ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠠᠤᠯᠢ ᠶᠣᠰᠣᠭ᠋ᠠᠷ ᠬᠡᠷᠡᠭᠵᠢᠭᠦᠯᠵᠦ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》 ᠵᠡᠷᠭᠡ ᠬᠠᠤᠯᠢ ᠴᠠᠭ᠋ᠠᠵᠠ ᠵᠢᠨ ᠵᠢᠷᠤᠮᠵᠢᠯ ᠵᠢᠴᠢ 《ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠳᠠᠷᠠᠭ᠋ᠠᠯᠠᠯ᠎ᠤᠨ ᠲᠦᠷ ᠬᠡᠷᠡᠭᠵᠢᠭᠦᠯᠬᠦ ᠲᠣᠭᠲᠠᠭ᠋ᠠᠯ》᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ ᠵᠢ ᠵᠢᠷᠤᠮᠵᠢᠭᠤᠯᠬᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠮᠠᠨ᠎ᠤ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 (ᠳᠣᠷᠣᠭᠰᠢ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠭᠡᠵᠦ ᠲᠣᠪᠴᠢᠯᠠᠨ᠎ᠠ) ᠵᠢ ᠲᠤᠭᠤᠷᠪᠢᠪᠠ᠂ ᠡᠳᠦᠭᠡ ᠭᠤᠤᠯ ᠠᠭᠤᠯᠭ᠎ᠠ ᠵᠢ ᠳᠣᠤᠷᠠᠬᠢ ᠮᠡᠲᠦ ᠲᠠᠶ᠋ᠢᠯᠪᠤᠷᠢᠯᠠᠶᠠ᠄
ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
2021 ᠣᠨ᠎ᠳᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ ᠵᠢ ᠬᠢᠨᠠᠨ ᠬᠠᠮᠢᠶᠠᠷᠬᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠵᠢ ᠱᠠᠭ᠋ᠠᠷᠳᠠᠵᠤ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠲᠣᠬᠢᠷᠠᠬᠤ ᠪᠠᠶ᠋ᠢᠳᠠᠯ᠂ ᠲᠠᠰᠤᠯᠤᠯᠲᠠ ᠵᠢᠨ ᠬᠡᠮᠵᠢᠶ᠎ᠡ ᠵᠡᠷᠭᠡ ᠠᠭᠤᠯᠭ᠎ᠠ ᠵᠢ ᠲᠤᠳᠤᠷᠬᠠᠢ᠌ᠯᠠᠪᠠ᠃ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠠᠰᠤᠯᠤᠯᠲᠠ ᠵᠢᠨ ᠬᠡᠮᠵᠢᠶ᠎ᠡ ᠵᠢ ᠪᠥᠬᠦ ᠲᠠᠯ᠎ᠠ᠎ᠪᠠᠷ ᠵᠢᠷᠤᠮᠵᠢᠭᠤᠯᠤᠨ ᠨᠢᠭᠡᠳᠬᠡᠵᠦ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠬᠡᠮᠵᠢᠶ᠎ᠡ ᠵᠢ ᠵᠦᠶ ᠵᠣᠬᠢᠰᠲᠠᠶ ᠬᠢᠵᠠᠭ᠋ᠠᠷᠯᠠᠬᠤ ᠵᠢᠨ ᠲᠤᠰᠠᠳᠠ᠂ ᠪᠥᠬᠦ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ᠂ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠵᠢ ᠲᠤᠭᠤᠷᠪᠢᠪᠠ᠃
ᠬᠤᠶᠠᠷ᠂ ᠲᠥᠷᠥ ᠵᠢᠨ ᠪᠣᠳᠣᠯᠭ᠎ᠠ ᠵᠢᠨ ᠦᠨᠳᠦᠰᠦᠯᠡᠯ
1. 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠬᠠᠤᠯᠢ 》
2. 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》
3.《ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠭᠢᠷᠭ᠋ᠠᠨ᠎ᠤ ᠰᠢᠢ᠍ᠳᠬᠡᠯ᠎ᠤᠨ ᠵᠢᠷᠤᠮ᠎ᠤᠨ ᠲᠤᠬᠠᠢ ᠳᠦᠷ ᠬᠡᠷᠡᠭᠵᠢᠭᠦᠯᠭᠦ ᠲᠤᠭᠲᠠᠭ᠋ᠠᠯ 》
4. 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠬᠤ ᠠᠷᠭ᠎ᠠ》
5. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ》
ᠭᠤᠷᠪᠠ᠂ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠵᠢᠨ ᠭᠤᠣᠯ ᠠᠭᠤᠯᠭ᠎ᠠ
《ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠵᠢ ᠵᠢᠷᠭᠤᠭ᠋ᠠᠨ ᠪᠦᠯᠦᠭ ᠬᠤᠪᠢᠶᠠᠵᠤ᠂ ᠨᠡᠶ᠋ᠢᠲᠡ ᠭᠤᠴᠢᠨ ᠳᠥᠷᠪᠡᠨ ᠵᠣᠷᠪᠣᠰ ᠪᠣᠢ᠃
ᠨᠢᠭᠡᠳᠦᠭᠡᠷ ᠪᠦᠯᠦᠭ ᠶᠡᠷᠦᠩᠬᠡᠶ ᠲᠦᠷᠢᠮ᠂ ᠪᠢᠴᠢᠭ ᠮᠠᠲ᠋ᠧᠷᠢᠶᠠᠯ ᠲᠤᠭᠤᠷᠪᠢᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠴᠢᠬᠤᠯᠠ ᠨᠡᠷᠡᠰ᠎ᠤᠨ ᠲᠠᠶ᠋ᠢᠯᠪᠤᠷᠢ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠠᠵᠢᠯ᠎ᠤᠨ ᠵᠠᠷᠴᠢᠮ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠵᠢᠭᠦᠯᠬᠦ᠎ᠳᠤ᠎ᠪᠠᠨ ᠪᠣᠳᠣᠯᠬᠢᠯᠠᠬᠤ ᠴᠢᠬᠤᠯᠠᠲᠠᠶ ᠪᠠᠶ᠋ᠢᠳᠠᠯ ᠪᠤᠶᠤ ᠲᠠᠰᠤᠯᠤᠯᠲᠠ ᠵᠢᠨ ᠬᠦᠴᠦᠨ ᠵᠦᠢ᠍ᠯ᠎ᠢ ᠲᠣᠳᠣᠷᠬᠠᠶ ᠲᠣᠭᠲᠠᠭ᠋ᠠᠪᠠ᠃
ᠬᠤᠶᠠᠳᠤᠭ᠋ᠠᠷ ᠪᠦᠯᠦᠭ ᠲᠠᠰᠤᠯᠤᠯᠲᠠ ᠵᠢᠨ ᠳᠦᠷᠢᠮ᠂ ᠰᠢᠢ᠍ᠳᠬᠡᠯ ᠥᠭᠬᠦ ᠦᠭᠡᠢ᠂ ᠰᠢᠢ᠍ᠳᠬᠡᠯ᠎ᠢ ᠬᠥᠩᠭᠡᠷᠡᠭᠦᠯᠬᠦ᠂ ᠬᠥᠩᠭᠡᠨ ᠵᠶ᠋ᠠᠷ ᠰᠢᠢ᠍ᠳᠬᠡᠬᠦ᠂ ᠡᠩ᠎ᠤᠨ ᠰᠢᠢ᠍ᠳᠬᠡᠯ ᠥᠭᠬᠦ᠂ ᠬᠦᠨᠳᠦ᠎ᠪᠠᠷ ᠰᠢᠢ᠍ᠳᠬᠡᠬᠦ ᠵᠡᠷᠭᠡ 5 ᠲᠠᠰᠤᠯᠤᠯᠲᠠ ᠵᠢᠨ ᠳᠡᠰ ᠵᠢᠴᠢ ᠬᠡᠷᠡᠭᠯᠡᠬᠦ ᠪᠠᠶ᠋ᠢᠳᠠᠯ᠎ᠢ ᠲᠣᠳᠣᠷᠬᠠᠶ᠋ᠢᠯᠠᠪᠠ᠃
ᠭᠤᠷᠪᠠᠳᠤᠭ᠋ᠠᠷ ᠪᠦᠯᠦᠭ ᠲᠠᠰᠤᠯᠤᠯᠲᠠ ᠵᠢᠨ ᠬᠡᠮᠵᠢᠶ᠎ᠡ᠂ ᠡᠮᠴᠢᠯᠡᠭᠡᠨ᠎ᠤ ᠪᠠᠲᠤᠯᠠᠭ᠎ᠠ ᠵᠢᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠂ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠴᠢ ᠬᠤᠪᠢ ᠬᠥᠮᠦᠨ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠳᠦᠷᠢᠮ》᠎ᠢ ᠵᠥᠷᠢᠴᠡᠭᠰᠡᠨ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠲᠣᠳᠣᠷᠬᠠᠶ ᠲᠣᠭᠲᠠᠭ᠋ᠠᠪᠠ᠃
ᠳᠥᠷᠪᠡᠳᠦᠭᠡᠷ ᠪᠦᠯᠦᠭ ᠬᠡᠷᠡᠭᠯᠡᠬᠦ ᠳᠠᠷᠠᠭ᠋ᠠᠯᠠᠯ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠲᠣᠭᠲᠠᠭ᠋ᠠᠯ᠎ᠤᠨ ᠰᠢᠨᠵᠢ ᠴᠢᠨᠠᠷ᠎ᠤᠨ ᠪᠢᠴᠢᠭ ᠬᠠᠷ᠎ᠠ᠂ ᠬᠡᠷᠡᠭ᠎ᠢ ᠬᠠᠤᠯᠢ ᠲᠦᠷᠢᠮ ᠵᠶ᠋ᠠᠷ ᠬᠢᠨᠠᠨ ᠬᠠᠷᠭᠤᠭᠤᠯᠬᠤ ᠪᠠ ᠬᠠᠮᠲᠤ᠎ᠪᠠᠷ ᠶᠠᠷᠢᠯᠴᠠᠬᠤ᠂ ᠲᠤᠬᠠᠶ ᠵᠢᠨ ᠬᠥᠮᠦᠨ᠎ᠢ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠲᠣᠭᠲᠠᠭ᠋ᠠᠯ ᠵᠢᠴᠢ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠵᠢᠭᠦᠯᠬᠦ ᠬᠢᠵᠠᠭ᠋ᠠᠷᠯᠠᠯ᠎ᠤᠨ ᠪᠠᠶ᠋ᠢᠳᠠᠯ᠎ᠢ ᠲᠣᠳᠣᠷᠬᠠᠶ᠋ᠢᠯᠠᠪᠠ᠃
ᠲᠠᠪᠤᠳᠤᠭ᠋ᠠᠷ ᠪᠦᠯᠦᠭ ᠲᠠᠰᠤᠯᠤᠯᠲᠠ᠎ᠳᠤ ᠬᠢᠨᠠᠯᠲᠠ ᠲᠠᠯᠪᠢᠬᠤ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠠᠰᠤᠯᠤᠯᠲᠠ ᠵᠢᠨ ᠡᠷᠬᠡ ᠵᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠷᠭ᠎ᠠ ᠮᠠᠶᠢᠭ᠎ᠢ ᠲᠣᠳᠣᠷᠬᠠᠶ᠋ᠢᠯᠠᠬᠤ ᠵᠢᠨ ᠬᠠᠮᠲᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠬᠦ ᠲᠤᠬᠠᠶ ᠲᠣᠭᠲᠠᠭ᠋ᠠᠯ ᠭᠠᠷᠭ᠋ᠠᠪᠠ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠦᠷᠢᠮ᠂ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠨᠥᠬᠦᠴᠡᠯ᠂ ᠳᠤᠷᠠᠳᠤᠭᠰᠠᠨ ᠲᠤᠭ᠎ᠠ ᠬᠡᠮᠵᠢᠶᠡᠨ᠎ᠤ ᠤᠬᠠᠭᠳᠠᠬᠤᠨ᠂ ᠲᠠᠶ᠋ᠢᠯᠪᠤᠷᠢᠯᠠᠬᠤ ᠡᠷᠬᠡ ᠪᠠ ᠬᠡᠷᠡᠭᠯᠡᠬᠦ ᠬᠤᠭᠤᠴᠠᠭ᠎ᠠ ᠵᠢ ᠲᠣᠭᠲᠠᠭ᠋ᠠᠪᠠ᠃
ᠳᠥᠷᠪᠡ᠂ ᠲᠦᠭᠰᠢᠭᠦᠷᠢ ᠵᠢᠨ ᠦᠨᠡᠯᠡᠨ ᠵᠢᠱ᠌ᠢᠯᠲᠡ
《ᠲᠠᠰᠤᠯᠤᠯᠲᠠ ᠵᠢᠨ ᠰᠠᠭᠤᠷᠢ ᠪᠠᠷᠢᠮᠵᠢᠶ᠎ᠠ》 ᠵᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ ᠵᠢ ᠵᠢᠷᠤᠮᠵᠢᠭᠤᠯᠬᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠠᠷᠭ᠎ᠠ》 (ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2021] 35 ᠳ᠋ᠤᠭ᠋ᠠᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠲᠦᠷᠢᠮ ᠲᠣᠭᠲᠠᠭ᠋ᠠᠯ᠎ᠢ ᠦᠨᠳᠦᠰᠦᠯᠡᠬᠦ ᠵᠢᠨ ᠬᠠᠮᠲᠤ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠲᠣᠭᠲᠠᠭ᠋ᠠᠪᠠ᠂ ᠡᠶ᠋ᠢᠮᠦ᠎ᠠᠴᠠ ᠲᠦᠭᠰᠢᠭᠦᠷᠢ ᠵᠢ ᠶᠡᠷᠦᠩᠬᠡᠶ᠎ᠳᠤᠨᠢ ᠡᠵᠡᠮᠳᠡᠵᠦ ᠪᠣᠯᠤᠨ᠎ᠠ᠃