ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠲᠠᠰ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-02-26

   ᠨᠢᠭᠡ᠂  ᠠᠬᠤᠶ ᠪᠠᠶ᠋ᠢᠳᠠᠯ ᠪᠠ ᠦᠨᠳᠦᠰᠦᠯᠡᠯ

   ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠠ ᠤᠯᠤᠰ᠎ᠤᠨ ᠲᠣᠪᠴᠢᠶᠠᠨ᠎ᠤ  ᠬᠤᠯᠪᠣᠭᠳᠠᠯ ᠪᠥᠬᠦᠶ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢ  ᠴᠢᠩᠭ᠋ᠠᠳᠬᠠᠨ᠂  ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂  ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠡᠮᠴᠢᠯᠡᠭᠡᠨ᠎ᠤ ᠪᠠᠲᠤᠯᠠᠭ᠎ᠠ  ᠲᠠᠷᠬᠠᠭ᠋ᠠᠭᠰᠠᠨ [2023 ] 29 ᠳ᠋ᠦ᠍ᠭᠡᠷ  ᠲᠣᠭ᠋ᠠᠲᠤ) ᠪᠠ 《ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ  ᠠᠷᠭ᠎ᠠ (ᠲᠤᠷᠰᠢᠨ ᠬᠡᠷᠡᠭᠵᠢᠭᠦᠯᠬᠦ)》 (ᠡᠮᠴᠢᠯᠡᠭᠡᠨ᠎ᠤ ᠪᠠᠲᠤᠯᠠᠭ᠎ᠠ  ᠲᠠᠷᠬᠠᠭ᠋ᠠᠭᠰᠠᠨ [2024 ] 13 ᠳ᠋ᠤᠭ᠋ᠠᠷ ᠲᠣᠭ᠋ᠠᠲᠤ) ᠵᠢ ᠦᠨᠳᠦᠰᠦᠯᠡᠨ᠂  ᠮᠠᠨ᠎ᠤ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ  ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠬᠡᠷᠡᠭᠵᠢᠭᠦᠯᠬᠦ ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠲᠣᠭᠲᠠᠭ᠋ᠠᠪᠠ᠃

   ᠬᠤᠶᠠᠷ᠂  ᠭᠤᠣᠯ ᠠᠭᠤᠯᠭ᠎ᠠ

  《ᠬᠡᠷᠡᠭᠵᠢᠭᠦᠯᠬᠦ ᠨᠠᠷᠢᠨ ᠲᠦᠷᠢᠮ》᠎ᠳᠤ ᠶᠡᠷᠦᠩᠬᠡᠶ ᠲᠦᠷᠢᠮ᠂  ᠲᠣᠭᠲᠠᠭᠰᠠᠨ ᠴᠡᠭ᠎ᠤᠨ  ᠦᠨᠡᠯᠡᠨ ᠵᠢᠱ᠌ᠢᠬᠦ ᠪᠠᠶ᠋ᠢᠭᠤᠯᠤᠮᠵᠢ ᠵᠢ ᠲᠣᠭᠲᠠᠭ᠋ᠠᠬᠤ᠂  ᠲᠣᠭᠲᠠᠭᠰᠠᠨ ᠴᠡᠭ᠎ᠤᠨ  ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠬᠠᠮᠢᠶᠠᠷᠤᠯᠲᠠ᠂  ᠲᠣᠭᠲᠠᠭᠰᠠᠨ ᠴᠡᠭ᠎ᠤᠨ  ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠬᠢᠨᠠᠯᠲᠠ᠂  ᠳᠠᠭ᠋ᠠᠯᠳᠤᠭᠤᠯᠤᠯ ᠲᠦᠷᠢᠮ ᠪᠠᠢ᠌ᠵᠤ᠂  ᠨᠡᠶ᠋ᠢᠲᠡ 5   ᠪᠦᠯᠦᠭ 35 ᠵᠣᠷᠪᠣᠰ ᠵᠶ᠋ᠠᠷ  ᠪᠦᠷᠢᠯᠳᠦᠵᠡᠶ᠃

   ᠨᠢᠭᠡᠳᠦᠭᠡᠷ ᠪᠦᠯᠦᠭ᠎ᠤᠨ  ᠶᠡᠷᠦᠩᠬᠡᠶ ᠲᠦᠷᠢᠮ᠎ᠳᠤ ᠭᠤᠤᠯᠳᠠᠭᠤ ᠦᠨᠳᠦᠰᠦᠯᠡᠯ᠂  ᠬᠡᠷᠡᠭᠯᠡᠬᠦ ᠬᠡᠪᠴᠢᠶ᠎ᠡ᠂  ᠵᠠᠷᠴᠢᠮ ᠵᠡᠷᠭᠡ ᠰᠠᠭᠤᠷᠢ ᠴᠢᠨᠠᠷᠲᠠᠶ ᠠᠭᠤᠯᠭ᠎ᠠ ᠵᠢ ᠲᠣᠳᠣᠷᠬᠠᠶ ᠲᠣᠭᠲᠠᠭ᠋ᠠᠪᠠ; ᠬᠤᠶᠠᠳᠤᠭ᠋ᠠᠷ ᠪᠦᠯᠦᠭ᠎ᠤᠨ ᠲᠣᠭᠲᠠᠭ᠋ᠠᠬᠤ᠎ᠳᠤ  ᠲᠣᠭᠲᠠᠭᠰᠠᠨ  ᠴᠡᠭ᠎ᠤᠨ  ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠭᠤᠶᠤᠴᠢᠯᠠᠬᠤ ᠨᠥᠬᠦᠴᠡᠯ᠂  ᠭᠤᠶᠤᠴᠢᠯᠠᠬᠤ ᠮᠠᠲ᠋ᠧᠷᠢᠶᠠᠯ ᠵᠢᠴᠢ ᠭᠥᠯᠢᠶᠡᠨ ᠠᠪᠴᠤ ᠰᠢᠢ᠍ᠳᠪᠦᠷᠢᠯᠡᠵᠦ  ᠬᠢᠨᠠᠨ ᠬᠠᠷᠭᠤᠭᠤᠯᠬᠤ ᠵᠡᠷᠭᠡ ᠪᠣᠳᠠᠲᠠᠶ ᠠᠭᠤᠯᠭ᠎ᠠ ᠵᠢ  ᠲᠤᠳᠤᠷᠬᠠᠢ᠌ᠯᠠᠪᠠ ; ᠭᠤᠷᠪᠠᠳᠤᠭ᠋ᠠᠷ ᠪᠦᠯᠦᠭ᠎ᠤᠨ  ᠬᠠᠮᠢᠶᠠᠷᠤᠯᠲᠠ᠎ᠳᠤ ᠭᠤᠣᠯᠳᠠᠭᠤ ᠲᠣᠭᠲᠠᠭᠰᠠᠨ ᠴᠡᠭ᠎ᠤᠨ  ᠦᠨᠡᠯᠡᠨ ᠵᠢᠱ᠌ᠢᠬᠦ ᠪᠠᠶ᠋ᠢᠭᠤᠯᠤᠮᠵᠢ᠎ᠳᠤ ᠠᠵᠢᠯᠲᠠᠨ᠎ᠤ ᠬᠠᠮᠢᠶᠠᠷᠤᠯᠲᠠ᠂  ᠡᠳ᠋᠎ᠤᠨ ᠶᠠᠪᠤᠳᠠᠯ᠎ᠤᠨ ᠬᠠᠮᠢᠶᠠᠷᠤᠯᠲᠠ᠂  ᠪᠣᠯᠪᠠᠰᠤᠷᠠᠯ᠂  ᠲᠠᠩᠰᠠ ᠡᠪᠬᠡᠮᠡᠯ᠎ᠤᠨ ᠬᠠᠮᠢᠶᠠᠷᠤᠯᠲᠠ᠂  ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠡᠷᠭᠡ ᠡᠯ᠎ᠡ ᠵᠦᠢ᠍ᠯ᠎ᠤᠨ ᠠᠵᠢᠯ᠎ᠤᠨ ᠲᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂  ᠶᠠᠰᠤ ᠴᠢᠨᠠᠷ᠎ᠤᠨ ᠡᠵᠡᠮᠳᠡᠯ᠎ᠢ ᠴᠢᠩᠭ᠋ᠠᠷᠠᠭᠤᠯᠤᠨ᠂  ᠦᠨᠡᠯᠡᠨ ᠵᠢᠱ᠌ᠢᠬᠦ ᠶᠠᠰᠤ ᠴᠢᠨᠠᠷ᠎ᠢ ᠦᠨᠡᠨ ᠬᠦ᠌ ᠪᠠᠲᠤᠯᠠᠬᠤ ᠵᠢ ᠪᠠᠭᠲᠠᠭ᠋ᠠᠪᠠ᠃  ᠳᠥᠷᠪᠡᠳᠦᠭᠡᠷ ᠪᠦᠯᠦᠭ᠎ᠤᠨ  ᠬᠢᠨᠠᠯᠲᠠ ᠲᠠᠯᠪᠢᠬᠤ᠎ᠳᠤ ᠭᠤᠤᠯᠳᠠᠭᠤ ᠡᠮᠴᠢᠯᠡᠭᠡᠨ᠎ᠤ ᠪᠠᠲᠤᠯᠠᠭ᠎ᠠ ᠵᠢ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠪᠠ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠣᠭᠲᠠᠭᠰᠠᠨ ᠴᠡᠭ᠎ᠤᠨ  ᠦᠨᠡᠯᠡᠨ ᠵᠢᠱ᠌ᠢᠬᠦ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠨ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠂  ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠱᠠᠭ᠋ᠠᠷᠳᠠᠯᠭ᠎ᠠ ᠵᠢ ᠲᠤᠳᠤᠷᠬᠠᠢ᠌ᠯᠠᠪᠠ᠃

   ᠡᠭᠦᠨ᠎ᠠᠴᠠ ᠭᠠᠳᠠᠨ᠎ᠠ᠂  ᠲᠣᠭᠲᠠᠭᠰᠠᠨ ᠴᠡᠭ᠎ᠤᠨ  ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶ᠎ᠠ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠦᠨᠡᠯᠡᠨ ᠵᠢᠱ᠌ᠢᠬᠦ ᠪᠠᠢ᠌ᠭᠤᠯᠤᠮᠵᠢ ᠵᠢᠨ  ᠭᠤᠶᠤᠴᠢᠯᠠᠯ᠎ᠤᠨ ᠬᠦᠰᠦᠨᠦᠭᠲᠦ》 ᠵᠢ ᠨᠢᠭᠡᠳᠦᠯᠲᠡᠶ ᠵᠣᠬᠢᠶᠠᠵᠤ ᠲᠠᠷᠬᠠᠭ᠋ᠠᠨ᠎ᠠ᠃

  《ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠲᠠᠰ᠎ᠤᠨ ᠦᠨᠡᠯᠡᠨ ᠵᠢᠱ᠌ᠢᠬᠦ ᠪᠠᠶ᠋ᠢᠭᠤᠯᠤᠮᠵᠢ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠡᠮ᠎ᠢ ᠬᠡᠷᠡᠭᠯᠡᠬᠦ ᠬᠣᠯᠪᠣᠭᠳᠠᠯ ᠪᠥᠬᠥᠶ ᠶᠠᠪᠤᠳᠠᠯ᠎ᠤᠨ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《〈ᠬᠣᠲᠠ ᠬᠥᠳᠡᠭᠡ ᠵᠢᠨ ᠡᠮᠴᠢᠯᠡᠭᠡᠨ᠎ᠤ ᠠᠪᠤᠷᠠᠨ ᠲᠤᠰᠠᠯᠠᠬᠤ ᠲᠦᠷᠢᠮ᠎ᠤᠨ ᠠᠶ᠋ᠢᠮᠠᠭ ᠬᠣᠲᠠ ᠵᠢᠨ ᠱᠠᠲᠤᠨ᠎ᠤ ᠨᠢᠭᠡᠳᠦᠯᠲᠡᠶ ᠲᠥᠯᠥᠪᠯᠡᠬᠦ ᠵᠢ ᠠᠬᠢᠭᠤᠯᠬᠤ ᠲᠤᠬᠠᠢ ᠥᠪᠦᠷ ᠮᠣᠩᠭᠤᠯ᠎ᠤᠨ ᠠᠵᠢᠯ᠎ᠤᠨ ᠲᠥᠰᠦᠯ〉᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《〈ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠬᠦ ᠵᠢ ᠪᠥᠬᠥ ᠲᠠᠯ᠎ᠠ᠎ᠪᠠᠷ ᠠᠬᠢᠭᠤᠯᠬᠤ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ〉᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠠᠵᠢᠯ᠎ᠢ ᠠᠬᠢᠭᠤᠯᠤᠶ᠎ᠠ
 
            