ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ᠎ᠢ ᠪᠠᠢᠭᠤᠯᠬᠤ ᠪᠣᠯ ᠨᠢᠭᠡ ᠵᠦᠢᠯ᠎ᠤᠨ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ
ᠨᠡᠶ᠋ᠢᠲᠡᠯᠡᠭᠰᠡᠨ ᠴᠠᠭ᠄ 2025-11-20

  ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠤᠨ ᠪᠠᠲᠤᠯᠠᠭ᠎ᠠ᠎ᠶ᠋ᠢᠨ ᠨᠡᠢᠭᠡᠮᠯᠢᠭ᠎ᠤᠨ ᠳᠡᠳ᠋ ᠳᠠᠷᠤᠭ᠎ᠠ᠂ ᠵᠧᠵᠢᠶᠠᠩ ᠶᠡᠭᠡ ᠰᠤᠷᠭᠠᠭᠤᠯᠢ᠎ᠶ᠋ᠢᠨ ᠤᠯᠤᠰ᠎ᠤᠨ ᠳᠦᠷᠢᠮ᠎ᠤᠨ ᠰᠤᠳᠤᠯᠭᠠᠨ᠎ᠤ ᠬᠦᠷᠢᠶᠡᠯᠡᠩ᠎ᠤᠨ ᠳᠡᠳ᠋ ᠳᠠᠷᠤᠭ᠎ᠠ᠎ᠶ᠋ᠢᠨ ᠸᠧᠶ ᠭᠠᠩ᠂ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭ᠍ᠴᠢ ᠰᠦᠨ ᠱᠢᠤ ᠶᠠᠨ ᠡᠮᠬᠢᠯᠡᠪᠡ

  ᠣᠳᠣᠬᠠᠨ᠎ᠳᠤ᠂ ᠮᠠᠨ᠎ᠤ ᠤᠯᠤᠰ᠎ᠤᠨ 4500 ᠭᠠᠷᠤᠶ ᠲᠦᠮᠡᠨ ᠴᠢᠳᠠᠯ ᠲᠡᠩᠬᠡᠭᠡ᠎ᠪᠠᠨ ᠠᠯᠳᠠᠭ᠍ᠰᠠᠨ ᠨᠠᠰᠤᠲᠠᠨ ᠬᠡᠷ᠎ᠤᠨ ᠬᠥᠮᠦᠰ ᠪᠤᠶᠤ ᠬᠤᠯᠪᠣᠭ᠍ᠳᠠᠯ ᠪᠥᠬᠦᠶ ᠪᠠᠢᠭᠤᠯᠤᠮᠵᠢ᠎ᠠᠴᠠ ᠣᠷᠳᠣ ᠬᠤᠭᠤᠴᠠᠭ᠎ᠠ᠎ᠪᠠᠷ ᠬᠠᠷᠠᠭᠠᠯᠵᠠᠨ ᠠᠰᠠᠷᠠᠬᠤ ᠴᠢᠬᠤᠯᠠᠲᠠᠶ ᠪᠠᠢᠨ᠎ᠠ᠃ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ ᠪᠣᠯ ᠴᠢᠳᠠᠯ ᠲᠡᠩᠬᠡᠭᠡ᠎ᠪᠠᠨ ᠠᠯᠳᠠᠭ᠍ᠰᠠᠨ ᠬᠥᠮᠦᠰ᠎ᠤᠨ ᠦᠨᠳᠦᠰᠦᠨ ᠠᠮᠢᠳᠤᠷᠠᠯ᠎ᠤᠨ ᠬᠠᠷᠠᠭᠠᠯᠵᠠᠯ ᠵᠢᠴᠢ ᠬᠠᠮᠢᠶ᠎ᠠ ᠪᠦᠬᠦᠢ ᠡᠮ ᠡᠮᠨᠡᠯᠭᠡ᠎ᠶ᠋ᠢᠨ ᠰᠤᠪᠢᠯᠠᠯᠲᠠ᠎ᠳᠤ ᠦᠢᠯᠡᠴᠢᠯᠡᠭᠡ ᠬᠠᠩᠭᠠᠬᠤ ᠪᠤᠶᠤ ᠪᠡᠯᠡ ᠮᠥᠩᠭᠦ᠎ᠶ᠋ᠢᠨ ᠪᠠᠲᠤᠯᠠᠭ᠎ᠠ ᠬᠠᠩᠭᠠᠬᠤ᠎ᠶ᠋ᠢᠨ ᠲᠥᠯᠥᠭᠡ ᠪᠠᠢᠭᠤᠯᠤᠭ᠍ᠰᠠᠨ ᠨᠢᠭᠡ ᠵᠦᠢᠯ᠎ᠤᠨ ᠨᠡᠢᠭᠡᠮ᠎ᠤᠨ ᠳᠠᠭᠠᠳᠭᠠᠯ᠎ᠤᠨ ᠳᠦᠷᠢᠮ ᠪᠣᠯᠤᠨ᠎ᠠ᠃

  2016 ᠣᠨ᠎ᠤ᠋ 6 ᠎ᠳ᠋ᠤᠭᠠᠷ ᠰᠠᠷ᠎ᠠ᠎ᠳ᠋ᠤ ᠂ ᠬᠥᠮᠦᠨ᠎ᠦ᠌ ᠬᠦᠴᠦᠨ᠎ᠦ᠌ ᠡᠬᠢ ᠪᠠᠶᠠᠯᠢᠭ ᠨᠡᠢᠭᠡᠮ᠎ᠦ᠋ᠨ ᠪᠠᠲᠤᠯᠠᠭ᠎ᠠ᠎ᠶᠢᠨ ᠶᠠᠮᠤᠨ᠎ᠤ᠋ ᠠᠯᠪᠠᠨ ᠲᠢᠩᠬᠢᠮ᠎ᠡᠴᠡ 《ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠤ᠋ᠨ ᠳᠦᠷᠢᠮ᠎ᠦ᠋ᠨ ᠲᠤᠷᠰᠢᠯᠲᠠ᠎ᠶᠢᠨ ᠴᠡᠭ᠎ᠦ᠋ᠨ ᠠᠵᠢᠯ᠎ᠢ᠋ ᠥᠷᠨᠢᠭᠦᠯᠬᠦ᠌ ᠲᠤᠬᠠᠢ ᠵᠢᠯᠣᠭᠣᠳᠭᠤ ᠰᠠᠨᠠᠯ》 ᠎ᠢ᠋ ᠨᠡᠢᠲᠡᠯᠡᠵᠦ᠍ ᠂ ᠡᠭᠦᠨ᠎ᠳ᠋ᠦ᠍ 15 ᠬᠣᠲᠠ᠎ᠶᠢ ᠲᠤᠷᠰᠢᠯᠲᠠ᠎ᠶᠢᠨ ᠭᠠᠵᠠᠷ ᠣᠷᠣᠨ ᠪᠣᠯᠭᠠᠬᠤ᠎ᠪᠠᠷ ᠲᠣᠭ᠍ᠲᠠᠭᠠᠭ᠍ᠰᠠᠨ ᠪᠥᠭᠡᠳ ᠬᠢᠷᠢᠨ᠂ ᠱᠠᠨᠳᠦ᠋ᠩ ᠬᠣᠶᠠᠷ ᠮᠣᠵᠢ᠎ᠶᠢ ᠭᠣᠣᠯᠳᠠᠯᠭ᠎ᠠ᠎ᠲᠠᠢ ᠬᠠᠷᠢᠯᠴᠠᠬᠤ ᠮᠣᠵᠢ ᠪᠣᠯᠭᠠᠵᠤ᠂ ᠲᠤᠷᠰᠢᠯᠲᠠ᠎ᠶᠢᠨ ᠴᠡᠭ᠎ᠦ᠋ᠨ ᠠᠵᠢᠯ᠎ᠢ᠋ ᠵᠣᠬᠢᠶᠠᠨ ᠪᠠᠢᠭᠤᠯᠤᠨ ᠥᠷᠨᠢᠭᠦᠯᠦᠨ᠎ᠡ᠃ 2020 ᠣᠨ᠎ᠤ 9 ᠳ᠋ᠦ᠍ᠭᠡᠷ ᠰᠠᠷ᠎ᠠ᠎ᠳᠤ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠎ᠠᠴᠠ ᠡᠳ᠋᠎ᠤᠨ ᠵᠠᠰᠠᠭ᠎ᠤᠨ ᠶᠠᠮᠤᠨ᠎ᠲᠠᠢ ᠬᠠᠮᠲᠤᠷᠠᠨ 《ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠤᠨ ᠲᠤᠷᠱᠢᠯᠲᠠ᠎ᠶ᠋ᠢᠨ ᠴᠡᠭ᠎ᠢ ᠥᠷᠭᠡᠳᠭᠡᠬᠦ᠌ ᠲᠤᠬᠠᠶ ᠵᠢᠯᠣᠭᠤᠳᠭᠤ ᠰᠠᠨᠠᠯ》 ᠎ᠢ ᠳᠠᠷᠤᠮᠠᠯᠯᠠᠨ ᠲᠠᠷᠬᠠᠭᠠᠵᠤ᠂ ᠲᠤᠷᠱᠢᠯᠲᠠ᠎ᠶ᠋ᠢᠨ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠬᠦ᠌᠎ᠪᠠᠷ ᠲᠣᠭ᠍ᠲᠠᠪᠠ᠃

  2024 ᠣᠨ᠎ᠤ ᠡᠴᠦᠰ ᠪᠣᠯᠲᠠᠯ᠎ᠠ᠂ ᠪᠥᠬᠦ᠌ ᠤᠯᠤᠰ᠎ᠤᠨ 49 ᠲᠤᠷᠱᠢᠯᠲᠠ᠎ᠶ᠋ᠢᠨ ᠬᠤᠲᠠ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠤ ᠲᠤᠭ᠎ᠠ ᠨᠡᠢᠲᠡ 1.88 ᠳ᠋ᠦᠩᠱᠢᠭᠤᠷ ᠬᠥᠮᠦᠨ ᠪᠠᠢᠵᠤ᠂ ᠲᠣᠰ ᠵᠢᠯ᠎ᠳᠤ 146.25 ᠲᠦᠮᠡᠨ ᠬᠥᠮᠦᠨ ᠬᠠᠷᠠᠭᠠᠯᠵᠠᠯ ᠭᠥᠷᠳᠡᠪᠡ᠃ ᠪᠦᠬᠦ᠌ ᠤᠯᠤᠰ᠎ᠤᠨ ᠡᠯ᠎ᠡ ᠲᠤᠷᠱᠢᠯᠲᠠ᠎ᠶ᠋ᠢᠨ ᠭᠠᠵᠠᠷ ᠣᠷᠣᠨ᠎ᠤ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠣᠷᠣᠯᠭ᠎ᠠ ᠨᠡᠢᠲᠡ 244.15 ᠳ᠋ᠦᠩᠱᠢᠭᠤᠷ ᠲᠥᠭᠦᠷᠢᠭ᠎ᠲᠤ ᠬᠦᠷᠴᠦ᠍᠂ ᠰᠠᠭᠤᠷᠢ ᠮᠥᠩᠭᠦ᠎ᠶ᠋ᠢᠨ ᠵᠠᠷᠤᠯᠭ᠎ᠠ ᠨᠡᠢᠲᠡ 131.08 ᠳ᠋ᠦᠩᠱᠢᠭᠤᠷ ᠲᠥᠭᠦᠷᠢᠭ᠎ᠲᠤ ᠬᠦᠷᠪᠡ᠃

  ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠪᠠᠶ᠋ᠢᠭᠤᠯᠬᠤ ᠨᠢ᠂ ᠴᠢᠳᠠᠪᠤᠷᠢ᠎ᠪᠠᠨ ᠠᠯᠳᠠᠭᠰᠠᠨ ᠣᠶᠤᠨ᠎ᠤ ᠴᠢᠳᠠᠪᠤᠷᠢ᠎ᠪᠠᠨ ᠠᠯᠳᠠᠭᠰᠠᠨ ᠬᠥᠮᠥᠰ᠎ᠦᠨ ᠣᠷᠳᠣ᠌ ᠬᠤᠭᠤᠴᠠᠭᠠᠨ᠎ᠤ ᠠᠮᠢᠳᠤᠷᠠᠯ᠎ᠤᠨ ᠰᠤᠪᠢᠯᠠᠯᠲᠠ᠎ᠶᠢᠨ ᠠᠰᠠᠭᠤᠳᠠᠯ ᠵᠢᠴᠢ ᠬᠣᠯᠪᠣᠭᠳᠠᠯ ᠪᠦᠬᠦᠢ ᠡᠮᠴᠢᠯᠡᠭᠡ ᠰᠤᠪᠢᠯᠠᠯᠲᠠ᠎ᠶᠢᠨ ᠶᠡᠬᠡ ᠬᠡᠮᠵᠢᠶᠡᠨ᠎ᠦ ᠵᠠᠷᠤᠳᠠᠯ᠎ᠤᠨ ᠠᠰᠠᠭᠤᠳᠠᠯ᠎ᠢ ᠨᠡᠯᠢᠶᠡᠳ ᠶᠡᠬᠡ ᠬᠡᠮᠵᠢᠶ᠎ᠡ᠎ᠪᠡᠷ ᠬᠤᠪᠢᠶᠠᠨ ᠡᠭᠦᠷᠭᠡᠯᠡᠵᠦ᠂ ᠡᠭᠦᠨ᠎ᠦ ᠤᠯᠠᠮ᠎ᠠᠴᠠ ᠬᠤᠪᠢ ᠬᠥᠮᠥᠨ ᠪᠤᠶᠤ ᠭᠡᠷ ᠪᠦᠯᠢ᠎ᠶᠢᠨ ᠠᠵᠤ ᠠᠬᠤᠢ᠎ᠶᠢᠨ ᠳᠠᠷᠤᠭᠠᠰᠤ᠎ᠶᠢ ᠶᠡᠬᠡ ᠬᠡᠮᠵᠢᠶ᠎ᠡ᠎ᠪᠡᠷ ᠬᠥᠩᠭᠡᠷᠡᠭᠦᠯᠬᠦ ᠮᠥᠷᠲᠡᠭᠡᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠠᠵᠤ ᠦᠢᠯᠡᠰ ᠢᠯᠠᠩᠭᠤᠶ᠎ᠠ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠠᠵᠤ ᠦᠢᠯᠡᠰ᠎ᠦᠨ ᠥᠷᠨᠢᠩᠭᠦᠢ ᠬᠥᠭᠵᠢᠯᠲᠡ᠎ᠶᠢ ᠠᠬᠢᠭᠤᠯᠬᠤ᠎ᠳᠤ ᠠᠰᠢᠭ᠍ᠲᠠᠢ ᠶᠤᠮ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ᠎ᠤ ᠬᠡᠷᠡᠭ᠌ᠯᠡᠭ᠌ᠴᠢ᠎ᠶ᠋ᠢᠨ ᠦᠵᠦᠭᠦᠷ
          
ᠬᠠᠮᠢᠶ᠎ᠡ ᠪᠦᠬᠦᠢ ᠰᠣᠨᠢᠨ
 
            