ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠡᠮ ᠬᠡᠷᠡᠭᠯᠡᠬᠦ᠎ᠶᠢ ᠵᠣᠯᠭᠠᠭᠤᠯᠬᠤ᠎ᠶᠢ ᠪᠠᠲᠤᠯᠠᠵᠤ ᠂ ᠱᠠᠲᠤ ᠬᠤᠪᠢᠶᠠᠨ ᠣᠨᠣᠰᠢᠯᠠᠨ ᠡᠮᠨᠡᠬᠦ᠎ᠶᠢ ᠳᠡᠮᠵᠢᠵᠦ ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠲᠥᠬᠦᠮ ᠦᠵᠡᠭᠦᠯᠬᠦ᠎ᠶᠢᠨ ᠲᠤᠰᠠᠳᠠ ᠂ 《ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭ᠍ᠰᠢᠬᠢ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠡᠮᠴᠢᠯᠡᠭᠡᠨ᠎ᠦ ᠳᠠᠭᠠᠳᠬᠠᠯ᠎ᠢᠶᠠᠷ ᠡᠮ ᠬᠡᠷᠡᠭᠯᠡᠬᠦ ᠲᠦᠷᠢᠮ᠎ᠢ ᠰᠢᠯᠢᠳᠡᠭᠵᠢᠭᠦᠯᠬᠦ ᠲᠤᠬᠠᠶ ᠮᠡᠳᠡᠭᠳᠡᠯ》 (ᠳᠣᠷᠣᠭ᠍ᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠲᠣᠭᠲᠠᠭᠠᠪᠠ ᠂ ᠡᠳᠦᠭᠡ ᠲᠥᠷᠥ᠎ᠶᠢᠨ ᠪᠣᠳᠣᠯᠭ᠎ᠠ᠎ᠶᠢᠨ ᠠᠬᠤᠶ ᠪᠠᠶ᠋ᠢᠳᠠᠯ ᠂ ᠭᠤᠤᠯ ᠠᠭᠤᠯᠭ᠎ᠠ᠎ᠶᠢ ᠳᠣᠤᠷᠠᠬᠢ ᠮᠡᠲᠦ ᠲᠠᠶ᠋ᠢᠯᠪᠤᠷᠢᠯᠠᠶᠠ ᠄
ᠨᠢᠭᠡ ᠂ ᠲᠥᠷᠥ᠎ᠶᠢᠨ ᠪᠣᠳᠣᠯᠭ᠎ᠠ᠎ᠶᠢᠨ ᠠᠬᠤᠶ ᠪᠠᠶ᠋ᠢᠳᠠᠯ ᠬᠢᠭᠡᠳ ᠦᠨᠳᠦᠰᠦᠯᠡᠯ
《ᠡᠮᠴᠢᠯᠡᠭᠡᠨ᠎ᠦ ᠳᠠᠭᠠᠳᠬᠠᠯ᠎ᠤᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠮᠡᠳᠡᠭᠳᠡᠯ》᠎ᠤᠨ ᠱᠠᠭᠠᠷᠳᠠᠯᠭ᠎ᠠ ᠶᠣᠰᠣᠭᠠᠷ ᠂ ᠨᠢᠭᠡᠳᠦᠭᠡᠷ ᠱᠠᠲᠤ ᠵᠢᠴᠢ ᠲᠡᠭᠦᠨ᠎ᠠᠴᠠ ᠳᠣᠷᠣᠭ᠍ᠰᠢᠬᠢ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠡᠮᠴᠢᠯᠡᠭᠡᠨ᠎ᠤ ᠳᠠᠭᠠᠳᠬᠠᠯ᠎ᠢᠶᠠᠷ ᠡᠮ ᠬᠡᠷᠡᠭᠯᠡᠬᠦ ᠲᠦᠷᠢᠮ᠎ᠢ ᠰᠢᠯᠢᠳᠡᠭᠵᠢᠭᠦᠯᠵᠦ ᠂ ᠲᠣᠭᠲᠠᠭᠰᠠᠨ ᠴᠡᠭ᠎ᠤᠨ ᠡᠮ ᠡᠮᠨᠡᠯᠭᠡ᠎ᠶᠢᠨ ᠪᠠᠶ᠋ᠢᠭᠤᠯᠤᠮᠵᠢ᠎ᠶᠢᠨ ᠡᠮᠴᠢᠯᠡᠭᠡᠨ᠎ᠤ ᠳᠠᠭᠠᠳᠬᠠᠯ᠎ᠢᠶᠠᠷ ᠳ᠋ᠦᠩᠨᠡᠨ ᠪᠤᠳᠤᠬᠤ᠎ᠶᠢ ᠱᠠᠲᠤ ᠬᠤᠪᠢᠶᠠᠨ ᠬᠠᠮᠢᠶᠠᠷᠬᠤ ᠠᠷᠭ᠎ᠠ᠎ᠶᠢ ᠤᠷᠤᠭᠰᠢᠲᠠᠶ ᠨᠠᠶ᠋ᠢᠳᠠᠪᠤᠷᠢᠵᠢᠭᠤᠯᠬᠤ᠎ᠶᠢ ᠳᠥᠯᠭᠢᠨ ᠠᠬᠢᠭᠤᠯᠵᠤ ᠂ ᠪᠠᠶ᠋ᠢᠭᠤᠯᠤᠮᠵᠢ᠎ᠶᠢᠨ ᠡᠮ ᠬᠠᠩᠭᠠᠵᠤ ᠳᠡᠶ᠋ᠢᠯᠬᠦ ᠪᠠ ᠠᠷᠠᠳ ᠣᠯᠠᠨ᠎ᠤ ᠡᠮ ᠬᠤᠳᠠᠯᠳᠤᠨ ᠠᠪᠬᠤ᠎ᠶᠢ ᠦᠨᠡᠨ ᠬᠦ᠌ ᠪᠠᠲᠤᠯᠠᠨ᠎ᠠ ᠃
ᠬᠤᠶᠠᠷ ᠂ ᠭᠤᠣᠯ ᠠᠭᠤᠯᠭ᠎ᠠ
《ᠮᠡᠳᠡᠭᠳᠡᠯ》᠎ᠳᠤ ᠨᠡᠶ᠋ᠢᠲᠡ ᠭᠤᠷᠪᠠᠨ ᠬᠡᠰᠡᠭ ᠪᠠᠶ᠋ᠢᠵᠤ ᠂ ᠡᠮᠴᠢᠯᠡᠭᠡᠨ᠎ᠦ ᠳᠠᠭᠠᠳᠬᠠᠯ᠎ᠢᠶᠠᠷ ᠡᠮ ᠬᠡᠷᠡᠭᠯᠡᠬᠦ ᠬᠢᠵᠠᠭᠠᠷᠯᠠᠯ᠎ᠢ ᠬᠦᠴᠦᠨ ᠥᠬᠡᠶ ᠪᠣᠯᠭᠠᠬᠤ ᠂ ᠰᠢᠨ᠎ᠡ ᠵᠠᠯᠭᠠᠭᠠᠰᠤ᠎ᠶᠢ ᠡᠬᠢᠯᠡᠨ ᠬᠡᠷᠡᠭᠯᠡᠬᠦ ᠪᠠ ᠬᠠᠮᠢᠶ᠎ᠠ ᠪᠥᠬᠦᠶ ᠠᠵᠢᠯ᠎ᠤᠨ ᠱᠠᠭᠠᠷᠳᠠᠯᠭ᠎ᠠ᠎ᠶᠢ ᠬᠠᠮᠤᠷᠴᠠᠶ ᠃
8 ᠳ᠋ᠤᠭᠠᠷ ᠰᠠᠷ᠎ᠠ᠎ᠶᠢᠨ 1᠎ᠤ ᠡᠳᠦᠷ᠎ᠠᠴᠠ ᠡᠬᠢᠯᠡᠨ ᠂ ᠥᠪᠡᠷᠲᠡᠭᠡᠨ ᠵᠠᠰᠠᠬᠤ ᠣᠷᠣᠨ᠎ᠠᠴᠠ ᠪᠥᠬᠦ ᠣᠷᠣᠨ᠎ᠤ ᠡᠮᠴᠢᠯᠡᠭᠡᠨ᠎ᠤ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ᠎ᠳᠠᠬᠢ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭ᠍ᠰᠢᠬᠢ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠡᠮᠴᠢᠯᠡᠭᠡᠨ᠎ᠤ ᠳᠠᠭᠠᠳᠬᠠᠯ᠎ᠢᠶᠠᠷ ᠡᠮ ᠬᠡᠷᠡᠭᠯᠡᠬᠦ ᠬᠢᠵᠠᠭᠠᠷᠯᠠᠯ᠎ᠳᠤ ᠨᠢᠭᠡᠳᠦᠯᠲᠡᠶ ᠲᠣᠬᠢᠷᠠᠭᠤᠯᠤᠯᠲᠠ ᠬᠢᠵᠦ ᠂ ᠪᠥᠬᠦ ᠣᠷᠣᠨ᠎ᠤ ᠪᠣᠶ ᠪᠥᠬᠦᠶ ᠡᠮᠴᠢᠯᠡᠭᠡᠨ᠎ᠤ ᠪᠠᠶ᠋ᠢᠭᠤᠯᠤᠮᠵᠢ᠎ᠨᠢ 8 ᠳ᠋ᠤᠭᠠᠷ ᠰᠠᠷ᠎ᠠ᠎ᠶᠢᠨ 2᠎ᠤᠨ ᠡᠳᠦᠷ᠎ᠡᠴᠡ [2204] ᠂ [2301] ᠵᠠᠯᠭᠠᠭᠠᠰᠤ ᠪᠠ 《ᠡᠮᠨᠡᠯᠭᠡ᠎ᠶᠢᠨ ᠬᠣᠷᠢᠶᠠᠨ᠎ᠤ ᠬᠢᠨᠠᠨ ᠵᠥᠪᠰᠢᠶᠡᠷᠡᠭᠰᠡᠨ ᠲᠡᠮᠳᠡᠭ》᠎ᠢ ᠵᠡᠷᠭᠡ᠎ᠪᠡᠷ ᠡᠬᠢᠯᠡᠵᠦ ᠬᠡᠷᠡᠭᠵᠢᠭᠦᠯᠦᠨ᠎ᠡ ᠃
ᠭᠤᠷᠪᠠ ᠂ ᠵᠠᠩᠭᠢᠯᠠᠭ᠎ᠠ᠎ᠶᠢᠨ ᠴᠡᠭ᠎ᠤᠨ ᠲᠠᠶ᠋ᠢᠯᠤᠮᠵᠢ
(ᠨᠢᠭᠡ) ᠭᠤᠷᠪᠠᠳᠤᠭᠠᠷ ᠳᠡᠰ ᠂ ᠬᠤᠶᠠᠳᠤᠭᠠᠷ ᠳᠡᠰ᠎ᠤᠨ ᠡᠮᠨᠡᠯᠭᠡ᠎ᠶᠢᠨ ᠬᠤᠷᠢᠶᠠᠨ᠎ᠤ ᠢᠨᠲᠧᠷ ᠰᠦᠯᠵᠢᠶᠡᠨ᠎ᠤ ᠡᠮᠨᠡᠯᠭᠡ᠎ᠶᠢᠨ ᠬᠤᠷᠢᠶᠠᠨ᠎ᠤ ᠡᠯᠸᠺᠲᠷᠣᠨ ᠵᠣᠷ᠎ᠢᠶᠠᠷ ᠡᠷᠡᠭᠦᠯ ᠬᠠᠮᠠᠭᠠᠯᠠᠯ᠎ᠤᠨ ᠬᠤᠷᠢᠶ᠎ᠠ ᠂ ᠨᠡᠶ᠋ᠢᠭᠡᠮ ᠲᠣᠭᠤᠷᠢᠭ᠋᠎ᠤᠨ ᠲᠥᠪ ᠂ ᠡᠷᠡᠭᠦᠯ ᠬᠠᠮᠠᠭᠠᠯᠠᠯ᠎ᠤᠨ ᠲᠠᠰᠤᠭ ᠂ ᠨᠡᠶ᠋ᠢᠭᠡᠮ ᠲᠣᠭᠤᠷᠢᠭ᠋᠎ᠤᠨ ᠥᠷᠲᠡᠭᠡ᠎ᠳᠤ ᠰᠢᠯᠵᠢᠭᠦᠯᠪᠡᠯ ᠭᠠᠷᠴᠠᠭ᠎ᠲᠠᠬᠢ ᠡᠮ᠎ᠢ ᠬᠡᠷᠡᠭᠯᠡᠵᠦ ᠪᠣᠯᠤᠨ᠎ᠠ ᠂ ᠡᠮᠨᠡᠯᠭᠡ᠎ᠶᠢᠨ ᠬᠤᠷᠢᠶᠠᠨ᠎ᠤ ᠲᠠᠰ᠎ᠲᠤ ᠬᠢᠵᠠᠭᠠᠷᠯᠠᠭᠳᠠᠬᠤ ᠦᠭᠡᠢ ᠃
(ᠬᠤᠶᠠᠷ) ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ᠎ᠶᠢᠨ ᠴᠣᠭᠴᠠ᠎ᠶᠢᠨ ᠳᠣᠲᠣᠷ᠎ᠠ ᠂ ᠨᠢᠭᠡᠳᠦᠭᠡᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠢ ᠤᠯᠤᠰ᠎ᠤᠨ ᠡᠮ᠎ᠤᠨ ᠵᠦᠢᠯ᠎ᠤᠨ ᠭᠠᠷᠴᠠᠭ᠎ᠲᠠᠬᠢ 《ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭᠰᠢᠬᠢ ᠡᠮᠨᠡᠯᠭᠡ᠎ᠶᠢᠨ ᠬᠤᠷᠢᠶ᠎ᠠ ᠬᠡᠷᠡᠭᠯᠡᠬᠦ》 ᠨᠥᠬᠦᠴᠡᠯ᠎ᠳᠤ ᠬᠢᠵᠠᠭᠠᠷᠯᠠᠭᠳᠠᠬᠤ ᠦᠭᠡᠢ ᠂ ᠬᠢᠲᠠᠳ ᠡᠮᠨᠡᠯᠭᠡ ᠂ ᠮᠣᠩᠭᠤᠯ ᠡᠮᠨᠡᠯᠭᠡ᠎ᠶᠢᠨ ᠬᠡᠯᠡᠯᠴᠡᠭᠡᠷ᠎ᠤᠨ ᠵᠣᠷ᠎ᠢ ᠬᠠᠷᠢᠶ᠎ᠠ ᠪᠦᠬᠦᠢ ᠡᠮᠴᠢᠯᠡᠭᠡᠨ᠎ᠤ ᠬᠠᠮᠲᠤ᠎ᠶᠢᠨ ᠴᠣᠭᠴᠠ᠎ᠳᠤ ᠨᠢᠭᠡᠳᠦᠯᠲᠡᠶ ᠬᠡᠷᠡᠭᠯᠡᠨ᠎ᠡ ᠃
(ᠭᠤᠷᠪᠠ) 《ᠡᠮᠨᠡᠯᠭᠡ᠎ᠶᠢᠨ ᠬᠤᠷᠢᠶᠠᠨ᠎ᠤ ᠬᠢᠨᠠᠨ ᠵᠥᠪᠰᠢᠶᠡᠷᠡᠭᠰᠡᠨ ᠲᠡᠮᠳᠡᠭ》᠎ᠨᠢ 《0》 ᠪᠤᠶᠤ 《2》 ᠭᠡᠵᠦ ᠢᠯᠡᠷᠡᠬᠦ᠎ᠳᠦ ᠂ ᠨᠠᠷᠢᠨ ᠵᠦᠢᠯᠡᠰ᠎ᠢ ᠥᠪᠡᠷ᠎ᠤᠨ ᠵᠠᠷᠤᠳᠠᠯ᠎ᠢᠶᠠᠷ ᠰᠢᠢᠳᠪᠦᠷᠢᠯᠡᠨ᠎ᠡ ;《ᠡᠮᠨᠡᠯᠭᠡ᠎ᠶᠢᠨ ᠬᠤᠷᠢᠶᠠᠨ᠎ᠤ ᠬᠢᠨᠠᠨ ᠵᠥᠪᠰᠢᠶᠡᠷᠡᠭᠰᠡᠨ ᠲᠡᠮᠳᠡᠭ》 ᠨᠢ 《1》 ᠭᠡᠵᠦ ᠢᠯᠡᠷᠡᠬᠦ᠎ᠳᠦ ᠂ ᠨᠠᠷᠢᠨ ᠵᠦᠢᠯᠡᠰ᠎ᠢ ᠳᠠᠩᠰᠠ ᠲᠠᠢᠯᠵᠤ ᠰᠢᠢᠳᠪᠦᠷᠢᠯᠡᠨ᠎ᠡ ᠃
ᠳᠥᠷᠪᠡ ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠨ᠎ᠠ ᠃ ᠥᠭᠡᠷᠡᠴᠢᠯᠡᠯᠲᠡ᠎ᠶᠢᠨ ᠴᠢᠬᠤᠯᠠ ᠠᠴᠢ ᠬᠣᠯᠪᠣᠭᠳᠠᠯ᠎ᠢ ᠭᠦᠢᠴᠡᠳ ᠲᠠᠨᠢᠵᠤ ᠂ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠶ᠋ᠢᠯᠠᠨ ᠂ ᠵᠣᠬᠢᠴᠠᠭᠤᠯᠤᠨ ᠪᠠᠶ᠋ᠢᠷᠢᠯᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ ᠂ ᠡᠯ᠎ᠡ ᠲᠥᠷᠥᠯ᠎ᠤᠨ ᠠᠰᠠᠭᠤᠳᠠᠯ᠎ᠢ ᠲᠣᠬᠢᠲᠠᠶ ᠰᠢᠢᠳᠪᠦᠷᠢᠯᠡᠨ᠎ᠡ ᠃
(ᠬᠤᠶᠠᠷ) ᠪᠣᠯᠪᠠᠰᠤᠷᠠᠯ ᠤᠬᠠᠭᠤᠯᠭ᠎ᠠ᠎ᠶᠢ ᠴᠢᠩᠭᠠᠷᠠᠭᠤᠯᠤᠨ᠎ᠠ ᠃ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ ᠪᠣᠯᠤᠨ ᠡᠮᠨᠡᠯᠭᠡ᠎ᠶᠢᠨ ᠠᠵᠢᠯᠳᠠᠨ᠎ᠤ ᠪᠣᠯᠪᠠᠰᠤᠷᠠᠯ᠎ᠢᠶᠠᠨ ᠴᠢᠩᠭᠠᠳᠬᠠᠵᠤ ᠂ ᠲᠦᠷᠦ᠎ᠶᠢᠨ ᠪᠤᠳᠤᠯᠭ᠎ᠠ᠎ᠶᠢ ᠲᠣᠳᠣᠷᠬᠠᠢ ᠲᠠᠢᠯᠪᠤᠷᠢᠯᠠᠨ ᠥᠭᠴᠦ ᠂ ᠡᠷᠡᠭᠡᠯᠵᠡᠭᠡ᠎ᠶᠢ ᠲᠦᠢᠯᠪᠤᠷᠢᠲᠠᠢ ᠠᠷᠢᠯᠭᠠᠨ ᠂ ᠥᠷᠭᠡᠨ ᠤᠯᠠᠨ ᠳᠠᠭᠠᠳᠬᠠᠯ᠎ᠳᠤ ᠣᠷᠣᠯᠴᠠᠭᠰᠠᠳ᠎ᠲᠤ ᠤᠬᠠᠭᠤᠯᠤᠨ ᠲᠠᠶ᠋ᠢᠯᠪᠤᠷᠢᠯᠠᠨ᠎ᠠ ᠃
(ᠭᠤᠷᠪᠠ) ᠬᠢᠨᠠᠨ ᠬᠡᠮᠵᠢᠵᠦ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠨ᠎ᠡ ᠃ ᠣᠶᠤᠨᠴᠢ ᠬᠢᠨᠠᠨ ᠡᠵᠡᠮᠳᠡᠯ᠎ᠢ ᠴᠢᠩᠭᠠᠳᠬᠠᠵᠤ ᠂ ᠨᠠᠷᠢᠨ ᠲᠠᠩᠰᠠ ᠭᠠᠷᠭᠠᠵᠤ ᠂ ᠬᠠᠷᠢᠭᠤᠴᠠᠯᠭ᠎ᠠ᠎ᠶᠢ ᠲᠣᠳᠣᠷᠬᠠᠶ᠋ᠢᠯᠠᠵᠤ ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶ᠋ᠢᠵᠢᠷᠠᠭᠤᠯᠤᠨ᠎ᠠ ; ᠴᠢᠬᠤᠯᠠ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠲᠣᠬᠢᠶᠠᠯᠳᠤᠪᠠᠯ ᠲᠡᠷᠡ ᠳᠠᠷᠤᠶ᠎ᠳᠤ ᠨᠢ ᠳᠡᠭᠡᠭᠰᠢ ᠮᠡᠳᠡᠭᠦᠯᠦᠨ᠎ᠡ ᠃