠤᠰ᠎ᠤᠨ 《ᠬᠤᠶᠠᠷ ᠨᠠᠷᠢᠨ ᠲᠠᠩᠰᠠ》᠎ᠳᠤ ᠨᠡᠶ᠋ᠢᠲᠡ 57 ᠵᠦᠢ᠍ᠯ᠎ᠤᠨ ᠡᠮ᠎ᠤᠨ ᠵᠦᠢ᠍ᠯ᠎ᠳᠤ ᠣᠷᠣᠭᠤᠯᠵᠤ᠂ ᠮᠤᠵᠢ ᠵᠢᠨ ᠱᠠᠲᠤᠨ᠎ᠤ 《ᠬᠤᠶᠠᠷ ᠨᠠᠷᠢᠨ ᠲᠠᠩᠰᠠ》 ᠵᠢ ᠨᠡᠮᠡᠵᠦ ᠨᠥᠬᠦᠪᠥᠷᠢᠯᠡᠬᠦ ᠡᠮ᠎ᠤᠨ ᠵᠦᠢ᠍ᠯ᠎ᠤᠨ ᠪᠦᠷᠢᠨ ᠪᠤᠰᠤ ᠪᠦᠷᠢᠳᠬᠡᠯ᠎ᠢ ᠡᠩ᠎ᠤᠨ ᠪᠠᠶ᠋ᠢᠳᠠᠯ᠎ᠳᠤ 20 ᠭᠠᠷᠤᠢ ᠵᠦᠢ᠍ᠯ ᠪᠣᠯᠭ᠋ᠠᠵᠤ᠂ ᠨᠢᠭᠡᠨᠲᠡ ᠵᠠᠬ᠎ᠠ ᠳᠡᠯᠭᠡᠭᠦᠷ᠎ᠲᠤ ᠭᠠᠷᠭ᠋ᠠᠭᠰᠠᠨ ᠡᠮ᠎ᠤᠨ ᠵᠦᠢ᠍ᠯ᠎ᠳᠠᠬᠢ ᠡᠵᠡᠯᠡᠬᠦ ᠬᠠᠷᠢᠴᠠᠯ᠎ᠨᠢ ᠲᠦᠢ᠍ᠯ᠎ᠤᠨ ᠬᠢᠵᠠᠭ᠋ᠠᠷ᠎ᠲᠠᠢ᠃ ᠡᠶ᠋ᠢᠮᠦ᠎ᠠᠴᠠ᠂ ᠬᠡᠳᠦ᠋ᠢ᠍ᠪᠡᠷ 《ᠠᠵᠢᠯᠯᠠᠭ᠋ᠠᠨ᠎ᠤ ᠵᠢᠯᠣᠭᠤᠳᠤᠮᠵᠢ》᠎ᠨᠢ ᠡᠮ᠎ᠤᠨ ᠵᠦᠢ᠍ᠯ᠎ᠢ ᠭᠤᠣᠯᠴᠢ᠎ᠪᠠᠷ ᠦᠨ᠎ᠡ ᠲᠣᠭᠲᠠᠭ᠋ᠠᠬᠤ᠂ ᠦᠨᠡᠨᠴᠢ ᠢᠲᠡᠭᠡᠮᠵᠢᠲᠡᠶ᠎ᠪᠠᠷ ᠦᠨ᠎ᠡ ᠲᠣᠭᠲᠠᠭ᠋ᠠᠬᠤ᠎ᠳᠤ ᠨᠠᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠣᠯᠪᠠᠴᠤ ᠬᠤᠯᠪᠣᠭᠳᠠᠬᠤ ᠲᠠᠯ᠎ᠠ᠎ᠠᠴᠠ ᠠᠪᠴᠤ ᠦᠵᠡᠪᠡᠯ᠂ ᠪᠦᠬᠦ᠋ᠢ᠍ᠯᠡ ᠡᠮ ᠡᠮᠨᠡᠯᠭᠡ ᠵᠢᠨ ᠠᠵᠢᠯ ᠲᠥᠷᠥᠯ᠎ᠳᠤ ᠮᠠᠰᠢ ᠪᠠᠭ᠎ᠠ ᠨᠥᠯᠥᠭᠡ ᠦᠵᠡᠭᠦᠯᠦᠭᠰᠡᠨ ᠪᠠᠶ᠋ᠢᠨ᠎ᠠ᠃
ᠡᠭᠦᠨ᠎ᠠᠴᠠ ᠭᠠᠳᠠᠨ᠎ᠠ᠂ 《ᠠᠵᠢᠯᠯᠠᠭ᠋ᠠᠨ᠎ᠤ ᠵᠢᠯᠣᠭᠤᠳᠤᠮᠵᠢ》᠎ᠨᠢ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠪᠡᠶ᠎ᠡ᠎ᠪᠠᠨ ᠳᠠᠭ᠋ᠠᠭ᠋ᠠᠵᠤ ᠦᠨ᠎ᠡ ᠲᠣᠭᠲᠠᠭ᠋ᠠᠬᠤ᠂ ᠰᠢᠭᠤᠳ ᠰᠦᠯᠵᠢᠶᠡᠨ᠎ᠳᠤ ᠣᠷᠤᠭᠤᠯᠬᠤ ᠦᠨᠳᠦᠰᠦᠨ ᠲᠥᠷᠥ ᠵᠢᠨ ᠪᠣᠳᠣᠯᠭ᠎ᠠ ᠵᠢ ᠬᠤᠪᠢᠷᠠᠭᠤᠯᠤᠭᠰᠠᠨ ᠦᠭᠡᠢ᠂ ᠵᠣᠬᠢᠬᠤ ᠬᠡᠮᠵᠢᠶᠡᠨ᠎ᠤ ᠳᠠᠯᠳᠠ ᠲᠦᠭᠰᠢᠭᠦᠷᠢ ᠵᠢᠨ ᠥᠨᠳᠥᠷ ᠦᠨ᠎ᠡ᠎ᠪᠠᠷ ᠴᠦ᠍ ᠰᠦᠯᠵᠢᠶᠡᠨ᠎ᠳᠤ ᠣᠷᠤᠭᠤᠯᠬᠤ ᠵᠢ ᠬᠦᠯᠢᠶᠡᠵᠦ ᠪᠣᠯᠤᠨ᠎ᠠ᠂ ᠭᠤᠣᠯᠳᠠᠭᠤ ᠬᠡᠷᠡᠭ᠎ᠤᠨ ᠡᠮᠦᠨᠡᠬᠢ ᠦᠨ᠎ᠡ ᠵᠢᠨ ᠮᠡᠳᠡᠭᠡ ᠵᠠᠩᠭᠢ ᠵᠢ ᠨᠡᠶ᠋ᠢᠲᠡᠯᠡᠬᠦ᠂ ᠬᠡᠷᠡᠭ᠎ᠤᠨ ᠳᠤᠮᠳᠠᠬᠢ ᠦᠨ᠎ᠡ ᠵᠢ ᠵᠠᠳᠠᠯᠤᠨ ᠬᠠᠷᠢᠴᠠᠭᠤᠯᠬᠤ ᠵᠢᠴᠢ ᠬᠡᠷᠡᠭ᠎ᠤᠨ ᠳᠠᠷᠠᠭ᠋ᠠᠬᠢ ᠦᠨ᠎ᠡ ᠵᠢ ᠬᠢᠨᠠᠨ ᠬᠡᠮᠵᠢᠵᠦ ᠰᠢᠢ᠍ᠳᠪᠦᠷᠢᠯᠡᠬᠦ᠎ᠳᠤ ᠵᠢᠷᠤᠮᠵᠢᠯ᠎ᠤᠨ ᠱᠠᠭ᠋ᠠᠷᠳᠠᠯᠭ᠎ᠠ ᠳᠤᠷᠠᠳᠴᠤ᠂ ᠴᠢᠬᠤᠯᠠ ᠪᠦᠬᠦᠢ ᠰᠡᠷᠭᠡᠶ᠋ᠢᠯᠡᠬᠦ ᠪᠠ ᠲᠡᠳᠬᠦᠨ ᠲᠤᠰᠠᠯᠠᠬᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠨᠢᠭᠡ ᠵᠦᠢ᠍ᠯ᠎ᠤᠨ 《ᠵᠢᠵᠢᠭ ᠵᠦᠢ᠍ᠯ᠎ᠠᠴᠠ ᠰᠡᠷᠭᠡᠶ᠋ᠢᠯᠡᠬᠦ》 ᠳᠦᠷᠢᠮ᠎ᠤᠨ ᠵᠢᠷᠤᠭ ᠲᠥᠯᠥᠪᠯᠡᠭᠡ ᠪᠠᠶ᠋ᠢᠵᠤ᠂ ᠠᠵᠤ ᠠᠬᠤᠶ᠋ᠢᠯᠠᠯ᠎ᠤᠨ ᠦᠨᠡᠨᠴᠢ ᠢᠲᠡᠭᠡᠮᠵᠢᠲᠡᠶ ᠡᠵᠡᠩᠨᠡᠯᠲᠡ᠂ ᠭᠤᠣᠯᠴᠢ᠎ᠪᠠᠷ ᠦᠨ᠎ᠡ ᠲᠣᠭᠲᠠᠭ᠋ᠠᠬᠤ ᠵᠢ ᠨᠥᠯᠥᠭᠡᠯᠡᠬᠦ ᠦᠭᠡᠢ ᠪᠠᠢ᠌ᠳᠠᠭ᠃