1.ᠠᠰᠠᠭᠤᠯᠲᠠ᠄ ᠲᠤᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠲᠣᠭ᠎ᠠ ᠬᠡᠮᠵᠢᠶ᠎ᠡ᠎ᠶ᠋ᠢ ᠮᠡᠳᠡᠭᠦᠯᠬᠦ᠌᠎ᠳᠦ ᠰᠣᠩᠭᠣᠵᠤ ᠪᠣᠯᠬᠤ ᠦᠢᠯᠡᠳᠪᠦᠷᠢ᠎ᠶ᠋ᠢ ᠬᠡᠷᠬᠢᠨ ᠲᠣᠭ᠍ᠲᠠᠭᠠᠭ᠍ᠰᠠᠨ ᠪᠣᠢ ?
ᠬᠠᠷᠢᠭᠤᠯᠲᠠ᠄ ᠡᠮᠦᠨᠡᠬᠢ ᠬᠤᠭᠤᠴᠠᠭᠠᠨ᠎ᠳᠤ᠂ ᠡᠮ᠎ᠤᠨ ᠵᠦᠢᠯ᠎ᠢ ᠬᠠᠮᠲᠤᠷᠠᠨ ᠬᠤᠳᠠᠯᠳᠤᠨ ᠠᠪᠬᠤ ᠠᠯᠪᠠᠨ ᠬᠡᠷ᠎ᠨᠢ ᠠᠵᠤ ᠠᠬᠤᠢᠯᠠᠯ᠎ᠤᠨ ᠮᠡᠳᠡᠭᠡ ᠵᠠᠩᠭᠢ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠵᠦ᠍᠂ ᠨᠢᠭᠡᠨᠲᠡ ᠬᠠᠮᠢᠶ᠎ᠠ ᠪᠥᠬᠦᠶ ᠡᠮ᠎ᠤᠨ ᠵᠦᠢᠯ᠎ᠤᠨ ᠮᠡᠳᠡᠭᠡ ᠵᠠᠩᠭᠢ᠎ᠶ᠋ᠢᠨ ᠮᠠᠲ᠋ᠧᠷᠢᠶᠠᠯ᠎ᠢ ᠲᠤᠱᠢᠶᠠᠭ᠍ᠰᠠᠨ ᠠᠵᠤ ᠠᠬᠤᠢᠯᠠᠯ᠎ᠨᠢ ᠲᠣᠰ ᠤᠳᠠᠭᠠᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠲᠣᠭ᠎ᠠ ᠬᠡᠮᠵᠢᠶ᠎ᠡ᠎ᠶ᠋ᠢ ᠮᠡᠳᠡᠭᠦᠯᠦᠭ᠌ᠰᠡᠨ ᠰᠣᠩᠭᠤᠬᠤ ᠬᠡᠪᠴᠢᠶ᠎ᠡ ᠪᠣᠯᠤᠨ᠎ᠠ᠃ ᠡᠳᠡᠭᠡᠷ ᠦᠢᠯᠡᠳᠪᠦᠷᠢ᠎ᠶ᠋ᠢᠨ ᠦᠢᠯᠡᠳᠬᠦᠨ᠎ᠨᠢ ᠪᠦᠷᠬᠠᠷᠢᠴᠠᠭᠤᠯᠤᠭ᠍ᠴᠢ ᠨᠠᠢᠷᠠᠯᠲᠠ ᠪᠤᠶᠤ ᠶᠠᠰᠤ ᠴᠢᠨᠠᠷ ᠪᠠ ᠡᠮᠴᠢᠯᠡᠭᠡᠨ᠎ᠤ ᠠᠴᠢ ᠲᠤᠰᠠ᠎ᠶ᠋ᠢᠨ ᠨᠢᠭᠡᠳᠦᠯᠲᠦ ᠴᠢᠨᠠᠷᠲᠠᠢ ᠦᠨᠡᠯᠡᠯᠲᠡ᠎ᠶ᠋ᠢ ᠳᠠᠮᠵᠢᠭ᠍ᠰᠠᠨ ᠨᠡᠢᠳᠡᠮ ᠬᠡᠷᠡᠭ᠌ᠯᠡᠬᠦ᠌ ᠨᠡᠷᠡᠲᠦ ᠡᠮ ᠪᠣᠯᠤᠨ᠎ᠠ᠃
2.ᠠᠰᠠᠭᠤᠯᠲᠠ᠄ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠲᠣᠭ᠎ᠠ ᠬᠡᠮᠵᠢᠶ᠎ᠡ᠎ᠶ᠋ᠢ ᠮᠡᠳᠡᠭᠦᠯᠬᠦ᠌᠎ᠳᠦ ᠡᠷᠬᠡᠪᠰᠢ ᠦᠢᠯᠡᠳᠪᠦᠷᠢ᠎ᠶ᠋ᠢ ᠰᠣᠩᠭᠤᠬᠤ ᠬᠡᠷᠡᠭ᠌ᠲᠡᠢ ᠦᠦ ? ᠬᠡᠳᠦᠨ ᠦᠢᠯᠡᠳᠪᠦᠷᠢ ᠶ᠋ᠢ ᠰᠣᠩᠭᠣᠵᠤ ᠪᠣᠯᠬᠤ ᠪᠤᠢ ? ᠲᠣᠭ᠎ᠠ ᠬᠡᠮᠵᠢᠶ᠎ᠡ᠎ᠶ᠋ᠢ ᠮᠡᠳᠡᠭᠦᠯᠬᠦ᠌᠎ᠪᠡᠷ ᠰᠣᠩᠭᠣᠭ᠍ᠰᠠᠨ ᠦᠢᠯᠡᠳᠪᠦᠷᠢ᠎ᠶ᠋ᠢ ᠦᠷᠭᠦᠯᠵᠢᠯᠡᠨ ᠬᠡᠷᠡᠭ᠌ᠯᠡᠬᠦ᠌ ᠴᠢᠬᠤᠯᠠᠲᠠᠢ ᠦᠦ ?
ᠬᠠᠷᠢᠭᠤᠯᠲᠠ᠄ ᠡᠮᠴᠢᠯᠡᠭᠡᠨ᠎ᠤ ᠪᠠᠢᠭᠤᠯᠤᠮᠵᠢ᠎ᠨᠢ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠪᠠᠨ ᠦᠨᠳᠦᠰᠦᠯᠡᠨ ᠲᠥᠷᠥᠯ ᠵᠦᠢᠯ᠎ᠢᠶᠠᠷ ᠲᠣᠭ᠎ᠠ ᠬᠡᠮᠵᠢᠶ᠎ᠡ᠎ᠶ᠋ᠢ ᠮᠡᠳᠡᠭᠦᠯᠬᠦ᠌ ᠪᠤᠶᠤ ᠦᠢᠯᠡᠳᠪᠦᠷᠢ᠎ᠪᠠᠷ ᠲᠣᠭ᠎ᠠ ᠬᠡᠮᠵᠢᠶ᠎ᠡ᠎ᠶ᠋ᠢ ᠮᠡᠳᠡᠭᠦᠯᠬᠦ᠌᠎ᠶ᠋ᠢ ᠡᠵᠡᠨ ᠮᠡᠳᠡᠨ ᠰᠣᠩᠭᠤᠵᠤ ᠪᠣᠯᠤᠨ᠎ᠠ᠂ ᠪᠠᠰᠠ ᠬᠡᠰᠡᠭ ᠬᠡᠷᠡᠭ᠌ᠴᠡᠭᠡᠨ᠎ᠤ ᠬᠡᠮᠵᠢᠶ᠎ᠡ᠎ᠶ᠋ᠢ ᠲᠥᠷᠥᠯ ᠵᠦᠢᠯ᠎ᠤᠨ ᠮᠡᠳᠡᠭᠦᠯᠦᠯᠲᠡ᠂ ᠬᠡᠰᠡᠭ ᠬᠡᠷᠡᠭ᠌ᠴᠡᠭᠡᠨ᠎ᠤ ᠬᠡᠮᠵᠢᠶ᠎ᠡ᠎ᠶ᠋ᠢ ᠦᠨᠳᠦᠰᠦᠯᠡᠨ ᠦᠢᠯᠡᠳᠪᠦᠷᠢ᠎ᠶ᠋ᠢᠨ ᠮᠡᠳᠡᠭᠦᠯᠦᠯᠲᠡ ᠪᠣᠯᠭᠠᠵᠤ ᠪᠣᠯᠤᠨ᠎ᠠ᠃ ᠬᠡᠷᠪᠡ ᠦᠢᠯᠡᠳᠪᠦᠷᠢ᠎ᠶ᠋ᠢᠨ ᠲᠣᠭ᠎ᠠ ᠬᠡᠮᠵᠢᠶ᠎ᠡ᠎ᠶ᠋ᠢ ᠰᠣᠩᠭᠣᠪᠠᠯ᠂ ᠪᠣᠳᠠᠲᠠᠢ ᠦᠢᠯᠡᠳᠪᠦᠷᠢ᠎ᠶ᠋ᠢᠨ ᠲᠣᠭ᠎ᠠ᠎ᠶ᠋ᠢ ᠬᠢᠵᠠᠭᠠᠷᠯᠠᠬᠤ ᠦᠭᠡᠢ᠃ ᠭᠡᠪᠡᠴᠦ᠍ ᠠᠩᠬᠠᠷᠬᠤ ᠴᠢᠬᠤᠯᠠᠲᠠᠢ᠎ᠨᠢ᠂ ᠬᠡᠷᠪᠡ ᠡᠮᠴᠢᠯᠡᠭᠡᠨ᠎ᠤ ᠪᠠᠢᠭᠤᠯᠤᠮᠵᠢ᠎ᠶ᠋ᠢᠨ ᠨᠡᠷ᠎ᠡ ᠮᠡᠳᠡᠭᠦᠯᠦᠭ᠌ᠰᠡᠨ ᠦᠢᠯᠡᠳᠪᠦᠷᠢ᠎ᠶ᠋ᠢᠨ ᠰᠣᠩᠭᠣᠯᠲᠠ ᠨᠢ ᠪᠠᠢᠪᠠᠯ᠂ ᠲᠣᠰ ᠦᠢᠯᠡᠳᠪᠦᠷᠢ᠎ᠶ᠋ᠢ ᠱᠢᠭᠤᠳ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠩᠭᠠᠯᠭ᠎ᠠ᠎ᠶ᠋ᠢᠨ ᠠᠵᠤ ᠠᠬᠤᠢᠯᠠᠯ ᠪᠣᠯᠭᠠᠵᠤ᠂ ᠵᠣᠬᠢᠴᠠᠩᠭᠤᠶ ᠵᠥᠪᠯᠡᠯᠴᠡᠭᠡᠷ᠎ᠤᠨ ᠬᠡᠮᠵᠢᠶ᠎ᠡ᠎ᠶ᠋ᠢ ᠪᠡᠶᠡᠯᠡᠭᠦᠯᠬᠦ᠌ ᠴᠢᠬᠤᠯᠠᠲᠠᠢ; ᠬᠡᠷᠪᠡ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠭ᠍ᠯᠠᠨ ᠮᠡᠳᠡᠭᠦᠯᠦᠭ᠌ᠰᠡᠨ ᠦᠢᠯᠡᠳᠪᠦᠷᠢ᠎ᠶ᠋ᠢᠨ ᠳᠣᠲᠣᠷ᠎ᠠ᠎ᠠᠴᠠ ᠰᠣᠩᠭᠤᠭ᠍ᠰᠠᠨ ᠦᠭᠡᠢ ᠪᠣᠯ ᠲᠣᠰ ᠦᠢᠯᠡᠳᠪᠦᠷᠢ᠎ᠶ᠋ᠢᠨ ᠮᠡᠳᠡᠭᠦᠯᠦᠯᠲᠡ᠎ᠶ᠋ᠢᠨ ᠬᠡᠮᠵᠢᠶ᠎ᠡ᠎ᠶ᠋ᠢ ᠪᠠᠢᠭ᠎ᠠ ᠮᠤᠵᠢ᠎ᠶ᠋ᠢᠨ ᠭᠤᠤᠯ ᠠᠵᠤ ᠠᠬᠤᠢᠯᠠᠯ᠎ᠠᠴᠠ ᠬᠠᠩᠭᠠᠳᠠᠭ᠃ ᠡᠮᠴᠢᠯᠡᠭᠡᠨ᠎ᠤ ᠪᠠᠢᠭᠤᠯᠤᠮᠵᠢ᠎ᠨᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ 《ᠨᠢᠭᠡ ᠦᠶ᠋ᠯᠡᠳᠬᠦᠨ ᠬᠤᠶᠠᠷ ᠲᠣᠭ᠍ᠲᠠᠭᠠᠯ》 ᠵᠡᠷᠭᠡ ᠡᠮ᠎ᠤᠨ ᠵᠦᠶ᠋ᠯ ᠳᠣᠭᠢᠷᠠᠭᠤᠯᠬᠤ ᠬᠠᠮᠢᠶ᠎ᠠ ᠪᠥᠬᠦᠶ ᠲᠣᠭ᠍ᠲᠠᠭᠠᠯᠯᠤᠭᠠ ᠵᠣᠯᠭᠠᠯᠳᠤᠭᠤᠯᠬᠤ᠎ᠶ᠋ᠢ ᠰᠠᠢᠲᠤᠷ ᠬᠢᠵᠦ᠍᠂ ᠲᠤᠭ᠎ᠠ ᠬᠡᠮᠵᠢᠶ᠎ᠡ ᠮᠡᠳᠡᠭᠦᠯᠬᠦ᠌ ᠦᠢᠯᠡᠳᠪᠦᠷᠢ᠎ᠶ᠋ᠢ ᠵᠦᠶ ᠵᠣᠬᠢᠰᠲᠠᠶ ᠰᠣᠩᠭᠤᠬᠤ ᠬᠡᠷᠡᠭ᠌ᠲᠡᠶ᠃
3.ᠠᠰᠠᠭᠤᠯᠲᠠ᠄ ᠡᠮᠴᠢᠯᠡᠭᠡᠨ᠎ᠤ ᠪᠠᠢᠭᠤᠯᠤᠮᠵᠢ᠎ᠶ᠋ᠢᠨ ᠲᠣᠭ᠎ᠠ ᠬᠡᠮᠵᠢᠶ᠎ᠡ ᠶ᠋ᠢ ᠮᠡᠳᠡᠭᠦᠯᠬᠦ᠌᠎ᠨᠢ ᠥᠩᠭᠡᠷᠡᠭ᠌ᠰᠡᠨ᠎ᠦ ᠬᠤᠳᠠᠯᠳᠤᠨ ᠠᠪᠤᠭ᠍ᠰᠠᠨ ᠬᠡᠮᠵᠢᠶᠡᠨ᠎ᠤ 80%᠎ᠳᠤ ᠬᠦᠷᠭᠡᠬᠦ᠌ ᠶ᠋ᠢ ᠱᠠᠭᠠᠷᠳᠠᠵᠤ ᠪᠣᠢ᠂ ᠡᠨᠡ ᠬᠦ᠌ ᠬᠠᠷᠢᠴᠠᠯ᠎ᠢ ᠬᠡᠷᠬᠢᠨ ᠪᠣᠳᠣᠬᠤ ᠪᠣᠢ ?
ᠬᠠᠷᠢᠭᠤᠯᠲᠠ᠄ ᠲᠣᠭ᠎ᠠ ᠬᠡᠮᠵᠢᠶ᠎ᠡ ᠶ᠋ᠢ ᠮᠡᠳᠡᠭᠦᠯᠬᠦ᠌ ᠱᠢᠰᠲ᠋ᠧᠮ᠎ᠨᠢ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠭ᠍ᠯᠠᠨ ᠮᠡᠳᠡᠭᠦᠯᠦᠭ᠌ᠰᠡᠨ ᠡᠯ᠎ᠡ ᠵᠦᠢᠯ᠎ᠤᠨ ᠳᠦᠷᠢᠮ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠡᠮᠵᠢᠶ᠎ᠡ᠎ᠶ᠋ᠢ ᠪᠦᠲᠦᠮᠵᠢᠲᠡᠶ ᠠᠭᠤᠯᠤᠭ᠍ᠳᠠᠴᠠ᠎ᠪᠠᠷ ᠬᠠᠮᠤᠭ᠎ᠤᠨ ᠪᠠᠭ᠎ᠠ ᠬᠡᠮᠵᠢᠶ᠎ᠡ᠎ᠪᠠᠷ ᠨᠤᠭᠤᠯᠤᠨ ᠪᠤᠳᠤᠵᠤ᠂ ᠲᠤᠰ ᠲᠥᠷᠥᠯ ᠵᠦᠢᠯ᠎ᠤᠨ ᠮᠡᠳᠡᠭᠦᠯᠦᠯᠲᠡ᠎ᠶ᠋ᠢᠨ ᠬᠡᠮᠵᠢᠶ᠎ᠡ᠎ᠶ᠋ᠢ ᠬᠠᠷᠢᠯᠴᠠᠨ ᠨᠡᠮᠡᠵᠦ᠍᠂ ᠠᠳᠠᠯᠢᠬᠠᠨ ᠶᠣᠰᠤ ᠪᠠᠷ ᠨᠢᠭᠡᠨ ᠲᠥᠷᠥᠯ ᠵᠦᠢᠯ᠎ᠤᠨ ᠪᠣᠶ ᠪᠦᠬᠦᠢ ᠲᠣᠭ᠍ᠲᠠᠭᠠᠯ (ᠦᠨᠡᠯᠡᠯᠲᠡ ᠥᠩᠭᠡᠷᠡᠭ᠌ᠰᠡᠨ ᠪᠠ ᠦᠨᠡᠯᠡᠯᠲᠡ ᠥᠩᠭᠡᠷᠡᠭ᠌ᠰᠡᠨ ᠥᠬᠡᠶ ᠪᠠᠭ᠍ᠲᠠᠨ᠎ᠠ)᠎ᠤᠨ ᠥᠩᠭᠡᠷᠡᠭ᠌ᠰᠡᠨ᠎ᠦ ᠬᠤᠳᠠᠯᠳᠤᠨ ᠠᠪᠤᠭ᠍ᠰᠠᠨ ᠬᠡᠮᠵᠢᠶ᠎ᠡ᠎ᠶ᠋ᠢ ᠪᠦᠲᠦᠮᠵᠢᠲᠡᠶ ᠠᠭᠤᠯᠤᠭ᠍ᠳᠠᠴᠠ᠎ᠪᠠᠷ ᠬᠠᠮᠤᠭ᠎ᠤᠨ ᠪᠠᠭ᠎ᠠ ᠬᠡᠮᠵᠢᠶ᠎ᠡ᠎ᠪᠠᠷ ᠨᠤᠭᠤᠯᠤᠨ ᠪᠤᠳᠤᠵᠤ᠂ ᠲᠣᠰ ᠲᠥᠷᠥᠯ ᠵᠦᠢᠯ᠎ᠤᠨ ᠥᠩᠭᠡᠷᠡᠭ᠌ᠰᠡᠨ᠎ᠦ ᠬᠤᠳᠠᠯᠳᠤᠨ ᠠᠪᠤᠭ᠍ᠰᠠᠨ ᠬᠡᠮᠵᠢᠶ᠎ᠡ᠎ᠶ᠋ᠢ ᠬᠠᠷᠢᠯᠴᠠᠨ ᠨᠡᠮᠡᠵᠦ᠍᠂ ᠮᠡᠳᠡᠭᠦᠯᠬᠦ᠌ ᠲᠣᠭ᠎ᠠ ᠬᠡᠮᠵᠢᠶ᠎ᠡ᠎ᠨᠢ ᠥᠩᠭᠡᠷᠡᠭ᠌ᠰᠡᠨ᠎ᠦ ᠬᠤᠳᠠᠯᠳᠤᠨ ᠠᠪᠤᠭ᠍ᠰᠠᠨ ᠬᠡᠮᠵᠢᠶ᠎ᠡ᠎ᠶ᠋ᠢᠨ 80% ᠳᠤ ᠬᠦᠷᠦᠭ᠌ᠰᠡᠨ ᠡᠰᠡᠬᠦ᠌᠎ᠶ᠋ᠢ ᠪᠤᠳᠤᠨ᠎ᠠ᠃ ᠵᠢᠱ᠌ᠢᠶᠡᠯᠡᠪᠡᠯ᠂ ᠶᠠᠮᠠᠷ ᠨᠢᠭᠡᠨ ᠡᠮ ᠤᠤᠭᠤᠬᠤ᠎ᠳᠤ ᠪᠠᠢᠩᠭᠤ ᠢᠯᠭᠠᠷᠠᠭᠤᠯᠬᠤ ᠡᠮ᠎ᠤᠨ ᠲᠦᠷᠦᠯ᠎ᠳᠤ 10mg᠂ 20mg ᠶ᠋ᠢᠨ ᠪᠠᠷᠢᠮᠵᠢᠶᠠᠲᠤ ᠬᠠᠪᠳᠠᠭᠠᠢ ᠡᠮ ᠪᠠ 10mg᠂ 20mg ᠶ᠋ᠢᠨ ᠪᠠᠷᠢᠮᠵᠢᠶᠠᠲᠤ ᠬᠤᠮᠵᠢᠶ᠎ᠠ ᠡᠮ ᠪᠠᠭ᠍ᠲᠠᠵᠤ ᠪᠣᠢ᠂ ᠨᠢᠭᠡᠨ ᠡᠮᠴᠢᠯᠡᠭᠡᠨ᠎ᠤ ᠪᠠᠢᠭᠤᠯᠤᠮᠵᠢ᠎ᠶ᠋ᠢᠨ ᠥᠩᠭᠡᠷᠡᠭ᠌ᠰᠡᠨ᠎ᠦ ᠬᠤᠳᠠᠯᠳᠤᠨ ᠠᠪᠤᠭ᠍ᠰᠠᠨ ᠬᠡᠮᠵᠢᠶ᠎ᠡ᠎ᠨᠢ 10mg ᠤᠨ ᠪᠠᠷᠢᠮᠵᠢᠶᠠᠲᠤ ᠬᠠᠪᠳᠠᠭᠠᠢ ᠡᠮ᠎ᠢ 1000 ᠬᠠᠪᠲᠠᠭᠠᠢ᠂ 20mg ᠪᠠᠷᠢᠮᠵᠢᠶᠠᠲᠤ ᠬᠠᠪᠳᠠᠭᠠᠢ ᠡᠮ᠎ᠢ 1000 ᠬᠠᠪᠲᠠᠭᠠᠢ᠂ 10mg ᠤᠨ ᠪᠠᠷᠢᠮᠵᠢᠶᠠᠲᠤ ᠬᠤᠮᠵᠢᠶ᠎ᠠ᠎ᠶ᠋ᠢ 1000 ᠱᠢᠷᠬᠡᠭ᠂ ᠠᠱᠢᠭ᠍ᠲᠤ ᠠᠭᠤᠯᠤᠭ᠍ᠳᠠᠴᠠ᠎ᠪᠠᠷ ᠨᠤᠭᠤᠯᠤᠨ ᠪᠣᠳᠣᠬᠣ᠎ᠳᠤ᠂ 1 ᠬᠠᠪᠳᠠᠭᠠᠢ 20mg ᠤᠨ ᠪᠠᠷᠢᠮᠵᠢᠶ᠎ᠠ᠎ᠶ᠋ᠢ 2 ᠬᠠᠪᠲᠠᠭᠠᠢ 10mg ᠤᠨ ᠪᠠᠷᠢᠮᠵᠢᠶ᠎ᠠ᠎ᠪᠠᠷ ᠨᠤᠭᠤᠯᠤᠨ ᠪᠣᠳᠣᠪᠠᠯ᠂ ᠥᠩᠭᠡᠷᠡᠭ᠌ᠰᠡᠨ᠎ᠦ ᠬᠤᠳᠠᠯᠳᠤᠨ ᠠᠪᠤᠭ᠍ᠰᠠᠨ ᠬᠡᠮᠵᠢᠶ᠎ᠡ᠎ᠶ᠋ᠢᠨ ᠶᠡᠷᠦᠩᠬᠡᠢ ᠲᠤᠭ᠎ᠠ᠎ᠶ᠋ᠢ 10mg ᠤᠨ ᠪᠠᠷᠢᠮᠵᠢᠶᠠᠨ᠎ᠳᠤ 4000 ᠬᠠᠪᠲᠠᠭᠠᠢ᠎ᠪᠠᠷ ᠨᠤᠭᠤᠯᠤᠨ ᠪᠣᠳᠣᠨ᠎ᠠ᠃ ᠲᠤᠰ ᠡᠮᠴᠢᠯᠡᠭᠡᠨ᠎ᠦ ᠪᠠᠢᠭᠤᠯᠤᠮᠵᠢ 10mg ᠤᠨ ᠪᠠᠷᠢᠮᠵᠢᠶᠠᠲᠤ ᠬᠠᠪᠲᠠᠭᠠᠶ ᠡᠮ᠎ᠢ 2000 ᠬᠠᠪᠲᠠᠭᠠᠢ᠂ 20mg ᠤᠨ ᠪᠠᠷᠢᠮᠵᠢᠶᠠᠲᠤ ᠬᠠᠪᠲᠠᠭᠠᠢ ᠡᠮ᠎ᠢ 800 ᠬᠠᠪᠲᠠᠭᠠᠢ᠎ᠪᠡᠷ ᠲᠠᠭ᠍ᠯᠠᠨ ᠮᠡᠳᠡᠭᠦᠯᠪᠡᠯ᠂ ᠨᠤᠭᠤᠯᠤᠨ ᠪᠤᠳᠤᠭ᠍ᠰᠠᠨᠤ ᠳᠠᠷᠠᠭ᠎ᠠ ᠨᠡᠢᠲᠡ ᠲᠣᠭ᠎ᠠ ᠨᠢ 10mg ᠤᠨ ᠪᠠᠷᠢᠮᠵᠢᠶᠠᠲᠤ ᠬᠠᠪᠲᠠᠭᠠᠶ ᠡᠮ᠎ᠤᠨ 3600 ᠬᠠᠪᠲᠠᠭᠠᠢ ᠲᠠᠶ ᠲᠡᠩᠴᠡᠵᠦ᠍᠂ ᠥᠩᠭᠡᠷᠡᠭ᠌ᠰᠡᠨ᠎ᠦ ᠬᠡᠮᠵᠢᠶ᠎ᠡ ᠨᠢ 4000 ᠬᠠᠪᠲᠠᠭᠠᠢ᠎ᠶ᠋ᠢᠨ 80% ᠡᠴᠡ ᠳᠠᠪᠠᠵᠤ᠂ ᠮᠡᠳᠡᠭᠦᠯᠦᠭ᠌ᠰᠡᠨ ᠲᠣᠭ᠎ᠠ ᠬᠡᠮᠵᠢᠶ᠎ᠡ ᠨᠢ ᠱᠠᠭᠠᠷᠳᠠᠯᠭ᠎ᠠ᠎ᠳᠤ ᠨᠡᠢᠴᠡᠨ᠎ᠡ᠃
4.ᠠᠰᠠᠭᠤᠯᠲᠠ ᠄ ᠬᠡᠷᠪᠡ ᠡᠮᠴᠢᠯᠡᠭᠡᠨ᠎ᠤ ᠪᠠᠶ᠋ᠢᠭᠤᠯᠤᠮᠵᠢ᠎ᠶᠢᠨ ᠮᠡᠳᠡᠭᠦᠯᠦᠭᠰᠡᠨ ᠲᠣᠭ᠎ᠠ ᠬᠡᠮᠵᠢᠶ᠎ᠡ᠎ᠨᠢ ᠣᠶ᠋ᠢᠷ᠎ᠠ᠎ᠶᠢᠨ ᠬᠤᠶᠠᠷ ᠵᠢᠯ᠎ᠤᠨ ᠬᠤᠳᠠᠯᠳᠤᠨᠠᠪᠤᠭ᠍ᠰᠠᠨ ᠳᠤᠮᠳᠠᠴᠢ ᠬᠡᠮᠵᠢᠶᠡᠨ᠎ᠤ 80%᠎ᠳᠤ ᠬᠦᠷᠬᠦ᠌ ᠳᠦ ᠬᠦᠴᠢᠷᠳᠡᠪᠡᠯ᠂ ᠬᠡᠷᠬᠢᠨ ᠰᠢᠢᠳᠪᠦᠷᠢᠯᠡᠬᠦ ᠪᠤᠢ ?
ᠬᠠᠷᠢᠭᠤᠯᠲᠠ ᠄ ᠬᠡᠷᠪᠡ ᠣᠨᠴᠠᠭᠠᠶ ᠪᠠᠶ᠋ᠢᠳᠠᠯ ᠣᠷᠣᠰᠢᠵᠤ ᠂ ᠵᠢᠱ᠌ᠢᠶᠡᠯᠡᠪᠡᠯ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠣᠨᠴᠠ ᠵᠠᠷᠢᠮ ᠲᠥᠷᠥᠯ ᠵᠦᠢᠯ᠎ᠨᠢ ᠲᠣᠬᠢᠷᠠᠯᠴᠠᠬᠤ ᠡᠪᠡᠳᠴᠢᠨ᠎ᠳᠤ ᠮᠡᠳᠡᠭᠦᠯᠬᠦ ᠲᠣᠭ᠎ᠠ ᠬᠡᠮᠵᠢᠶ᠎ᠡ᠎ᠶᠢ ᠬᠢᠵᠠᠭᠠᠷᠯᠠᠬᠤ ᠪᠤᠶᠤ ᠡᠮᠴᠢᠯᠡᠭᠡᠨ᠎ᠤ ᠪᠠᠶ᠋ᠢᠭᠤᠯᠤᠮᠵᠢ ᠥᠩᠭᠡᠷᠡᠭᠰᠡᠨ᠎ᠤ ᠬᠡᠮᠵᠢᠶ᠎ᠡ᠎ᠳᠤ ᠲᠦᠷ ᠴᠠᠭ᠎ᠤᠨ ᠴᠢᠨᠠᠷᠲᠠᠶ ᠬᠤᠳᠠᠯᠳᠤᠨ ᠠᠪᠤᠭ᠍ᠰᠠᠨ ᠵᠡᠷᠭᠡ ᠬᠦᠴᠦᠨ ᠵᠦᠢᠯ ᠣᠷᠤᠱᠢᠪᠠᠯ᠂ ᠡᠮᠴᠢᠯᠡᠭᠡᠨ᠎ᠤ ᠪᠠᠶ᠋ᠢᠭᠤᠯᠤᠮᠵᠢ ᠣᠶ᠋ᠢᠷ᠎ᠠ᠎ᠶᠢᠨ ᠬᠤᠶᠠᠷ ᠵᠢᠯ᠎ᠤᠨ ᠳᠤᠮᠳᠠᠴᠢ ᠬᠤᠳᠠᠯᠳᠤᠨ ᠠᠪᠤᠭ᠍ᠰᠠᠨ ᠬᠡᠮᠵᠢᠶ᠎ᠡ᠎ᠶᠢᠨ 80%᠎ᠶᠢᠨ ᠰᠠᠭᠤᠷᠢᠨ ᠳᠡᠭᠡᠷ᠎ᠡ ᠮᠡᠳᠡᠭᠦᠯᠬᠦ ᠲᠣᠭ᠎ᠠ ᠬᠡᠮᠵᠢᠶ᠎ᠡ᠎ᠶᠢ ᠵᠣᠬᠢᠰᠲᠠᠶ ᠪᠠᠭᠠᠰᠬᠠᠬᠤ᠎ᠶᠢᠨ ᠬᠠᠮᠲᠤ ᠬᠠᠮᠢᠶ᠎ᠠ ᠪᠥᠬᠦᠶ ᠲᠣᠳᠣᠷᠬᠠᠶ᠋ᠢᠯᠠᠯᠲᠠ᠎ᠶᠢ ᠵᠡᠷᠭᠡ᠎ᠳᠤ᠎ᠨᠢ ᠲᠤᠰᠢᠶᠠᠬᠤ᠎ᠶᠢ ᠵᠥᠪᠰᠢᠶᠡᠷᠡᠨ᠎ᠡ ᠃ ᠲᠤᠱᠢᠶᠠᠭ᠍ᠰᠠᠨ᠎ᠤ ᠳᠠᠷᠠᠭ᠎ᠠ ᠡᠮᠴᠢᠯᠡᠭᠡᠨ᠎ᠤ ᠪᠠᠢᠭᠤᠯᠤᠮᠵᠢ᠎ᠠᠴᠠ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠎ᠢ ᠠᠩᠬᠠᠷᠤᠭᠠᠷᠠᠢ ᠂ ᠬᠡᠷᠪᠡ ᠬᠢᠨᠠᠨ ᠬᠠᠷᠭᠤᠭᠤᠯᠤᠯᠲᠠ ᠥᠩᠭᠡᠷᠡᠭ᠌ᠰᠡᠨ ᠦᠭᠡᠢ ᠪᠣᠯ ᠴᠠᠭ ᠲᠤᠬᠠᠢ᠎ᠳᠤ ᠨᠢ ᠨᠢᠭᠡᠳᠦᠯᠲᠡᠢ ᠲᠥᠯᠥᠪᠯᠡᠬᠦ᠌ ᠭᠠᠵᠠᠷ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠲᠠᠢ ᠬᠠᠷᠢᠯᠴᠠᠵᠤ ᠱᠢᠢᠳᠪᠦᠷᠢᠯᠡᠭᠡᠷᠡᠢ ᠃
5.ᠠᠰᠠᠭᠤᠯᠲᠠ᠄ ᠬᠡᠪ ᠪᠠᠷᠢᠮᠵᠢᠶ᠎ᠠ ᠶ᠋ᠢᠨ ᠦᠨᠡᠯᠡᠯᠲᠡ ᠥᠩᠭᠡᠷᠡᠭ᠌ᠰᠡᠨ ᠦᠭᠡᠢ᠂ ᠦᠨᠳᠦᠰᠦᠨ ᠡᠮ᠎ᠤᠨ ᠵᠦᠢᠯ᠎ᠤᠨ ᠬᠡᠪ ᠪᠠᠷᠢᠮᠵᠢᠶ᠎ᠠ᠎ᠶ᠋ᠢᠨ ᠲᠣᠭ᠎ᠠ ᠬᠡᠮᠵᠢᠶ᠎ᠡ᠎ᠶ᠋ᠢ ᠬᠡᠷᠬᠢᠨ ᠮᠡᠳᠡᠭᠦᠯᠬᠦ᠌ ᠪᠣᠢ ?
ᠬᠠᠷᠢᠭᠤᠯᠲᠠ᠄ ᠲᠥᠷᠥᠯ ᠵᠦᠢᠯ ᠨᠢᠭᠡᠪᠦᠷᠢ᠎ᠶ᠋ᠢᠨ ᠮᠡᠳᠡᠭᠦᠯᠵᠦ᠍ ᠪᠣᠯᠬᠤ ᠬᠡᠮᠵᠢᠶ᠎ᠡ᠎ᠨᠢ ᠴᠥᠮ ᠶᠠᠰᠤ ᠴᠢᠨᠠᠷ ᠪᠠ ᠡᠮᠴᠢᠯᠡᠭᠡᠨ᠎ᠤ ᠠᠴᠢ ᠲᠤᠰᠠ᠎ᠶ᠋ᠢᠨ ᠨᠢᠭᠡᠳᠦᠯᠲᠦ ᠴᠢᠨᠠᠷᠲᠠᠢ ᠦᠨᠡᠯᠡᠯᠲᠡ᠎ᠶ᠋ᠢ ᠳᠠᠮᠵᠢᠭ᠍ᠰᠠᠨ ᠬᠡᠪ ᠪᠠᠷᠢᠮᠵᠢᠶ᠎ᠠ ᠪᠠᠢᠵᠤ᠂ ᠬᠡᠪ ᠪᠠᠷᠢᠮᠵᠢᠶ᠎ᠠ ᠶ᠋ᠢᠨ ᠦᠨᠡᠯᠡᠯᠲᠡ ᠥᠩᠭᠡᠷᠡᠭ᠌ᠰᠡᠨ ᠦᠭᠡᠢ ᠪᠣᠯ᠂ ᠡᠩ᠎ᠤᠨ ᠪᠠᠢᠳᠠᠯ᠎ᠳᠤ᠂ ᠡᠮᠴᠢᠯᠡᠭᠡᠨ᠎ᠤ ᠪᠠᠢᠭᠤᠯᠤᠮᠵᠢ᠎ᠠᠴᠠ ᠠᠭᠤᠯᠤᠭ᠍ᠳᠠᠴᠠ᠎ᠪᠠᠷ ᠨᠤᠭᠤᠯᠤᠨ ᠪᠣᠳᠣᠵᠤ ᠬᠡᠪ ᠪᠠᠷᠢᠮᠵᠢᠶ᠎ᠠ ᠶ᠋ᠢᠨ ᠦᠨᠡᠯᠡᠯᠲᠡ᠎ᠳᠤ ᠣᠷᠣᠭᠤᠯᠤᠨ᠎ᠠ᠃ ᠬᠡᠷᠪᠡ ᠶᠠᠮᠠᠷ ᠨᠢᠭᠡᠨ ᠦᠨᠡᠯᠡᠯᠲᠡ ᠶ᠋ᠢ ᠥᠩᠭᠡᠷᠡᠭ᠌ᠰᠡᠨ ᠦᠭᠡᠢ ᠬᠡᠪ ᠪᠠᠷᠢᠮᠵᠢᠶ᠎ᠠ ᠶ᠋ᠢ ᠦᠨᠳᠦᠰᠦᠨ ᠡᠮ᠎ᠤᠨ ᠬᠡᠪ ᠪᠠᠷᠢᠮᠵᠢᠶ᠎ᠠ (ᠨᠢᠭᠡᠨᠲᠡ ᠲᠣᠭ᠎ᠠ ᠬᠡᠮᠵᠢᠶ᠎ᠡ ᠶ᠋ᠢ ᠮᠡᠳᠡᠭᠦᠯᠬᠦ᠌ ᠱᠢᠰᠲ᠋ᠧᠮ ᠳᠤ ᠲᠤᠳᠤᠷᠬᠠᠢᠯᠠᠭ᠍ᠰᠠᠨ) ᠪᠣᠯᠭᠠᠵᠤ᠂ ᠡᠮᠴᠢᠯᠡᠭᠡᠨ᠎ᠤ ᠪᠠᠢᠭᠤᠯᠤᠮᠵᠢ᠎ᠨᠢ ᠡᠮᠴᠢᠯᠡᠭᠡᠨ᠎ᠤ ᠪᠣᠳᠠᠲᠠᠢ ᠬᠡᠷᠡᠭ᠌ᠯᠡᠭ᠌ᠰᠡᠨ ᠪᠠᠢᠳᠠᠯ᠎ᠢ ᠦᠨᠳᠦᠰᠦᠯᠡᠨ᠂ ᠨᠤᠭᠤᠯᠤᠨ ᠪᠣᠳᠣᠬᠤ ᠬᠠᠷᠢᠴᠠᠯ᠎ᠢ ᠥᠪᠡᠰᠦᠪᠡᠨ ᠲᠣᠭ᠍ᠲᠠᠭᠠᠵᠤ ᠪᠣᠯᠣᠨ᠎ᠠ᠂ ᠬᠡᠷᠪᠡ ᠲᠤᠰ ᠱᠢᠯᠲᠠᠭᠠᠨ᠎ᠠᠴᠠ ᠪᠣᠯᠵᠤ ᠮᠡᠳᠡᠭᠦᠯᠦᠭ᠌ᠰᠡᠨ ᠲᠣᠭ᠎ᠠ ᠬᠡᠮᠵᠢᠶ᠎ᠡ᠎ᠶ᠋ᠢᠨ ᠶᠡᠷᠦᠩᠬᠡᠢ ᠲᠤᠭ᠎ᠠ᠎ᠨᠢ 80% ᠳᠤ ᠬᠦᠷᠦᠭ᠌ᠰᠡᠨ ᠦᠭᠡᠢ ᠪᠣᠯ᠂ ᠲᠣᠳᠣᠷᠬᠠᠢᠯᠠᠯᠲᠠ᠎ᠳᠤ ᠪᠠᠨ ᠵᠠᠷᠢᠮ ᠬᠡᠰᠡᠭ᠎ᠤᠨ ᠬᠡᠪ ᠪᠠᠷᠢᠮᠵᠢᠶ᠎ᠠ ᠶ᠋ᠢᠨ ᠦᠨᠡᠯᠡᠯᠲᠡ ᠥᠩᠭᠡᠷᠡᠭ᠌ᠰᠡᠨ ᠦᠭᠡᠢ ᠶ᠋ᠢ ᠦᠨᠳᠦᠰᠦᠨ ᠡᠮ᠎ᠤᠨ ᠬᠡᠪ ᠪᠠᠷᠢᠮᠵᠢᠶ᠎ᠠ ᠪᠣᠯᠭᠠᠵᠤ᠂ ᠲᠤᠰ ᠬᠡᠪ ᠪᠠᠷᠢᠮᠲᠠ᠎ᠲᠠᠢ ᠬᠡᠰᠡᠭ ᠬᠤᠳᠠᠯᠳᠤᠨ ᠠᠪᠤᠭ᠍ᠰᠠᠨ ᠬᠡᠮᠵᠢᠶ᠎ᠡ᠎ᠶ᠋ᠢ ᠨᠤᠭᠤᠯᠤᠨ ᠪᠣᠳᠣᠬᠤ ᠦᠭᠡᠢ᠃ ᠬᠡᠪ ᠪᠠᠷᠢᠮᠵᠢᠶ᠎ᠠ ᠶ᠋ᠢᠨ ᠦᠨᠡᠯᠡᠯᠲᠡ ᠥᠩᠭᠡᠷᠡᠭ᠌ᠰᠡᠨ᠎ᠢ ᠦᠨᠳᠦᠰᠦᠨ ᠡᠮ᠎ᠤᠨ ᠵᠦᠢᠯ᠎ᠤᠨ ᠬᠡᠪ ᠪᠠᠷᠢᠮᠵᠢᠶ᠎ᠠ᠎ᠶ᠋ᠢ ᠡᠮᠴᠢᠯᠡᠭᠡᠨ᠎ᠤ ᠪᠠᠢᠭᠤᠯᠤᠮᠵᠢ᠎ᠶ᠋ᠢᠨ ᠬᠡᠪ᠎ᠤᠨ ᠮᠡᠳᠡᠭᠦᠯᠦᠯᠲᠡ᠎ᠶ᠋ᠢᠨ ᠬᠡᠮᠵᠢᠶ᠎ᠡ ᠳᠠᠷᠤᠢ ᠪᠣᠯᠬᠤᠢᠴᠠ ᠪᠠᠢᠵᠤ᠂ ᠰᠣᠩᠭᠤᠭ᠍ᠳᠠᠭ᠍ᠰᠠᠨ ᠦᠷ᠎ᠡ ᠳ᠋ᠦᠩ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌ ᠳᠤᠮᠳᠠ᠂ ᠬᠡᠷᠪᠡ ᠡᠮᠴᠢᠯᠡᠭᠡᠨ᠎ᠤ ᠪᠠᠢᠭᠤᠯᠤᠮᠵᠢ᠎ᠶ᠋ᠢᠨ ᠲᠣᠭ᠍ᠲᠠᠭ᠍ᠰᠠᠨ ᠭᠡᠷ᠎ᠡ ᠳᠣᠲᠣᠷ᠎ᠠ᠎ᠠᠴᠠ ᠰᠣᠩᠭᠤᠭ᠍ᠰᠠᠨ ᠠᠵᠤ ᠠᠬᠤᠢᠯᠠᠯ᠎ᠨᠢ ᠬᠡᠪ ᠪᠠᠷᠢᠮᠵᠢᠶ᠎ᠠ᠎ᠶ᠋ᠢ ᠬᠠᠩᠭᠠᠵᠤ ᠳᠡᠢᠯᠬᠦ᠌ ᠦᠭᠡᠢ᠂ ᠡᠮᠴᠢᠯᠡᠭᠡᠨ᠎ᠤ ᠪᠠᠢᠭᠤᠯᠤᠮᠵᠢ᠎ᠠᠴᠠ ᠪᠤᠰᠤᠳ ᠬᠡᠮᠵᠢᠶ᠎ᠡ ᠬᠠᠩᠭᠠᠵᠤ ᠳᠡᠢᠯᠬᠦ᠌ ᠠᠵᠤ ᠠᠬᠤᠢ᠍ᠯᠠᠯ᠎ᠠᠴᠠ ᠦᠨᠳᠦᠰᠦᠨ ᠡᠮ᠎ᠤᠨ ᠵᠦᠢᠯ᠎ᠢ ᠰᠣᠩᠭᠤᠵᠤ ᠬᠠᠩᠭᠠᠨ᠂ ᠪᠤᠰᠤᠳ ᠬᠡᠪ ᠪᠠᠷᠢᠮᠵᠢᠶ᠎ᠠ᠎ᠪᠠᠷ ᠦᠨᠳᠦᠰᠦᠨ ᠡᠮ᠎ᠤᠨ ᠬᠡᠪ ᠪᠠᠷᠢᠮᠵᠢᠶ᠎ᠠ᠎ᠶ᠋ᠢ ᠣᠷᠣᠯᠠᠭᠤᠯᠬᠤ᠎ᠪᠠᠷ ᠱᠠᠭᠠᠷᠳᠠᠬᠤ ᠦᠭᠡᠢ᠃
6.ᠠᠰᠠᠭᠤᠯᠲᠠ᠄ ᠬᠡᠦᠬᠡᠳ᠎ᠤᠨ ᠲᠣᠬᠢᠷᠠᠬᠤ ᠵᠦᠢᠯ᠎ᠳᠤ ᠴᠢᠭ᠌ᠯᠡᠭᠦᠯᠦᠨ᠂ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠶᠠᠮᠠᠷ ᠶᠠᠮᠠᠷ ᠣᠨᠴᠠᠭᠠᠢ ᠪᠣᠳᠣᠯᠬᠢᠯᠠᠯ ᠪᠠᠢᠬᠤ ᠪᠣᠢ ?
ᠬᠠᠷᠢᠭᠤᠯᠲᠠ᠄ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ᠎ᠳᠤ ᠬᠡᠰᠡᠭ ᠲᠥᠷᠥᠯ ᠵᠦᠢᠯ᠎ᠳᠤ ᠬᠡᠦᠬᠡᠳ ᠪᠠ ᠨᠠᠰᠤᠨ᠎ᠳᠤ ᠬᠦᠷᠦᠭ᠌ᠰᠡᠳ᠎ᠤᠨ ᠬᠠᠮᠲᠤ᠎ᠶ᠋ᠢᠨ ᠬᠡᠷᠡᠭ᠌ᠯᠡᠭᠡᠨ᠎ᠤ ᠵᠦᠢᠯ ᠣᠷᠣᠱᠢᠵᠤ ᠪᠠᠢᠨ᠎ᠠ᠃ ᠬᠡᠷᠪᠡ ᠬᠡᠦᠬᠡᠳ᠎ᠤᠨ ᠲᠣᠬᠢᠷᠠᠬᠤ ᠡᠮ᠎ᠤᠨ ᠲᠣᠭ᠍ᠲᠠᠭᠠᠯ᠎ᠨᠢ ᠨᠢᠭᠡᠳᠦᠯᠲᠦ ᠴᠢᠨᠠᠷᠲᠠᠢ ᠦᠨᠡᠯᠡᠯᠲᠡ᠎ᠶ᠋ᠢ ᠥᠩᠭᠡᠷᠡᠭ᠌ᠰᠡᠨ ᠦᠭᠡᠢ ᠪᠣᠯ᠂ ᠡᠮᠴᠢᠯᠡᠭᠡᠨ᠎ᠤ ᠪᠠᠢᠭᠤᠯᠤᠮᠵᠢ᠎ᠠᠴᠠ ᠪᠤᠰᠤᠳ ᠵᠦᠢᠯ᠎ᠢ ᠨᠤᠭᠤᠯᠤᠨ ᠪᠣᠳᠣᠬᠤ᠎ᠶ᠋ᠢᠨ ᠠᠷᠭ᠎ᠠ ᠦᠭᠡᠢ ᠪᠡᠷ ᠦᠵᠡᠵᠦ᠍᠂ ᠮᠡᠳᠡᠭᠦᠯᠦᠯᠲᠡ᠎ᠶ᠋ᠢᠨ ᠬᠡᠮᠵᠢᠶᠡᠨ ᠳᠣᠲᠣᠷ᠎ᠠ ᠲᠣᠳᠣᠷᠬᠠᠢᠯᠠᠬᠤ ᠬᠡᠷᠡᠭ᠌ᠲᠡᠢ᠃ ᠬᠡᠷᠪᠡ ᠬᠡᠦᠬᠡᠳ᠎ᠦᠨ ᠬᠡᠷᠡᠭ᠌ᠯᠡᠬᠦ᠌ ᠵᠦᠢᠯ ᠨᠢ ᠨᠢᠭᠡᠳᠦᠯᠲᠦ ᠴᠢᠨᠠᠷᠲᠠᠢ ᠦᠨᠡᠯᠡᠯᠲᠡ ᠬᠢᠪᠡᠯ ᠬᠡᠪ᠎ᠦᠨ ᠶᠣᠰᠣᠭᠠᠷ ᠮᠡᠳᠡᠭᠦᠯᠵᠦ᠍ ᠪᠣᠯᠤᠨ᠎ᠠ᠃ ᠡᠭᠦᠨ᠎ᠠᠴᠠ ᠭᠠᠳᠠᠨ᠎ᠠ᠂ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠬᠡᠤᠬᠡᠳ᠎ᠤᠨ ᠪᠠᠭ᠎ᠠ ᠬᠡᠮᠵᠢᠶᠡᠨ᠎ᠤ ᠡᠮ᠎ᠤᠨ ᠵᠦᠢᠯ᠎ᠳᠤ ᠦᠨ᠎ᠡ ᠬᠠᠩᠰᠢ᠎ᠶ᠋ᠢᠨ ᠨᠤᠭᠤᠯᠤᠨ ᠪᠤᠳᠤᠬᠤ ᠲᠦᠷᠢᠮ᠎ᠢ ᠵᠣᠬᠢᠰᠲᠠᠶ ᠲᠣᠬᠢᠷᠠᠭᠤᠯᠵᠤ᠂ ᠠᠵᠤ ᠠᠬᠤᠢᠯᠠᠯ᠎ᠤᠨ ᠬᠡᠤᠬᠡᠳ ᠲᠤ ᠬᠠᠩᠭᠠᠬᠤ᠎ᠳᠤ ᠳᠣᠭᠢᠷᠠᠬᠤ ᠬᠡᠪ ᠪᠠᠷᠢᠮᠵᠢᠶ᠎ᠠ᠎ᠶ᠋ᠢ ᠨᠠᠩ ᠰᠠᠢᠨ ᠵᠣᠷᠢᠭ᠍ᠵᠢᠭᠤᠯᠤᠨ᠎ᠠ᠃
7.ᠠᠰᠠᠭᠤᠯᠲᠠ᠄ ᠠᠷᠪᠠᠨ ᠨᠢᠭᠡᠳᠦᠭᠡᠷ ᠪᠦᠯᠦᠭ ᠲᠥᠪᠯᠡᠷᠡᠭᠦᠯᠦᠨ ᠬᠤᠳᠠᠯᠳᠤᠨ ᠠᠪᠬᠤ 55 ᠲᠥᠷᠥᠯ ᠵᠦᠢᠯ᠎ᠤᠨ ᠳᠣᠲᠣᠷ᠎ᠠ᠂ 2 ᠲᠥᠷᠥᠯ ᠵᠦᠢᠯ᠎ᠨᠢ 6 ᠠᠵᠤ ᠠᠬᠤᠢᠯᠠᠯ᠎ᠤᠨ ᠮᠡᠳᠡᠭᠦᠯᠦᠭ᠌ᠰᠡᠨ ᠨᠡᠷᠡᠰ᠎ᠤᠨ ᠵᠢᠭ᠍ᠰᠠᠭᠠᠯᠲᠠ᠎ᠳᠤ ᠢᠯᠡᠷᠡᠭ᠌ᠰᠡᠨ ᠪᠠᠢᠨ᠎ᠠ᠃ ᠡᠭᠦᠨ᠎ᠡᠴᠡ ᠡᠮᠦᠨ᠎ᠡ ᠵᠠᠷᠯᠠᠯ᠎ᠳᠤ 7 ᠡᠷᠦᠬᠡ᠎ᠳᠤ ᠬᠦᠷᠪᠡᠯ ᠰᠠᠶᠢ ᠲᠥᠪᠯᠡᠷᠡᠭᠦᠯᠦᠨ ᠠᠪᠤᠨ᠎ᠠ ᠭᠡᠵᠦ᠍ ᠨᠡᠢᠲᠡᠯᠡᠵᠡᠢ ᠂ ᠡᠭᠦᠨ᠎ᠢ ᠬᠡᠷᠬᠢᠨ ᠣᠢᠯᠠᠭᠠᠬᠤ ᠪᠣᠢ ? ᠡᠨᠡ 2 ᠲᠥᠷᠥᠯ ᠵᠦᠢᠯ᠎ᠢ ᠦᠷᠭᠦᠯᠵᠢᠯᠡᠨ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ᠎ᠳᠤ ᠣᠷᠣᠭᠤᠯᠤᠨ᠎ᠠ ᠦᠦ ?
ᠬᠠᠷᠢᠭᠤᠯᠲᠠ᠄ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠬᠠᠷᠢᠴᠠᠭᠤᠯᠤᠭ᠍ᠴᠢ ᠨᠠᠢᠷᠠᠯᠲᠠ᠎ᠳᠤ ᠣᠷᠣᠯᠴᠠᠬᠤ᠂ ᠨᠢᠭᠡᠳᠦᠯᠲᠦ ᠴᠢᠨᠠᠷᠲᠠᠶ ᠦᠨᠡᠯᠡᠯᠲᠡ᠎ᠳᠤ ᠳᠠᠮᠵᠢᠭ᠍ᠰᠠᠨ ᠨᠡᠢᠳᠡᠮ ᠬᠡᠷᠡᠭ᠌ᠯᠡᠬᠦ᠌ ᠨᠡᠷᠡᠲᠦ ᠡᠮ᠎ᠤᠨ ᠵᠦᠢᠯ᠎ᠤᠨ ᠠᠵᠤ ᠠᠬᠤᠢᠯᠠᠯ᠎ᠤᠨ ᠲᠤᠭ᠎ᠠ᠎ᠶ᠋ᠢ ᠨᠡᠢᠲᠡ 7 ᠡᠷᠦᠬᠡ᠎ᠶ᠋ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ᠎ᠳᠤ ᠣᠷᠣᠭᠤᠯᠬᠤ 《ᠪᠠᠷᠢᠮᠵᠢᠶ᠎ᠠ》᠎ᠳᠤ ᠬᠦᠷᠦᠭᠦᠯᠵᠦ᠍᠂ ᠠᠳᠡ ᠬᠢ 《7 ᠡᠷᠦᠬᠡ》᠎ᠨᠢ ᠡᠮ᠎ᠤᠨ ᠵᠦᠢᠯ᠎ᠢ ᠵᠠᠬ᠎ᠠ ᠳᠡᠯᠭᠡᠭᠦᠷ᠎ᠲᠤ ᠭᠠᠷᠭᠠᠬᠤ ᠵᠥᠪᠱᠢᠶᠡᠷᠡᠯ᠎ᠤᠨ ᠡᠵᠡᠮᠱᠢᠭ᠌ᠴᠢᠶ᠋ᠢᠨ ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠬᠦ᠌ ᠲᠤᠭ᠎ᠠ ᠬᠡᠮᠵᠢᠶ᠎ᠡ᠎ᠶ᠋ᠢ ᠵᠢᠭᠠᠵᠤ ᠪᠠᠢᠨ᠎ᠠ᠂ ᠲᠥᠪᠯᠡᠷᠡᠭᠦᠯᠦᠨ ᠬᠤᠳᠠᠯᠳᠤᠨ ᠠᠪᠬᠤ᠎ᠳᠤ ᠨᠡᠷ᠎ᠡ ᠮᠡᠳᠡᠭᠦᠯᠦᠭ᠌ᠰᠡᠨ ᠲᠤᠭ᠎ᠠ ᠬᠡᠮᠵᠢᠶ᠎ᠡ ᠪᠢᠰᠢ᠃ ᠣᠳᠣᠬᠠᠨ᠎ᠳᠤ᠂ ᠱᠢᠯᠢᠨ ᠰᠣᠩᠭᠤᠬᠤ ᠠᠵᠢᠯ᠎ᠢ ᠨᠢᠭᠡᠨᠲᠡ ᠪᠡᠶᠡᠯᠡᠭᠦᠯᠵᠦ᠍᠂ ᠪᠣᠳᠠᠲᠠᠶ ᠲᠥᠷᠥᠯ ᠵᠦᠢᠯ᠎ᠢ ᠨᠢᠭᠡᠨᠲᠡ ᠢᠯᠡ᠎ᠪᠠᠷ ᠨᠡᠢᠲᠡᠯᠡᠵᠦ᠍᠂ ᠠᠷᠪᠠᠨ ᠨᠢᠭᠡᠳᠦᠭᠡᠷ ᠪᠦᠯᠦᠭ᠎ᠤᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠭᠤᠯᠬᠤ ᠡᠰᠡᠬᠦ᠌᠎ᠨᠢ ᠨᠢᠭᠡᠨᠲᠡ ᠲᠣᠭ᠍ᠲᠠᠭᠠᠭ᠍ᠰᠠᠨ ᠵᠦᠢᠯᠡᠰ ᠮᠥᠨ᠂ ᠳᠠᠬᠢᠨ ᠠᠵᠤ ᠠᠬᠤᠢᠯᠠᠯ᠎ᠤᠨ ᠨᠡᠷ᠎ᠡ ᠮᠡᠳᠡᠭᠦᠯᠦᠭ᠌ᠰᠡᠨ ᠪᠠᠢᠳᠠᠯ᠎ᠠᠴᠠ ᠪᠣᠯᠵᠣ ᠬᠤᠪᠢᠷᠠᠭᠤᠯᠬᠤ ᠥᠬᠡᠶ᠂ ᠳᠠᠭᠠᠭᠠᠴᠢᠯᠠᠯᠲᠠ ᠬᠦᠯᠢᠶᠡᠬᠦ᠌ ᠪᠣᠳᠠᠲᠠᠶ ᠠᠵᠤ ᠠᠬᠤᠢᠯᠠᠯ᠎ᠤᠨ ᠲᠤᠭ᠎ᠠ᠎ᠨᠢ ᠡᠴᠦᠰ᠎ᠲᠤ᠎ᠪᠠᠨ 7 ᠡᠷᠦᠬᠡ᠎ᠠᠴᠠ ᠪᠠᠭ᠎ᠠ ᠪᠠᠢᠪᠠᠯ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠮᠥᠨ ᠬᠦ᠌ ᠬᠡᠪ᠎ᠤᠨ ᠪᠠᠢᠳᠠᠯ᠎ᠢᠶᠠᠷ ᠶᠠᠪᠤᠭ᠍ᠳᠠᠵᠤ᠂ ᠲᠦᠷᠢᠮ ᠶᠣᠰᠣᠭᠠᠷ ᠥᠷᠢᠰᠥᠯᠳᠦᠵᠦ᠍ ᠪᠠᠢᠭᠠᠳ ᠰᠣᠩᠭᠤᠭ᠍ᠳᠠᠭ᠍ᠰᠠᠨ ᠦᠷ᠎ᠡ ᠳ᠋ᠦᠩ᠎ᠢ ᠪᠣᠶ ᠪᠣᠯᠭᠠᠨ᠎ᠠ᠃ ᠭᠡᠲᠡᠯ᠎ᠡ ᠣᠳᠣᠬᠠᠨ᠎ᠳᠤ 《ᠮᠡᠳᠡᠭᠦᠯᠦᠯᠲᠡ᠎ᠶ᠋ᠢᠨ ᠲᠣᠭ᠎ᠠ ᠬᠡᠮᠵᠢᠶᠡᠨ᠎ᠤ ᠲᠣᠳᠣᠷᠬᠠᠶ ᠬᠠᠭᠤᠳᠠᠰᠤ》 ᠳᠣᠲᠣᠷᠠᠬᠢ ᠠᠵᠤ ᠠᠬᠤᠢᠯᠠᠯ᠎ᠤᠨ ᠲᠤᠭ᠎ᠠ ᠬᠡᠮᠵᠢᠶ᠎ᠡ ᠭᠡᠳᠡᠭ᠎ᠨᠢ ᠣᠲᠣ ᠪᠣᠯᠲᠠᠯ᠎ᠠ ᠨᠢᠭᠡᠨᠲᠡ ᠲᠤᠱᠢᠶᠠᠭ᠍ᠰᠠᠨ ᠪᠥᠭᠡᠳ ᠬᠢᠨᠠᠨ ᠬᠠᠷᠭᠤᠭᠤᠯᠤᠭ᠍ᠰᠠᠨ ᠠᠵᠤ ᠠᠬᠤᠢᠯᠠᠯ᠎ᠤᠨ ᠲᠤᠭ᠎ᠠ ᠬᠡᠮᠵᠢᠶ᠎ᠡ᠎ᠶ᠋ᠢ ᠵᠢᠭᠠᠵᠤ ᠪᠠᠢᠨ᠎ᠠ᠂ ᠡᠮᠴᠢᠯᠡᠭᠡᠨ᠎ᠤ ᠪᠠᠢᠭᠤᠯᠤᠮᠵᠢ ᠨᠢ ᠦᠢᠯᠡᠳᠪᠦᠷᠢ᠎ᠶ᠋ᠢᠨ ᠮᠡᠳᠡᠭᠦᠯᠦᠯᠲᠡ᠎ᠶ᠋ᠢᠨ ᠲᠣᠭ᠎ᠠ ᠬᠡᠮᠵᠢᠶ᠎ᠡ ᠪᠠᠢᠪᠠᠯ᠂ ᠨᠡᠷᠡᠰ᠎ᠤᠨ ᠵᠢᠭ᠍ᠰᠠᠭᠠᠯᠲᠠ᠎ᠳᠠᠬᠢ ᠠᠵᠤ ᠠᠬᠤᠢᠯᠠᠯ᠎ᠢ ᠰᠣᠩᠭᠤᠵᠤ ᠪᠣᠯᠤᠨ᠎ᠠ᠃ ᠲᠣᠳᠣᠷᠬᠠᠢᠯᠠᠬᠤ ᠴᠢᠬᠤᠯᠠᠲᠠᠢ ᠵᠦᠢᠯ ᠭᠡᠪᠡᠯ᠂ ᠵᠠᠷᠢᠮ ᠠᠵᠤ ᠠᠬᠤᠢᠯᠠᠯ ᠮᠠᠲ᠋ᠧᠷᠢᠶᠠᠯ ᠲᠤᠱᠢᠶᠠᠭ᠍ᠰᠠᠨ ᠦᠭᠡᠢ ᠪᠥᠭᠡᠳ ᠮᠡᠳᠡᠭᠦᠯᠬᠦ᠌ ᠲᠣᠭ᠎ᠠ ᠬᠡᠮᠵᠢᠶᠡᠨ᠎ᠤ ᠨᠡᠷᠡᠰ᠎ᠲᠤ ᠴᠦ᠍ ᠤᠷᠤᠭ᠍ᠰᠠᠨ ᠦᠭᠡᠢ᠂ ᠬᠡᠷᠪᠡ ᠦᠷᠭᠦᠯᠵᠢᠯᠡᠨ ᠲᠥᠪᠯᠡᠷᠡᠭᠦᠯᠦᠨ ᠠᠪᠬᠣ᠎ᠳᠤ ᠣᠷᠣᠯᠴᠠᠬᠤ ᠰᠠᠨᠠᠭ᠎ᠠ᠎ᠲᠠᠢ ᠪᠣᠯ ᠳᠦᠷᠢᠮ ᠶᠣᠰᠣᠭᠠᠷ ᠪᠠᠰᠠ ᠵᠥᠪᠱᠢᠶᠡᠷᠡᠨ᠎ᠡ᠂ ᠵᠥᠪᠬᠡᠨ ᠡᠮᠴᠢᠯᠡᠭᠡᠨ᠎ᠤ ᠪᠠᠢᠭᠤᠯᠤᠮᠵᠢ᠎ᠶ᠋ᠢᠨ ᠦᠢᠯᠡᠳᠪᠦᠷᠢ᠎ᠶ᠋ᠢᠨ ᠮᠡᠳᠡᠭᠦᠯᠦᠯᠲᠡ᠎ᠶ᠋ᠢᠨ ᠲᠣᠭ᠎ᠠ ᠬᠡᠮᠵᠢᠶ᠎ᠡ᠎ᠪᠠᠷ ᠦᠢᠯᠡᠴᠢᠯᠡᠭᠡᠨ᠎ᠤ ᠬᠤᠭᠤᠴᠠᠭ᠎ᠠ᠎ᠶ᠋ᠢ᠎ᠨᠢ ᠠᠯᠳᠠᠪᠠᠯ᠂ ᠲᠤᠰᠭᠠᠢ ᠲᠤᠰ ᠦᠢᠯᠡᠳᠪᠦᠷᠢ᠎ᠶ᠋ᠢᠨ ᠮᠡᠳᠡᠭᠦᠯᠦᠯᠲᠡ᠎ᠶ᠋ᠢᠨ ᠲᠣᠭ᠎ᠠ ᠬᠡᠮᠵᠢᠶ᠎ᠡ᠎ᠶ᠋ᠢ ᠡᠳ᠋ᠯᠡᠵᠦ᠍ ᠳᠡᠢᠯᠬᠦ᠌ ᠦᠭᠡᠢ ᠪᠣᠯᠣᠨ᠎ᠠ᠃
8.ᠠᠰᠠᠭᠤᠯᠲᠠ᠄ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ ᠰᠣᠩᠭᠤᠭ᠍ᠰᠠᠨ ᠦᠷ᠎ᠡ ᠳ᠋ᠦᠩ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌ ᠶᠠᠪᠤᠴᠠ᠎ᠳᠤ᠂ ᠬᠡᠯᠡᠯᠴᠡᠭᠡᠷ᠎ᠤᠨ ᠬᠡᠮᠵᠢᠶ᠎ᠡ᠎ᠳᠤ ᠶᠠᠮᠠᠷ ᠱᠠᠭᠠᠷᠳᠠᠯᠭ᠎ᠠ᠎ᠲᠠᠢ ᠪᠣᠶ ? ᠬᠡᠷᠪᠡ ᠡᠮᠴᠢᠯᠡᠭᠡᠨ᠎ᠤ ᠪᠠᠢᠭᠤᠯᠤᠮᠵᠢ ᠨᠢᠭᠡᠨᠲᠡ ᠬᠡᠯᠡᠯᠴᠡᠭᠡᠷ ᠲᠣᠭ᠍ᠲᠠᠵᠤ ᠬᠤᠳᠠᠯᠳᠤᠨ ᠠᠪᠬᠤ ᠬᠡᠮᠵᠢᠶ᠎ᠡ᠎ᠪᠠᠨ ᠪᠡᠶᠡᠯᠡᠭᠦᠯᠪᠡᠯ᠂ ᠪᠠᠰᠠ ᠦᠷᠭᠦᠯᠵᠢᠯᠡᠨ ᠬᠤᠳᠠᠯᠳᠤᠨ ᠠᠪᠬᠤ ᠴᠢᠬᠤᠯᠠᠲᠠᠢ ᠤᠤ ?
ᠬᠠᠷᠢᠭᠤᠯᠲᠠ᠄ ᠡᠩ ᠲᠡᠷᠢᠭᠦᠨ᠎ᠳᠤ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥ᠎ᠶ᠋ᠢᠨ ᠪᠣᠳᠣᠯᠭ᠎ᠠ ᠶᠣᠰᠣᠭᠠᠷ᠂ ᠡᠮᠴᠢᠯᠡᠭᠡᠨ᠎ᠤ ᠪᠠᠢᠭᠤᠯᠤᠮᠵᠢ᠎ᠠᠴᠠ ᠤᠷᠢᠳᠴᠢᠯᠠᠨ ᠰᠣᠩᠭᠤᠭ᠍ᠰᠠᠨ ᠡᠮ᠎ᠤᠨ ᠵᠦᠢᠯ᠎ᠢ ᠬᠡᠷᠡᠭ᠌ᠯᠡᠵᠦ᠍᠂ ᠬᠠᠮᠲᠤ᠌᠎ᠳᠤ ᠨᠢ᠂ 《ᠤᠷᠢᠳ᠎ᠢᠶᠠᠷ ᠬᠡᠷᠡᠭ᠌ᠯᠡᠬᠦ᠌》᠎ᠨᠢ 《ᠵᠥᠪᠬᠡᠨ ᠬᠡᠷᠡᠭ᠌ᠯᠡᠬᠦ᠌》᠎ᠲᠠᠢ ᠲᠡᠩᠴᠡᠬᠦ᠌ ᠦᠭᠡᠢ᠂ ᠲᠥᠪᠯᠡᠷᠡᠭᠦᠯᠦᠨ ᠬᠤᠳᠠᠯᠳᠤᠨ ᠠᠪᠬᠤ ᠬᠡᠯᠡᠯᠴᠡᠭᠡᠷ᠎ᠤᠨ ᠬᠡᠮᠵᠢᠶ᠎ᠡ᠎ᠶ᠋ᠢ ᠡᠩ᠎ᠤᠨ ᠪᠠᠢᠳᠠᠯ᠎ᠳᠤ ᠡᠮᠴᠢᠯᠡᠭᠡᠨ᠎ᠤ ᠪᠠᠢᠭᠤᠯᠤᠮᠵᠢ᠎ᠶ᠋ᠢᠨ ᠮᠡᠳᠡᠭᠦᠯᠦᠭ᠌ᠰᠡᠨ ᠬᠡᠮᠵᠢᠶᠡᠨ᠎ᠤ 60% - 80% ᠪᠠᠢᠵᠤ᠂ ᠦᠯᠡᠳᠡᠭ᠌ᠰᠡᠨ ᠬᠡᠷᠡᠭ᠌ᠯᠡᠬᠦ᠌ ᠬᠡᠮᠵᠢᠶ᠎ᠡ᠎ᠶ᠋ᠢ ᠡᠮᠴᠢᠯᠡᠭᠡᠨ᠎ᠤ ᠪᠠᠢᠭᠤᠯᠤᠮᠵᠢ᠎ᠠᠴᠠ ᠥᠪᠡᠰᠦᠪᠡᠨ ᠬᠤᠳᠠᠯᠳᠤᠨ ᠠᠪᠬᠤ ᠪᠤᠶᠤ ᠳᠣᠲᠣᠷ᠎ᠠ᠎ᠠᠴᠠ ᠰᠣᠩᠭᠤᠭ᠍ᠰᠠᠨ ᠪᠤᠰᠤ ᠡᠮ᠎ᠤᠨ ᠵᠦᠢᠯ᠎ᠢ ᠰᠣᠩᠭᠤᠨ᠎ᠠ᠃ ᠬᠤᠶᠠᠳᠤᠭᠠᠷ᠎ᠲᠤ᠌᠂ ᠡᠮᠦᠨ᠎ᠡ ᠬᠡᠳᠦᠨ ᠪᠦᠯᠦᠭ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠠᠴᠠ ᠦᠵᠡᠪᠡᠯ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠬᠡᠷᠡᠭ᠌ᠯᠡᠯᠲᠡ᠎ᠶ᠋ᠢᠨ ᠳᠤᠮᠳᠠ ᠰᠣᠩᠭᠤᠭ᠍ᠰᠠᠨ ᠦᠢᠯᠡᠳᠬᠦᠨ᠎ᠤ ᠬᠠᠷᠢᠴᠠᠯ ᠨᠡᠯᠢᠶᠡᠳ ᠥᠨᠳᠥᠷ ᠪᠠᠢᠵᠤ᠂ ᠶᠡᠷᠦᠩᠬᠡᠶ᠎ᠳᠤ ᠪᠠᠨ 80% ᠶ᠋ᠢ ᠳᠠᠪᠠᠨ᠎ᠠ᠂ ᠮᠠᠰᠢ ᠣᠯᠠᠨ ᠡᠮᠴᠢᠯᠡᠭᠡᠨ᠎ᠤ ᠪᠠᠢᠭᠤᠯᠤᠮᠵᠢ ᠬᠡᠯᠡᠯᠴᠡᠭᠡᠷ᠎ᠤᠨ ᠬᠡᠮᠵᠢᠶ᠎ᠡ᠎ᠶ᠋ᠢ ᠪᠡᠶᠡᠯᠡᠭᠦᠯᠦᠭ᠌ᠰᠡᠨ᠎ᠤ ᠳᠠᠷᠠᠭ᠎ᠠ ᠮᠥᠨ ᠯᠡ ᠡᠮ᠎ᠤᠨ ᠵᠦᠢᠯ᠎ᠢ ᠰᠣᠩᠭᠤᠨ ᠬᠡᠷᠡᠭ᠌ᠯᠡᠨ᠎ᠡ ᠭᠡᠳᠡᠭ᠎ᠢ ᠬᠠᠷᠠᠭᠤᠯᠵᠤ ᠪᠠᠢᠨ᠎ᠠ᠂ ᠡᠨᠡ᠎ᠨᠢ ᠪᠠᠰᠠ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ᠎ᠳᠤ ᠰᠣᠩᠭᠤᠭ᠍ᠰᠠᠨ ᠡᠮ᠎ᠤᠨ ᠵᠦᠢᠯ᠎ᠢ ᠥᠷᠭᠡᠨ ᠣᠯᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠵᠥᠪᠱᠢᠶᠡᠷᠡᠯ᠎ᠢ ᠣᠯᠵᠤ᠂ ᠡᠮᠴᠢᠯᠡᠭᠡᠨ᠎ᠤ ᠪᠠᠢᠭᠤᠯᠤᠮᠵᠢ ᠦᠷᠭᠦᠯᠵᠢᠯᠡᠨ ᠳᠡᠮᠵᠢᠵᠦ᠍ ᠪᠠᠢᠬᠤ ᠪᠥᠭᠡᠳ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ᠎ᠳᠤ ᠰᠣᠩᠭᠤᠭ᠍ᠳᠠᠭ᠍ᠰᠠᠨ ᠡᠮ᠎ᠤᠨ ᠵᠦᠢᠯ᠎ᠢ ᠦᠷᠭᠦᠯᠵᠢᠯᠡᠨ ᠬᠡᠷᠡᠭ᠌ᠯᠡᠬᠦ᠌᠎ᠶ᠋ᠢ ᠪᠠᠶᠠᠷᠯᠠᠨ ᠤᠭ᠍ᠲᠤᠵᠤ ᠪᠠᠢᠨ᠎ᠠ᠃ ᠭᠤᠷᠪᠠᠳᠤᠭᠠᠷ᠎ᠲᠤ᠌᠂ ᠵᠠᠷᠢᠮ ᠣᠨᠴᠠᠭᠠᠢ ᠪᠠᠢᠳᠠᠯ᠎ᠳᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠪᠠᠰᠠ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ ᠪᠠᠢᠬᠤ ᠬᠡᠷᠡᠭ᠌ᠲᠡᠢ᠂ 《 ᠪᠦᠬᠦᠨ᠎ᠢ ᠦᠭᠡᠢᠰᠭᠡᠬᠦ᠌》᠎ᠠᠴᠠ ᠵᠠᠢᠯᠠᠰᠭᠢᠨ᠎ᠡ᠃ ᠵᠢᠱ᠌ᠢᠶᠡᠯᠡᠪᠡᠯ ᠤᠯᠤᠰ᠎ᠤᠨ ᠪᠤᠶᠤ ᠮᠤᠵᠢ᠎ᠶ᠋ᠢᠨ ᠱᠠᠲᠤᠨ᠎ᠤ ᠭᠤᠤᠯᠳᠠᠯᠭ᠎ᠠ᠎ᠲᠠᠢ ᠬᠢᠨᠠᠨ ᠡᠵᠡᠮᠳᠡᠬᠦ᠌ ᠡᠮ᠎ᠤᠨ ᠵᠦᠢᠯ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ ᠪᠤᠶᠤ ᠡᠮᠴᠢᠯᠡᠭᠡᠨ᠎ᠤ ᠵᠦᠭ᠌ᠯᠡᠭᠦᠷ᠎ᠤᠨ ᠡᠮ ᠲᠠᠨᠢᠯᠴᠠᠭᠤᠯᠬᠤ ᠲᠠᠰ᠎ᠤᠨ ᠬᠤᠪᠢᠷᠠᠯᠲᠠ ᠵᠡᠷᠭᠡ ᠬᠦᠴᠦᠨ ᠵᠦᠢᠯ᠎ᠠᠴᠠ ᠪᠣᠯᠵᠣ ᠬᠡᠷᠡᠭ᠌ᠴᠡᠭᠡ ᠱᠠᠭᠠᠷᠳᠠᠯᠭ᠎ᠠ᠎ᠶ᠋ᠢᠨ ᠴᠢᠬᠤᠯᠠ ᠶᠡᠭᠡ ᠬᠤᠪᠢᠷᠠᠯᠲᠠ ᠭᠠᠷᠤᠭ᠍ᠰᠠᠨ ᠡᠮ᠎ᠤᠨ ᠵᠦᠢᠯ᠎ᠳᠤ᠂ ᠬᠡᠷᠪᠡ ᠬᠡᠯᠡᠯᠴᠡᠭᠡᠷ᠎ᠤᠨ ᠬᠡᠮᠵᠢᠶ᠎ᠡ᠎ᠪᠠᠨ ᠪᠡᠶᠡᠯᠡᠭᠦᠯᠦᠭ᠌ᠰᠡᠨ ᠥᠬᠡᠶ ᠪᠣᠯ᠂ ᠰᠣᠩᠭᠤᠭ᠍ᠳᠠᠭ᠍ᠰᠠᠨ ᠡᠮ᠎ᠤᠨ ᠵᠦᠢᠯ᠎ᠢ ᠬᠡᠷᠡᠭ᠌ᠯᠡᠬᠦ᠌ ᠬᠠᠷᠢᠴᠠᠯ᠎ᠨᠢ ᠪᠠᠢᠭ᠎ᠠ ᠭᠠᠵᠠᠷ ᠣᠷᠣᠨ᠎ᠤ ᠱᠠᠭᠠᠷᠳᠠᠯᠭ᠎ᠠ᠎ᠳᠤ ᠬᠦᠷᠪᠡᠯ ᠬᠡᠷᠡᠭ᠌ᠯᠡᠵᠦ᠍ ᠪᠣᠯᠣᠨ᠎ᠠ᠂ ᠡᠮᠴᠢᠯᠡᠭᠡᠨ᠎ᠤ ᠪᠣᠳᠠᠲᠠᠶ ᠡᠮ ᠬᠡᠷᠡᠭ᠌ᠯᠡᠬᠦ᠌ ᠪᠠᠢᠳᠠᠯ᠎ᠢ ᠬᠥᠨᠳᠥᠳᠭᠡᠬᠦ᠌ ᠬᠡᠷᠡᠭ᠌ᠲᠡᠢ᠃
9.ᠠᠰᠠᠭᠤᠯᠲᠠ᠄ ᠡᠮᠴᠢᠯᠡᠭᠡᠨ᠎ᠤ ᠳᠠᠭᠠᠳᠭᠠᠯ᠎ᠤᠨ ᠲᠣᠭ᠍ᠲᠠᠭ᠍ᠰᠠᠨ ᠴᠡᠭ᠎ᠤᠨ ᠠᠷᠠᠳ᠎ᠠᠴᠠ ᠡᠵᠡᠩᠨᠡᠭ᠌ᠰᠡᠨ ᠡᠮᠴᠢᠯᠡᠭᠡᠨ᠎ᠤ ᠪᠠᠢᠭᠤᠯᠤᠮᠵᠢ᠂ ᠡᠮᠴᠢᠯᠡᠭᠡᠨ᠎ᠤ ᠳᠠᠭᠠᠳᠭᠠᠯ᠎ᠤᠨ ᠲᠣᠭ᠍ᠲᠠᠭ᠍ᠰᠠᠨ ᠴᠡᠭ᠎ᠤᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠲᠥᠪᠯᠡᠷᠡᠭᠦᠯᠦᠨ ᠬᠤᠳᠠᠯᠳᠤᠨ ᠠᠪᠬᠤ ᠪᠠ ᠲᠣᠭ᠎ᠠ ᠬᠡᠮᠵᠢᠶ᠎ᠡ ᠮᠡᠳᠡᠭᠦᠯᠬᠦ᠌᠎ᠳᠤ ᠣᠷᠣᠯᠴᠠᠵᠤ ᠪᠣᠯᠣᠨ᠎ᠠ ᠤᠤ ?
ᠬᠠᠷᠢᠭᠤᠯᠲᠠ᠄ ᠡᠮᠴᠢᠯᠡᠭᠡᠨ᠎ᠤ ᠳᠠᠭᠠᠳᠭᠠᠯ᠎ᠤᠨ ᠲᠣᠭ᠍ᠲᠠᠭ᠍ᠰᠠᠨ ᠴᠡᠭ᠎ᠤᠨ ᠠᠷᠠᠳ᠎ᠠᠴᠠ ᠡᠵᠡᠩᠨᠡᠭ᠌ᠰᠡᠨ ᠡᠮᠴᠢᠯᠡᠭᠡᠨ᠎ᠤ ᠪᠠᠢᠭᠤᠯᠤᠮᠵᠢ᠂ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠢ ᠵᠣᠷᠢᠭ᠍ᠵᠢᠭᠤᠯᠵᠤ ᠲᠥᠪᠯᠡᠷᠡᠭᠦᠯᠦᠨ ᠬᠤᠳᠠᠯᠳᠤᠨ ᠠᠪᠬᠤ ᠬᠡᠮᠵᠢᠶ᠎ᠡ᠎ᠳᠤ ᠣᠷᠣᠯᠴᠠᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠦᠨ᠎ᠡ᠃ ᠠᠷᠠᠳ᠎ᠠᠴᠠ ᠡᠵᠡᠩᠨᠡᠭ᠌ᠰᠡᠨ ᠡᠮᠴᠢᠯᠡᠭᠡᠨ᠎ᠤ ᠪᠠᠢᠭᠤᠯᠤᠮᠵᠢ ᠪᠠ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠬᠤ᠎ᠳᠤ᠂ ᠨᠢᠭᠡ ᠲᠠᠯ᠎ᠠ᠎ᠪᠠᠷ᠂ ᠣᠯᠠᠨ ᠲᠦᠮᠡᠨ᠎ᠤ ᠣᠢᠷ᠎ᠠ ᠬᠠᠪᠢ᠎ᠳᠤ ᠪᠠᠨ ᠴᠢᠨᠠᠷ ᠰᠠᠢᠲᠠᠶ ᠦᠨ᠎ᠡ ᠲᠣᠬᠢᠷᠠᠮᠵᠢᠲᠠᠢ ᠰᠣᠩᠭᠤᠭ᠍ᠰᠠᠨ ᠡᠮ᠎ᠤᠨ ᠵᠦᠢᠯ ᠬᠤᠳᠠᠯᠳᠤᠨ ᠠᠪᠬᠤ᠎ᠳᠤ ᠲᠥᠬᠦᠮ ᠦᠵᠡᠭᠦᠯᠬᠦ᠌ ᠪᠣᠯᠤᠨ᠎ᠠ᠃ ᠨᠥᠭᠦᠭᠡ ᠲᠠᠯ᠎ᠠ᠎ᠪᠠᠷ᠂ ᠠᠷᠠᠳ᠎ᠠᠴᠠ ᠡᠵᠡᠩᠨᠡᠭ᠌ᠰᠡᠨ ᠡᠮᠴᠢᠯᠡᠭᠡᠨ᠎ᠤ ᠪᠠᠢᠭᠤᠯᠤᠮᠵᠢ ᠪᠠ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠬᠤᠳᠠᠯᠳᠤᠨ ᠠᠪᠬᠤ ᠱᠢᠨ᠎ᠡ ᠠᠷᠭ᠎ᠠ ᠵᠠᠮ ᠬᠠᠩᠭᠠᠵᠤ᠂ ᠣᠯᠠᠨ ᠲᠠᠯ᠎ᠠ᠎ᠪᠠᠷ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠬᠦ᠌ ᠰᠣᠩᠭᠤᠯᠲᠠ ᠪᠣᠯᠤᠨ᠎ᠠ ᠃ ᠠᠷᠠᠳ᠎ᠠᠴᠠ ᠡᠵᠡᠩᠨᠡᠭ᠌ᠰᠡᠨ ᠡᠮᠨᠡᠯᠭᠡ᠎ᠶ᠋ᠢᠨ ᠬᠤᠷᠢᠶ᠎ᠠ ᠪᠠ ᠡᠮ᠎ᠤᠨ ᠳᠡᠯᠭᠡᠭᠦᠷ᠎ᠢ ᠵᠣᠷᠢᠬ᠍ᠵᠢᠭᠤᠯᠵᠤ ᠪᠠᠢᠭᠠᠳ ᠲᠦᠪᠯᠡᠷᠡᠭᠦᠯᠦᠨ ᠬᠤᠳᠠᠯᠳᠤᠨ ᠠᠪᠬᠤ᠎ᠳᠤ ᠢᠳᠡᠪᠬᠢᠲᠡᠢ ᠣᠷᠣᠯᠴᠠᠭᠤᠯᠬᠤ᠎ᠶ᠋ᠢᠨ ᠲᠤᠰᠠᠳᠠ᠂ ᠡᠯ᠎ᠡ ᠭᠠᠵᠠᠷ᠎ᠤᠨ ᠡᠮᠴᠢᠯᠡᠭᠡ᠎ᠶ᠋ᠢᠨ ᠪᠠᠲᠤᠯᠠᠭ᠎ᠠ᠎ᠶ᠋ᠢᠨ ᠰᠠᠯᠠᠭ᠎ᠠ ᠮᠦᠴᠢᠷ᠎ᠨᠢ ᠵᠣᠬᠢᠬᠤ ᠤᠷᠮᠠᠱᠢᠭᠤᠯᠬᠤ ᠠᠷᠭ᠎ᠠ ᠬᠡᠮᠵᠢᠶ᠎ᠡ ᠠᠪᠬᠤ ᠬᠡᠷᠡᠭ᠌ᠲᠡᠢ᠃ ᠵᠢᠱ᠌ᠢᠶᠡᠯᠡᠪᠡᠯ᠂ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠵᠦᠢᠯ᠎ᠢ ᠲᠣᠬᠢᠷᠠᠭᠤᠯᠪᠠᠯ ᠵᠣᠬᠢᠬᠤ ᠲᠤᠭ᠎ᠠ ᠬᠡᠮᠵᠢᠶ᠎ᠡ᠎ᠳᠤ ᠬᠦᠷᠦᠭᠦᠯᠵᠦ᠍᠂ ᠱᠠᠭᠠᠷᠳᠠᠯᠭ᠎ᠠ ᠶᠣᠰᠣᠭᠠᠷ ᠱᠢᠷᠪᠢᠡ ᠮᠥᠷᠳᠡᠬᠦ᠌ ᠺᠣᠳ᠋ ᠵᠡᠷᠭᠡ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ ᠪᠤᠶᠤ ᠠᠷᠠᠳ᠎ᠠᠴᠠ ᠡᠵᠡᠩᠨᠡᠭ᠌ᠰᠡᠨ ᠡᠮᠨᠡᠯᠭᠡ᠎ᠶ᠋ᠢᠨ ᠬᠤᠷᠢᠶ᠎ᠠ᠎ᠳᠤ᠂ 《ᠲᠥᠪᠯᠡᠷᠡᠭᠦᠯᠦᠨ ᠬᠤᠳᠠᠯᠳᠤᠨ ᠠᠪᠬᠤ ᠠᠷᠠᠳ᠎ᠲᠤ ᠲᠥᠬᠦᠮ ᠦᠵᠡᠭᠦᠯᠬᠦ᠌ ᠡᠮ᠎ᠤᠨ ᠳᠡᠯᠭᠡᠭᠦᠷ / ᠡᠮᠨᠡᠯᠭᠡ᠎ᠶ᠋ᠢᠨ ᠬᠤᠷᠢᠶ᠎ᠠ》᠎ᠶ᠋ᠢᠨ ᠲᠡᠮᠳᠡᠭ ᠫᠠᠢᠰᠠ ᠣᠯᠭᠤᠨ᠎ᠠ; ᠲᠣᠭ᠍ᠲᠠᠭ᠍ᠰᠠᠨ ᠴᠡᠭ᠎ᠦᠨ ᠡᠮ᠎ᠤᠨ ᠳᠡᠯᠭᠡᠭᠦᠷ᠎ᠲᠤ ᠬᠤᠳᠠᠯᠳᠤᠨ ᠠᠪᠬᠤ ᠦᠨ᠎ᠡ᠎ᠶ᠋ᠢᠨ ᠵᠢᠵᠢᠭ ᠫᠷᠤᠭ᠌ᠷᠠᠮ ᠳᠡᠭᠡᠷ᠎ᠡ ᠡᠮ᠎ᠤᠨ ᠳᠡᠯᠭᠡᠭᠦᠷ᠎ᠤᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠭ᠍ᠰᠠᠨ ᠡᠰᠡᠬᠦ᠌᠎ᠶ᠋ᠢ ᠲᠣᠳᠣᠷᠬᠠᠢᠯᠠᠵᠤ᠂ ᠣᠯᠠᠨ ᠲᠦᠮᠡᠨ᠎ᠤ ᠡᠮ ᠬᠤᠳᠠᠯᠳᠤᠨ ᠠᠪᠬᠤ ᠵᠡᠷᠭᠡ᠎ᠳᠤ ᠲᠥᠬᠦᠮ ᠦᠵᠡᠭᠦᠯᠦᠨ᠎ᠡ᠃
10.ᠠᠰᠠᠭᠤᠯᠲᠠ᠄ ᠱᠢᠨ᠎ᠡ ᠬᠡᠷᠡᠭ᠌ᠯᠡᠭ᠌ᠴᠢ ᠲᠤᠭ᠎ᠠ ᠬᠡᠮᠵᠢᠶ᠎ᠡ᠎ᠶ᠋ᠢ ᠮᠡᠳᠡᠭᠦᠯᠬᠦ᠌ ᠰᠠᠨᠠᠭ᠎ᠠ᠎ᠲᠠᠢ᠂ ᠲᠠᠩᠰᠠᠨ᠎ᠤ ᠨᠣᠮᠧᠷ ᠥᠬᠡᠶ ᠪᠣᠯ ᠶᠠᠭᠠᠬᠢᠳᠠᠭ ᠪᠢᠯᠡ ? ᠬᠠᠭᠤᠴᠢᠨ ᠬᠡᠷᠡᠭ᠌ᠯᠡᠭ᠌ᠴᠢ ᠳᠠᠩᠰᠠᠨ᠎ᠤ ᠳ᠋ᠤᠭᠠᠷ ᠪᠣᠯᠣᠨ ᠨᠢᠭᠤᠴᠠ ᠨᠣᠮᠧᠷ ᠢᠶᠠᠨ ᠮᠠᠷᠲᠠᠪᠠᠯ ᠶᠠᠭᠠᠬᠢᠪᠠᠯ ᠵᠣᠬᠢᠰᠲᠠᠢ ᠪᠤᠢ ?
ᠬᠠᠷᠢᠭᠤᠯᠲᠠ᠄ ᠡᠮᠴᠢᠯᠡᠭᠡᠨ᠎ᠤ ᠪᠠᠢᠭᠤᠯᠤᠮᠵᠢ᠎ᠨᠢ ᠪᠠᠢᠭ᠎ᠠ ᠮᠤᠵᠢ᠎ᠶ᠋ᠢᠨ ᠲᠤᠭ᠎ᠠ ᠬᠡᠮᠵᠢᠶ᠎ᠡ ᠮᠡᠳᠡᠭᠦᠯᠦᠭ᠌ᠰᠡᠨ ᠠᠵᠢᠯ᠎ᠤᠨ ᠶᠠᠪᠤᠴᠠ ᠶ᠋ᠢ ᠦᠨᠳᠦᠰᠦᠯᠡᠨ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠠᠴᠠ ᠱᠢᠨ᠎ᠡ᠎ᠪᠠᠷ ᠨᠡᠮᠡᠭ᠌ᠳᠡᠭ᠌ᠰᠡᠨ ᠲᠠᠩᠰᠠᠨ᠎ᠤ ᠳ᠋ᠤᠭᠠᠷ᠂ ᠪᠠᠢᠴᠠᠭᠠᠨ ᠯᠠᠪᠯᠠᠬᠤ ᠲᠠᠩᠰᠠᠨ᠎ᠤ ᠳ᠋ᠤᠭᠠᠷ ᠪᠠ ᠳᠠᠬᠢᠨ ᠲᠣᠬᠢᠷᠠᠭᠤᠯᠤᠭ᠍ᠰᠠᠨ ᠨᠢᠭᠤᠴᠠ ᠨᠣᠮᠧᠷ᠎ᠢ ᠭᠤᠶᠤᠴᠢᠯᠠᠨ ᠭᠦᠢᠴᠡᠳᠭᠡᠵᠦ᠍ ᠪᠣᠯᠤᠨ᠎ᠠ᠃