ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠢ᠌ᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ ᠵᠶ᠋ᠡᠷ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-02-28

   ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ  ᠳᠠᠭ᠋ᠠᠳᠬᠠᠯ ᠵᠶ᠋ᠠᠷ  ᠲᠣᠭ᠋ᠠᠴᠠᠭ᠎ᠠ ᠬᠢᠬᠦ ᠬᠢᠷᠢ ᠬᠡᠮ᠎ᠤᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠭᠦᠨᠵᠡᠭᠡᠶ᠋ᠢᠷᠡᠭᠦᠯᠵᠦ᠂  ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠵᠦᠶ ᠵᠣᠬᠢᠰᠲᠠᠶ ᠬᠡᠷᠡᠭᠯᠡᠬᠦ ᠵᠢ ᠠᠬᠢᠭᠤᠯᠤᠨ᠂  ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠠᠮᠤᠷ ᠲᠦᠪᠰᠢᠨ᠎ᠢ ᠬᠠᠮᠠᠭ᠋ᠠᠯᠠᠵᠤ᠂  ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ  ᠡᠮᠴᠢᠯᠡᠭᠡᠨ᠎ᠤ ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠬᠡᠷᠡᠭᠵᠢᠭᠦᠯᠬᠦ ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ 2025 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

   ᠨᠢᠭᠡ᠂  ᠨᠡᠶ᠋ᠢᠲᠡᠯᠡᠭᠰᠡᠨ ᠠᠬᠤᠶ ᠪᠠᠶ᠋ᠢᠳᠠᠯ

   ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ  ᠨᠠᠶ᠋ᠢᠳᠠᠪᠤᠷᠢᠵᠢᠭᠤᠯᠬᠤ ᠵᠢᠨ ᠲᠥᠯᠥᠭᠡ᠂  ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠂  ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠤᠯᠤᠰ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ 《ᠲᠣᠭᠲᠠᠭᠰᠠᠨ  ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ  ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠡᠲᠡᠭᠡᠳ᠂  ᠬᠠᠮᠢᠶᠠᠷᠤᠯᠲᠠ ᠵᠢᠨ ᠬᠠᠷᠢᠭᠤᠴᠠᠯᠭ᠎ᠠ᠂  ᠬᠠᠮᠢᠶᠠᠷᠤᠯᠲᠠ ᠵᠢᠨ ᠶᠠᠪᠤᠴᠠ᠂  ᠭᠤᠮᠣᠳᠠᠯ ᠲᠣᠭ᠋ᠠᠴᠢᠬᠤ ᠠᠷᠭ᠎ᠠ ᠵᠠᠮ᠂  ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠡᠷᠭᠡ ᠲᠠᠪᠤᠨ ᠲᠠᠯ᠎ᠠ᠎ᠪᠠᠷ ᠵᠢᠯᠣᠭᠤᠳᠬᠤ ᠴᠢᠨᠠᠷᠲᠠᠶ ᠰᠠᠨᠠᠯ ᠳᠤᠷᠠᠳᠴᠤ᠂  ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠬᠢᠷᠢ ᠬᠡᠮ᠎ᠢ ᠬᠢᠨᠠᠨ ᠬᠠᠮᠢᠶᠠᠷᠬᠤ᠎ᠳᠤ ᠣᠷᠣᠭᠤᠯᠵᠤ᠂  ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂  ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠵᠢ ᠵᠢᠯᠣᠭᠤᠳᠤᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃

   ᠬᠤᠶᠠᠷ᠂  ᠭᠤᠣᠯ ᠠᠭᠤᠯᠭ᠎ᠠ

  《ᠬᠡᠷᠡᠭᠵᠢᠭᠦᠯᠬᠦ ᠨᠠᠷᠢᠨ ᠳᠦᠷᠢᠮ》᠎ᠳᠤ ᠨᠡᠶ᠋ᠢᠲᠡ 29 ᠵᠣᠷᠪᠣᠰ  ᠪᠠᠶ᠋ᠢᠵᠤ᠂  ᠬᠤᠪᠢ ᠲᠡᠮᠳᠡᠭᠯᠡᠬᠦ ᠪᠠᠷᠢᠮᠵᠢᠶ᠎ᠠ᠂  ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ᠂  ᠬᠤᠪᠢ ᠲᠡᠮᠳᠡᠭᠯᠡᠬᠦ ᠦᠷ᠎ᠡ ᠳ᠋ᠦᠩ᠂  ᠦᠷ᠎ᠡ ᠳ᠋ᠦᠩ ᠭᠤᠮᠣᠳᠠᠯ ᠲᠣᠭ᠋ᠠᠴᠢᠬᠤ᠂  ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠤᠯᠠᠮ ᠨᠢᠭᠡ ᠠᠯᠬᠤᠮ ᠨᠠᠷᠢᠯᠢᠭᠵᠢᠭᠤᠯᠪᠠ᠃  ᠭᠤᠣᠯ ᠠᠭᠤᠯᠭ᠎ᠠ᠎ᠨᠢ ᠳᠣᠣᠷᠠᠬᠢ ᠮᠡᠲᠦ᠄

   ᠨᠢᠭᠡ᠎ᠳᠤ᠂  ᠲᠣᠭᠲᠠᠭ᠋ᠠᠭᠰᠠᠨ ᠦᠨᠳᠦᠰᠦᠯᠡᠯ᠂  ᠬᠡᠷᠡᠭᠯᠡᠬᠦ ᠬᠡᠪᠴᠢᠶ᠎ᠡ ᠵᠢᠴᠢ ᠵᠠᠷᠴᠢᠮ᠎ᠢ ᠲᠣᠳᠣᠷᠬᠠᠶ᠋ᠢᠯᠠᠪᠠ᠃

   ᠬᠤᠶᠠᠷ᠎ᠲᠤ᠂  ᠡᠮᠴᠢᠯᠡᠭᠡᠨ᠎ᠤ  ᠳᠠᠭ᠋ᠠᠳᠬᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂  ᠡᠮᠴᠢᠯᠡᠭᠡᠨ᠎ᠤ  ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠂  ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂  ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃

   ᠭᠤᠷᠪᠠ᠎ᠳᠤ᠂  ᠪᠦᠷᠢᠳᠬᠡᠨ ᠳᠠᠩᠰᠠᠯᠠᠭᠰᠠᠨ ᠠᠭᠤᠯᠭ᠎ᠠ᠂  ᠳᠡᠩᠰᠡᠯᠡᠨ ᠲᠡᠮᠳᠡᠭᠯᠡᠭᠰᠡᠨ ᠪᠠᠶ᠋ᠢᠳᠠᠯ (ᠬᠡᠪ᠎ᠤᠨ᠂  ᠲᠦᠷ ᠵᠣᠭᠰᠣᠭ᠋ᠠᠬᠤ᠂  ᠡᠴᠦᠰᠯᠡᠭᠦᠯᠬᠦ )᠂  ᠬᠡᠪ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠳ᠋ᠦᠩᠨᠡᠨ ᠪᠣᠳᠣᠬᠣ᠂  ᠲᠦᠷ ᠵᠣᠭᠰᠣᠭ᠋ᠠᠭᠰᠠᠨ ᠪᠤᠶᠤ ᠡᠴᠦᠰᠯᠡᠭᠦᠯᠦᠭᠰᠡᠨ  ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠳ᠋ᠦᠩᠨᠡᠨ ᠪᠤᠳᠤᠵᠤ ᠥᠯᠥ ᠪᠣᠯᠬᠤ (ᠲᠦᠷᠭᠡᠨ ᠡᠮᠨᠡᠬᠦ᠂  ᠲᠦᠷᠭᠡᠨ ᠠᠪᠤᠷᠠᠬᠤ ᠵᠡᠷᠭᠡ ᠣᠨᠴᠠᠭ᠋ᠠᠶ ᠪᠠᠶ᠋ᠢᠳᠠᠯ᠎ᠢ ᠪᠠᠭᠲᠠᠭ᠋ᠠᠬᠤ  ᠥᠬᠡᠶ) ᠵᠢ ᠲᠣᠳᠣᠷᠬᠠᠶ᠋ᠢᠯᠠᠪᠠ᠃

   ᠳᠥᠷᠪᠡ᠎ᠳᠤ᠂  ᠬᠤᠪᠢ ᠲᠡᠮᠳᠡᠭᠯᠡᠬᠦ ᠳᠦᠷᠢᠮ᠎ᠤᠨ ᠬᠠᠮᠢᠶᠠᠷᠤᠯᠲᠠ ᠵᠢ ᠲᠣᠳᠣᠷᠬᠠᠶ᠋ᠢᠯᠠᠵᠤ᠂ 1 -3 ᠬᠤᠪᠢ᠂ 4 - 6 ᠬᠤᠪᠢ᠂ 7 - 9 ᠬᠤᠪᠢ᠂ 10 - 12 ᠳᠥᠷᠪᠡᠨ ᠳᠡᠰ  ᠬᠤᠪᠢᠶᠠᠪᠠ᠃

   ᠲᠠᠪᠤ᠎ᠳᠤ᠂  ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠬᠤᠪᠢ ᠲᠡᠮᠳᠡᠭᠯᠡᠭᠰᠡᠨ ᠪᠠᠶ᠋ᠢᠳᠠᠯ᠎ᠢ ᠦᠨᠳᠦᠰᠦᠯᠡᠨ ᠬᠠᠮᠢᠶ᠎ᠠ ᠪᠦᠬᠦᠢ ᠬᠥᠮᠦᠰ᠎ᠲᠤ ᠠᠪᠤᠭᠰᠠᠨ ᠠᠷᠭ᠎ᠠ ᠬᠡᠮᠵᠢᠶ᠎ᠡ ᠵᠢ ᠲᠣᠳᠣᠷᠬᠠᠶ ᠲᠣᠭᠲᠠᠭ᠋ᠠᠪᠠ᠂  ᠡᠭᠦᠨ᠎ᠳᠤ ᠡᠮᠴᠢᠯᠡᠭᠡᠨ᠎ᠤ  ᠳᠠᠭ᠋ᠠᠳᠬᠠᠯ᠎ᠤᠨ ᠵᠠᠷᠤᠳᠠᠯ ᠥᠭᠬᠦ ᠬᠢᠷᠢ ᠭᠡᠮ᠎ᠢ ᠲᠦᠷ ᠵᠣᠭᠰᠣᠭ᠋ᠠᠬᠤ᠂  ᠡᠮᠴᠢᠯᠡᠭᠡᠨ᠎ᠤ  ᠳᠠᠭ᠋ᠠᠳᠬᠠᠯ᠎ᠤᠨ ᠵᠠᠷᠤᠳᠠᠯ ᠥᠭᠬᠦ ᠬᠢᠷᠢ ᠭᠡᠮ᠎ᠢ ᠡᠴᠦᠰᠯᠡᠭᠦᠯᠬᠦ  ᠵᠡᠷᠭᠡ ᠵᠢ ᠪᠠᠭᠲᠠᠭ᠋ᠠᠪᠠ᠃

   ᠵᠢᠷᠭᠤᠭ᠎ᠠ᠎ᠳᠤ᠂  ᠰᠡᠷᠭᠦᠭᠡᠬᠦ ᠠᠷᠭ᠎ᠠ ᠵᠠᠮ᠂  ᠣᠨᠳᠣᠣ ᠰᠠᠨᠠᠯ᠎ᠲᠠᠢ ᠭᠤᠮᠣᠳᠠᠯ ᠲᠣᠭ᠋ᠠᠴᠢᠬᠤ ᠠᠷᠭ᠎ᠠ ᠵᠠᠮ ᠵᠢᠴᠢ ᠴᠠᠭ ᠵᠡᠷᠭᠡ ᠠᠭᠤᠯᠭ᠎ᠠ ᠵᠢ ᠲᠣᠳᠣᠷᠬᠠᠶ᠋ᠢᠯᠠᠪᠠ᠃

   ᠭᠤᠷᠪᠠ᠂  ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠬᠤ᠎ᠳᠤ ᠭᠣᠣᠯ ᠪᠣᠯᠬᠤ  ᠰᠢᠢ᠍ᠳᠪᠦᠷᠢᠯᠡᠬᠦ  ᠴᠢᠬᠤᠯᠠᠲᠠᠶ ᠬᠦᠴᠢᠷ ᠠᠰᠠᠭᠤᠳᠠᠯ᠎ᠨᠢ ᠶᠠᠭᠤ ᠪᠣᠶ?

   ᠣᠶ᠋ᠢᠷ᠎ᠠ ᠵᠢᠨ ᠵᠢᠯ᠎ᠤᠳ᠎ᠲᠤ᠂  ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠡᠷᠴᠢᠮ ᠲᠠᠰᠤᠷᠠᠯᠲᠠ ᠥᠬᠡᠶ ᠴᠢᠩᠭ᠋ᠠᠷᠠᠭᠰᠠᠨ ᠪᠣᠯᠪᠠᠴᠤ ᠬᠡᠰᠡᠭ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ  ᠬᠠᠤᠯᠢ ᠲᠣᠭᠲᠠᠭ᠋ᠠᠯ᠎ᠠᠴᠠ ᠵᠥᠷᠢᠴᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠭᠰᠡᠨ ᠦᠢ᠍ᠯᠡ ᠠᠵᠢᠯᠯᠠᠭ᠎ᠠ ᠮᠥᠨ ᠬᠦ᠌ ᠣᠯᠠᠨᠲᠠ ᠪᠠᠢ᠌ᠴᠠᠭ᠋ᠠᠭᠳᠠᠵᠤ  ᠤᠳᠠᠭ᠎ᠠ ᠳᠠᠷᠠᠭ᠋ᠠᠯᠠᠨ ᠵᠦᠷᠢᠴᠡᠨ᠂  ᠣᠯᠠᠨᠲᠠ ᠴᠠᠭ᠋ᠠᠵᠠᠯᠠᠭᠰᠠᠨ ᠴᠤ᠌ ᠵᠣᠭᠰᠤᠬᠤ  ᠥᠬᠡᠶ ᠪᠠᠶ᠋ᠢᠵᠤ᠂  ᠤᠯᠠᠮᠵᠢᠯᠠᠯᠲᠤ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠨᠢ ᠵᠥᠪᠬᠡᠨ  ᠡᠮ ᠡᠮᠨᠡᠯᠭᠡ ᠵᠢᠨ ᠪᠠᠶ᠋ᠢᠭᠤᠯᠤᠮᠵᠢ ᠵᠢ ᠰᠢᠢ᠍ᠳᠭᠡᠵᠦ ᠳᠡᠢ᠌ᠯᠦᠨ᠂ 《  ᠬᠢᠨᠠᠯᠲᠠ ᠬᠠᠮᠢᠶᠠᠷᠤᠯᠲᠠ ᠵᠢ  ᠬᠦᠮᠦᠨ᠎ᠳᠤ ᠬᠦᠷᠲᠡᠯ᠎ᠡ  ᠨᠠᠶ᠋ᠢᠳᠠᠪᠤᠷᠢᠵᠢᠭᠤᠯᠬᠤ》᠂ 《ᠬᠦᠮᠦᠨ᠎ᠳᠤ ᠬᠦᠷᠲᠡᠯ᠎ᠡ ᠰᠢᠢ᠍ᠳᠬᠡᠯ ᠣᠯᠭᠣᠬᠣ》 ᠵᠢᠨ  ᠠᠷᠭ᠎ᠠ ᠥᠬᠡᠶ ᠪᠠᠶ᠋ᠢᠨ᠎ᠠ᠃  ᠡᠶ᠋ᠢᠮᠦᠷᠬᠦᠦ ᠤᠯᠠᠮᠵᠢᠯᠠᠯᠲᠤ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠨᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠴᠥᠭᠡᠨ ᠲᠣᠭ᠋ᠠᠨ᠎ᠤ ᠬᠥᠮᠥᠰ᠎ᠢ ᠰᠦᠷᠳᠡᠭᠦᠯᠦᠯ ᠦᠭᠡᠢ ᠪᠣᠯᠭ᠋ᠠᠬᠤ᠎ᠪᠠᠷ ᠪᠠᠷᠠᠬᠤ ᠦᠭᠡᠢ ᠪᠠᠰᠠ ᠳᠦᠷᠢᠮ ᠲᠣᠭᠲᠠᠭ᠋ᠠᠯ᠎ᠢ ᠵᠢᠷᠤᠮᠯᠠᠨ ᠢᠲᠡᠭᠡᠮᠵᠢ᠎ᠲᠠᠢ ᠪᠠᠶ᠋ᠢᠭ᠎ᠠ ᠬᠥᠮᠥᠰ᠎ᠲᠤ ᠲᠥᠪ ᠭᠤᠣᠯᠴᠢ ᠪᠤᠰᠤ ᠪᠣᠯᠭ᠋ᠠᠵᠠᠢ᠃  ᠡᠮᠴᠢᠯᠡᠭᠡᠨ᠎ᠤ ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠬᠤ᠎ᠪᠠᠷ ᠳᠠᠮᠵᠢᠭᠤᠯᠤᠨ᠂  ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ ᠵᠢ ᠪᠣᠳᠠᠲᠠᠶ ᠬᠠᠷᠢᠭᠤᠴᠠᠯᠭ᠋ᠠᠲᠠᠨ᠎ᠳᠤ ᠬᠦᠷᠲᠡᠯ᠎ᠡ ᠥᠷᠭᠡᠳᠬᠡᠵᠦ᠂  ᠲᠣᠭᠲᠠᠭ᠋ᠠᠯ᠎ᠠᠴᠠ ᠵᠥᠷᠢᠴᠡᠭᠰᠡᠨ ᠬᠠᠷᠢᠭᠤᠴᠠᠯᠭ᠋ᠠᠲᠠᠨ᠎ᠳᠤ ᠬᠤᠪᠢ ᠲᠡᠮᠳᠡᠭᠯᠡᠬᠦ ᠬᠠᠮᠢᠶᠠᠷᠤᠯᠲᠠ ᠬᠢᠵᠦ᠂  ᠬᠢᠨᠠᠯᠲᠠ ᠬᠠᠮᠢᠶᠠᠷᠤᠯᠲᠠ ᠵᠢᠨ ᠨᠠᠷᠢᠯᠢᠭ ᠣᠨᠣᠪᠴᠢᠲᠤ ᠴᠢᠨᠠᠷ᠎ᠢ ᠳᠣᠪᠤᠶ᠋ᠢᠯᠭ᠋ᠠᠨ᠂  ᠲᠣᠭᠲᠠᠭ᠋ᠠᠯ᠎ᠠᠴᠠ ᠵᠥᠷᠢᠴᠡᠭᠰᠡᠳ᠎ᠢ ᠭᠠᠷᠭ᠋ᠠᠪᠠᠰᠤ  ᠵᠣᠬᠢᠬᠤ ᠦᠨ᠎ᠡ ᠲᠥᠯᠥᠪᠦᠷᠢ ᠭᠠᠷᠭ᠋ᠠᠯᠭ᠋ᠠᠵᠤ᠂  ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠳᠤᠷ᠎ᠠ᠎ᠪᠠᠷ ᠵᠶ᠋ᠠᠨ ᠬᠡᠷᠡᠭᠯᠡᠬᠦ ᠦᠵᠡᠭᠳᠡᠯ᠎ᠢ ᠪᠦᠲᠦᠮᠵᠢᠲᠡᠶ ᠬᠤᠷᠢᠭᠯᠠᠬᠤ ᠵᠢᠨ ᠬᠠᠮᠲᠤ ᠪᠠᠰᠠ ᠲᠦᠷᠢᠮ ᠲᠣᠭᠲᠠᠭ᠋ᠠᠯ᠎ᠢ ᠵᠢᠷᠤᠮᠯᠠᠵᠤ ᠢᠲᠡᠭᠡᠮᠵᠢ᠎ᠲᠠᠢ ᠡᠮᠨᠡᠯᠭᠡ ᠵᠢᠨ ᠠᠵᠢᠯᠲᠠᠨ᠎ᠤ ᠬᠠᠮᠠᠭ᠋ᠠᠯᠠᠯᠲᠠ ᠪᠣᠯᠤᠨ᠎ᠠ᠃

   ᠳᠥᠷᠪᠡ᠂  ᠡᠮᠴᠢᠯᠡᠭᠡᠨ᠎ᠤ ᠳᠠᠭ᠋ᠠᠳᠬᠠᠯ ᠵᠶ᠋ᠠᠷ  ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠲᠦᠷᠢᠮ᠎ᠤᠨ  ᠡᠮᠨᠡᠯᠭᠡ ᠵᠢᠨ ᠠᠵᠢᠯᠲᠠᠳ᠎ᠲᠤ  ᠦᠵᠡᠭᠦᠯᠬᠦ ᠭᠤᠤᠯ ᠨᠥᠯᠥᠭᠡ᠎ᠨᠢ ᠶᠠᠭᠤ ᠪᠣᠶ?

   ᠳᠦᠷᠢᠮ᠎ᠤᠨ ᠵᠢᠷᠤᠭ ᠲᠥᠯᠥᠪᠯᠡᠭᠡ ᠵᠢᠨ ᠠᠩᠬᠠᠨ᠎ᠤ ᠤᠭ ᠰᠠᠨᠠᠭ᠎ᠠ ᠪᠠ ᠬᠡᠰᠡᠭ ᠭᠠᠵᠠᠷ ᠣᠷᠣᠨ᠎ᠤ ᠦᠢ᠍ᠯᠡᠳᠦᠯᠭᠡ ᠵᠢ ᠦᠨᠳᠦᠰᠦᠯᠡᠨ᠂  ᠡᠮᠴᠢᠯᠡᠭᠡᠨ᠎ᠤ  ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠬᠢᠷᠢ ᠬᠡᠮ᠎ᠢ ᠲᠦᠷ ᠵᠣᠭᠰᠣᠭ᠋ᠠᠭᠰᠠᠨ᠂  ᠡᠴᠦᠰᠯᠡᠭᠦᠯᠦᠭᠰᠡᠨ  ᠪᠣᠯ ᠵᠥᠪᠬᠡᠨ ᠪᠦᠬᠦ ᠡᠮᠨᠡᠯᠭᠡ ᠵᠢᠨ ᠠᠵᠢᠯᠲᠠᠳ᠎ᠤᠨ  ᠳᠣᠲᠣᠷᠠᠬᠢ ᠴᠥᠭᠡᠨ ᠲᠣᠭ᠋ᠠᠨ᠎ᠤ ᠬᠢᠨᠢ ᠣᠯᠠᠩᠬᠢ ᠡᠮᠴᠢ ᠨᠠᠷ ᠰᠠᠨᠠᠭ᠋ᠠᠴᠢᠯᠠᠭ᠎ᠠ᠎ᠠᠴᠠ᠎ᠪᠠᠨ ᠠᠮᠠᠯᠳᠠᠬᠤ᠂  ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ᠂  ᠱᠠᠲᠤ ᠬᠤᠪᠢᠶᠠᠨ ᠬᠤᠪᠢ ᠲᠡᠮᠳᠡᠭᠯᠡᠬᠦ ᠰᠡᠷᠡᠮᠵᠢᠯᠡᠭᠦᠯᠬᠦ ᠬᠥᠮᠦᠵᠢᠯ ᠵᠶ᠋ᠠᠷ ᠳᠠᠮᠵᠢᠭᠤᠯᠤᠨ᠂  ᠥᠪᠡᠷ᠎ᠢ᠎ᠪᠠᠨ ᠵᠢᠷᠤᠮᠵᠢᠭᠤᠯᠵᠤ᠂  ᠥᠪᠡᠷ᠎ᠢ᠎ᠪᠠᠨ ᠬᠢᠵᠠᠭ᠋ᠠᠷᠯᠠᠬᠤ ᠦᠷ᠎ᠡ ᠪᠦᠲᠦᠮᠵᠢ᠎ᠳᠤ ᠬᠦᠷᠦᠭᠰᠡᠨ ᠪᠠᠶ᠋ᠢᠨ᠎ᠠ᠃ 2024 ᠣᠨ᠎ᠤ 3 ᠳ᠋ᠤᠭ᠋ᠠᠷ ᠰᠠᠷ᠎ᠠ᠎ᠳᠤ ᠠᠷᠠᠳ᠎ᠤᠨ ᠳᠡᠭᠡᠳᠦ ᠰᠢᠭᠦᠬᠦ ᠬᠤᠷᠢᠶ᠎ᠠ᠂  ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ᠂  ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠬᠠᠮᠲᠤᠷᠠᠨ 《ᠡᠮᠴᠢᠯᠡᠭᠡᠨ᠎ᠤ ᠳᠠᠭ᠋ᠠᠳᠬᠠᠯ᠎ᠤᠨ ᠳᠠᠭ᠋ᠠᠳᠬᠠᠯ᠎ᠢ ᠮᠡᠬᠡᠯᠡᠬᠦ ᠡᠷᠡᠭᠦᠦ ᠵᠢᠨ ᠬᠡᠷᠡᠭ᠎ᠤᠨ ᠠᠰᠠᠭᠤᠳᠠᠯ᠎ᠤᠳ᠎ᠤᠨ ᠲᠤᠬᠠᠶ ᠵᠢᠯᠣᠭᠤᠳᠬᠤ ᠰᠠᠨᠠᠯ》᠎ᠢ ᠨᠡᠶ᠋ᠢᠲᠡᠯᠡᠵᠦ᠂ 《ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠢ᠌ᠭᠤᠯᠤᠮᠵᠢ (ᠡᠮᠴᠢᠯᠡᠭᠡᠨ᠎ᠤ ᠪᠠᠢ᠌ᠭᠤᠯᠤᠮᠵᠢ᠂  ᠡᠮ᠎ᠤᠨ ᠵᠦᠢ᠍ᠯ᠎ᠢ ᠡᠵᠡᠩᠨᠡᠬᠦ ᠨᠢᠭᠡᠴᠢ ) ᠬᠠᠤᠯᠢ ᠪᠤᠰᠤ᠎ᠪᠠᠷ ᠦᠪᠡᠷᠴᠢᠯᠡᠬᠦ᠎ᠪᠠᠷ ᠵᠣᠷᠢᠯᠭ᠎ᠠ ᠪᠣᠯᠭ᠋ᠠᠵᠤ᠂  ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠵᠠᠷᠤᠯᠭ᠎ᠠ ᠵᠢ ᠮᠡᠬᠡᠯᠡᠨ ᠠᠪᠤᠭᠰᠠᠨ ᠪᠠᠢ᠌ᠪᠠᠯ᠂  ᠡᠷᠡᠭᠦᠦ ᠵᠢᠨ ᠬᠠᠤᠯᠢ ᠵᠢᠨ ᠬᠤᠶᠠᠷ ᠵᠠᠭᠤ ᠵᠢᠷᠠᠨ ᠵᠢᠷᠭᠤᠳᠤᠭ᠋ᠠᠷ ᠵᠣᠷᠪᠣᠰ᠎ᠤᠨ  ᠲᠣᠭᠲᠠᠭ᠋ᠠᠯ ᠶᠣᠰᠣᠭ᠋ᠠᠷ᠂  ᠮᠡᠬᠡᠯᠡᠭᠰᠡᠨ ᠶᠠᠯ᠎ᠠ᠎ᠪᠠᠷ ᠶᠠᠯ᠎ᠠ ᠲᠣᠭᠲᠠᠭ᠋ᠠᠵᠤ ᠰᠢᠢ᠍ᠳᠬᠡᠨ᠎ᠡ》᠂ 《ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠢ᠌ᠭᠤᠯᠤᠮᠵᠢ ᠵᠢᠨ  ᠲᠥᠷᠥ ᠵᠢᠨ ᠠᠵᠢᠯᠲᠠᠨ ᠡᠭᠦᠷᠭᠡ ᠲᠤᠰᠢᠶᠠᠯ᠎ᠤᠨ ᠲᠥᠬᠦᠮ ᠵᠶ᠋ᠠᠨ ᠠᠰᠢᠭᠯᠠᠨ᠂  ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠮᠡᠬᠡᠯᠡᠨ ᠠᠪᠤᠭᠰᠠᠨ ᠪᠠᠢ᠌ᠪᠠᠯ᠂  ᠡᠷᠡᠭᠦᠦ ᠵᠢᠨ ᠬᠠᠤᠯᠢ ᠵᠢᠨ ᠭᠤᠷᠪᠠᠨ ᠵᠠᠭᠤ ᠨᠠᠶᠠᠨ ᠬᠤᠶᠠᠳᠤᠭ᠋ᠠᠷ ᠵᠣᠷᠪᠣᠰ᠂  ᠭᠤᠷᠪᠠᠨ ᠵᠠᠭᠤ ᠨᠠᠶᠠᠨ ᠭᠤᠷᠪᠠᠳᠤᠭ᠋ᠠᠷ ᠵᠣᠷᠪᠣᠰ᠎ᠤᠨ  ᠲᠣᠭᠲᠠᠭ᠋ᠠᠯ ᠶᠣᠰᠣᠭ᠋ᠠᠷ ᠱᠠᠮᠰᠢᠭᠰᠠᠨ ᠶᠠᠯ᠎ᠠ᠎ᠪᠠᠷ ᠶᠠᠯ᠎ᠠ ᠲᠣᠭᠲᠠᠭ᠋ᠠᠵᠤ ᠰᠢᠢ᠍ᠳᠬᠡᠨ᠎ᠡ 》᠃  ᠡᠮᠴᠢᠯᠡᠭᠡᠨ᠎ᠤ ᠳᠠᠭ᠋ᠠᠳᠬᠠᠯ ᠵᠶ᠋ᠠᠷ  ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠵᠤ᠂  ᠡᠮᠨᠡᠯᠭᠡ ᠵᠢᠨ ᠠᠵᠢᠯᠲᠠᠳ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠦᠨᠡᠨᠴᠢ ᠢᠲᠡᠭᠡᠮᠵᠢ ᠵᠢᠨ ᠤᠬᠠᠮᠰᠠᠷ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢ ᠡᠬᠢ ᠡᠭᠦᠰᠦᠯ᠎ᠠᠴᠠ᠎ᠨᠢ ᠴᠢᠩᠭ᠋ᠠᠳᠬᠠᠬᠤ ᠪᠣᠯ 《ᠡᠪᠡᠳᠴᠢᠨ  ᠵᠠᠰᠠᠵᠤ ᠡᠪᠡᠳᠴᠢᠲᠡᠨ᠎ᠢ ᠡᠳᠡᠭᠡᠷᠡᠭᠦᠯᠬᠦ 》᠂ 《ᠡᠪᠡᠳᠴᠢᠨ᠎ᠢ᠎ᠨᠢ ᠵᠠᠰᠠᠭᠰᠠᠨ ᠦᠭᠡᠢ 》 ᠵᠢᠨ ᠡᠬᠢ ᠡᠭᠦᠰᠦᠯ᠎ᠢ ᠵᠠᠰᠠᠬᠤ ᠠᠷᠭ᠎ᠠ ᠪᠣᠳᠣᠯᠭ᠎ᠠ ᠪᠠᠶ᠋ᠢᠵᠤ᠂  ᠶᠠᠯᠠᠲᠤ ᠠᠵᠢᠯᠯᠠᠭ᠎ᠠ ᠡᠭᠦᠰᠬᠦ ᠵᠢ ᠪᠦᠲᠦᠮᠵᠢᠲᠡᠶ ᠰᠡᠷᠭᠡᠶ᠋ᠢᠯᠡᠵᠦ᠂  ᠡᠮᠨᠡᠯᠭᠡ ᠵᠢᠨ ᠠᠵᠢᠯᠲᠠᠳ᠎ᠢ  ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭ᠋ᠠᠯᠠᠵᠤ ᠴᠢᠳᠠᠨ᠎ᠠ᠃

   ᠲᠠᠪᠤ᠂  ᠪᠦᠷᠢᠳᠬᠡᠨ  ᠳᠠᠩᠰᠠᠯᠠᠭᠤᠯᠤᠭᠰᠠᠨ  ᠪᠠᠶ᠋ᠢᠳᠠᠯ᠎ᠢ ᠲᠦᠷ ᠵᠣᠭᠰᠤᠭ᠋ᠠᠭᠰᠠᠨ  ᠪᠤᠶᠤ ᠡᠴᠦᠰᠯᠡᠭᠦᠯᠦᠭᠰᠡᠨ ᠪᠠᠢ᠌ᠪᠠᠯ  ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠠᠵᠢᠯ ᠠᠯᠳᠠᠬᠤ ᠤᠤ?

   ᠶᠡᠷᠦ ᠵᠢᠨ ᠪᠠᠢ᠌ᠳᠠᠯ᠎ᠳᠤ ᠠᠵᠢᠯ ᠠᠯᠳᠠᠬᠤ ᠦᠭᠡᠢ᠃  ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠎ᠢ ᠲᠦᠷ ᠵᠣᠭᠰᠤᠭ᠋ᠠᠭᠰᠠᠨ  ᠪᠤᠶᠤ ᠡᠴᠦᠰᠯᠡᠭᠦᠯᠦᠭᠰᠡᠨ  ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠮᠴᠢ ᠵᠢᠨ ᠬᠠᠤᠯᠢ》᠂ 《ᠰᠤᠪᠢᠯᠠᠭᠴᠢ ᠵᠢᠨ ᠳᠦᠷᠢᠮ》᠂ 《ᠲᠤᠰᠬᠠᠢ  ᠡᠮ ᠨᠠᠶ᠋ᠢᠷᠠᠭᠴᠢ ᠵᠢᠨ ᠳᠠᠩᠰᠠᠯᠠᠭᠤᠯᠬᠤ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠠᠵᠢᠯ ᠡᠷᠬᠢᠯᠡᠬᠦ ᠠᠵᠢᠯᠯᠠᠭ᠎ᠠ ᠥᠷᠨᠢᠭᠦᠯᠬᠦ ᠵᠢ ᠨᠥᠯᠥᠭᠡᠯᠡᠬᠦ ᠦᠭᠡᠶ᠃  ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ ᠠᠵᠢᠯ ᠵᠶ᠋ᠠᠨ ᠲᠤᠰᠢᠶᠠᠬᠤ ᠪᠠ ᠬᠦᠯᠢᠶᠡᠨ ᠠᠪᠬᠤ ᠠᠵᠢᠯ ᠵᠶ᠋ᠠᠨ ᠲᠣᠬᠢᠲᠠᠶ ᠰᠠᠶ᠋ᠢᠲᠤᠷ ᠬᠢᠵᠦ᠂  ᠳᠠᠭ᠋ᠠᠳᠬᠠᠯ᠎ᠳᠤ ᠣᠷᠣᠯᠴᠠᠭᠰᠠᠳ᠎ᠤᠨ ᠬᠡᠪ᠎ᠤᠨ ᠶᠣᠰᠣᠭ᠋ᠠᠷ ᠡᠮᠨᠡᠭᠦᠯᠬᠦ ᠪᠠ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠣᠳᠣᠬᠤ ᠵᠢ ᠨᠥᠯᠥᠭᠡᠯᠡᠵᠦ ᠪᠣᠯᠬᠤ ᠦᠭᠡᠶ᠃

   ᠵᠢᠷᠭᠤᠭ᠎ᠠ᠂  ᠬᠠᠮᠢᠶ᠎ᠠ ᠪᠦᠬᠦᠢ ᠬᠠᠷᠢᠭᠤᠴᠠᠯᠭ᠎ᠠ  ᠡᠭᠦᠷᠭᠡᠯᠡᠭᠴᠢ ᠵᠢᠨ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ ᠵᠠᠷᠴᠢᠮ᠎ᠨᠢ ᠶᠠᠭᠤ ᠪᠣᠢ?

   ᠡᠮᠴᠢᠯᠡᠭᠡᠨ᠎ᠤ  ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠪᠤᠶᠤ ᠵᠥᠪᠳᠡᠯᠴᠡᠨ ᠰᠢᠢ᠍ᠳᠪᠦᠷᠢᠯᠡᠭᠰᠡᠨ ᠰᠠᠭᠤᠷᠢᠨ ᠳᠡᠭᠡᠷ᠎ᠡ᠂ 《ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》᠂ 《ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠤᠶᠤ ᠡᠮᠴᠢᠯᠡᠭᠡᠨ᠎ᠤ  ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠡᠯᠡᠯᠴᠡᠭᠡᠷ᠎ᠲᠤ ᠲᠣᠳᠣᠷᠬᠠᠶ᠋ᠢᠯᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠣᠳᠠᠲᠠᠶ ᠦᠢ᠍ᠯᠡ ᠠᠵᠢᠯᠯᠠᠭ᠎ᠠ ᠶᠣᠰᠣᠭ᠋ᠠᠷ᠂  ᠡᠩ᠎ᠤᠨ ᠬᠠᠷᠢᠭᠤᠴᠠᠯᠭ᠎ᠠ ᠡᠭᠦᠷᠭᠡᠯᠡᠭᠴᠢ᠂  ᠴᠢᠬᠤᠯᠠ ᠬᠠᠷᠢᠭᠤᠴᠠᠯᠭ᠎ᠠ  ᠡᠭᠦᠷᠭᠡᠯᠡᠭᠴᠢ᠂  ᠭᠤᠣᠯ ᠬᠠᠷᠢᠭᠤᠴᠠᠯᠭ᠎ᠠ  ᠡᠭᠦᠷᠭᠡᠯᠡᠭᠴᠢ ᠵᠢ  ᠲᠤᠰ ᠲᠤᠰ ᠲᠣᠭᠲᠠᠭ᠋ᠠᠨ᠎ᠠ᠃

   ᠡᠩ᠎ᠤᠨ ᠬᠠᠷᠢᠭᠤᠴᠠᠯᠭ᠎ᠠ ᠡᠭᠦᠷᠭᠡᠯᠡᠭᠴᠢ ᠭᠡᠳᠡᠭ᠎ᠨᠢ ᠲᠡᠳᠡᠨ᠎ᠤ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂  ᠥᠪᠡᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ  ᠦᠭᠡᠢ ᠪᠤᠶᠤ ᠵᠥᠪ ᠪᠤᠰᠤ᠎ᠪᠠᠷ ᠭᠦᠢ᠍ᠴᠡᠳᠬᠡᠵᠦ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠠᠵᠠᠭ᠋ᠠᠶ ᠲᠠᠯ᠎ᠠ ᠵᠢᠨ ᠪᠠᠶ᠋ᠢᠳᠠᠯ᠎ᠳᠤ ᠬᠠᠮᠵᠢᠯᠴᠠᠬᠤ ᠦᠢ᠍ᠯᠡᠳᠦᠯ ᠭᠠᠷᠭ᠋ᠠᠭᠰᠠᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠢ ᠵᠢᠭ᠋ᠠᠵᠤ ᠪᠣᠶ᠃

   ᠴᠢᠬᠤᠯᠠ ᠬᠠᠷᠢᠭᠤᠴᠠᠯᠭ᠎ᠠ ᠡᠭᠦᠷᠭᠡᠯᠡᠭᠴᠢ ᠭᠡᠳᠡᠭ᠎ᠨᠢ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂  ᠥᠪᠡᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ  ᠦᠭᠡᠶ ᠪᠤᠶᠤ ᠵᠥᠪ ᠣᠨᠣᠪᠴᠢᠲᠠᠶ ᠭᠦᠢ᠍ᠴᠡᠳᠬᠡᠭᠰᠡᠨ ᠦᠭᠡᠶ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠥ ᠵᠢ ᠬᠡᠷᠡᠭᠯᠡᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠠᠵᠠᠭ᠋ᠠᠶ ᠦᠢ᠍ᠯᠡᠳᠦᠯ ᠭᠠᠷᠭ᠋ᠠᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠵᠢ ᠵᠢᠭ᠋ᠠᠵᠤ ᠪᠤᠶ᠃

   ᠭᠤᠣᠯ ᠬᠠᠷᠢᠭᠤᠴᠠᠯᠭ᠋ᠠᠲᠠᠨ  ᠡᠭᠦᠷᠭᠡᠯᠡᠭᠴᠢ ᠭᠡᠳᠡᠭ᠎ᠨᠢ  ᠲᠡᠭᠦᠨ᠎ᠤ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂  ᠥᠪᠡᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ  ᠦᠭᠡᠢ ᠪᠤᠶᠤ ᠵᠥᠪ ᠵᠶ᠋ᠠᠷ ᠭᠦᠢ᠍ᠴᠡᠳᠬᠡᠭᠰᠡᠨ  ᠦᠭᠡᠢ ᠪᠠᠶ᠋ᠢᠵᠤ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠠᠵᠠᠭ᠋ᠠᠢ ᠲᠠᠯ᠎ᠠ ᠵᠢᠨ ᠪᠠᠶ᠋ᠢᠳᠠᠯ᠎ᠳᠤ ᠲᠣᠭᠲᠠᠭ᠋ᠠᠬᠤ ᠦᠢ᠍ᠯᠡᠳᠦᠯ ᠭᠠᠷᠭ᠋ᠠᠭᠰᠠᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠵᠢᠭ᠋ᠠᠵᠤ ᠪᠣᠶ᠃

   ᠳᠣᠯᠤᠭ᠎ᠠ᠂  ᠬᠤᠪᠢ ᠲᠡᠮᠳᠡᠭᠯᠡᠬᠦ  ᠪᠠ ᠰᠢᠢ᠍ᠳᠪᠦᠷᠢᠯᠡᠬᠦ ᠬᠡᠪᠴᠢᠶ᠎ᠡ ᠬᠡᠲᠦᠷᠬᠡᠶ ᠶᠡᠬᠡᠳᠡᠬᠦ᠎ᠠᠴᠠ ᠬᠡᠷᠬᠢᠨ ᠪᠣᠯᠭᠣᠮᠵᠢᠯᠠᠬᠤ  ᠪᠣᠶ?

   ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠨᠢ ᠬᠤᠪᠢ ᠲᠡᠮᠳᠡᠭᠯᠡᠬᠦ ᠬᠡᠪᠴᠢᠶ᠎ᠡ᠎ᠪᠠᠨ ᠥᠪᠡᠷ᠎ᠤᠨ ᠪᠠᠶ᠋ᠢᠭ᠎ᠠ ᠪᠠᠶ᠋ᠢᠭᠤᠯᠤᠮᠵᠢ᠎ᠠᠴᠠ᠎ᠪᠠᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠪᠠ ᠬᠠᠷᠢᠴᠠᠩᠭᠤᠢ ᠬᠦᠨᠳᠦ ᠬᠡᠯᠡᠯᠴᠡᠭᠡᠷ᠎ᠢ ᠰᠢᠢ᠍ᠳᠪᠦᠷᠢᠯᠡᠬᠦ ᠳᠤᠮᠳᠠ ᠴᠢᠩᠭ᠎ᠠ ᠬᠢᠵᠠᠭ᠋ᠠᠷᠯᠠᠨ ᠲᠣᠭᠲᠠᠭ᠋ᠠᠨ᠎ᠠ᠂  ᠡᠶ᠋ᠢᠮᠦᠷᠬᠦᠦ ᠰᠢᠢ᠍ᠳᠪᠦᠷᠢᠯᠡᠬᠦ ᠠᠷᠭ᠎ᠠ ᠬᠡᠯᠪᠡᠷᠢ ᠵᠢ ᠠᠪᠴᠤ ᠪᠠᠢ᠌ᠪᠠᠯ  ᠠᠰᠠᠭᠤᠳᠠᠯ  ᠨᠡᠯᠢᠶᠡᠳ ᠬᠦᠨᠳᠦ ᠨᠣᠴᠢᠲᠠᠢ ᠪᠠᠢ᠌ᠭ᠎ᠠ ᠵᠢ ᠬᠠᠷᠠᠭᠤᠯᠵᠤ᠂  ᠰᠢᠢ᠍ᠳᠪᠦᠷᠢᠯᠡᠬᠦ ᠬᠡᠪᠴᠢᠶ᠎ᠡ᠎ᠨᠢ ᠬᠠᠷᠢᠴᠠᠩᠭᠤᠢ ᠪᠠᠭ᠎ᠠ ᠮᠥᠷᠲᠡᠭᠡᠨ ᠪᠠᠰᠠ ᠨᠡᠩ ᠴᠢᠩᠭ᠎ᠠ  ᠳᠠᠷᠠᠭ᠋ᠠᠯᠠᠯ᠎ᠲᠠᠢ ᠪᠠᠢ᠌ᠳᠠᠭ᠃  ᠢᠩᠭᠢᠵᠦ ᠬᠢᠬᠦ ᠵᠢᠨ ᠵᠣᠷᠢᠯᠭ᠎ᠠ᠎ᠨᠢ ᠳᠠᠷᠤᠶ ᠬᠤᠪᠢ ᠲᠡᠮᠳᠡᠭᠯᠡᠬᠦ᠎ᠨᠢ ᠬᠡᠲᠦᠷᠬᠡᠶ ᠥᠷᠭᠡᠨ ᠪᠠᠶ᠋ᠢᠵᠤ᠂  ᠰᠢᠢ᠍ᠳᠪᠦᠷᠢᠯᠡᠬᠦ  ᠬᠡᠪᠴᠢᠶ᠎ᠡ᠎ᠨᠢ ᠬᠡᠲᠦᠷᠬᠡᠶ ᠶᠡᠬᠡ ᠪᠣᠯᠬᠤ᠎ᠠᠴᠠ ᠪᠣᠯᠭᠣᠮᠵᠢᠯᠠᠵᠤ ᠪᠠᠢ᠌ᠭ᠎ᠠ  ᠶᠠᠪᠤᠳᠠᠯ ᠪᠣᠯᠤᠨ᠎ᠠ᠃

   ᠨᠠᠢ᠍ᠮᠠ᠂  ᠱᠠᠲᠤᠯᠢᠭ ᠬᠡᠯᠪᠡᠷᠢ ᠵᠢᠨ  ᠬᠤᠪᠢ ᠲᠡᠮᠳᠡᠭᠯᠡᠬᠦ ᠬᠠᠮᠢᠶᠠᠷᠤᠯᠲᠠ ᠭᠡᠵᠦ ᠶᠠᠭᠤ ᠪᠣᠢ?

   ᠡᠮᠴᠢᠯᠡᠭᠡᠨ᠎ᠤ ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ᠎ᠳᠤ ᠡᠢ᠌ᠮᠦᠷᠬᠦᠦ  ᠵᠢᠯᠣᠭᠤᠴᠢ ᠵᠢᠨ ᠦᠨᠡᠮᠯᠡᠯ ᠵᠶ᠋ᠠᠷ  ᠬᠤᠪᠢ ᠲᠡᠮᠳᠡᠭᠯᠡᠬᠦ ᠠᠷᠭ᠎ᠠ ᠮᠠᠶᠢᠭ᠎ᠢ ᠬᠡᠷᠡᠭᠯᠡᠵᠦ᠂  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠦᠨᠳᠦ ᠨᠣᠴᠢᠲᠠᠶ ᠬᠡᠮᠵᠢᠶ᠎ᠡ ᠵᠢ ᠦᠨᠳᠦᠰᠦᠯᠡᠨ᠂  ᠰᠢᠨᠵᠢ ᠴᠢᠨᠠᠷ᠎ᠢ ᠢᠯᠭ᠋ᠠᠵᠤ᠂  ᠱᠠᠲᠤᠯᠢᠭ ᠬᠡᠯᠪᠡᠷᠢ᠎ᠪᠠᠷ ᠬᠤᠪᠢ ᠲᠡᠮᠳᠡᠭᠯᠡᠨ᠎ᠡ᠃  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ᠎ᠠᠴᠠ  ᠬᠤᠪᠢ ᠲᠡᠮᠳᠡᠭᠯᠡᠵᠦ᠂  ᠬᠠᠷᠢᠭᠤᠴᠠᠯᠭ᠎ᠠ ᠦᠭᠡᠶ᠎ᠳᠤ᠎ᠨᠢ ᠬᠤᠪᠢ ᠲᠡᠮᠳᠡᠭᠯᠡᠬᠦ ᠦᠭᠡᠶ᠂  ᠭᠣᠤᠯ ᠬᠠᠷᠢᠭᠤᠴᠠᠯᠭ᠎ᠠ ᠡᠭᠦᠷᠭᠡᠯᠡᠭᠴᠢ᠎ᠳᠤ  ᠢᠯᠡᠭᠦᠬᠡᠨ ᠬᠤᠪᠢ ᠲᠡᠮᠳᠡᠭᠯᠡᠵᠦ᠂  ᠡᠩ᠎ᠤᠨ ᠬᠠᠷᠢᠭᠤᠴᠠᠯᠭ᠎ᠠ ᠡᠭᠦᠷᠭᠡᠯᠡᠭᠴᠢ᠎ᠳᠤ  ᠳᠤᠲᠠᠭᠤ ᠬᠤᠪᠢ ᠲᠡᠮᠳᠡᠭᠯᠡᠨ᠎ᠡ᠃  ᠡᠩ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ  ᠠᠵᠢᠯᠯᠠᠭ᠎ᠠ᠎ᠳᠤ ᠵᠥᠪᠬᠡᠨ ᠪᠠᠭ᠎ᠠ ᠬᠡᠮᠵᠢᠶᠡᠨ᠎ᠤ ᠬᠤᠪᠢ ᠲᠡᠮᠳᠡᠭᠯᠡᠵᠦ᠂  ᠨᠠᠩ ᠣᠯᠠᠨ᠎ᠳᠤ᠎ᠨᠢ ᠰᠡᠷᠡᠮᠵᠢᠯᠡᠭᠦᠯᠬᠦ ᠦᠢ᠍ᠯᠡᠳᠦᠯ ᠦᠵᠡᠭᠦᠯᠵᠦ᠂  ᠡᠮᠨᠡᠯᠭᠡ ᠵᠢᠨ ᠠᠵᠢᠯᠲᠠᠳ᠎ᠲᠤ  ᠦᠨᠡᠨ ᠪᠣᠳᠠᠲᠠᠶ ᠨᠥᠯᠥᠭᠡ ᠦᠵᠡᠭᠦᠯᠬᠦ ᠦᠭᠡᠢ᠃  ᠬᠡᠷᠪᠡ ᠡᠩ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠠᠨᠲᠠ ᠴᠠᠭ᠋ᠠᠵᠠᠯᠠᠭ᠋ᠠᠳ ᠵᠣᠭᠰᠤᠭ᠋ᠠᠭᠰᠠᠨ  ᠥᠬᠡᠶ ᠪᠣᠯ ᠨᠡᠶ᠋ᠢᠲᠡ ᠵᠣᠬᠢᠬᠤ ᠬᠤᠪᠢ ᠵᠢᠨ ᠥᠷᠲᠡᠭ᠎ᠲᠤ ᠬᠦᠷᠪᠡᠯ᠂  ᠪᠣᠳᠠᠲᠤ ᠴᠢᠨᠠᠷᠲᠠᠢ  ᠦᠷ᠎ᠡ ᠳ᠋ᠦᠩ ᠡᠭᠦᠰᠬᠡᠬᠦ  ᠪᠣᠯᠤᠨ᠎ᠠ᠃  ᠭᠡᠪᠡᠴᠦ ᠵᠠᠷᠢᠮ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠦᠨᠳᠦ ᠨᠣᠴᠢᠲᠠᠶ ᠦᠢ᠍ᠯᠡ ᠠᠵᠢᠯᠯᠠᠭ᠎ᠠ᠎ᠳᠤ ᠪᠣᠯ ᠢᠯᠡᠭᠦᠦ ᠬᠤᠪᠢ ᠲᠡᠮᠳᠡᠭᠯᠡᠵᠦ᠂  ᠵᠠᠯᠬᠠᠭ᠋ᠠᠨ ᠴᠡᠭᠡᠷᠯᠡᠭᠦᠯᠬᠦ ᠵᠣᠷᠢᠯᠭ᠎ᠠ᠎ᠳᠤ ᠦᠨᠡᠨ ᠬᠦ᠌ ᠬᠦᠷᠭᠡᠨ᠎ᠡ᠃  ᠢᠯᠠᠩᠭᠤᠶ᠎ᠠ ᠳᠠᠭ᠋ᠠᠳᠬᠠᠯ᠎ᠤᠨ ᠮᠡᠬᠡᠯᠡᠨ ᠬᠢᠬᠠᠬᠤ ᠵᠠᠷᠢᠮ ᠬᠦᠨᠳᠦ ᠨᠣᠴᠢᠲᠠᠶ ᠦᠢ᠍ᠯᠡ ᠠᠵᠢᠯᠯᠠᠭ᠎ᠠ᠎ᠳᠤ᠂  ᠡᠮᠴᠢᠯᠡᠭᠡᠨ᠎ᠤ  ᠳᠠᠭ᠋ᠠᠳᠬᠠᠯ᠎ᠤᠨ ᠰᠠᠯᠠᠭ᠎ᠠ ᠮᠥᠴᠢᠷ᠎ᠠᠴᠠ ᠭᠤᠤᠯ ᠬᠠᠷᠢᠭᠤᠴᠠᠯᠭ᠋ᠠᠲᠠᠨ᠎ᠳᠤ ᠨᠢᠭᠡ ᠯᠡ ᠤᠳᠠᠭ᠎ᠠ᠎ᠳᠤ 12 ᠬᠤᠪᠢ ᠵᠢ ᠲᠡᠮᠳᠡᠭᠯᠡᠨ᠂  ᠡᠮᠴᠢᠯᠡᠭᠡᠨ᠎ᠤ ᠳᠠᠭ᠋ᠠᠳᠬᠠᠯ ᠵᠶ᠋ᠠᠷ  ᠲᠣᠭ᠋ᠠᠴᠠᠭ᠎ᠠ ᠬᠢᠬᠦ ᠬᠢᠷᠢ ᠬᠡᠮ᠎ᠢ᠎ᠨᠢ 3 ᠵᠢᠯ᠎ᠤᠨ ᠳᠣᠲᠣᠷ᠎ᠠ ᠰᠡᠷᠭᠦᠭᠡᠵᠦ᠂  ᠳᠠᠭ᠋ᠠᠳᠬᠠᠯ᠎ᠢ ᠮᠡᠬᠡᠯᠡᠭᠰᠡᠳ᠎ᠢ ᠦᠨᠡᠨ ᠬᠦ᠌ ᠦᠨ᠎ᠡ ᠥᠷᠲᠡᠭ  ᠭᠠᠷᠭ᠋ᠠᠯᠭ᠋ᠠᠬᠤ  ᠪᠣᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠲᠠᠰ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠲᠠᠰ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠡᠮ᠎ᠢ ᠬᠡᠷᠡᠭᠯᠡᠬᠦ ᠬᠣᠯᠪᠣᠭᠳᠠᠯ ᠪᠥᠬᠥᠶ ᠶᠠᠪᠤᠳᠠᠯ᠎ᠤᠨ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《〈ᠬᠣᠲᠠ ᠬᠥᠳᠡᠭᠡ ᠵᠢᠨ ᠡᠮᠴᠢᠯᠡᠭᠡᠨ᠎ᠤ ᠠᠪᠤᠷᠠᠨ ᠲᠤᠰᠠᠯᠠᠬᠤ ᠲᠦᠷᠢᠮ᠎ᠤᠨ ᠠᠶ᠋ᠢᠮᠠᠭ ᠬᠣᠲᠠ ᠵᠢᠨ ᠱᠠᠲᠤᠨ᠎ᠤ ᠨᠢᠭᠡᠳᠦᠯᠲᠡᠶ ᠲᠥᠯᠥᠪᠯᠡᠬᠦ ᠵᠢ ᠠᠬᠢᠭᠤᠯᠬᠤ ᠲᠤᠬᠠᠢ ᠥᠪᠦᠷ ᠮᠣᠩᠭᠤᠯ᠎ᠤᠨ ᠠᠵᠢᠯ᠎ᠤᠨ ᠲᠥᠰᠦᠯ〉᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《〈ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠬᠦ ᠵᠢ ᠪᠥᠬᠥ ᠲᠠᠯ᠎ᠠ᠎ᠪᠠᠷ ᠠᠬᠢᠭᠤᠯᠬᠤ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ〉᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            