ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ ᠪᠠ ᠠᠴᠢ ᠬᠤᠯᠪᠣᠭᠳᠠᠯ
ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢ ᠴᠢᠩᠭ᠋ᠠᠳᠬᠠᠵᠤ᠂ ᠰᠢᠯᠵᠢᠭᠦᠯᠦᠨ ᠡᠮᠨᠡᠭᠦᠯᠬᠦ ᠴᠤᠪᠤᠷᠠᠯ᠎ᠢ ᠵᠢᠷᠤᠮᠵᠢᠭᠤᠯᠤᠨ᠂ ᠣᠯᠠᠨ ᠲᠦᠮᠡᠨ᠎ᠳᠤ ᠨᠠᠩ ᠴᠢᠨᠠᠷ ᠰᠠᠶ᠋ᠢᠲᠠᠶ ᠡᠮᠴᠢᠯᠡᠭᠡ ᠪᠠ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ ᠡᠷᠬᠡ ᠠᠰᠢᠭ᠎ᠢ ᠨᠠᠩ ᠰᠠᠶ᠋ᠢᠲᠤᠷ ᠪᠠᠲᠤᠯᠠᠬᠤ ᠵᠢᠨ ᠲᠤᠰᠠᠳᠠ᠂ 《ᠣᠨᠳᠣᠤ ᠭᠠᠵᠠᠷ᠎ᠲᠤ ᠡᠮᠨᠡᠭᠦᠯᠬᠦ᠎ᠳᠤ ᠰᠢᠭᠤᠳ ᠳ᠋ᠦᠩᠨᠡᠨ ᠪᠤᠳᠤᠬᠤ ᠬᠠᠮᠢᠶᠠᠷᠤᠯᠲᠠ ᠵᠢᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2021] 21 ᠳ᠋ᠦ᠍ᠭᠡᠷ ᠲᠣᠭ᠋ᠠᠲᠤ) ᠪᠠ 《ᠠᠩᠬᠠᠨ᠎ᠤ ᠡᠮᠴᠢᠯᠡᠭᠡ ᠪᠠ ᠰᠢᠯᠵᠢᠭᠦᠯᠦᠨ ᠡᠮᠨᠡᠭᠦᠯᠬᠦ ᠦᠢ᠍ᠯᠡᠴᠢᠯᠡᠭᠡ ᠵᠢ ᠴᠢᠩᠭ᠋ᠠᠳᠬᠠᠵᠤ ᠡᠮᠴᠢᠯᠡᠭᠡᠨ᠎ᠤ ᠦᠢ᠍ᠯᠡᠴᠢᠯᠡᠭᠡᠨ᠎ᠤ ᠦᠷᠭᠦᠯᠵᠢᠯᠡᠬᠦᠢ᠌ᠴᠡ ᠴᠢᠨᠠᠷ᠎ᠢ ᠳᠡᠭᠡᠭᠰᠢᠯᠡᠭᠦᠯᠬᠦ ᠲᠤᠬᠠᠶ ᠮᠡᠳᠡᠭᠳᠡᠯ》 (ᠤᠯᠤᠰ᠎ᠤᠨ ᠡᠷᠡᠭᠦᠯ ᠬᠠᠮᠠᠭ᠋ᠠᠯᠠᠯ ᠡᠮᠴᠢᠯᠡᠭᠡ ᠠᠯᠪᠠᠨ ᠲᠠᠷᠬᠠᠭ᠋ᠠᠭᠰᠠᠨ [ 2024 ] 21 ᠳ᠋ᠦ᠍ᠭᠡᠷ ᠲᠣᠭ᠋ᠠᠲᠤ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ᠎ᠢ ᠰᠢᠯᠵᠢᠭᠦᠯᠦᠨ ᠡᠮᠨᠡᠭᠦᠯᠬᠦ ᠵᠢᠨ ᠬᠡᠷᠡᠭᠵᠢᠭᠦᠯᠬᠦ ᠠᠷᠭ᠎ᠠ (ᠲᠦᠷ ᠬᠡᠷᠡᠭᠵᠢᠭᠦᠯᠬᠦ)》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠪᠠ᠃
ᠬᠤᠶᠠᠷ᠂ 《ᠠᠷᠭ᠎ᠠ》 ᠵᠢᠨ ᠭᠤᠣᠯ ᠠᠭᠤᠯᠭ᠎ᠠ
《ᠠᠷᠭ᠎ᠠ》 ᠵᠢ ᠵᠢᠷᠭᠤᠭ᠋ᠠᠨ ᠪᠦᠯᠦᠭ᠂ ᠨᠡᠶ᠋ᠢᠲᠡ ᠬᠤᠷᠢᠨ ᠳᠥᠷᠪᠡᠨ ᠵᠣᠷᠪᠣᠰ ᠬᠤᠪᠢᠶᠠᠪᠠ᠃
ᠨᠢᠭᠡᠳᠦᠭᠡᠷ ᠪᠦᠯᠦᠭ ᠶᠡᠷᠦᠩᠬᠡᠢ ᠲᠦᠷᠢᠮ (ᠨᠡᠶ᠋ᠢᠲᠡ ᠲᠠᠪᠤᠨ ᠵᠣᠷᠪᠣᠰ )᠂ ᠪᠢᠴᠢᠭ ᠮᠠᠲ᠋ᠧᠷᠢᠶᠠᠯ ᠲᠤᠭᠤᠷᠪᠢᠭᠰᠠᠨ ᠠᠬᠤᠢ ᠪᠠᠶ᠋ᠢᠳᠠᠯ ᠪᠠ ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠴᠢᠬᠤᠯᠠ ᠨᠡᠷᠡᠰ᠎ᠤᠨ ᠲᠠᠢ᠌ᠯᠪᠤᠷᠢ ᠵᠢ ᠲᠣᠳᠣᠷᠬᠠᠶ᠋ᠢᠯᠠᠪᠠ᠃ ᠮᠠᠨ᠎ᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠳ ᠠᠵᠢᠯᠴᠢᠳ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ ᠥᠪᠡᠷᠲᠡᠭᠡᠨ ᠵᠠᠰᠠᠬᠤ ᠣᠷᠣᠨ᠎ᠠᠴᠠ ᠭᠠᠳᠠᠭᠤᠷᠬᠢ ᠲᠣᠭᠲᠠᠭᠰᠠᠨ ᠴᠡᠭ᠎ᠤᠨ ᠡᠮᠨᠡᠯᠭᠡ ᠵᠢᠨ ᠬᠣᠷᠢᠶᠠᠨ᠎ᠳᠤ ᠡᠮᠨᠡᠭᠦᠯᠬᠦ᠎ᠳᠤ ᠲᠤᠰ ᠠᠷᠭ᠎ᠠ ᠲᠣᠬᠢᠷᠠᠨ᠎ᠠ᠃
ᠬᠣᠶᠠᠳᠤᠭ᠋ᠠᠷ ᠪᠦᠯᠦᠭ ᠰᠢᠯᠵᠢᠭᠦᠯᠦᠨ ᠡᠮᠨᠡᠭᠦᠯᠬᠦ ᠪᠠᠶ᠋ᠢᠭᠤᠯᠤᠮᠵᠢ ᠬᠢᠭᠡᠳ ᠬᠥᠮᠦᠰ (ᠨᠡᠶ᠋ᠢᠲᠡ ᠵᠢᠷᠭᠤᠭ᠋ᠠᠨ ᠵᠣᠷᠪᠣᠰ )᠂ ᠰᠢᠯᠵᠢᠭᠦᠯᠦᠨ ᠡᠮᠨᠡᠭᠦᠯᠬᠦ ᠪᠠᠶ᠋ᠢᠳᠠᠯ᠂ ᠰᠢᠯᠵᠢᠭᠦᠯᠦᠨ ᠡᠮᠨᠡᠭᠦᠯᠬᠦ ᠵᠢ ᠬᠢᠨᠠᠨ ᠵᠥᠪᠰᠢᠶᠡᠷᠡᠬᠦ ᠬᠢᠷᠢ ᠭᠡᠮ᠎ᠢ ᠪᠦᠷᠢᠳᠦᠭᠦᠯᠦᠭᠰᠡᠨ ᠡᠮᠨᠡᠯᠭᠡ ᠵᠢᠨ ᠬᠣᠷᠢᠶ᠎ᠠ ᠪᠠ ᠡᠮᠴᠢ ᠵᠢᠨ ᠬᠡᠪᠴᠢᠶ᠎ᠡ ᠵᠢᠴᠢ ᠰᠢᠯᠵᠢᠭᠦᠯᠬᠦ ᠡᠮᠨᠡᠯᠭᠡ ᠵᠢᠨ ᠬᠣᠷᠢᠶᠠᠨ᠎ᠤ ᠬᠦᠷᠢᠶ᠎ᠡ ᠬᠡᠪᠴᠢᠶ᠎ᠡ ᠵᠢ ᠲᠣᠳᠣᠷᠬᠠᠶ᠋ᠢᠯᠠᠪᠠ᠃ ᠰᠢᠯᠵᠢᠭᠦᠯᠦᠨ ᠡᠮᠨᠡᠭᠦᠯᠬᠦ ᠡᠮᠨᠡᠯᠭᠡ ᠵᠢᠨ ᠬᠣᠷᠢᠶ᠎ᠠ᠎ᠪᠠᠷ ᠪᠠᠢ᠌ᠴᠠᠭ᠋ᠠᠯᠭ᠋ᠠᠵᠤ ᠬᠠᠮᠲᠤᠷᠠᠨ ᠣᠨᠣᠰᠢᠯᠠᠭᠤᠯᠤᠭᠰᠠᠨᠤ ᠳᠠᠷᠠᠭ᠎ᠠ᠂ ᠲᠣᠳᠣᠷᠬᠠᠢ ᠣᠨᠣᠰᠢᠯᠠᠵᠤ ᠳᠡᠶ᠋ᠢᠯᠬᠦ ᠦᠭᠡᠢ ᠪᠤᠶᠤ ᠰᠢᠯᠵᠢᠭᠦᠯᠦᠨ ᠡᠮᠨᠡᠬᠦᠯᠬᠦ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠮᠡᠷᠭᠡᠵᠢᠯ ᠪᠠ ᠲᠣᠨᠣᠭ ᠲᠥᠬᠦᠭᠡᠷᠦᠮᠵᠢ ᠵᠢᠨ ᠨᠥᠬᠥᠴᠡᠯ᠎ᠳᠤ ᠬᠢᠵᠠᠭ᠋ᠠᠷᠯᠠᠭᠳᠠᠵᠤ ᠣᠨᠣᠰᠢᠯᠠᠵᠤ ᠳᠡᠶ᠋ᠢᠯᠬᠦ ᠦᠭᠡᠢ ᠬᠦᠨᠳᠦ ᠲᠦᠪᠡᠭᠲᠡᠢ ᠡᠪᠡᠳᠴᠢᠲᠡᠨ᠂ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠬᠦ᠎ᠪᠠᠷ ᠭᠤᠶᠤᠴᠢᠯᠠᠵᠤ ᠪᠣᠯᠣᠨ᠎ᠠ᠃ ᠰᠢᠯᠵᠢᠭᠦᠯᠦᠨ ᠡᠮᠨᠡᠭᠦᠯᠬᠦ ᠡᠮᠨᠡᠯᠭᠡ ᠵᠢᠨ ᠬᠣᠷᠢᠶ᠎ᠠ᠎ᠨᠢ ᠰᠢᠯᠵᠢᠭᠦᠯᠦᠨ ᠡᠮᠨᠡᠭᠦᠯᠬᠦ ᠵᠢ ᠵᠥᠪᠰᠢᠶᠡᠷᠡᠭᠰᠡᠨ ᠡᠰᠡᠬᠦ᠂ ᠡᠪᠡᠳᠴᠢᠨ᠎ᠤ ᠪᠠᠶ᠋ᠢᠳᠠᠯ᠎ᠢ ᠪᠣᠳᠣᠯᠬᠢᠯᠠᠬᠤ᠎ᠳᠤ ᠰᠠᠭᠤᠷᠢᠯᠠᠵᠤ᠂ ᠲᠤᠰ ᠡᠮᠨᠡᠯᠭᠡ ᠵᠢᠨ ᠬᠣᠷᠢᠶᠠᠨ᠎ᠳᠤ ᠣᠷᠣᠵᠤ ᠡᠮᠨᠡᠨ ᠵᠠᠰᠠᠬᠤ ᠵᠢ ᠤᠷᠢᠲᠠᠯ ᠨᠥᠬᠥᠴᠡᠯ ᠪᠣᠯᠭ᠋ᠠᠵᠤ ᠪᠣᠯᠬᠤ ᠦᠭᠡᠶ᠃ ᠰᠢᠯᠵᠢᠭᠦᠯᠦᠨ ᠡᠮᠨᠡᠭᠦᠯᠬᠦ ᠡᠮᠨᠡᠯᠭᠡ ᠵᠢᠨ ᠬᠣᠷᠢᠶ᠎ᠠ᠎ᠨᠢ ᠵᠠᠷᠴᠢᠮ ᠳᠡᠭᠡᠷ᠎ᠡ᠎ᠪᠠᠨ ᠭᠤᠷᠪᠠᠳᠤᠭ᠋ᠠᠷ ᠲᠠᠰ᠎ᠤᠨ ᠡᠮᠨᠡᠯᠭᠡ ᠵᠢᠨ ᠬᠣᠷᠢᠶ᠎ᠠ ᠪᠠᠢ᠌ᠬᠤ ᠬᠡᠷᠡᠭᠲᠡᠶ ᠪᠥᠭᠡᠳ ᠣᠷᠣᠨ᠎ᠤ ᠭᠠᠳᠠᠨᠠᠬᠢ ᠭᠤᠷᠪᠠᠳᠤᠭ᠋ᠠᠷ ᠲᠠᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠡᠮᠨᠡᠯᠭᠡ ᠵᠢᠨ ᠬᠣᠷᠢᠶ᠎ᠠ᠎ᠳᠤ ᠰᠢᠯᠵᠢᠭᠦᠯᠬᠦ ᠬᠡᠷᠡᠭᠲᠡᠶ᠃ ᠰᠢᠯᠵᠢᠭᠦᠯᠦᠨ ᠡᠮᠨᠡᠭᠦᠯᠬᠦ ᠵᠢ ᠬᠢᠨᠠᠨ ᠵᠥᠪᠰᠢᠶᠡᠷᠡᠭᠰᠡᠨ ᠡᠮᠴᠢ᠎ᠳᠤ ᠡᠷᠬᠢᠯᠡᠭᠴᠢ ᠡᠮᠴᠢ ᠵᠢᠨ ᠲᠤᠰᠢᠶᠠᠯ᠎ᠤᠨ ᠴᠣᠯᠠ ᠣᠯᠭᠣᠬᠤ ᠬᠡᠷᠡᠭᠲᠡᠶ ᠪᠥᠭᠡᠳ ᠡᠮᠴᠢᠯᠡᠭᠡᠨ᠎ᠤ ᠳᠠᠭ᠋ᠠᠳᠬᠠᠯ᠎ᠤᠨ ᠲᠠᠯ᠎ᠠ᠎ᠪᠠᠷ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠶ᠃
ᠭᠤᠷᠪᠠᠳᠤᠭ᠋ᠠᠷ ᠪᠦᠯᠦᠭ ᠬᠠᠮᠲᠤᠷᠠᠨ ᠣᠨᠣᠰᠢᠯᠠᠬᠤ ᠰᠢᠯᠵᠢᠭᠦᠯᠦᠨ ᠡᠮᠨᠡᠭᠦᠯᠬᠦ ᠦᠢ᠍ᠯᠡᠴᠢᠯᠡᠭᠡᠨ᠎ᠤ ᠬᠠᠮᠲᠤᠷᠠᠨ ᠬᠥᠳᠡᠯᠦᠯᠴᠡᠬᠦ ᠲᠣᠭᠲᠠᠴᠠ (ᠨᠡᠶ᠋ᠢᠲᠡ ᠭᠤᠷᠪᠠᠨ ᠵᠣᠷᠪᠣᠰ ) ᠵᠢ ᠪᠠᠢ᠌ᠭᠤᠯᠬᠤ᠂ ᠨᠢᠭᠲᠠ ᠬᠡᠯᠪᠡᠷᠢ ᠵᠢᠨ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ ᠵᠢᠨ ᠴᠣᠭᠴᠠ᠂ ᠠᠯᠤᠰ ᠡᠵᠡᠮᠰᠢᠯᠲᠦ ᠡᠮᠴᠢᠯᠡᠭᠡ᠂ ᠬᠠᠮᠲᠤᠷᠠᠨ ᠣᠨᠣᠰᠢᠯᠠᠵᠤ ᠰᠢᠯᠵᠢᠭᠦᠯᠦᠨ ᠡᠮᠨᠡᠭᠦᠯᠬᠦ ᠦᠢ᠍ᠯᠡᠴᠢᠯᠡᠭᠡᠨ᠎ᠤ ᠲᠥᠪ ᠵᠡᠷᠭᠡ ᠵᠢ ᠬᠠᠮᠲᠤᠷᠠᠭᠤᠯᠤᠨ ᠦᠢ᠍ᠯᠡᠳᠦᠯ᠎ᠢ᠎ᠨᠢ ᠪᠠᠳᠠᠷᠠᠭᠤᠯᠵᠤ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠳ᠎ᠲᠤ ᠴᠢᠨᠠᠷ ᠰᠠᠶ᠋ᠢᠲᠠᠶ ᠣᠨᠣᠰᠢᠯᠠᠨ ᠡᠮᠨᠡᠬᠦ᠂ ᠵᠥᠪᠯᠡᠯᠭᠡ ᠥᠭᠬᠦ᠂ ᠰᠢᠯᠵᠢᠭᠦᠯᠦᠨ ᠡᠮᠨᠡᠭᠦᠯᠬᠦ ᠵᠡᠷᠭᠡ ᠦᠢ᠍ᠯᠡᠴᠢᠯᠡᠭᠡ ᠬᠠᠩᠭ᠋ᠠᠬᠤ ᠵᠢ ᠴᠢᠬᠤᠯᠠᠴᠢᠯᠠᠪᠠ᠃
ᠳᠥᠷᠪᠡᠳᠦᠭᠡᠷ ᠪᠦᠯᠦᠭ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ ᠬᠢᠭᠡᠳ ᠵᠠᠷᠤᠳᠠᠯ᠎ᠢ ᠳ᠋ᠦᠩᠨᠡᠨ ᠪᠤᠳᠤᠬᠤ (ᠨᠡᠶ᠋ᠢᠲᠡ ᠳᠥᠷᠪᠡᠨ ᠵᠣᠷᠪᠣᠰ )᠂ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠵᠦ ᠰᠢᠯᠵᠢᠭᠦᠯᠦᠨ ᠡᠮᠨᠡᠭᠦᠯᠬᠦ ᠵᠢ ᠳᠠᠩᠰᠠᠯᠠᠭᠤᠯᠬᠤ ᠲᠥᠷᠥ ᠵᠢᠨ ᠪᠣᠳᠣᠯᠭ᠎ᠠ᠂ ᠪᠦᠷᠢᠳᠬᠡᠨ ᠳᠠᠩᠰᠠᠯᠠᠭᠤᠯᠬᠤ ᠠᠷᠭ᠎ᠠ ᠵᠠᠮ ᠪᠠ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠲᠣᠳᠣᠷᠬᠠᠶ᠋ᠢᠯᠠᠪᠠ᠃ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠬᠦ᠎ᠳᠤ 《ᠤᠷᠢᠳ ᠵᠶ᠋ᠠᠷ ᠪᠦᠷᠢᠳᠬᠡᠨ ᠳᠠᠩᠰᠠᠯᠠᠭᠤᠯᠵᠤ᠂ ᠳᠠᠷᠠᠭ᠎ᠠ᠎ᠨᠢ ᠡᠮᠨᠡᠭᠦᠯᠬᠦ 》 ᠵᠢ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠳ ᠰᠢᠯᠵᠢᠭᠦᠯᠦᠨ ᠡᠮᠨᠡᠭᠦᠯᠬᠦ ᠡᠮᠨᠡᠯᠭᠡ ᠵᠢᠨ ᠬᠣᠷᠢᠶᠠᠨ᠎ᠤ 《ᠨᠢᠭᠡ ᠥᠷᠲᠡᠭᠡ ᠮᠠᠶᠢᠭ》 ᠵᠶ᠋ᠠᠷ ᠪᠦᠷᠢᠳᠬᠡᠨ ᠳᠠᠩᠰᠠᠯᠠᠭᠤᠯᠬᠤ᠎ᠪᠠᠷ ᠭᠤᠶᠤᠴᠢᠯᠠᠵᠤ ᠪᠣᠯᠬᠤ᠎ᠪᠠᠷ ᠪᠠᠷᠠᠬᠤ ᠥᠬᠡᠶ᠂ 《ᠰᠢᠯᠵᠢᠭᠦᠯᠦᠨ ᠡᠮᠨᠡᠭᠦᠯᠪᠡᠯ ᠳᠠᠷᠤᠶ ᠪᠦᠷᠢᠳᠬᠡᠨ ᠳᠠᠩᠰᠠᠯᠠᠬᠤ》 ᠵᠢ ᠪᠡᠶᠡᠯᠡᠭᠦᠯᠦᠭᠰᠡᠨ ᠴᠤ᠌ ᠬᠤᠯᠪᠣᠭᠳᠠᠯ ᠪᠥᠬᠦᠶ ᠮᠠᠲ᠋ᠧᠷᠢᠶᠠᠯ ᠵᠶ᠋ᠠᠷ ᠵᠶ᠋ᠠᠨ ᠣᠶ᠋ᠢᠷ᠎ᠠ ᠬᠠᠪᠢ᠎ᠳᠤ᠎ᠪᠠᠨ ᠣᠷᠣᠨ᠎ᠤ ᠳᠣᠲᠣᠷᠠᠬᠢ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠴᠣᠩᠬᠣᠪᠴᠢ ᠵᠢ ᠰᠣᠩᠭᠤᠬᠤ ᠪᠤᠶᠤ 《ᠥᠪᠥᠷ ᠮᠣᠩᠭᠤᠯ᠎ᠤᠨ ᠡᠮᠴᠢᠯᠡᠭᠡᠨ᠎ᠤ ᠳᠠᠭ᠋ᠠᠳᠬᠠᠯ》᠎ᠤᠨ APP ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠵᠶ᠋ᠠᠷ 《ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠬᠥᠮᠦᠰ》᠎ᠤᠨ ᠪᠦᠷᠢᠳᠬᠡᠨ ᠳᠠᠩᠰᠠᠯᠠᠯᠲᠠ ᠵᠢ ᠭᠤᠶᠤᠴᠢᠯᠠᠵᠤ ᠪᠣᠯᠤᠨ᠎ᠠ᠃ ᠳᠠᠭ᠋ᠠᠳᠬᠠᠯ᠎ᠳᠤ ᠣᠷᠣᠯᠴᠠᠭᠰᠠᠳ᠎ᠤᠨ ᠦᠨᠳᠦᠰᠦᠨ ᠱᠠᠲᠤᠨ᠎ᠳᠤ ᠠᠩᠬ᠎ᠠ ᠣᠨᠣᠰᠢᠯᠠᠬᠤ᠂ ᠡᠮᠬᠢ ᠵᠢᠷᠤᠮ᠎ᠲᠠᠢ᠎ᠪᠠᠷ ᠡᠪᠡᠳᠴᠢᠨ ᠦᠵᠡᠭᠦᠯᠬᠦ ᠵᠢ ᠵᠣᠷᠢᠭᠵᠢᠭᠤᠯᠬᠤ ᠵᠢᠨ ᠲᠤᠰᠠᠳᠠ᠂ 《ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠬᠥᠮᠦᠰ》᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠢᠴᠠᠯ᠎ᠢ ᠳᠡᠭᠡᠭᠰᠢᠯᠡᠭᠦᠯᠵᠦ᠂ ᠲᠡᠭᠦᠨ᠎ᠢ 《ᠣᠨᠳᠣᠤ ᠭᠠᠵᠠᠷ᠎ᠲᠤ ᠲᠦᠷᠭᠡᠨ ᠡᠮᠨᠡᠭᠦᠯᠬᠦ ᠬᠥᠮᠦᠰ》᠎ᠤᠨ ᠲᠠᠩᠰᠠ ᠲᠠᠶ᠋ᠢᠯᠬᠤ ᠬᠠᠷᠢᠴᠠᠯ᠎ᠲᠠᠢ ᠨᠢᠭᠡᠳᠦᠯᠲᠡᠶ ᠪᠣᠯᠭ᠋ᠠᠨ᠎ᠠ᠃
ᠲᠠᠪᠤᠳᠤᠭ᠋ᠠᠷ ᠪᠦᠯᠦᠭ ᠡᠭᠦᠷᠭᠡ ᠵᠢᠨ ᠬᠤᠪᠢᠶᠠᠷᠢᠯᠠᠯ (ᠨᠡᠶ᠋ᠢᠲᠡ ᠲᠠᠪᠤᠨ ᠵᠣᠷᠪᠣᠰ )᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠂ ᠰᠢᠯᠵᠢᠭᠦᠯᠦᠨ ᠡᠮᠨᠡᠭᠦᠯᠬᠦ ᠡᠮᠨᠡᠯᠭᠡ ᠵᠢᠨ ᠬᠣᠷᠢᠶᠠᠨ᠎ᠤ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ (ᠨᠡᠢ᠌ᠲᠡ ᠨᠢᠭᠡ ᠵᠣᠷᠪᠣᠰ)᠂ ᠪᠢᠴᠢᠭ ᠮᠠᠲ᠋ᠧᠷᠢᠶᠠᠯ᠎ᠤᠨ ᠭᠦᠢ᠍ᠴᠡᠳᠬᠡᠬᠦ ᠴᠠᠭ᠎ᠢ ᠲᠣᠳᠣᠷᠬᠠᠶ᠋ᠢᠯᠠᠪᠠ᠃
ᠭᠤᠷᠪᠠ᠂ 《ᠠᠷᠭ᠎ᠠ》᠎ᠳᠤ ᠠᠩᠬᠠᠷᠬᠤ ᠴᠢᠬᠤᠯᠠᠲᠠᠶ ᠵᠦᠢ᠍ᠯᠡᠰ
ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ᠎ᠢ ᠰᠢᠯᠵᠢᠭᠦᠯᠦᠨ ᠡᠮᠨᠡᠭᠦᠯᠬᠦ ᠲᠦᠷᠢᠮ᠎ᠢ ᠪᠠᠶ᠋ᠢᠭᠤᠯᠬᠤ ᠵᠢᠨ ᠵᠣᠷᠢᠯᠭ᠎ᠠ᠎ᠨᠢ ᠡᠮᠴᠢᠯᠡᠭᠡᠨ᠎ᠤ ᠦᠢ᠍ᠯᠡᠴᠢᠯᠡᠭᠡᠨ᠎ᠤ ᠪᠣᠯᠤᠮᠵᠢᠲᠤ ᠴᠢᠨᠠᠷ᠂ ᠳᠥᠭᠦᠮ ᠳᠥᠲᠡ ᠴᠢᠨᠠᠷ᠂ ᠦᠷᠭᠦᠯᠵᠢᠯᠡᠬᠦᠢ᠌ᠴᠡ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠪᠡᠳᠴᠢᠨ ᠦᠵᠡᠭᠦᠯᠬᠦ ᠪᠡᠶᠡᠴᠢ ᠣᠢ᠌ᠯᠠᠭ᠋ᠠᠯᠲᠠ ᠵᠢ ᠰᠠᠶ᠋ᠢᠵᠢᠷᠠᠭᠤᠯᠤᠨ᠂ ᠵᠢᠷᠤᠮᠵᠢᠯ᠎ᠲᠠᠢ᠎ᠪᠠᠷ ᠰᠢᠯᠵᠢᠭᠦᠯᠦᠨ ᠡᠮᠨᠡᠭᠦᠯᠬᠦ ᠬᠥᠨᠳᠥ ᠲᠦᠪᠡᠭᠲᠡᠶ ᠡᠪᠡᠳᠴᠢᠲᠡᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶ᠋ᠢᠭ᠋ᠠᠳ ᠵᠦᠶ ᠵᠣᠬᠢᠰᠲᠠᠶ ᠡᠮᠬᠢ ᠵᠢᠷᠤᠮ᠎ᠲᠠᠢ᠎ᠪᠠᠷ ᠡᠮᠨᠡᠭᠦᠯᠬᠦ ᠬᠡᠷᠡᠭᠲᠡᠶ᠃ ᠰᠢᠯᠵᠢᠭᠦᠯᠦᠨ ᠡᠮᠨᠡᠭᠦᠯᠬᠦ ᠲᠦᠷᠢᠮ᠎ᠳᠤ ᠬᠠᠷᠠᠭ᠋ᠠᠯᠵᠠᠭᠰᠠᠨ 《ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠬᠥᠮᠦᠰ》᠎ᠤᠨ ᠪᠦᠷᠢᠳᠬᠡᠨ ᠳᠠᠩᠰᠠᠯᠠᠭᠤᠯᠤᠯᠲᠠ᠎ᠨᠢ ᠰᠢᠨ᠎ᠡ᠎ᠪᠠᠷ ᠨᠡᠮᠡᠭᠳᠡᠭᠰᠡᠨ ᠪᠦᠷᠢᠳᠬᠡᠨ ᠳᠠᠩᠰᠠᠯᠠᠭᠤᠯᠬᠤ ᠲᠥᠷᠥᠯ ᠬᠡᠯᠪᠡᠷᠢ ᠪᠠᠢ᠌ᠵᠤ᠂ ᠤᠤᠯ᠎ᠤᠨ 《ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠦᠰ》᠎ᠤᠨ ᠪᠦᠷᠢᠳᠬᠡᠨ ᠳᠠᠩᠰᠠᠯᠠᠭᠤᠯᠬᠤ ᠲᠥᠷᠥᠯ ᠬᠡᠯᠪᠡᠷᠢ ᠵᠢ ᠮᠥᠨ ᠬᠦ᠌ ᠦᠯᠡᠳᠡᠭᠡᠨ᠎ᠡ᠃ 《ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠦᠰ》 ᠵᠶ᠋ᠡᠷ ᠪᠦᠷᠢᠳᠬᠡᠨ ᠳᠠᠩᠰᠠᠯᠠᠭᠤᠯᠬᠤ᠎ᠳᠤ ᠵᠥᠪᠬᠡᠨ ᠪᠡᠶ᠎ᠡ ᠵᠢᠨ ᠭᠡᠷᠡᠴᠢ ᠬᠠᠩᠭ᠋ᠠᠬᠤ ᠴᠢᠬᠤᠯᠠᠲᠠᠶ ᠪᠠᠢ᠌ᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠭᠤᠷ ᠭᠤᠶᠤᠴᠢᠯᠠᠬᠤ᠎ᠳᠤ ᠴᠥᠮ ᠬᠦᠷᠲᠡᠵᠦ ᠪᠣᠯᠣᠨ᠎ᠠ ; 《ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠬᠥᠮᠦᠰ》 ᠵᠶ᠋ᠡᠷ ᠪᠦᠷᠢᠳᠬᠡᠨ ᠳᠠᠩᠰᠠᠯᠠᠭᠤᠯᠬᠤ᠎ᠳᠤ ᠪᠡᠶ᠎ᠡ ᠵᠢᠨ ᠭᠡᠷᠡᠴᠢ ᠪᠠ ᠰᠢᠯᠵᠢᠭᠦᠯᠦᠨ ᠡᠮᠨᠡᠭᠦᠯᠬᠦ ᠡᠮᠨᠡᠯᠭᠡ ᠵᠢᠨ ᠬᠤᠷᠢᠶᠠᠨ᠎ᠤ ᠭᠠᠷᠭ᠋ᠠᠵᠤ ᠥᠭᠭᠦᠭᠰᠡᠨ 《ᠰᠢᠯᠵᠢᠭᠦᠯᠦᠨ ᠡᠮᠨᠡᠭᠦᠯᠬᠦ ᠲᠠᠩᠰᠠ》 ᠵᠢ ᠬᠠᠩᠭ᠋ᠠᠬᠤ ᠴᠢᠬᠤᠯᠠᠲᠠᠶ ᠪᠠᠢ᠌ᠵᠤ᠂ ᠰᠦᠯᠵᠢᠶᠡᠨ ᠭᠠᠳᠠᠭᠤᠷ ᠭᠤᠶᠤᠴᠢᠯᠠᠬᠤ᠎ᠳᠤ ᠲᠡᠷᠡ ᠳᠠᠷᠤᠶᠳᠤᠨᠢ ᠰᠢᠢ᠍ᠳᠪᠦᠷᠢᠯᠡᠨ ᠳᠠᠭᠤᠰᠬᠠᠵᠤ᠂ ᠰᠦᠯᠵᠢᠶᠡᠨ ᠳᠡᠭᠡᠷ᠎ᠡ ᠭᠤᠶᠤᠴᠢᠯᠠᠬᠤ᠎ᠳᠤ 2 ᠠᠵᠢᠯᠯᠠᠬᠤ ᠡᠳᠦᠷ᠎ᠲᠤ ᠰᠢᠢ᠍ᠳᠪᠦᠷᠢᠯᠡᠨ᠎ᠡ᠃ 《ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠬᠥᠮᠦᠰ》᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠶ᠋ᠢᠯᠬᠤ ᠬᠠᠷᠢᠴᠠᠯ᠎ᠢ 《ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠦᠰ》᠎ᠠᠴᠠ 10 ᠵᠠᠭᠤᠨ᠎ᠤ ᠴᠡᠭ ᠣᠷᠴᠢᠮ ᠳᠡᠭᠡᠭᠰᠢᠯᠡᠭᠦᠯᠵᠦ᠂ 《ᠣᠨᠳᠣᠤ ᠭᠠᠵᠠᠷ᠎ᠲᠤ ᠲᠦᠷᠭᠡᠨ ᠡᠮᠨᠡᠭᠦᠯᠬᠦ ᠬᠥᠮᠦᠰ》᠎ᠲᠠᠢ ᠨᠢᠭᠡᠳᠦᠯᠲᠡᠶ ᠪᠠᠶ᠋ᠢᠯᠭ᠋ᠠᠨ᠎ᠠ᠃ ᠲᠦᠷ ᠴᠠᠭ ᠭᠠᠳᠠᠭᠰᠢ ᠭᠠᠷᠴᠤ ᠡᠮᠨᠡᠭᠦᠯᠬᠦ ᠳᠠᠭ᠋ᠠᠳᠬᠠᠯ᠎ᠳᠤ ᠣᠷᠣᠯᠴᠠᠭᠰᠠᠳ ᠥᠪᠡᠷ᠎ᠤᠨ ᠬᠡᠷᠡᠭᠴᠡᠭᠡ᠎ᠪᠠᠨ ᠦᠨᠳᠦᠰᠦᠯᠡᠨ ᠳᠡᠭᠡᠷᠡᠬᠢ ᠬᠣᠶᠠᠷ ᠵᠦᠢ᠍ᠯ᠎ᠤᠨ ᠳᠠᠩᠰᠠᠯᠠᠭᠤᠯᠬᠤ ᠲᠥᠷᠥᠯ ᠬᠡᠯᠪᠡᠷᠢ ᠵᠢ ᠥᠪᠡᠰᠦᠪᠡᠨ ᠰᠣᠩᠭᠣᠵᠤ ᠪᠣᠯᠤᠨ᠎ᠠ᠃