ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠢᠶᠡᠷ ᠦᠭᠦᠯᠡᠬᠦᠢ ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠢᠲᠡᠭᠡᠮᠵᠢ᠎ᠶᠢᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ᠎ᠶᠢᠨ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-07-09

  ᠨᠢᠭᠡ ᠂ ᠨᠡᠶ᠋ᠢᠲᠡᠯᠡᠭᠰᠡᠨ ᠠᠬᠤᠶ ᠪᠠᠶ᠋ᠢᠳᠠᠯ ᠬᠢᠭᠡᠳ ᠦᠨᠳᠦᠰᠦᠯᠡᠯ

  ᠡᠮᠴᠢᠯᠡᠭᠡᠨ᠎ᠦ ᠪᠠᠲᠤᠯᠠᠭ᠎ᠠ᠎ᠶᠢᠨ ᠳᠦᠷᠢᠮ᠎ᠤᠨ ᠲᠠᠰᠤᠷᠠᠯᠲᠠ ᠦᠭᠡᠢ ᠲᠡᠭᠦᠯᠳᠡᠷᠵᠢᠬᠦ᠎ᠶᠢ ᠳᠠᠭᠠᠯᠳᠤᠨ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ ᠰᠢᠨ᠎ᠡ ᠥᠷᠢᠰᠥᠯᠳᠦᠭᠡᠨ᠎ᠳᠤ ᠲᠤᠯᠭᠠᠷᠠᠵᠤ ᠪᠣᠢ ᠃ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ᠎ᠶᠢ ᠴᠢᠩᠭᠠᠳᠬᠠᠵᠤ ᠂ ᠡᠮᠴᠢᠯᠡᠭᠡᠨ᠎ᠤ ᠪᠠᠲᠤᠯᠠᠭ᠎ᠠ᠎ᠶᠢᠨ ᠬᠦᠷᠢᠶᠡᠨ᠎ᠳᠠᠬᠢ ᠢᠲᠡᠭᠡᠮᠵᠢ᠎ᠶᠢᠨ ᠲᠣᠭᠲᠠᠯᠴᠠᠭ᠎ᠠ᠎ᠶᠢᠨ ᠪᠠᠶ᠋ᠢᠭᠤᠯᠤᠯᠲᠠ᠎ᠶᠢ ᠠᠬᠢᠭᠤᠯᠤᠨ ᠂ ᠦᠨᠡᠨᠴᠢ ᠢᠲᠡᠭᠡᠮᠵᠢᠲᠡᠶ ᠂ ᠥᠪᠡᠷ᠎ᠢ᠎ᠪᠠᠨ ᠱᠠᠭᠠᠷᠳᠠᠬᠤ᠎ᠶᠢ ᠠᠬᠢᠭᠤᠯᠵᠤ ᠂ ᠦᠨᠡᠨᠴᠢ ᠢᠲᠡᠭᠡᠮᠵᠢᠲᠡᠶ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠠᠶ᠋ᠢᠭᠤᠯᠬᠤ᠎ᠶᠢᠨ ᠲᠤᠰᠠᠳᠠ ᠂ 《ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》 ᠂ 《ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠡᠷᠡᠭᠯᠡᠯᠲᠡ᠎ᠶᠢᠨ ᠪᠠᠶ᠋ᠢᠩᠭᠤᠵᠢᠭ᠍ᠰᠠᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠲᠤᠬᠠᠶ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠲᠥᠷᠥ ᠠᠯᠪᠠᠨ ᠲᠠᠷᠬᠠᠭᠠᠭᠰᠠᠨ [ 2023 ] 17 ᠳ᠋ᠤᠭᠠᠷ ᠲᠣᠭᠠᠲᠤ) ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠎ᠢ ᠦᠨᠳᠦᠰᠦᠯᠡᠨ ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ       ᠤᠶᠠᠯᠳᠤᠭᠤᠯᠵᠤ ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠢᠲᠡᠭᠡᠮᠵᠢ᠎ᠶᠢᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ》᠎ᠶᠢ ᠲᠣᠭᠲᠠᠭᠠᠪᠠ ᠃

  ᠬᠤᠶᠠᠷ ᠂ ᠬᠡᠷᠡᠭᠵᠢᠭᠦᠯᠬᠦ ᠠᠴᠢ ᠬᠤᠯᠪᠣᠭᠳᠠᠯ

  《ᠠᠷᠭ᠎ᠠ》᠎ᠶᠢ ᠨᠡᠶ᠋ᠢᠲᠡᠯᠡᠭᠰᠡᠨ ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠢᠲᠡᠭᠡᠮᠵᠢ᠎ᠶᠢᠨ ᠲᠠᠩᠰᠠ ᠡᠪᠬᠡᠮᠡᠯ᠎ᠤᠨ 《ᠪᠥᠬᠦ ᠶᠠᠪᠤᠴᠠ᠎ᠶᠢ ᠲᠡᠮᠳᠡᠭᠯᠡᠬᠦ》 ᠂ ᠦᠨᠡᠯᠡᠬᠦ ᠲᠠᠰ᠎ᠤᠨ 《ᠬᠥᠳᠡᠯᠦᠩᠭᠦᠶ ᠦᠨᠡᠯᠡᠯᠲᠡ》 ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ᠎ᠶᠢ 《ᠨᠠᠷᠢᠯᠢᠭ᠋ ᠣᠨᠣᠴᠠᠲᠠᠶ ᠬᠡᠷᠡᠭᠵᠢᠭᠦᠯᠬᠦ》᠎ᠪᠠᠷ ᠳᠠᠮᠵᠢᠭᠤᠯᠤᠨ ᠂ ᠬᠢᠨᠠᠨ ᠬᠠᠮᠢᠶᠠᠷᠬᠤ ᠭᠤᠤᠯᠳᠠᠯᠭ᠎ᠠ᠎ᠶᠢ ᠠᠵᠢᠯ ᠬᠢᠭᠰᠡᠨ᠎ᠤ ᠳᠠᠷᠠᠭ᠎ᠠ ᠪᠠᠶ᠋ᠢᠴᠠᠭᠠᠨ ᠰᠢᠢᠳᠪᠦᠷᠢᠯᠡᠵᠦ ᠪᠠᠶ᠋ᠢᠭᠠᠳ ᠬᠡᠷᠡᠭ ᠶᠠᠪᠤᠳᠠᠯ᠎ᠤᠨ ᠡᠮᠦᠨ᠎ᠡ ᠤᠷᠢᠳᠴᠢᠯᠠᠨ ᠰᠡᠷᠭᠡᠶ᠋ᠢᠯᠡᠬᠦ ᠂ ᠬᠡᠷᠡᠭ ᠶᠠᠪᠤᠳᠠᠯ᠎ᠤᠨ ᠳᠤᠮᠳᠠ ᠬᠢᠨᠠᠨ ᠡᠵᠡᠮᠳᠡᠬᠦ ᠲᠡᠶ᠋ᠢᠰᠢ ᠰᠢᠯᠵᠢᠭᠦᠯᠵᠦ ᠂ 《ᠢᠲᠡᠭᠡᠮᠵᠢ᠎ᠲᠠᠢ᠎ᠶᠢ ᠰᠠᠭᠠᠳ ᠥᠬᠡᠶ ᠨᠡᠪᠲᠡᠷᠡᠭᠦᠯᠬᠦ ᠂ ᠢᠲᠡᠭᠡᠮᠵᠢ ᠠᠯᠳᠠᠭᠰᠠᠳ᠎ᠢ ᠨᠢᠭᠡ ᠠᠯᠬᠤᠮ ᠠᠯᠬᠤᠬᠤ᠎ᠳᠤ ᠴᠤ᠌ ᠪᠡᠷᠬᠡ ᠪᠣᠯᠭᠠᠬᠤ》᠎ᠶᠢ ᠪᠡᠶᠡᠯᠡᠭᠦᠯᠦᠨ᠎ᠡ ᠃ ᠡᠭᠦᠨ᠎ᠤ ᠬᠠᠮᠲᠤ ᠂ ᠨᠡᠶ᠋ᠢᠭᠡᠮ᠎ᠤᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠲᠠᠪᠴᠠᠩ᠎ᠤᠨ ᠲᠤᠭ᠎ᠠ ᠪᠠᠷᠢᠮᠲᠠ᠎ᠲᠠᠢ ᠬᠠᠮᠲᠤ᠎ᠪᠠᠷ ᠭᠥᠷᠳᠡᠬᠦ᠎ᠪᠠᠷ ᠳᠠᠮᠵᠢᠭᠤᠯᠤᠨ ᠂ ᠰᠠᠯᠠᠭ᠎ᠠ ᠮᠥᠴᠢᠷ     ᠠᠯᠤᠰᠯᠠᠭᠰᠠᠨ ᠂ ᠬᠦᠷᠢᠶ᠎ᠡ ᠴᠠᠷᠠᠭ᠎ᠠ ᠠᠯᠤᠰᠯᠠᠭᠰᠠᠨ ᠢᠲᠡᠭᠡᠮᠵᠢ᠎ᠶᠢᠨ ᠬᠤᠯᠪᠣᠭᠠᠯᠠᠨ ᠬᠥᠳᠡᠯᠦᠯᠴᠡᠵᠦ ᠬᠠᠮᠢᠶᠠᠷᠬᠤ᠎ᠶᠢ      ᠠᠬᠢᠭᠤᠯᠵᠤ ᠂ 《ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ ᠂ ᠨᠡᠶ᠋ᠢᠭᠡᠮ ᠨᠡᠢᠲᠡ᠎ᠪᠡᠷ᠎ᠢᠶᠡᠨ ᠬᠠᠮᠲᠤ᠎ᠪᠠᠷ ᠵᠠᠰᠠᠬᠤ》 ᠬᠢᠨᠠᠯᠲᠠ ᠬᠠᠮᠢᠶᠠᠷᠤᠯᠲᠠ᠎ᠶᠢᠨ ᠪᠠᠶ᠋ᠢᠷᠢᠰᠢᠯ᠎ᠢ ᠪᠣᠶ ᠪᠣᠯᠭᠠᠵᠤ ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢᠶᠠᠷ ᠠᠵᠢᠯᠯᠠᠬᠤ᠎ᠳᠤ ᠲᠦᠷᠢᠮ᠎ᠤᠨ ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ ᠪᠠᠬᠢ ᠪᠠᠶ᠋ᠢᠭᠤᠯᠵᠤ ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠪᠠᠲᠤᠯᠠᠨ᠎ᠠ ᠃

  ᠭᠤᠷᠪᠠ ᠂ ᠭᠤᠣᠯ ᠠᠭᠤᠯᠭ᠎ᠠ

  ᠲᠣᠰ ᠠᠷᠭ᠎ᠠ᠎ᠨᠢ ᠨᠡᠶ᠋ᠢᠲᠡ 12 ᠪᠦᠯᠦᠭ 47 ᠵᠣᠷᠪᠣᠰ ᠪᠠᠶ᠋ᠢᠵᠤ ᠂ ᠪᠠᠰᠠ ᠭᠤᠶᠤᠴᠢᠯᠠᠯ᠎ᠤᠨ ᠬᠦᠰᠦᠨᠦᠭᠲᠦ᠎ᠶᠢᠨ ᠵᠠᠭᠪᠤᠷ (ᠣᠨᠳᠣᠤ ᠰᠠᠨᠠᠯ᠎ᠢ ᠰᠢᠢᠳᠪᠦᠷᠢᠯᠡᠬᠦ ᠭᠤᠶᠤᠴᠢᠯᠠᠯ᠎ᠤᠨ ᠬᠦᠰᠦᠨᠦᠭᠲᠦ ᠂ ᠣᠨᠳᠣᠤ ᠰᠠᠨᠠᠯ᠎ᠤᠨ ᠮᠡᠳᠡᠭᠡ ᠵᠠᠩᠭᠢ᠎ᠶᠢ ᠰᠢᠢᠳᠪᠦᠷᠢᠯᠡᠭᠰᠡᠨ ᠳ᠋ᠦᠩ᠎ᠤᠨ ᠬᠠᠷᠢᠭᠤ ᠲᠤᠰᠬᠠᠬᠤ ᠬᠠᠭᠤᠳᠠᠰᠤ ᠂ ᠢᠲᠡᠭᠡᠮᠵᠢ᠎ᠶᠢ ᠰᠡᠷᠭᠦᠭᠡᠬᠦ ᠭᠤᠶᠤᠴᠢᠯᠠᠯ᠎ᠤᠨ ᠬᠦᠰᠦᠨᠦᠭᠲᠦ ᠂ ᠢᠲᠡᠭᠡᠮᠵᠢ᠎ᠶᠢ ᠥᠯᠥ ᠰᠡᠷᠭᠦᠭᠡᠬᠦ ᠮᠡᠳᠡᠭᠳᠡᠯ᠎ᠤᠨ ᠪᠢᠴᠢᠭ ᠂ ᠢᠲᠡᠭᠡᠮᠵᠢ᠎ᠶᠢ ᠰᠡᠷᠭᠦᠭᠡᠬᠦ ᠨᠤᠲᠠᠯᠠᠯᠲᠠ᠎ᠶᠢᠨ ᠮᠡᠳᠡᠭᠳᠡᠯ᠎ᠤᠨ ᠪᠢᠴᠢᠭ)᠎ᠢ 5 ᠳᠠᠭᠠᠯᠳᠤᠭᠤᠯᠤᠭᠰᠠᠨ ᠪᠠᠶ᠋ᠢᠨ᠎ᠠ ᠃

  ᠨᠢᠭᠡᠳᠦᠭᠡᠷ ᠪᠦᠯᠦᠭ ᠂ ᠶᠡᠷᠦᠩᠬᠡᠶ ᠲᠦᠷᠢᠮ (1~8 ᠳ᠋ᠤᠭᠠᠷ ᠵᠣᠷᠪᠣᠰ)᠎ᠳᠤ ᠬᠠᠤᠯᠢ ᠲᠣᠭᠲᠠᠭᠠᠬᠤ ᠦᠨᠳᠦᠰᠦᠯᠡᠯ ᠂ ᠬᠡᠷᠡᠭᠯᠡᠬᠦ ᠬᠡᠪᠴᠢᠶ᠎ᠡ ᠂ ᠢᠲᠡᠭᠡᠮᠵᠢ᠎ᠶᠢᠨ ᠬᠠᠮᠢᠶᠠᠷᠤᠯᠲᠠ᠎ᠶᠢᠨ ᠲᠣᠮᠢᠶᠠᠯᠠᠯ ᠂ ᠦᠨᠳᠦᠰᠦᠨ ᠵᠠᠷᠴᠢᠮ ᠵᠢᠴᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢ ᠲᠤᠳᠤᠷᠬᠠᠢᠯᠠᠪᠠ ᠃

  ᠬᠤᠶᠠᠳᠤᠭᠠᠷ ᠪᠦᠯᠦᠭ ᠂ ᠢᠲᠡᠭᠡᠮᠵᠢ᠎ᠶᠢᠨ ᠳᠠᠩᠰᠠ ᠡᠪᠬᠡᠮᠡᠯ (9 ~ 10 ᠳ᠋ᠤᠭᠠᠷ ᠵᠣᠷᠪᠣᠰ)᠎ᠳᠤ ᠢᠲᠡᠭᠡᠮᠵᠢ᠎ᠶᠢᠨ ᠳᠠᠩᠰᠠ ᠡᠪᠬᠡᠮᠡᠯ᠎ᠢ ᠪᠠᠶ᠋ᠢᠭᠤᠯᠬᠤ ᠪᠠᠷᠢᠮᠵᠢᠶ᠎ᠠ᠎ᠶᠢ ᠲᠣᠭᠲᠠᠭᠠᠵᠤ ᠂ ᠠᠭᠤᠯᠭ᠎ᠠ᠎ᠳᠤ ᠢᠲᠡᠭᠡᠮᠵᠢ᠎ᠶᠢᠨ ᠠᠮᠠᠯᠠᠯᠲᠠ ᠂ ᠰᠠᠶ᠋ᠢᠨ ᠰᠠᠶ᠋ᠢᠬᠠᠨ / ᠡᠷᠡᠭᠦᠯ ᠪᠤᠰᠤ ᠠᠵᠢᠯᠯᠠᠭ᠎ᠠ ᠂ ᠦᠨᠡᠯᠡᠯᠲᠡ᠎ᠶᠢᠨ ᠦᠷ᠎ᠡ ᠳ᠋ᠦᠩ ᠵᠡᠷᠭᠡ᠎ᠶᠢ ᠪᠠᠭᠲᠠᠭᠠᠪᠠ ᠃

  ᠭᠤᠷᠪᠠᠳᠤᠭᠠᠷ ᠪᠦᠯᠦᠭ ᠂ ᠢᠲᠡᠭᠡᠮᠵᠢ᠎ᠶᠢᠨ ᠠᠮᠠᠯᠠᠯᠲᠠ (11~13 ᠳ᠋ᠤᠭᠠᠷ ᠵᠣᠷᠪᠣᠰ)᠎ᠳᠤ ᠂ ᠲᠣᠭᠲᠠᠭᠠᠭᠰᠠᠨ ᠴᠡᠭ᠎ᠦᠨ ᠡᠮ ᠡᠮᠨᠡᠯᠭᠡ᠎ᠶᠢᠨ ᠪᠠᠶ᠋ᠢᠭᠤᠯᠤᠮᠵᠢ ᠵᠡᠷᠭᠡ ᠭᠤᠤᠯ ᠴᠣᠭᠴᠠ᠎ᠶᠢ ᠢᠲᠡᠭᠡᠮᠵᠢ᠎ᠶᠢᠨ ᠠᠮᠠᠯᠠᠯᠲᠠ᠎ᠶᠢᠨ ᠪᠢᠴᠢᠭ᠎ᠲᠤ ᠭᠠᠷ᠎ᠤᠨ ᠥᠰᠥᠭ ᠵᠢᠷᠤᠬᠤ᠎ᠶᠢ ᠱᠠᠭᠠᠷᠳᠠᠵᠤ ᠂ ᠬᠠᠤᠯᠢ ᠶᠣᠰᠣᠭᠠᠷ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢ ᠬᠡᠷᠡᠭᠯᠡᠵᠦ ᠂ ᠠᠮᠠᠯᠠᠯᠲᠠ᠎ᠶᠢᠨ ᠠᠭᠤᠯᠭ᠎ᠠ᠎ᠶᠢ ᠢᠲᠡᠭᠡᠮᠵᠢ᠎ᠶᠢᠨ ᠲᠠᠩᠰᠠ ᠡᠪᠬᠡᠮᠡᠯ᠎ᠳᠤ ᠣᠷᠣᠭᠤᠯᠬᠤ᠎ᠶᠢᠨ ᠬᠠᠮᠲᠤ ᠬᠢᠨᠠᠨ ᠬᠠᠮᠢᠶᠠᠷᠬᠤ ᠦᠨᠳᠦᠰᠦᠯᠡᠯ ᠪᠣᠯᠭᠠᠬᠤ᠎ᠶᠢ ᠱᠠᠭᠠᠷᠳᠠᠪᠠ ᠃

  ᠳᠥᠷᠪᠡᠳᠦᠭᠡᠷ ᠪᠦᠯᠦᠭ ᠂ ᠢᠲᠡᠭᠡᠮᠵᠢ᠎ᠶᠢᠨ ᠮᠡᠳᠡᠭᠡ ᠵᠠᠩᠭᠢ᠎ᠶᠢ ᠴᠤᠭᠯᠠᠭᠤᠯᠤᠨ ᠨᠡᠶ᠋ᠢᠯᠡᠭᠦᠯᠬᠦ (14 ~ 16 ᠳ᠋ᠤᠭᠠᠷ ᠵᠣᠷᠪᠣᠰ)᠎ᠳᠦ ᠢᠲᠡᠭᠡᠮᠵᠢ᠎ᠶᠢᠨ ᠮᠡᠳᠡᠭᠡ ᠵᠠᠩᠭᠢ ᠴᠤᠭᠯᠠᠭᠤᠯᠬᠤ ᠬᠡᠪᠴᠢᠶ᠎ᠡ ᠂ ᠠᠷᠭ᠎ᠠ ᠮᠠᠶᠢᠭ᠋᠎ᠢ ᠵᠢᠷᠤᠮᠵᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠢᠲᠡᠭᠡᠮᠵᠢ᠎ᠶᠢᠨ ᠮᠡᠳᠡᠭᠡ ᠵᠠᠩᠭᠢ᠎ᠶᠢᠨ ᠭᠠᠷᠴᠠᠭ᠎ᠢ ᠲᠣᠭᠲᠠᠭᠠᠬᠤ ᠪᠠ ᠰᠢᠨᠡᠳᠬᠡᠨ᠎ᠡ ᠃

  ᠲᠠᠪᠤᠳᠤᠭᠠᠷ ᠪᠦᠯᠦᠭ ᠂ ᠢᠲᠡᠭᠡᠮᠵᠢ᠎ᠶᠢᠨ ᠦᠨᠡᠯᠡᠯᠲᠡ (17 ~ 20 ᠳ᠋ᠤᠭᠠᠷ ᠵᠣᠷᠪᠣᠰ)᠎ᠳᠤ ᠣᠨ᠎ᠤ ᠦᠨᠡᠯᠡᠯᠲᠡ᠎ᠶᠢᠨ ᠦᠶᠡᠯᠡᠯ᠎ᠤᠨ ᠬᠤᠭᠤᠴᠠᠭ᠎ᠠ ᠪᠠ ᠦᠭᠡᠶ᠋ᠢᠰᠬᠡᠬᠦ ᠪᠠᠶ᠋ᠢᠳᠠᠯ᠎ᠢ ᠲᠣᠭᠲᠠᠭᠠᠵᠤ ᠂ ᠵᠠᠭᠤᠨ᠎ᠤ ᠬᠤᠪᠢ᠎ᠶᠢᠨ ᠳᠦᠷᠢᠮ᠎ᠢᠶᠠᠷ ᠢᠲᠡᠭᠡᠮᠵᠢ᠎ᠶᠢᠨ ᠳᠡᠰ᠎ᠢ A (ᠰᠢᠯᠢᠳᠡᠭ)᠎ᠠᠴᠠ D (ᠳᠣᠣᠷ᠎ᠠ)ᠬᠦᠷᠲᠡᠯ᠎ᠡ ᠳᠥᠷᠪᠡᠨ ᠳᠡᠰ ᠬᠤᠪᠢᠶᠠᠪᠠ ᠃

  ᠵᠢᠷᠭᠤᠳᠤᠭᠠᠷ ᠪᠦᠯᠦᠭ ᠂ ᠢᠲᠡᠭᠡᠮᠵᠢ᠎ᠶᠢ ᠬᠢᠨᠠᠨ ᠡᠵᠡᠮᠳᠡᠬᠦ ᠪᠠ ᠤᠷᠢᠳᠴᠢᠯᠠᠨ ᠰᠡᠷᠡᠮᠵᠢᠯᠡᠭᠦᠯᠬᠦ (21 ~ 22 ᠳ᠋ᠤᠭᠠᠷ ᠵᠣᠷᠪᠣᠰ)᠎ᠳᠤ ᠢᠲᠡᠭᠡᠮᠵᠢ᠎ᠶᠢᠨ ᠦᠨᠡᠯᠡᠯᠲᠡ᠎ᠶᠢᠨ ᠲᠠᠪᠴᠠᠩ᠎ᠢᠶᠠᠷ ᠳᠠᠮᠵᠢᠭᠤᠯᠤᠨ ᠴᠠᠭ ᠲᠤᠬᠠᠶ᠎ᠳᠦ ᠨᠢ ᠬᠢᠨᠠᠨ ᠡᠵᠡᠮᠳᠡᠵᠦ ᠂ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠢᠯᠯᠠᠭ᠎ᠠ᠎ᠶᠢ ᠴᠠᠭ ᠲᠤᠬᠠᠶ᠎ᠳᠦ ᠨᠢ ᠳᠡᠰ ᠪᠠᠭᠤᠷᠠᠭᠤᠯᠬᠤ᠎ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠦᠨ᠎ᠡ ᠃

  ᠳᠣᠯᠣᠳᠤᠭᠠᠷ ᠪᠦᠯᠦᠭ ᠂ ᠢᠲᠡᠭᠡᠮᠵᠢ᠎ᠶᠢᠨ ᠮᠡᠳᠡᠭᠡ ᠵᠠᠩᠭᠢ᠎ᠶᠢ ᠨᠡᠶ᠋ᠢᠲᠡᠯᠡᠬᠦ ᠪᠠ ᠡᠷᠬᠡ ᠠᠰᠢᠭ᠋᠎ᠤᠨ ᠪᠠᠲᠤᠯᠠᠭ᠎ᠠ (23 ~ 28 ᠳ᠋ᠤᠭᠠᠷ ᠵᠣᠷᠪᠣᠰ)᠎ᠳᠤ ᠮᠡᠳᠡᠭᠡ ᠵᠠᠩᠭᠢ ᠨᠡᠶ᠋ᠢᠲᠡᠯᠡᠬᠦ ᠠᠷᠭ᠎ᠠ ᠮᠠᠶᠢᠭ᠋ ᠂ ᠨᠢᠭᠤᠴᠠ᠎ᠶᠢ ᠬᠠᠮᠠᠭᠠᠯᠠᠬᠤ ᠱᠠᠭᠠᠷᠳᠠᠯᠭ᠎ᠠ᠎ᠶᠢ ᠲᠣᠭᠲᠠᠭᠠᠭᠰᠠᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠡᠯ᠎ᠡ ᠵᠠᠰᠠᠭ ᠵᠠᠬᠢᠷᠭᠠᠨ᠎ᠤ ᠣᠷᠣᠨ᠎ᠤ ᠨᠡᠶ᠋ᠢᠭᠡᠮ᠎ᠤᠨ ᠢᠲᠡᠭᠡᠮᠵᠢ᠎ᠶᠢᠨ ᠲᠠᠪᠴᠠᠩ᠎ᠲᠠᠢ ᠲᠤᠭ᠎ᠠ ᠪᠠᠷᠢᠮᠲᠠ᠎ᠶᠢ ᠬᠠᠮᠲᠤ᠎ᠪᠠᠷ ᠭᠥᠷᠳᠡᠨ᠎ᠡ ᠃

  ᠨᠠᠢ᠍ᠮᠠᠳᠤᠭᠠᠷ ᠪᠦᠯᠦᠭ ᠂ ᠢᠲᠡᠭᠡᠮᠵᠢ᠎ᠶᠢᠨ ᠦᠨᠡᠯᠡᠭᠰᠡᠨ ᠳ᠋ᠦᠩ᠎ᠢ ᠬᠡᠷᠡᠭᠯᠡᠬᠦ (29 ~ 34 ᠳ᠋ᠦ᠍ᠭᠡᠷ ᠵᠤᠷᠪᠤᠰ)᠎ᠳᠤ ᠢᠲᠡᠭᠡᠮᠵᠢ᠎ᠶᠢᠨ ᠵᠡᠷᠭᠡ ᠳᠡᠰ᠎ᠢ ᠬᠢᠨᠠᠨ ᠬᠠᠮᠢᠶᠠᠷᠬᠤ᠎ᠲᠠᠢ ᠬᠣᠯᠪᠣᠭᠳᠠᠭᠤᠯᠵᠤ ᠂ ᠢᠲᠡᠭᠡᠮᠵᠢ᠎ᠲᠠᠢ ᠪᠠᠶ᠋ᠢᠬᠤ᠎ᠶᠢ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠎ᠶᠢ ᠲᠣᠭᠲᠠᠭᠠᠪᠠ ᠃

  ᠶᠢᠰᠦᠳᠦᠭᠡᠷ ᠪᠦᠯᠦᠭ ᠂ ᠣᠨᠳᠣᠤ ᠰᠠᠨᠠᠯ᠎ᠢ ᠰᠢᠢᠳᠪᠦᠷᠢᠯᠡᠬᠦ (35 ~ 37 ᠳ᠋ᠤᠭᠠᠷ ᠵᠣᠷᠪᠣᠰ)᠎ᠳᠤ ᠢᠲᠡᠭᠡᠮᠵᠢ᠎ᠶᠢᠨ ᠭᠤᠤᠯ ᠴᠣᠭᠴᠠ᠎ᠶᠢᠨ ᠮᠡᠳᠡᠭᠡ ᠵᠠᠩᠭᠢ᠎ᠶᠢᠨ ᠠᠯᠳᠠᠭ᠎ᠠ ᠪᠠ ᠦᠨᠡᠯᠡᠯᠲᠡ᠎ᠶᠢᠨ ᠳ᠋ᠦᠩ ᠵᠡᠷᠭᠡ᠎ᠳᠤ ᠣᠨᠳᠣᠤ ᠰᠠᠨᠠᠯ ᠳᠤᠷᠠᠳᠬᠤ᠎ᠶᠢ ᠵᠥᠪᠰᠢᠶᠡᠷᠡᠵᠦ ᠂ 7 ᠠᠵᠢᠯᠯᠠᠬᠤ ᠡᠳᠦᠷ᠎ᠲᠤ ᠪᠢᠴᠢᠭ᠎ᠤᠨ ᠬᠡᠯᠪᠡᠷᠢ᠎ᠶᠢᠨ ᠭᠤᠶᠤᠴᠢᠯᠠᠯ ᠳᠡᠪᠰᠢᠭᠦᠯᠵᠦ ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ 15 ᠠᠵᠢᠯᠯᠠᠬᠤ ᠡᠳᠦᠷ᠎ᠲᠤ ᠰᠢᠢᠳᠪᠦᠷᠢᠯᠡᠬᠦ᠎ᠶᠢᠨ ᠬᠠᠮᠲᠤ ᠬᠠᠷᠢᠭᠤ ᠲᠤᠰᠬᠠᠨ᠎ᠠ ᠃

  ᠠᠷᠪᠠᠳᠤᠭᠠᠷ ᠪᠦᠯᠦᠭ ᠂ ᠢᠲᠡᠭᠡᠮᠵᠢ᠎ᠶᠢ ᠰᠡᠷᠭᠦᠭᠡᠬᠦ (38 ~ 42 ᠳ᠋ᠤᠭᠠᠷ ᠵᠣᠷᠪᠣᠰ)᠎ᠳᠤ ᠢᠲᠡᠭᠡᠮᠵᠢ ᠠᠯᠳᠠᠭᠰᠠᠨ ᠭᠤᠤᠯ ᠴᠣᠭᠴᠠ᠎ᠨᠢ ᠴᠡᠭᠴᠡᠯᠡᠨ ᠰᠠᠶ᠋ᠢᠵᠢᠷᠠᠭᠤᠯᠬᠤ ᠂ ᠨᠥᠯᠥᠭᠡ᠎ᠶᠢ ᠠᠷᠢᠯᠭᠠᠬᠤ ᠵᠡᠷᠭᠡ ᠨᠥᠬᠦᠴᠡᠯ᠎ᠢ ᠬᠠᠩᠭᠠᠭᠰᠠᠨ᠎ᠤ ᠳᠠᠷᠠᠭ᠎ᠠ ᠵᠠᠰᠠᠨ ᠰᠡᠷᠭᠦᠭᠡᠬᠦ᠎ᠪᠠᠷ ᠭᠤᠶᠤᠴᠢᠯᠠᠵᠤ ᠪᠣᠯᠤᠨ᠎ᠠ ᠂ ᠭᠤᠶᠤᠴᠢᠯᠠᠬᠤ᠎ᠳᠤ᠎ᠪᠠᠨ ᠴᠡᠭᠴᠡᠯᠡᠨ ᠰᠠᠶ᠋ᠢᠵᠢᠷᠠᠭᠤᠯᠬᠤ ᠭᠡᠷᠡᠴᠢ ᠵᠡᠷᠭᠡ ᠮᠠᠲᠧᠷᠢᠶᠠᠯ᠎ᠢᠶᠠᠨ ᠲᠤᠰᠢᠶᠠᠨ᠎ᠠ ᠃

  ᠠᠷᠪᠠᠨ ᠨᠢᠭᠡᠳᠦᠭᠡᠷ ᠪᠦᠯᠦᠭ ᠂ ᠬᠢᠨᠠᠯᠲᠠ ᠬᠠᠮᠢᠶᠠᠷᠤᠯᠲᠠ (43 ~ 44 ᠳ᠋ᠦ᠍ᠭᠡᠷ ᠵᠤᠷᠪᠤᠰ)᠎ᠳᠤ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠢ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠵᠦ ᠂ ᠮᠡᠳᠡᠭᠡ ᠵᠠᠩᠭᠢ᠎ᠶᠢᠨ ᠠᠮᠤᠷ ᠲᠦᠪᠰᠢᠨ᠎ᠢ ᠪᠠᠲᠤᠯᠠᠵᠤ ᠂ ᠠᠵᠢᠯᠲᠠᠨ᠎ᠤ ᠲᠤᠰᠢᠶᠠᠯ᠎ᠢᠶᠠᠨ ᠭᠤᠲᠤᠭᠠᠭᠰᠠᠨ ᠠᠵᠢᠯᠯᠠᠭ᠎ᠠ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ ᠱᠠᠭᠠᠷᠳᠠᠪᠠ ᠃

  ᠠᠷᠪᠠᠨ ᠬᠤᠶᠠᠳᠤᠭᠠᠷ ᠪᠦᠯᠦᠭ ᠂ ᠳᠠᠭᠠᠯᠳᠤᠭᠤᠯᠤᠯ ᠲᠦᠷᠢᠮ (45 ~ 47 ᠳ᠋ᠤᠭᠠᠷ ᠵᠣᠷᠪᠣᠰ)᠎ᠳᠦ ᠡᠮ᠎ᠤᠨ ᠵᠦᠢᠯ ᠪᠠ ᠬᠤᠷᠣᠭᠳᠠᠯ ᠮᠠᠲᠧᠷᠢᠶᠠᠯ᠎ᠤᠨ ᠠᠵᠤ ᠠᠬᠤᠶ᠋ᠢᠯᠠᠯ᠎ᠤᠨ ᠢᠲᠡᠭᠡᠮᠵᠢ᠎ᠶᠢᠨ ᠦᠨᠡᠯᠡᠯᠲᠡ᠎ᠶᠢ ᠤᠯᠤᠰ᠎ᠤᠨ ᠲᠣᠭᠲᠠᠭᠠᠯ ᠶᠣᠰᠣᠭᠠᠷ ᠬᠡᠷᠡᠭᠵᠢᠭᠦᠯᠵᠦ ᠂ ᠪᠢᠴᠢᠭ ᠮᠠᠲᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ 2 ᠵᠢᠯ ᠪᠠᠢᠵᠤ ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠲᠠᠢᠯᠪᠤᠷᠢᠯᠠᠬᠤ᠎ᠶᠢ ᠲᠤᠳᠤᠷᠬᠠᠢᠯᠠᠪᠠ ᠃

  ᠳᠥᠷᠪᠡ ᠂ ᠪᠤᠰᠤᠳ ᠲᠣᠳᠣᠷᠬᠠᠶ᠋ᠢᠯᠠᠯᠲᠠ

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠢᠲᠡᠭᠡᠮᠵᠢ᠎ᠶᠢᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ》 ᠪᠣᠯ ᠪᠥᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠬᠦᠷᠢᠶᠡᠨ᠎ᠳᠠᠬᠢ ᠢᠲᠡᠭᠡᠮᠵᠢ᠎ᠶᠢᠨ ᠬᠠᠮᠢᠶᠠᠷᠤᠯᠲᠠ᠎ᠶᠢᠨ ᠬᠥᠲᠥᠯᠪᠦᠷᠢ᠎ᠶᠢᠨ ᠴᠢᠨᠠᠷᠲᠠᠶ ᠪᠢᠴᠢᠭ ᠮᠠᠲᠧᠷᠢᠶᠠᠯ ᠪᠠᠢᠵᠤ ᠂ ᠬᠤᠯᠪᠣᠭᠳᠠᠯ ᠪᠥᠬᠦᠶ ᠪᠣᠳᠠᠲᠠᠶ ᠠᠵᠢᠯᠯᠠᠬᠤ ᠶᠠᠪᠤᠴᠠ ᠂ ᠦᠨᠡᠯᠡᠬᠦ ᠪᠠᠷᠢᠮᠵᠢᠶ᠎ᠠ ᠵᠢᠴᠢ ᠱᠠᠩᠨᠠᠵᠤ ᠲᠣᠷᠭᠠᠬᠤ ᠠᠷᠭ᠎ᠠ ᠬᠡᠮᠵᠢᠶ᠎ᠡ᠎ᠶᠢ ᠲᠠᠷᠠᠭᠠᠴᠢ᠎ᠶᠢᠨ ᠲᠣᠭᠲᠠᠭᠠᠬᠤ ᠬᠠᠮᠢᠶ᠎ᠠ ᠪᠥᠬᠦᠶ ᠬᠡᠷᠡᠭᠵᠢᠭᠦᠯᠬᠦ ᠨᠠᠷᠢᠨ ᠲᠦᠷᠢᠮ᠎ᠳᠤ ᠤᠯᠠᠮ ᠨᠢᠭᠡ ᠠᠯᠬᠤᠮ ᠲᠣᠳᠣᠷᠬᠠᠶ᠋ᠢᠯᠠᠬᠤ ᠪᠣᠯᠤᠨ᠎ᠠ ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            