ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠭᠤᠷᠪᠠᠳᠠᠬᠢ ᠡᠲᠡᠭᠡᠳ᠎ᠤᠨ ᠪᠠᠢᠭᠤᠯᠤᠮᠵᠢ᠎ᠲᠠᠢ ᠬᠠᠮᠵᠢᠯᠴᠠᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ᠎ᠶᠢ ᠥᠷᠨᠢᠭᠦᠯᠬᠦ ᠬᠠᠮᠢᠶᠠᠷᠤᠯᠲᠠ᠎ᠶᠢᠨ ᠠᠷᠭ᠎ᠠ 》᠎ᠶᠢᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ
ᠨᠡᠶ᠋ᠢᠲᠡᠯᠡᠭᠰᠡᠨ ᠴᠠᠭ᠄ 2025-07-08

  ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ ᠂ ᠰᠠᠭᠤᠷᠢ ᠮᠥᠩᠭᠦ᠎ᠶᠢᠨ ᠬᠡᠷᠡᠭᠯᠡᠯᠲᠡ᠎ᠶᠢᠨ ᠦᠷ᠎ᠡ ᠪᠦᠲᠦᠮᠵᠢ ᠪᠠ ᠠᠮᠤᠷ ᠲᠦᠪᠰᠢᠨ᠎ᠤ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ᠎ᠶᠢᠨ       ᠲᠤᠰᠠᠳᠠ ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠲᠠᠢ ᠬᠠᠮᠵᠢᠯᠴᠠᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ᠎ᠶᠢ ᠥᠷᠨᠢᠭᠦᠯᠬᠦ ᠬᠠᠮᠢᠶᠠᠷᠤᠯᠲᠠ᠎ᠶᠢᠨ ᠠᠷᠭ᠎ᠠ》 (ᠳᠣᠷᠣᠭ᠍ᠰᠢ 《ᠠᠷᠭ᠎ᠠ》 ᠭᠡᠵᠦ ᠲᠣᠪᠴᠢᠯᠠᠨ᠎ᠠ)᠎ᠶᠢ ᠲᠣᠭᠲᠠᠭᠠᠵᠤ ᠂ ᠡᠳᠦᠭᠡ ᠲᠥᠷᠥ᠎ᠶᠢᠨ ᠪᠣᠳᠣᠯᠭ᠎ᠠ᠎ᠶᠢᠨ ᠠᠬᠤᠶ ᠪᠠᠶ᠋ᠢᠳᠠᠯ ᠂ ᠭᠤᠤᠯ ᠠᠭᠤᠯᠭ᠎ᠠ ᠵᠢᠴᠢ ᠵᠠᠩᠭᠢᠯᠠᠭ᠎ᠠ᠎ᠶᠢᠨ ᠭᠤᠤᠯᠳᠠᠯᠭ᠎ᠠ᠎ᠳᠦ ᠳᠣᠤᠷᠠᠬᠢ ᠮᠡᠲᠦ ᠲᠠᠶ᠋ᠢᠯᠤᠮᠵᠢ ᠬᠢᠶ᠎ᠠ ᠄

  ᠨᠢᠭᠡ ᠂ ᠲᠥᠷᠥ᠎ᠶᠢᠨ ᠪᠣᠳᠣᠯᠭ᠎ᠠ᠎ᠶᠢᠨ ᠠᠬᠤᠶ ᠪᠠᠶ᠋ᠢᠳᠠᠯ ᠬᠢᠭᠡᠳ ᠦᠨᠳᠦᠰᠦᠯᠡᠯ

  ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ ᠪᠣᠯ ᠠᠷᠠᠳ ᠣᠯᠠᠨ᠎ᠤ 《ᠠᠮᠢ ᠠᠪᠤᠷᠠᠬᠤ ᠵᠣᠭᠤᠰ》 ᠮᠥᠨ ᠂ ᠭᠡᠪᠡᠴᠦ ᠣᠶ᠋ᠢᠷ᠎ᠠ᠎ᠶᠢᠨ ᠵᠢᠯ᠎ᠳᠤ ᠳᠠᠭᠠᠳᠬᠠᠯ᠎ᠢ ᠮᠡᠬᠡᠯᠡᠬᠦ ᠂ ᠰᠠᠭᠤᠷᠢ ᠮᠥᠩᠭᠦ᠎ᠶᠢ ᠳᠤᠷ᠎ᠠ᠎ᠪᠠᠷ᠎ᠢᠶᠠᠨ ᠬᠡᠷᠡᠭᠯᠡᠬᠦ ᠵᠡᠷᠭᠡ ᠠᠰᠠᠭᠤᠳᠠᠯ ᠪᠠᠶ᠋ᠢᠨ ᠳᠠᠬᠢᠨ ᠡᠭᠦᠰᠴᠦ ᠪᠠᠶ᠋ᠢᠨ᠎ᠠ ᠃ ᠤᠯᠠᠮᠵᠢᠯᠠᠯᠲᠤ ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠲᠤ ᠲᠤᠰᠬᠠᠢᠵᠢᠯᠲᠠ ᠬᠦᠷᠦᠯᠴᠡᠬᠦ       ᠦᠭᠡᠢ ᠂ ᠮᠡᠷᠭᠡᠵᠢᠯ᠎ᠤᠨ ᠠᠷᠭ᠎ᠠ ᠪᠠᠷᠢᠯ᠎ᠤᠨ ᠬᠢᠵᠠᠭᠠᠷᠳᠠᠮᠠᠯ ᠵᠡᠷᠭᠡ ᠳᠤᠲᠠᠭᠤᠳᠠᠯ ᠣᠷᠣᠰᠢᠵᠤ ᠂ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠶᠢ ᠣᠷᠣᠭᠤᠯᠤᠨ ᠬᠢᠨᠠᠯᠲᠠ ᠬᠠᠮᠢᠶᠠᠷᠤᠯᠲᠠ᠎ᠳᠤ ᠣᠷᠣᠯᠴᠠᠭᠤᠯᠵᠤ ᠂ ᠲᠡᠭᠦᠨ᠎ᠤ ᠲᠤᠰᠬᠠᠶ ᠮᠡᠷᠭᠡᠵᠢᠯ᠎ᠤᠨ       ᠴᠢᠳᠠᠪᠤᠷᠢ ᠂ ᠮᠡᠷᠭᠡᠵᠢᠯ᠎ᠤᠨ ᠳᠠᠪᠠᠭᠤᠯᠢᠭ᠋ ᠵᠢᠴᠢ ᠪᠡᠶ᠎ᠡ᠎ᠪᠠᠨ ᠳᠠᠭᠠᠭᠠᠭᠰᠠᠨ ᠴᠢᠨᠠᠷ᠎ᠢ ᠠᠰᠢᠭ᠍ᠯᠠᠨ ᠂ ᠬᠢᠨᠠᠯᠲᠠ ᠬᠠᠮᠢᠶᠠᠷᠤᠯᠲᠠ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠵᠦ ᠪᠣᠯᠤᠨ᠎ᠠ ᠃ 《ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠳᠦᠷᠢᠮ》 ᠂ 《ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠤᠨ ᠲᠣᠭᠲᠠᠯᠴᠠᠭ᠎ᠠ᠎ᠶᠢᠨ ᠥᠭᠡᠷᠡᠴᠢᠯᠡᠯᠲᠡ᠎ᠶᠢ ᠠᠬᠢᠭᠤᠯᠬᠤ ᠲᠤᠬᠠᠶ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 (ᠲᠥᠷᠥ ᠠᠯᠪᠠᠨ ᠲᠠᠷᠬᠠᠭᠠᠭᠰᠠᠨ [ 2020 ] 20 ᠳ᠋ᠤᠭᠠᠷ ᠲᠣᠭᠠᠲᠤ) ᠵᠡᠷᠭᠡ ᠪᠢᠴᠢᠭ ᠮᠠᠲᠧᠷᠢᠶᠠᠯ᠎ᠤᠨ ᠱᠠᠭᠠᠷᠳᠠᠯᠭ᠎ᠠ᠎ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ ᠲᠣᠭᠲᠠᠭᠠᠭᠰᠠᠨ ᠲᠣᠰ 《ᠠᠷᠭ᠎ᠠ》᠎ᠲᠠᠢ ᠤᠶᠠᠯᠳᠤᠭᠤᠯᠤᠨ ᠂ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ᠎ᠶᠢᠨ ᠠᠵᠢᠯᠯᠠᠭ᠎ᠠ᠎ᠳᠤ ᠣᠷᠣᠯᠴᠠᠬᠤ ᠵᠢᠷᠤᠮᠵᠢᠯ᠎ᠢ ᠪᠡᠶᠡᠯᠡᠭᠦᠯᠵᠦ ᠂ 《ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ ᠂ ᠨᠡᠶ᠋ᠢᠭᠡᠮ᠎ᠠᠴᠠ ᠬᠠᠮᠵᠢᠯᠴᠠᠬᠤ ᠂ ᠮᠡᠷᠭᠡᠵᠢᠯ᠎ᠤᠨ ᠲᠤᠯᠭᠠᠭᠤᠷᠢᠯᠠᠯ ᠂ ᠬᠠᠤᠯᠢ᠎ᠪᠠᠷ ᠵᠠᠰᠠᠬᠤ ᠪᠠᠲᠤᠯᠠᠭ᠎ᠠ》᠎ᠶᠢᠨ ᠬᠢᠨᠠᠯᠲᠠ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠠᠶ᠋ᠢᠭᠤᠯᠤᠨ ᠂ ᠰᠠᠭᠤᠷᠢ ᠮᠥᠩᠭᠦ᠎ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠠᠵᠢᠯᠯᠠᠭᠠᠨ᠎ᠢ ᠦᠨᠡᠨ ᠬᠦ᠌ ᠪᠠᠲᠤᠯᠠᠨ᠎ᠠ ᠃

  ᠬᠤᠶᠠᠷ ᠂ ᠭᠤᠣᠯ ᠠᠭᠤᠯᠭ᠎ᠠ

  《ᠠᠷᠭ᠎ᠠ》᠎ᠳᠤ ᠨᠡᠶ᠋ᠢᠲᠡ ᠶᠢᠰᠦᠨ ᠪᠦᠯᠦᠭ ᠬᠤᠷᠢᠨ ᠲᠠᠪᠤᠨ ᠵᠣᠷᠪᠣᠰ ᠪᠠᠶ᠋ᠢᠵᠤ ᠂ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠶᠢ ᠣᠷᠣᠭᠤᠯᠤᠨ ᠠᠪᠴᠢᠷᠠᠬᠤ ᠂ ᠬᠢᠷᠢ ᠬᠡᠮ᠎ᠤᠨ ᠱᠠᠭᠠᠷᠳᠠᠯᠭ᠎ᠠ ᠂ ᠡᠭᠦᠷᠭᠡ ᠬᠠᠷᠢᠭᠤᠴᠠᠯᠭ᠎ᠠ ᠂ ᠡᠷᠬᠡ ᠠᠰᠢᠭ᠋ ᠂ ᠬᠢᠨᠠᠯᠲᠠ ᠂ ᠪᠠᠶ᠋ᠢᠴᠠᠭᠠᠯᠲᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ᠎ᠶᠢ ᠬᠠᠮᠤᠷᠪᠠ ᠄

  1. ᠣᠷᠣᠭᠤᠯᠬᠤ ᠶᠠᠪᠤᠴᠠ᠎ᠶᠢ ᠵᠢᠷᠤᠮᠵᠢᠭᠤᠯᠤᠨ᠎ᠠ ᠃ ᠢᠯᠡ᠎ᠪᠠᠷ ᠳᠠᠭᠠᠭᠠᠴᠢᠯᠠᠯᠲᠠ ᠵᠠᠷᠯᠠᠬᠤ ᠪᠤᠶᠤ ᠵᠠᠰᠠᠭ᠎ᠤᠨ ᠣᠷᠳᠣᠨ ᠬᠤᠳᠠᠯᠳᠤᠨ ᠠᠪᠬᠤ ᠦᠢᠯᠡᠴᠢᠯᠡᠭᠡᠨ᠎ᠦ ᠠᠷᠭ᠎ᠠ ᠮᠠᠶᠢᠭ᠋᠎ᠢᠶᠠᠷ ᠳᠠᠮᠵᠢᠭᠤᠯᠤᠨ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠶᠢᠨ ᠰᠢᠯᠢᠳᠡᠭ᠎ᠢ᠎ᠨᠢ ᠰᠣᠩᠭᠤᠵᠤ ᠂ ᠭᠡᠷ᠎ᠡ ᠲᠣᠭᠲᠠᠵᠤ ᠡᠷᠬᠡ ᠬᠠᠷᠢᠭᠤᠴᠠᠯᠭ᠎ᠠ᠎ᠶᠢᠨ ᠵᠠᠭᠠᠭ ᠱᠤᠭᠤᠮ ᠂ ᠨᠢᠭᠤᠴᠠ᠎ᠶᠢ ᠬᠠᠮᠠᠭᠠᠯᠠᠬᠤ ᠡᠭᠦᠷᠭᠡ ᠂ ᠰᠢᠯᠭᠠᠨ ᠬᠢᠨᠠᠬᠤ ᠪᠠᠷᠢᠮᠵᠢᠶ᠎ᠠ ᠵᠢᠴᠢ ᠭᠡᠷ᠎ᠡ᠎ᠠᠴᠠ ᠵᠥᠷᠢᠴᠡᠭᠰᠡᠨ ᠬᠠᠷᠢᠭᠤᠴᠠᠯᠭ᠎ᠠ᠎ᠶᠢ ᠲᠣᠳᠣᠷᠬᠠᠶ᠋ᠢᠯᠠᠨ᠎ᠠ ᠃ ᠡᠮᠴᠢᠯᠡᠭᠡᠨ᠎ᠦ ᠪᠠᠲᠤᠯᠠᠭ᠎ᠠ᠎ᠶᠢᠨ ᠰᠢᠰᠲᠧᠮ᠎ᠤᠨ ᠠᠵᠢᠯᠲᠠᠨ᠎ᠤ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠶᠢ ᠲᠣᠭᠲᠠᠭᠠᠬᠤ ᠪᠤᠶᠤ ᠪᠠᠲᠤᠯᠠᠨ ᠲᠠᠨᠢᠯᠴᠠᠭᠤᠯᠬᠤ᠎ᠶᠢ ᠴᠢᠩᠭ᠎ᠠ ᠴᠠᠭᠠᠵᠠᠯᠠᠵᠤ ᠂ ᠡᠷᠬᠡ ᠲᠡᠭᠰᠢ ᠲᠥᠪ ᠭᠣᠤᠯᠴᠢ ᠪᠠᠶ᠋ᠢᠬᠤ᠎ᠶᠢ ᠦᠨᠡᠨ ᠬᠦ᠌       ᠪᠠᠲᠤᠯᠠᠨ᠎ᠠ ᠃

  2. ᠬᠢᠷᠢ ᠭᠡᠮ᠎ᠤᠨ ᠱᠠᠭᠠᠷᠳᠠᠯᠭ᠎ᠠ᠎ᠶᠢ ᠲᠣᠳᠣᠷᠬᠠᠢᠯᠠᠨ᠎ᠠ ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠨᠢ ᠡᠮᠴᠢᠯᠡᠭᠡ ᠂ ᠬᠠᠤᠯᠢ ᠴᠠᠭᠠᠵᠠ ᠂ ᠬᠢᠨᠠᠨ ᠪᠤᠳᠤᠬᠤ ᠵᠡᠷᠭᠡ ᠬᠦᠷᠢᠶᠡᠨ᠎ᠳᠠᠬᠢ ᠮᠡᠷᠭᠡᠵᠢᠯ᠎ᠤᠨ ᠲᠤᠰᠬᠠᠶ ᠮᠡᠷᠭᠡᠵᠢᠯᠲᠡᠨ ᠵᠢᠴᠢ ᠬᠠᠮᠢᠶ᠎ᠠ ᠪᠥᠬᠦᠶ ᠬᠢᠷᠢ ᠬᠡᠮ᠎ᠢ ᠪᠦᠷᠢᠯᠳᠦᠭᠦᠯᠵᠦ ᠂ ᠢᠲᠡᠭᠡᠮᠵᠢ᠎ᠶᠢᠨ ᠲᠡᠮᠳᠡᠭᠯᠡᠯ ᠰᠠᠶ᠋ᠢᠨ ᠪᠠᠢᠬᠤ ᠬᠡᠷᠡᠭᠲᠡᠢ ᠃ ᠪᠠᠶ᠋ᠢᠭᠤᠯᠤᠮᠵᠢ᠎ᠶᠢᠨ ᠬᠢᠷᠢ ᠬᠡᠮ ᠂ ᠢᠲᠡᠭᠡᠮᠵᠢ᠎ᠶᠢᠨ ᠮᠡᠳᠡᠭᠡ ᠵᠠᠩᠭᠢ ᠵᠢᠴᠢ ᠦᠢᠯᠡᠴᠢᠯᠡᠭᠡᠨ᠎ᠤ ᠪᠠᠷᠢᠮᠵᠢᠶ᠎ᠠ᠎ᠶᠢ ᠡᠷᠬᠡᠪᠰᠢ ᠢᠯᠡ ᠪᠣᠯᠭᠠᠵᠤ ᠂ ᠨᠡᠶ᠋ᠢᠭᠡᠮ᠎ᠤᠨ ᠬᠢᠨᠠᠯᠲᠠ᠎ᠶᠢ ᠬᠦᠯᠢᠶᠡᠨ᠎ᠡ ᠃

  3. ᠡᠭᠦᠷᠭᠡ ᠬᠠᠷᠢᠭᠤᠴᠠᠯᠭ᠎ᠠ᠎ᠶᠢ ᠴᠢᠩᠭᠠᠷᠠᠭᠤᠯᠤᠨ᠎ᠠ ᠃ ᠭᠤᠷᠪᠠᠳᠡᠬᠢ ᠡᠲᠡᠭᠡᠳ᠎ᠤᠨ ᠪᠠᠶ᠋ᠢᠭᠤᠯᠤᠮᠵᠢ ᠪᠡᠶ᠎ᠡ᠎ᠪᠠᠨ ᠳᠠᠭᠠᠭᠠᠵᠤ ᠂ ᠪᠤᠰᠤᠳᠴᠢ ᠂ ᠲᠥᠪ ᠭᠤᠣᠯᠴᠢ᠎ᠪᠠᠷ ᠦᠢᠯᠡᠴᠢᠯᠡᠭᠡ ᠥᠷᠨᠢᠭᠦᠯᠬᠦ᠎ᠶᠢ ᠱᠠᠭᠠᠷᠳᠠᠵᠤ ᠂ ᠭᠠᠷᠭᠠᠭᠰᠠᠨ ᠳ᠋ᠦᠩ᠎ᠳᠤ ᠬᠠᠷᠢᠭᠤᠴᠠᠬᠤ ᠬᠡᠷᠡᠭᠲᠡᠢ ᠃ ᠵᠠᠶ᠋ᠢᠯᠠᠭᠤᠯᠬᠤ ᠳᠦᠷᠢᠮ᠎ᠢ ᠬᠡᠷᠡᠭᠵᠢᠭᠦᠯᠵᠦ ᠂ ᠠᠰᠢᠭ᠋ ᠲᠤᠰᠠ᠎ᠶᠢᠨ ᠮᠥᠷᠭᠥᠯᠳᠦᠭᠡᠨ᠎ᠠᠴᠠ ᠵᠠᠶ᠋ᠢᠯᠠᠰᠬᠢᠨ᠎ᠡ ; ᠨᠢᠭᠤᠴᠠ᠎ᠶᠢ ᠬᠠᠮᠠᠭᠠᠯᠠᠬᠤ ᠲᠣᠭᠲᠠᠭᠠᠯ᠎ᠢ ᠴᠢᠩᠭ᠎ᠠ ᠵᠢᠷᠤᠮᠯᠠᠨ᠎ᠠ ᠃

  4. ᠬᠠᠤᠯᠢ ᠶᠣᠰᠣᠨ᠎ᠤ ᠡᠷᠬᠡ᠎ᠶᠢ ᠪᠠᠲᠤᠯᠠᠨ᠎ᠠ ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠨᠢ ᠭᠠᠷ ᠲᠦᠷᠦᠭᠦ᠎ᠶᠢ ᠵᠥᠪᠰᠢᠶᠡᠷᠡᠬᠦ ᠦᠭᠡᠶ ᠪᠠᠶ᠋ᠢᠬᠤ ᠡᠷᠬᠡ᠎ᠲᠠᠢ ᠪᠥᠭᠡᠳ ᠭᠠᠳᠠᠨᠠᠬᠢ ᠬᠠᠷᠰᠢᠯᠠᠬᠤ ᠠᠵᠢᠯᠯᠠᠭ᠎ᠠ᠎ᠶᠢ ᠲᠡᠮᠳᠡᠭᠯᠡᠨ ᠢᠯᠡᠴᠢᠯᠡᠨ ᠮᠡᠳᠡᠭᠦᠯᠵᠦ ᠪᠣᠯᠤᠨ᠎ᠠ ᠃ ᠡᠷᠬᠡ ᠣᠯᠭᠤᠭᠰᠠᠨ ᠬᠡᠪᠴᠢᠶᠡᠨ᠎ᠳᠦ ᠡᠮᠴᠢᠯᠡᠭᠡᠨ᠎ᠤ ᠪᠠᠲᠤᠯᠠᠭ᠎ᠠ᠎ᠶᠢᠨ ᠲᠤᠭ᠎ᠠ ᠪᠠᠷᠢᠮᠲᠠ᠎ᠶᠢ ᠲᠣᠭᠲᠠᠭᠠᠯ᠎ᠳᠤ ᠨᠡᠶ᠋ᠢᠴᠡᠭᠦᠯᠦᠨ ᠬᠡᠷᠡᠭᠯᠡᠵᠦ ᠂ ᠬᠡᠷᠡᠭᠯᠡᠭᠰᠡᠨ᠎ᠤ ᠳᠠᠷᠠᠭ᠎ᠠ ᠴᠠᠭ ᠲᠤᠬᠠᠶ᠎ᠳᠤ ᠨᠢ ᠤᠰᠠᠳᠬᠠᠬᠤ ᠪᠤᠶᠤ ᠪᠤᠴᠠᠭᠠᠬᠤ ᠪᠤᠴᠠᠭᠠᠨ᠎ᠠ ᠃

  5. ᠬᠢᠨᠠᠯᠲᠠ ᠬᠠᠮᠢᠶᠠᠷᠤᠯᠲᠠ᠎ᠶᠢ ᠴᠢᠩᠳᠠᠯᠠᠨ᠎ᠠ ᠃ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠰᠤᠭᠤᠴᠢᠨ ᠪᠠᠶ᠋ᠢᠴᠠᠭᠠᠬᠤ ᠂ ᠣᠨ᠎ᠤ ᠮᠡᠳᠡᠭᠦᠯᠦᠯᠲᠡ᠎ᠶᠢ ᠬᠠᠷᠭᠤᠭᠤᠯᠤᠨ ᠪᠠᠶ᠋ᠢᠴᠠᠭᠠᠬᠤ ᠂ ᠵᠠᠭᠠᠯᠳᠤᠯᠭ᠎ᠠ᠎ᠶᠢ ᠰᠢᠢᠳᠪᠦᠷᠢᠯᠡᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠬᠢᠨᠠᠯᠲᠠ ᠲᠠᠯᠪᠢᠬᠤ᠎ᠶᠢ ᠴᠢᠩᠭᠠᠳᠬᠠᠨ᠎ᠠ ᠃ ᠢᠲᠡᠭᠡᠮᠵᠢ᠎ᠶᠢ ᠦᠨᠡᠯᠡᠬᠦ ᠲᠣᠭᠲᠠᠴᠠ᠎ᠶᠢ       ᠪᠠᠶ᠋ᠢᠭᠤᠯᠵᠤ ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ᠎ᠶᠢᠨ ᠬᠠᠮᠲᠤ ᠢᠲᠡᠭᠡᠮᠵᠢ ᠠᠯᠳᠠᠭᠰᠠᠨ ᠮᠡᠳᠡᠭᠡ ᠵᠠᠩᠭᠢ᠎ᠶᠢ ᠢᠯᠡ ᠪᠣᠯᠭᠠᠨ᠎ᠠ ᠃

  6. ᠪᠠᠶ᠋ᠢᠴᠠᠭᠠᠵᠤ ᠦᠨᠡᠯᠡᠨ ᠵᠢᠱ᠌ᠢᠬᠦ᠎ᠶᠢ ᠲᠣᠳᠣᠷᠬᠠᠶ᠋ᠢᠯᠠᠨ᠎ᠠ ᠃ ᠪᠦᠬᠦ ᠶᠠᠪᠤᠴᠠ᠎ᠳᠦ ᠪᠠᠶ᠋ᠢᠴᠠᠭᠠᠬᠤ᠎ᠳᠤ ᠣᠷᠣᠯᠴᠠᠬᠤ᠎ᠶᠢᠨ ᠬᠠᠮᠲᠤ ᠵᠥᠷᠢᠶ᠎ᠡ᠎ᠶᠢ ᠴᠠᠭ ᠲᠤᠬᠠᠶ᠎ᠳᠦ ᠨᠢ ᠵᠠᠯᠠᠷᠠᠭᠤᠯᠵᠤ ᠂ ᠲᠤᠭ᠎ᠠ ᠪᠠᠷᠢᠮᠲᠠ᠎ᠶᠢ ᠰᠣᠯᠪᠢᠴᠠᠭᠤᠯᠤᠨ ᠬᠠᠷᠭᠤᠭᠤᠯᠤᠨ ᠪᠠᠶ᠋ᠢᠴᠠᠭᠠᠬᠤ ᠠᠵᠢᠯ᠎ᠢ ᠥᠷᠨᠢᠭᠦᠯᠵᠦ ᠂ ᠠᠩᠬᠠᠨ᠎ᠤ ᠮᠠᠲᠧᠷᠢᠶᠠᠯ᠎ᠢ ᠰᠣᠩᠭᠤᠨ ᠠᠪᠴᠤ ᠬᠠᠷᠭᠤᠭᠤᠯᠤᠨ ᠪᠠᠶ᠋ᠢᠴᠠᠭᠠᠬᠤ       ᠬᠡᠷᠡᠭᠲᠡᠶ ᠃ ᠪᠣᠳᠠᠲᠤ ᠦᠷ᠎ᠡ ᠪᠦᠲᠦᠮᠵᠢ ᠂ ᠶᠠᠰᠤ ᠴᠢᠨᠠᠷ ᠂ ᠲᠣᠭᠲᠠᠭᠠᠯ᠎ᠳᠤ ᠨᠡᠶ᠋ᠢᠴᠡᠬᠦ ᠵᠡᠷᠭᠡ ᠲᠠᠯ᠎ᠠ᠎ᠠᠴᠠ ᠦᠨᠡᠯᠡᠨ ᠵᠢᠱ᠌ᠢᠵᠦ ᠂ ᠦᠨᠡᠯᠡᠨ ᠵᠢᠱ᠌ᠢᠭᠰᠡᠨ ᠳ᠋ᠦᠩ᠎ᠢ ᠦᠨᠳᠦᠰᠦᠯᠡᠨ ᠵᠣᠬᠢᠴᠠᠩᠭᠤᠶ ᠰᠢᠢᠳᠪᠦᠷᠢᠯᠡᠨ᠎ᠡ ᠃

  7. ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ ᠃ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠭᠡᠷ᠎ᠡ᠎ᠳᠤ ᠪᠣᠯᠵᠣᠨ ᠲᠣᠭᠲᠠᠭᠰᠠᠨ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠠᠴᠠ ᠬᠠᠤᠯᠢ ᠴᠠᠭᠠᠵᠠ᠎ᠶᠢᠨ ᠬᠠᠷᠢᠭᠤᠴᠠᠯᠭ᠎ᠠ ᠵᠢᠴᠢ ᠭᠡᠷ᠎ᠡ᠎ᠶᠢ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠨ᠎ᠡ ᠃ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ ᠨᠡᠷ᠎ᠡ᠎ᠪᠠᠷ ᠦᠢᠯᠡᠳᠬᠦᠨ᠎ᠢ ᠳᠤᠷ᠎ᠠ᠎ᠪᠠᠷ᠎ᠢᠶᠠᠨ ᠪᠠᠶ᠋ᠢᠴᠠᠭᠠᠨ ᠪᠠᠶ᠋ᠢᠴᠠᠭᠠᠬᠤ ᠪᠤᠶᠤ ᠪᠣᠷᠣᠯᠠᠭᠤᠯᠬᠤ᠎ᠶᠢ ᠴᠢᠩᠭ᠎ᠠ ᠴᠠᠭᠠᠵᠠᠯᠠᠨ᠎ᠠ ᠃

  ᠭᠤᠷᠪᠠ ᠂ ᠵᠠᠩᠭᠢᠯᠠᠭ᠎ᠠ᠎ᠶᠢᠨ ᠴᠡᠭ᠎ᠤᠨ ᠲᠠᠶ᠋ᠢᠯᠤᠮᠵᠢ

  1.ᠭᠤᠷᠪᠠᠳᠠᠬᠤᠢ ᠡᠲᠡᠭᠡᠳ᠎ᠦᠨ ᠪᠠᠢᠭᠤᠯᠤᠮᠵᠢ᠎ᠶᠢᠨ ᠲᠣᠮᠢᠶᠠᠯᠠᠯ ᠪᠣᠯᠤᠨ ᠬᠦᠷᠢᠶ᠎ᠡ ᠃ 《ᠠᠷᠭ᠎ᠠ》᠎ᠳᠤ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠮᠡᠳᠡᠭᠡ ᠵᠠᠩᠭᠢ᠎ᠶᠢᠨ ᠮᠡᠷᠭᠡᠵᠢᠯ᠎ᠤᠨ ᠦᠢᠯᠡᠴᠢᠯᠡᠭᠡᠨ᠎ᠤ ᠪᠠᠶ᠋ᠢᠭᠤᠯᠤᠮᠵᠢ ᠂ ᠨᠢᠭ᠍ᠲᠠᠯᠠᠨ ᠪᠤᠳᠤᠭ᠍ᠴᠢ᠎ᠶᠢᠨ ᠬᠡᠷᠡᠭ ᠡᠷᠬᠢᠯᠡᠬᠦ ᠭᠠᠵᠠᠷ ᠂ ᠬᠤᠳᠠᠯᠳᠤᠭᠠᠨ᠎ᠤ ᠳᠠᠭᠠᠳᠬᠠᠯ᠎ᠤᠨ ᠪᠠᠶ᠋ᠢᠭᠤᠯᠤᠮᠵᠢ ᠵᠡᠷᠭᠡ ᠲᠤᠰᠬᠠᠶ ᠪᠠᠶ᠋ᠢᠭᠤᠯᠤᠮᠵᠢ᠎ᠶᠢ ᠪᠠᠭᠲᠠᠭᠠᠵᠤ ᠂ ᠬᠢᠨᠠᠨ ᠪᠤᠳᠤᠬᠤ ᠂ ᠬᠠᠤᠯᠢ ᠴᠠᠭᠠᠵᠠ ᠂ ᠮᠡᠷᠭᠡᠵᠢᠯ ᠵᠡᠷᠭᠡ ᠣᠯᠠᠨ ᠬᠦᠷᠢᠶ᠎ᠡ᠎ᠶᠢ ᠬᠠᠮᠤᠷᠴᠤ ᠂ ᠣᠯᠠᠨ ᠡᠰᠢᠵᠢᠭᠰᠡᠨ ᠬᠢᠨᠠᠯᠲᠠ ᠬᠠᠮᠢᠶᠠᠷᠤᠯᠲᠠ᠎ᠶᠢᠨ ᠨᠡᠶ᠋ᠢᠯᠡᠮᠡᠯ ᠬᠦᠴᠦᠨ᠎ᠢ ᠪᠣᠶ ᠪᠣᠯᠭᠠᠨ᠎ᠠ ᠭᠡᠵᠦ ᠲᠣᠳᠣᠷᠬᠠᠶ ᠲᠣᠭᠲᠠᠭᠠᠪᠠ ᠃

  2. ᠣᠷᠣᠭᠤᠯᠤᠨ ᠠᠪᠴᠢᠷᠠᠬᠤ ᠶᠠᠪᠤᠴᠠ᠎ᠶᠢᠨ ᠲᠥᠪ ᠭᠣᠤᠯᠴᠢ ᠴᠢᠨᠠᠷ ᠃ ᠵᠠᠰᠠᠭ᠎ᠤᠨ ᠣᠷᠳᠣᠨ ᠬᠤᠳᠠᠯᠳᠤᠨ ᠠᠪᠬᠤ ᠦᠢᠯᠡᠴᠢᠯᠡᠭᠡᠨ᠎ᠦ ᠠᠷᠭ᠎ᠠ ᠮᠠᠶᠢᠭ᠋᠎ᠢᠶᠠᠷ ᠳᠠᠮᠵᠢᠭᠤᠯᠤᠨ ᠣᠷᠣᠭᠤᠯᠤᠨ ᠠᠪᠴᠢᠷᠠᠵᠤ ᠂ ᠳᠠᠯᠳᠠᠭᠤᠷ ᠠᠵᠢᠯᠯᠠᠬᠤ᠎ᠠᠴᠠ ᠵᠠᠶ᠋ᠢᠯᠠᠰᠬᠢᠨ᠎ᠡ ; ᠭᠡᠷ᠎ᠡ᠎ᠶᠢᠨ ᠵᠦᠢᠯ ᠵᠤᠷᠪᠤᠰ᠎ᠨᠢ ᠦᠢᠯᠡᠴᠢᠯᠡᠭᠡᠨ᠎ᠤ ᠠᠭᠤᠯᠭ᠎ᠠ ᠪᠠ ᠬᠠᠷᠢᠭᠤᠴᠠᠯᠭ᠎ᠠ᠎ᠶᠢᠨ ᠵᠠᠭᠠᠭ ᠬᠢᠵᠠᠭᠠᠷ᠎ᠢ ᠪᠥᠬᠦ ᠲᠠᠯ᠎ᠠ᠎ᠪᠠᠷ ᠬᠠᠮᠤᠷᠴᠤ ᠂ ᠬᠠᠷᠢᠯᠴᠠᠨ ᠲᠦᠯᠬᠢᠯᠴᠡᠬᠦ᠎ᠡᠴᠡ ᠰᠡᠷᠭᠡᠶ᠋ᠢᠯᠡᠨ᠎ᠡ ᠃

  3. ᠪᠡᠶ᠎ᠡ᠎ᠪᠠᠨ ᠳᠠᠭᠠᠭᠠᠭᠰᠠᠨ ᠴᠢᠨᠠᠷᠲᠠᠶ ᠪᠠᠲᠤᠯᠠᠭ᠎ᠠ᠎ᠶᠢᠨ ᠠᠷᠭ᠎ᠠ ᠬᠡᠮᠵᠢᠶ᠎ᠡ ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠦᠢᠯᠡ ᠠᠵᠢᠯᠯᠠᠭ᠎ᠠ᠎ᠪᠠᠨ ᠲᠡᠮᠳᠡᠭᠯᠡᠨ ᠭᠠᠷ ᠲᠦᠷᠦᠭᠦ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ ᠂ ᠬᠢᠨᠠᠯᠲᠠ ᠬᠠᠮᠢᠶᠠᠷᠤᠯᠲᠠ᠎ᠶᠢ ᠬᠠᠷᠰᠢᠯᠠᠬᠤ ᠦᠭᠡᠢ ᠪᠠᠶ᠋ᠢᠬᠤ᠎ᠶᠢ ᠦᠨᠡᠨ ᠬᠦ᠌ ᠪᠠᠲᠤᠯᠠᠨ᠎ᠠ ᠃ ᠵᠠᠶ᠋ᠢᠯᠠᠬᠤ ᠲᠦᠷᠢᠮ᠎ᠢ ᠬᠡᠷᠡᠭᠵᠢᠭᠦᠯᠵᠦ ᠂ ᠠᠰᠢᠭ᠋ ᠲᠤᠰᠠ᠎ᠶᠢᠨ ᠬᠤᠯᠪᠣᠯᠳᠤᠯ᠎ᠢ ᠡᠷᠡᠰ ᠬᠤᠷᠢᠭ᠍ᠯᠠᠨ᠎ᠠ ᠃

  4. ᠲᠣᠭ᠎ᠠ ᠪᠠᠷᠢᠮᠲᠠ᠎ᠶᠢᠨ ᠠᠮᠤᠷ ᠲᠦᠪᠰᠢᠨ ᠬᠢᠭᠡᠳ ᠨᠢᠭᠤᠴᠠ᠎ᠶᠢ ᠬᠠᠮᠠᠭᠠᠯᠠᠬᠤ ᠡᠭᠦᠷᠭᠡ ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠵᠥᠪᠬᠡᠨ 《ᠬᠠᠮᠤᠭ᠎ᠤᠨ ᠪᠠᠭ᠎ᠠ ᠵᠠᠪᠠᠯ ᠬᠡᠷᠡᠭᠰᠡᠬᠦ ᠵᠠᠷᠴᠢᠮ》᠎ᠤᠨ ᠶᠣᠰᠣᠭᠠᠷ ᠡᠮᠴᠢᠯᠡᠭᠡᠨ᠎ᠦ ᠪᠠᠲᠤᠯᠠᠭ᠎ᠠ᠎ᠶᠢᠨ ᠲᠤᠭ᠎ᠠ ᠪᠠᠷᠢᠮᠲᠠ᠎ᠶᠢ ᠬᠡᠷᠡᠭᠯᠡᠵᠦ ᠂ ᠬᠡᠷᠡᠭᠯᠡᠭᠰᠡᠨ᠎ᠤ ᠳᠠᠷᠠᠭ᠎ᠠ ᠴᠠᠭ ᠲᠤᠬᠠᠶ᠎ᠳᠦ ᠨᠢ ᠤᠰᠠᠳᠬᠠᠬᠤ ᠪᠤᠶᠤ ᠬᠢᠨᠠᠯᠲᠠ ᠲᠠᠯᠪᠢᠯᠲᠠ᠎ᠶᠢᠨ ᠳᠣᠤᠷ᠎ᠠ ᠪᠤᠴᠠᠭᠠᠬᠤ ᠬᠡᠷᠡᠭᠲᠡᠶ ᠂ ᠲᠤᠭ᠎ᠠ ᠪᠠᠷᠢᠮᠲᠠ᠎ᠶᠢᠨ ᠨᠢᠭᠤᠴᠠ᠎ᠶᠢ ᠵᠠᠳᠠᠷᠠᠭᠤᠯᠬᠤ ᠲᠦᠭᠰᠢᠭᠦᠷᠢ᠎ᠶᠢ ᠰᠡᠷᠭᠡᠢᠯᠡᠨ᠎ᠡ ᠃

  5. ᠨᠡᠶ᠋ᠢᠭᠡᠮ᠎ᠤᠨ ᠬᠢᠨᠠᠯᠲᠠ ᠲᠠᠯᠪᠢᠬᠤ ᠲᠣᠭᠲᠠᠴᠠ ᠃ ᠣᠯᠠᠨ ᠲᠦᠮᠡᠨ ᠵᠠᠬᠢᠳᠠᠯ ᠂ 12345 ᠬᠠᠯᠠᠮᠰᠢᠯ        ᠤᠲᠠᠰᠤ ᠂ ᠠᠯᠪᠠᠨ᠎ᠤ ᠰᠦᠯᠵᠢᠶ᠎ᠡ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠶᠢᠨ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠢᠯᠡᠴᠢᠯᠡᠨ ᠮᠡᠳᠡᠭᠦᠯᠵᠦ ᠪᠣᠯᠣᠨ᠎ᠠ ᠂ 《ᠵᠠᠰᠠᠭ᠎ᠤᠨ ᠣᠷᠳᠣᠨ + ᠨᠡᠶ᠋ᠢᠭᠡᠮ》᠎ᠤᠨ ᠬᠢᠨᠠᠯᠲᠠ ᠲᠠᠯᠪᠢᠬᠤ ᠳᠠᠪᠬᠤᠷ ᠰᠦᠯᠵᠢᠶ᠎ᠡ᠎ᠶᠢ ᠪᠣᠶ ᠪᠣᠯᠭᠠᠨ᠎ᠠ ᠃

  ᠳᠥᠷᠪᠡ ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ

  1. ᠮᠡᠳᠡᠭᠡ ᠵᠠᠩᠭᠢ᠎ᠶᠢ ᠢᠯᠡ ᠲᠣᠳᠣ᠌ ᠪᠠᠶ᠋ᠢᠯᠭᠠᠨ᠎ᠠ ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠰᠠᠨᠠᠭᠠᠴᠢᠯᠠᠭ᠎ᠠ᠎ᠠᠴᠠ᠎ᠪᠠᠨ ᠬᠢᠷᠢ ᠬᠡᠮ ᠂ ᠢᠲᠡᠭᠡᠮᠵᠢ ᠵᠢᠴᠢ ᠦᠢᠯᠡᠴᠢᠯᠡᠭᠡᠨ᠎ᠤ ᠮᠡᠳᠡᠭᠡ ᠵᠠᠩᠭᠢ᠎ᠶᠢ ᠢᠯᠡ ᠪᠣᠯᠭᠠᠵᠤ ᠂ ᠣᠯᠠᠨ ᠨᠡᠶ᠋ᠢᠲᠡ᠎ᠶᠢᠨ ᠬᠢᠨᠠᠯᠲᠠ ᠲᠠᠯᠪᠢᠬᠤ᠎ᠳᠤ ᠲᠥᠬᠦᠮ ᠦᠵᠡᠭᠦᠯᠬᠦ ᠬᠡᠷᠡᠭᠲᠡᠶ ᠃

  2. ᠬᠥᠳᠡᠯᠦᠩᠭᠦᠶ ᠬᠢᠨᠠᠨ ᠰᠢᠯᠭᠠᠵᠤ ᠦᠨᠡᠯᠡᠨ᠎ᠡ ᠃ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠶᠢᠨ ᠦᠢᠯᠡᠴᠢᠯᠡᠭᠡᠨ᠎ᠤ ᠶᠠᠰᠤ ᠴᠢᠨᠠᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠵᠦ ᠂ 《ᠣᠷᠣᠭᠤᠯᠵᠤ ᠪᠣᠯᠬᠤ ᠮᠥᠷᠲᠡᠭᠡᠨ ᠭᠠᠷᠴᠤ ᠪᠣᠯᠬᠤ》 ᠬᠥᠳᠡᠯᠦᠩᠭᠦᠶ ᠬᠠᠮᠢᠶᠠᠷᠤᠯᠲᠠ᠎ᠶᠢᠨ ᠲᠣᠭᠲᠠᠴᠠ᠎ᠶᠢ ᠪᠠᠶ᠋ᠢᠭᠤᠯᠬᠤ ᠬᠡᠷᠡᠭᠲᠡᠶ ᠃

  3. ᠢᠲᠡᠭᠡᠮᠵᠢ᠎ᠶᠢ ᠬᠠᠮᠲᠤᠷᠠᠨ ᠵᠠᠯᠬᠠᠭᠠᠨ ᠴᠡᠭᠡᠷᠯᠡᠭᠦᠯᠦᠨ᠎ᠡ ᠃ ᠢᠲᠡᠭᠡᠮᠵᠢ ᠠᠯᠳᠠᠭᠰᠠᠨ ᠮᠡᠳᠡᠭᠡ ᠵᠠᠩᠭᠢ᠎ᠶᠢ ᠢᠲᠡᠭᠡᠮᠵᠢ᠎ᠶᠢᠨ ᠲᠣᠭᠲᠠᠯᠴᠠᠭ᠎ᠠ᠎ᠳᠤ ᠣᠷᠣᠭᠤᠯᠵᠤ ᠂ 《ᠨᠢᠭᠡ ᠭᠠᠵᠠᠷ᠎ᠲᠤ ᠢᠲᠡᠭᠡᠮᠵᠢ ᠠᠯᠳᠠᠪᠠᠯ ᠂ ᠭᠠᠵᠠᠷ ᠪᠣᠯᠭᠠᠨ᠎ᠳᠤ ᠬᠢᠵᠠᠭᠠᠷᠯᠠᠭᠳᠠᠬᠤ》 ᠬᠢᠵᠠᠭᠠᠷᠯᠠᠬᠤ ᠬᠦᠴᠦᠨ᠎ᠢ ᠪᠣᠶ ᠪᠣᠯᠭᠠᠬᠤ ᠬᠡᠷᠡᠭᠲᠡᠶ ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】《ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠠᠷᠪᠠᠨ ᠵᠢᠷᠭᠤᠭ᠋ᠠᠨ ᠵᠦᠢ᠍ᠯ᠎ᠤᠨ ᠠᠷᠠᠳ᠎ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】《ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠨᠠᠢ᠌ᠳᠠᠨ ᠰᠠᠭ᠋ᠠᠲᠠᠭᠤᠯᠬᠤ ᠦᠢ᠍ᠯᠡᠴᠢᠯᠡᠭᠡᠨ᠎ᠤ ᠬᠥᠭᠵᠢᠯᠲᠡ᠎ᠳᠠᠬᠢ ᠳᠡᠮᠵᠢᠯᠡᠭᠡ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠤᠨ ᠲᠠᠢ᠌ᠯᠤᠮᠵᠢ
【ᠵᠢᠷᠤᠭᠲᠤ ᠲᠠᠢ᠌ᠯᠤᠮᠵᠢ】【ᠭᠤᠣᠯ ᠰᠡᠳᠦᠪᠲᠦ ᠬᠦᠮᠦᠵᠢᠯ 】 ᠦᠬᠠᠶ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠭᠤᠷᠪᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ
【ᠵᠢᠷᠤᠭᠲᠤ ᠲᠠᠢ᠌ᠯᠤᠮᠵᠢ】 ᠡᠮᠴᠢᠯᠡᠭᠡᠨ᠎ᠤ ᠪᠠᠲᠤᠯᠠᠭ᠎ᠠ ᠵᠢᠨ ᠠᠷᠠᠳ᠎ᠤᠨ ᠠᠮᠢᠳᠤᠷᠠᠯ᠎ᠤᠨ ᠡᠭᠦᠷᠭᠡ ᠬᠠᠷᠢᠭᠤᠴᠠᠯᠭ᠎ᠠ ᠵᠢ ᠴᠢᠩᠭ᠎ᠠ ᠡᠵᠡᠮᠳᠡᠵᠦ ᠭᠣᠣᠯ ᠰᠡᠳᠦᠪᠲᠦ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ ᠬᠡᠷᠡᠭᠲᠡᠢ
【ᠵᠢᠷᠤᠭᠲᠤ ᠲᠠᠢ᠌ᠯᠤᠮᠵᠢ】《ᠪᠦᠬᠦ ᠠᠷᠠᠳ ᠵᠶ᠋ᠠᠷ ᠵᠶ᠋ᠠᠨ ᠡᠮ ᠡᠮᠨᠡᠯᠭᠡ ᠵᠢᠨ ᠳᠠᠭ᠋ᠠᠳᠬᠠᠯ᠎ᠳᠤ ᠭᠠᠷ ᠭᠠᠷ ᠵᠶ᠋ᠠᠨ ᠬᠣᠯᠪᠣᠯᠴᠠᠨ᠂ ᠡᠮ ᠡᠮᠨᠡᠯᠭᠡ ᠵᠢᠨ ᠳᠠᠭ᠋ᠠᠳᠬᠠᠯ᠎ᠳᠤ ᠰᠡᠳᠬᠢᠯ ᠵᠢᠷᠦᠬᠡ᠎ᠪᠠᠨ ᠬᠣᠯᠪᠣᠯᠴᠠᠨ᠎ᠠ》
 
            