ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭ᠍ᠴᠢ᠄ ᠶᠣᠣ ᠱᠢᠤᠸᠠᠢ ᠴᠢᠩ ᠯᠢ ᠷᠦᠢ ᠵᠧᠩ ᠶᠠᠩ ᠶᠠᠩ ᠳ᠋ᠧᠦ ᠬᠠᠨ ᠶᠠᠩ
《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠳᠤ᠂ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠢ ᠬᠡᠷᠡᠭ᠌ᠵᠢᠭᠦᠯᠵᠦ᠍᠂ ᠴᠢᠳᠠᠪᠤᠷᠢ᠎ᠪᠠᠨ ᠠᠯᠳᠠᠭ᠍ᠰᠠᠨ ᠣᠶᠣᠨ ᠤᠬᠠᠭᠠᠨ᠎ᠢᠶᠠᠨ ᠠᠯᠳᠠᠭ᠍ᠰᠠᠨ ᠨᠠᠰᠤᠲᠠᠢᠴᠤᠳ᠎ᠢ ᠬᠠᠷᠠᠭᠠᠯᠵᠠᠨ ᠠᠰᠠᠷᠠᠬᠤ ᠱᠢᠰᠲ᠋ᠧᠮ᠎ᠢ ᠪᠦᠷᠢᠨᠱᠢᠭᠦᠯᠵᠦ᠍᠂ ᠡᠷᠡᠭᠦᠯᠵᠢᠯ ᠰᠤᠪᠢᠯᠠᠯᠲᠠ᠂ ᠠᠮᠤᠷ ᠵᠢᠮᠤᠷ ᠡᠮᠴᠢᠯᠡᠨ ᠰᠤᠪᠢᠯᠠᠬᠤ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠨ᠎ᠡ ᠭᠡᠵᠦ᠍ ᠳᠤᠷᠠᠳᠪᠠ᠃
2016 ᠣᠨ᠎ᠳ᠋ᠤ ᠤᠯᠤᠰ᠎ᠠ᠋ᠴᠠ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠤ᠋ᠨ ᠳᠦᠷᠢᠮ᠎ᠦ᠋ᠨ ᠲᠤᠷᠱᠢᠯᠲᠠ᠎ᠶᠢ ᠡᠬᠢᠯᠡᠭᠦᠯᠵᠦ᠍᠂ 2020 ᠣᠨ᠎ᠤ᠋ ᠲᠤᠷᠱᠢᠯᠲᠠ᠎ᠶᠢᠨ ᠴᠡᠭ᠎ᠦᠨ ᠠᠵᠢᠯ᠎ᠢ᠋ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ 49 ᠬᠣᠲᠠ ᠪᠣᠯᠲᠠᠯ᠎ᠠ ᠥᠷᠭᠡᠳᠭᠡᠵᠦ᠍ ᠁ 9 ᠵᠢᠯ᠎ᠦᠨ ᠲᠤᠷᠰᠢ᠂ ᠲᠤᠷᠱᠢᠯᠲᠠ᠎ᠶ᠋ᠢᠨ ᠴᠡᠭ᠎ᠦᠨ ᠠᠵᠢᠯ᠎ᠤᠨ ᠶᠡᠷᠦᠩᠬᠡᠶ ᠠᠬᠢᠴᠠ ᠤᠷᠤᠭ᠍ᠰᠢᠲᠠᠶ ᠪᠠᠢᠵᠤ᠂ ᠱᠠᠲᠤ ᠦᠢ᠎ᠡ᠎ᠶ᠋ᠢᠨ ᠬᠠᠷᠠᠯᠲᠠ᠎ᠶ᠋ᠢ ᠦᠨᠳᠦᠰᠦᠨ ᠪᠡᠶᠡᠯᠡᠭᠦᠯᠪᠡ᠃
ᠨᠠᠢᠷᠠᠭᠤᠯᠤᠨ ᠵᠣᠬᠢᠶᠠᠭ᠍ᠴᠢ
ᠳ᠋ᠠᠢᠲ᠋ᠠ ᠡᠴᠡ ᠦᠵᠡᠪᠡᠯ᠂ ᠣᠳᠣᠬᠠᠨ᠎ᠳᠤ ᠮᠠᠨ᠎ᠤ ᠤᠯᠤᠰ᠎ᠲᠤ ᠴᠢᠳᠠᠪᠤᠷᠢ᠎ᠪᠠᠨ ᠠᠯᠳᠠᠭ᠍ᠰᠠᠨ ᠣᠶᠣᠨ ᠤᠬᠠᠭᠠᠨ᠎ᠢᠶᠠᠨ ᠠᠯᠳᠠᠭ᠍ᠰᠠᠨ 4500 ᠲᠦᠮᠡ ᠭᠠᠷᠤᠢ ᠨᠠᠰᠤᠲᠠᠢᠴᠤᠳ ᠪᠤᠢ᠂ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠨᠢ 《 ᠨᠢᠭᠡ ᠬᠥᠮᠦᠨ ᠴᠢᠳᠠᠪᠤᠷᠢ᠎ᠪᠠᠨ ᠠᠯᠳᠠᠵᠤ᠂ ᠪᠦᠬᠦ᠌ ᠭᠡᠷ ᠲᠡᠩᠴᠡᠭᠦᠷᠢ᠎ᠪᠠᠨ ᠠᠯᠳᠠᠬᠤ 》 ᠨᠡᠢᠭᠡᠮ᠎ᠤᠨ ᠬᠦᠴᠢᠷ ᠠᠰᠠᠭᠤᠳᠠᠯ᠎ᠢ ᠠᠷᠭᠠᠴᠠᠭᠠᠵᠤ᠂ ᠴᠢᠳᠠᠪᠤᠷᠢ᠎ᠪᠠᠨ ᠠᠯᠳᠠᠭ᠍ᠰᠠᠨ ᠬᠥᠮᠦᠰ ᠵᠢᠴᠢ ᠲᠡᠭᠦᠨ᠎ᠤ ᠭᠡᠷ ᠪᠦᠯᠢ᠎ᠳᠤ ᠬᠦᠰᠡᠯ ᠡᠷᠡᠮᠡᠯᠵᠡᠯ ᠠᠪᠴᠢᠷᠠᠭ᠍ᠰᠠᠨ ᠪᠠᠢᠨ᠎ᠠ᠃
ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠢ ᠬᠡᠷᠬᠢᠨ ᠬᠤᠳᠠᠯᠳᠤᠨ ᠠᠪᠬᠤ᠂ ᠬᠡᠷᠬᠢᠨ ᠲᠥᠯᠥᠬᠦ᠌ ᠪᠣᠶ? ᠳᠠᠭᠠᠳᠭᠠᠯ᠎ᠳᠤ ᠣᠷᠣᠯᠴᠠᠭ᠍ᠰᠠᠳ ᠶᠠᠮᠠᠷ ᠶᠠᠮᠠᠷ ᠦᠢᠯᠡᠴᠢᠯᠡᠭᠡ ᠪᠠ ᠪᠠᠲᠤᠯᠠᠭ᠎ᠠ ᠭᠥᠷᠳᠡᠵᠦ᠍ ᠪᠣᠯᠬᠤ ᠪᠣᠶ? ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ ᠵᠡᠷᠭᠡ ᠬᠥᠮᠦᠰ᠎ᠲᠤ ᠬᠠᠨᠳᠤᠭᠤᠯᠤᠨ ᠶᠠᠮᠠᠷ ᠳᠥᠭᠦᠮᠴᠢᠯᠡᠭ᠌ᠰᠡᠨ ᠠᠷᠭ᠎ᠠ ᠬᠡᠮᠵᠢᠶ᠎ᠡ ᠪᠠᠢᠬᠤ ᠪᠣᠶ?
ᠵᠣᠬᠢᠬᠤ ᠬᠠᠷᠢᠴᠠᠯ᠎ᠤᠨ ᠡᠮᠴᠢᠯᠡᠭᠡᠨ᠎ᠦ ᠦᠢᠯᠡᠴᠢᠯᠡᠭᠡᠨ᠎ᠦ ᠵᠠᠷᠤᠳᠠᠯ᠎ᠢ ᠲᠠᠢᠯᠵᠤ᠂ ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ᠎ᠤᠨ ᠭᠡᠷ ᠪᠦᠯᠢ᠎ᠶ᠋ᠢᠨ ᠳᠠᠷᠤᠭᠠᠰᠤ᠎ᠶ᠋ᠢ ᠬᠥᠩᠭᠡᠷᠡᠭᠦᠯᠪᠡ
《 ᠨᠠᠰᠣᠲᠠᠨ ᠡ ᠂ ᠢᠯᠢᠵᠦ᠍ ᠨᠤᠬᠤᠯᠠᠭᠠᠳ ᠨᠡᠯᠢᠶᠡᠳ ᠵᠦᠭᠡᠷ ᠪᠣᠯᠣᠭ᠍ᠰᠠᠨ ᠪᠢᠵᠡ ? ᠬᠦᠴᠢᠯᠳᠦ᠋ᠷᠦᠭ᠌ᠴᠢ ᠠᠮᠢᠰᠭᠤᠬᠤ ᠴᠠᠭ ᠪᠣᠯᠣᠯ᠎ᠠ 》 ᠰᠤᠪᠢᠯᠠᠭ᠍ᠴᠢ ᠴᠧᠨ ᠱᠢᠶᠤᠤ ᠯᠢᠶᠠᠩ 82 ᠨᠠᠰᠤᠲᠠᠢ ᠨᠠᠰᠤᠲᠠᠨ ᠸᠠᠩ ᠠᠮᠤᠷᠢ᠋ ᠬᠠᠮᠠᠭᠠᠯᠠᠭ᠍ᠴᠢ ᠲᠦᠱᠢᠨ ᠰᠠᠭᠤᠯᠭᠠᠵᠤ ᠬᠦᠴᠢᠯᠳᠦ᠋ᠷᠦᠭ᠌ᠴᠢ᠎ᠶᠢᠨ ᠬᠣᠭᠣᠯᠠᠢ᠎ᠶᠢ ᠨᠢ ᠬᠠᠮᠠᠷ᠎ᠲᠤ ᠨᠢ ᠣᠷᠤᠭᠤᠯᠪᠠ ᠃ ᠱᠠᠨ ᠱ᠋ᠢ ᠮᠣᠵᠢ᠎ᠶ᠋ᠢᠨ ᠵᠢᠨ ᠴᠸᠩ ᠬᠣᠲᠠ᠎ᠶ᠋ᠢᠨ ᠲᠣᠭᠣᠷᠢᠭ᠎ᠲᠤ᠌ ᠰᠠᠭᠤᠵᠤ ᠪᠠᠢᠭ᠎ᠠ ᠸᠠᠩ ᠠᠮᠤᠷᠢ᠋ ᠬᠠᠮᠠᠭᠠᠯᠠᠭ᠍ᠴᠢ ᠠᠭᠤᠰᠭᠢᠨᠤ᠋ ᠬᠡᠢ ᠬᠠᠪᠤᠩ ᠵᠡᠷᠭᠡ ᠣᠯᠠᠨ ᠵᠦᠢᠯ᠎ᠦ᠋ᠨ ᠡᠪᠡᠳᠴᠢᠨ᠎ᠳ᠋ᠦ᠍ ᠨᠡᠷᠪᠡᠭᠳᠡᠭ᠌ᠰᠡᠨᠡᠴᠡ ᠬᠡᠪ᠎ᠦᠨ ᠪᠠᠢᠳᠠᠯ᠎ᠢᠶᠠᠷ ᠠᠯᠬᠤᠵᠤ ᠴᠢᠳᠠᠬᠤ ᠦᠭᠡᠢ᠂ ᠬᠣᠶᠠᠷ ᠭᠠᠷ ᠦᠷᠭᠦᠯᠵᠢ ᠴᠡᠴᠡᠷᠡᠨ᠎ᠡ᠃ ᠨᠠᠰᠤᠲᠠᠨ ᠡᠭᠦᠨ᠎ᠠᠴᠠ ᠡᠮᠦᠨ᠎ᠡ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠳᠦ ᠣᠷᠣᠯᠴᠠᠵᠤ᠂ 2024 ᠣᠨ᠎ᠤ 4 ᠳ᠋ᠤᠭᠡᠷ ᠰᠠᠷ᠎ᠠ᠎ᠳᠤ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ ᠭᠤᠶᠤᠴᠢᠯᠠᠵᠤ᠂ ᠬᠡᠷ᠎ᠲᠤ᠎ᠪᠠᠨ ᠰᠠᠭᠤᠬᠤ ᠪᠠ ᠬᠡᠷ᠎ᠲᠤ ᠨᠢ ᠬᠦᠷᠴᠦ᠍ ᠰᠤᠪᠢᠯᠠᠬᠤ ᠳᠠᠪᠬᠤᠴᠠᠭ᠍ᠰᠠᠨ ᠵᠠᠭ᠍ᠪᠤᠷ᠎ᠢ ᠰᠣᠩᠭᠤᠪᠠ᠃
2021 ᠣᠨ᠎ᠤ 1 ᠳ᠋ᠤᠭᠡᠷ ᠰᠠᠷ᠎ᠠ᠎ᠳᠤ᠂ ᠵᠢᠨ ᠴᠸᠩ ᠬᠤᠲᠠ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠢ ᠵᠢᠩᠬᠢᠨᠢ᠎ᠪᠠᠷ ᠡᠬᠢᠯᠡᠨ ᠬᠡᠷᠡᠭ᠌ᠵᠢᠭᠦᠯᠪᠡ᠃ 《 ᠬᠤᠲᠠ᠎ᠶ᠋ᠢᠨ ᠡᠷᠦᠬᠡ ᠠᠮᠠ᠎ᠶ᠋ᠢᠨ ᠲᠠᠩᠰᠠ᠎ᠲᠠᠢ ᠠᠵᠢᠯᠲᠠᠨ ᠠᠵᠢᠯᠴᠢᠨ ᠯᠠ ᠶᠤᠮ ᠪᠣᠯ ᠳᠠᠭᠠᠳᠭᠠᠯ᠎ᠳᠤ ᠣᠷᠣᠯᠴᠠᠪᠠᠯ ᠨᠠᠰᠤ ᠪᠠ ᠪᠡᠶ᠎ᠡ ᠮᠠᠬᠠᠪᠣᠳ᠎ᠤᠨ ᠨᠥᠬᠦᠴᠡᠯ᠎ᠢ ᠬᠢᠵᠠᠭᠠᠷᠯᠠᠬᠤ ᠥᠬᠡᠶ 》᠃ ᠵᠢᠨ ᠴᠸᠩ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠵᠣᠣ ᠢ ᠷᠦᠩ ᠲᠠᠨᠢᠯᠴᠠᠭᠤᠯᠬᠤ᠎ᠳᠤ᠎ᠪᠠᠨ᠂ ᠴᠢᠳᠠᠪᠤᠷᠢ᠎ᠪᠠᠨ ᠠᠯᠳᠠᠭ᠍ᠰᠠᠨ ᠪᠠᠢᠳᠠᠯ 6 ᠰᠠᠷ᠎ᠠ᠎ᠠᠴᠠ ᠳᠡᠭᠡᠭ᠌ᠰᠢ᠂ ᠡᠪᠡᠳᠴᠢᠨ᠎ᠤ ᠪᠠᠢᠳᠠᠯ ᠨᠢ ᠦᠨᠳᠦᠰᠦᠨ ᠲᠣᠭ᠍ᠲᠠᠭᠤᠨ᠂ ᠣᠷᠳᠣ ᠬᠤᠭᠤᠴᠠᠭ᠎ᠠ᠎ᠪᠠᠷ ᠰᠤᠪᠢᠯᠠᠬᠤ ᠴᠢᠬᠤᠯᠠᠲᠠᠶ ᠪᠣᠯ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ ᠭᠤᠶᠤᠴᠢᠯᠠᠵᠤ ᠪᠣᠯᠤᠨ᠎ᠠ᠂ ᠬᠠᠷᠢᠶᠠᠲᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠦᠢᠯᠡᠴᠢᠯᠡᠭᠡᠨ᠎ᠤ ᠴᠣᠩᠬᠣᠪᠴᠢ ᠪᠤᠶᠤ ᠰᠦᠯᠵᠢᠶᠡᠨ ᠳᠡᠭᠡᠷ᠎ᠡ ᠭᠤᠶᠤᠴᠢᠯᠠᠯ ᠲᠤᠱᠢᠶᠠᠵᠤ ᠪᠣᠯᠤᠨ᠎ᠠ᠃ 《 ᠣᠳᠣᠬᠠᠨ ᠪᠣᠯᠲᠠᠯ᠎ᠠ᠂ ᠶ᠋ᠢᠨ ᠴᠧᠩ ᠬᠤᠲᠠ᠎ᠶ᠋ᠢᠨ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠤ ᠲᠤᠭ᠎ᠠ 56 ᠲᠦᠮᠡ᠎ᠶ᠋ᠢ ᠳᠠᠪᠠᠵᠤ᠂ 5145 ᠬᠥᠮᠦᠨ᠎ᠳᠤ ᠬᠠᠷᠠᠭᠠᠯᠵᠠᠯ ᠬᠦᠷᠲᠡᠭᠡᠵᠦ᠍᠂ ᠰᠠᠭᠤᠷᠢ ᠮᠥᠩᠭᠦ᠎ᠶ᠋ᠢᠨ ᠵᠠᠷᠤᠯᠭ᠎ᠠ 8400 ᠲᠦᠮᠡᠨ ᠲᠥᠭᠦᠷᠢᠭ᠎ᠢ ᠳᠠᠪᠠᠪᠠ 》 ᠵᠢᠨ ᠴᠸᠩ ᠬᠣᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶᠠᠨ ᠳᠠᠷᠤᠭ᠎ᠠ ᠵᠤᠤ᠎ᠶ᠋ᠢᠨ ᠾᠦ᠋ᠢ ᠬᠡᠯᠡᠪᠡ᠃
ᠵᠧᠵᠢᠶᠠᠩ᠎ᠤᠨ ᠨᠢᠩ ᠪᠦ᠋ᠸᠧᠳᠤ᠂ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠤ ᠲᠤᠭ᠎ᠠ 830 ᠲᠦᠮᠡ᠎ᠶ᠋ᠢ ᠳᠠᠪᠠᠵᠤ᠂ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ᠎ᠨᠢ 5 ᠲᠦᠮᠡ ᠱᠢᠬᠠᠮ ᠬᠦᠨᠳᠦ ᠴᠢᠳᠠᠪᠤᠷᠢ᠎ᠪᠠᠨ ᠠᠯᠳᠠᠭ᠍ᠰᠠᠨ ᠬᠥᠮᠦᠨ ᠵᠢᠴᠢ ᠲᠡᠳᠡᠨ᠎ᠤ ᠭᠡᠷ ᠪᠦᠯᠢ᠎ᠳᠤ ᠳᠥᠭᠦᠮ ᠦᠵᠡᠭᠦᠯᠪᠡ᠃ ᠨᠢᠩ ᠪᠦᠸᠧ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶᠠᠨ᠎ᠤ᠋ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠤ᠋ᠨ ᠭᠠᠵᠠᠷ᠎ᠤ᠋ᠨ ᠬᠠᠷᠢᠭᠤᠴᠠᠯᠭᠠᠲᠠᠨᠤ᠋ ᠲᠠᠨᠢᠯᠴᠠᠭᠤᠯᠤᠭ᠍ᠰᠠᠨ᠎ᠢᠶᠠᠷ᠂ ᠠᠵᠢᠯᠲᠠᠨ ᠠᠵᠢᠯᠴᠢᠨ᠎ᠤ᠋ ᠡᠮᠨᠡᠯᠭᠡ᠎ᠶᠢᠨ ᠳᠠᠭᠠᠳᠭᠠᠯ ᠪᠣᠯᠤᠨ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤ᠋ᠨ ᠡᠮᠨᠡᠯᠭᠡ᠎ᠶᠢᠨ ᠳᠠᠭᠠᠳᠭᠠᠯ᠎ᠳ᠋ᠤ ᠣᠷᠣᠯᠴᠠᠬᠤ ᠨᠢ ᠬᠥᠮᠦᠨ ᠪᠦᠷᠢ᠎ᠳ᠋ᠦ᠍ ᠳᠤᠮᠳᠠᠴᠢ᠎ᠪᠠᠷ ᠨᠢᠩ ᠪᠦ᠋ᠸᠧᠶᠢᠨ ᠤᠷᠳᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤ᠋ᠨ ᠬᠡᠪᠴᠢᠶᠡᠨ᠎ᠳ᠋ᠦ᠍ ᠬᠠᠮᠲᠤ ᠣᠷᠣᠭᠤᠯᠵᠤ ᠂ ᠪᠡᠯᠡ ᠴᠤᠭ᠍ᠯᠠᠭᠤᠯᠬᠤ ᠪᠠᠷᠢᠮᠵᠢᠶ᠎ᠠ ᠪᠣᠯᠤᠨ ᠬᠠᠷᠠᠭᠠᠯᠵᠠᠯ᠎ᠤᠨ ᠬᠢᠷᠢ ᠬᠡᠮᠵᠢᠶ᠎ᠡ ᠨᠢ ᠨᠢᠭᠡᠳᠦᠯᠲᠡᠢ ᠪᠠᠢᠵᠤ᠂ ᠬᠣᠲᠠ ᠬᠥᠳᠡᠭᠡ᠎ᠶᠢᠨ ᠨᠢᠭᠡ ᠴᠣᠭ᠍ᠴᠠᠵᠢᠯᠲᠠᠶᠢ ᠪᠡᠶᠡᠯᠡᠭᠦᠯᠪᠡ᠃
ᠨᠢᠩ ᠪᠦ᠋ᠸᠧᠳᠤ᠂ ᠡᠯ᠎ᠡ ᠲᠣᠭᠤᠷᠢᠭ ( ᠱᠢᠶᠠᠨ᠂ ᠬᠤᠲᠠ )᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠥᠪ ᠭᠤᠶᠤᠴᠢᠯᠠᠯ᠎ᠢ ᠣᠯᠤᠭ᠍ᠰᠠᠨ᠎ᠤ ᠳᠠᠷᠠᠭ᠎ᠠ᠂ ᠲᠤᠰᠭᠠᠶ ᠮᠡᠷᠭᠡᠵᠢᠯ᠎ᠤᠨ ᠦᠨᠡᠯᠡᠨ ᠵᠢᠱ᠌ᠢᠬᠦ᠌ ᠠᠵᠢᠯᠲᠠᠨ᠎ᠢ ᠬᠡᠷ᠎ᠲᠤ ᠨᠢ ᠣᠴᠢᠭᠤᠯᠵᠤ ᠴᠢᠳᠠᠪᠤᠷᠢ᠎ᠪᠠᠨ ᠠᠯᠳᠠᠭ᠍ᠰᠠᠳ᠎ᠢ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠵᠦ᠍᠂ ᠦᠨᠡᠯᠡᠨ ᠵᠢᠱ᠌ᠢᠬᠦ᠌᠎ᠪᠠᠷ ᠳᠡᠮᠵᠢᠨ ᠬᠦᠨᠳᠦ ᠴᠢᠳᠠᠪᠤᠷᠢ᠎ᠪᠠᠨ ᠠᠯᠳᠠᠭ᠍ᠰᠠᠨ ᠨᠢᠭᠡ ᠡᠴᠡ ᠭᠤᠷᠪᠠᠳᠤᠭᠠᠷ ᠳᠡᠰ᠎ᠢᠶᠠᠷ ᠮᠠᠭᠠᠳᠯᠠᠨ ᠲᠣᠭ᠍ᠲᠠᠭᠠᠭ᠍ᠰᠠᠨ ᠪᠠᠢᠪᠠᠯ᠂ ᠴᠥᠮ ᠲᠣᠭ᠍ᠲᠠᠭᠠᠯ ᠶᠣᠰᠣᠭᠠᠷ ᠵᠣᠬᠢᠴᠠᠩᠭᠤᠶ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ᠎ᠢ ᠭᠥᠷᠳᠡᠵᠦ᠍ ᠪᠣᠯᠤᠨ᠎ᠠ᠃ ᠪᠠᠢᠭᠤᠯᠤᠮᠵᠢ᠎ᠶ᠋ᠢᠨ ᠠᠰᠠᠷᠠᠨ ᠰᠤᠪᠢᠯᠠᠬᠤ᠎ᠶ᠋ᠢ ᠰᠣᠩᠭᠤᠪᠠᠯ᠂ ᠣᠷᠣ᠎ᠶ᠋ᠢᠨ ᠡᠳᠦᠷ᠎ᠢᠶᠡᠷ ᠵᠠᠷᠤᠴᠠᠭᠤᠯᠬᠤ᠎ᠶ᠋ᠢ ᠬᠡᠷᠡᠭ᠌ᠵᠢᠭᠦᠯᠵᠦ᠍᠂ ᠬᠦᠨᠳᠦ ᠴᠢᠳᠠᠪᠤᠷᠢ᠎ᠪᠠᠨ ᠠᠯᠳᠠᠭ᠍ᠰᠠᠨ ᠭᠤᠷᠪᠠᠨ ᠳᠡᠰ᠎ᠢ ᠦᠨᠳᠦᠰᠦᠯᠡᠨ ᠲᠣᠰ ᠲᠣᠰ ᠣᠷᠣ ᠪᠦᠷᠢ᠎ᠳᠤ ᠡᠳᠦᠷ ᠪᠦᠷᠢ 40 ᠲᠥᠭᠦᠷᠢᠭ᠂ 50 ᠲᠥᠭᠦᠷᠢᠭ ᠪᠠ 60 ᠲᠥᠭᠦᠷᠢᠭ ᠪᠣᠯᠤᠨ᠎ᠠ ;ᠭᠡᠷ᠎ᠲᠤ᠎ᠪᠠᠨ ᠰᠠᠭᠤᠵᠤ ᠰᠤᠪᠢᠯᠠᠬᠤ᠎ᠶ᠋ᠢ ᠰᠣᠩᠭᠤᠭ᠍ᠰᠠᠨ ᠪᠠᠢᠪᠠᠯ᠂ ᠦᠢᠯᠡᠴᠢᠯᠡᠬᠦ᠌ ᠴᠠᠭ᠎ᠤᠨ ᠣᠷᠳᠣ ᠶᠣᠰᠣᠭᠠᠷ ᠬᠠᠷᠠᠭᠠᠯᠵᠠᠯ ᠬᠦᠷᠲᠡᠭᠡᠬᠦ᠌᠎ᠶ᠋ᠢ ᠬᠡᠷᠡᠭ᠌ᠵᠢᠭᠦᠯᠵᠦ᠍᠂ ᠬᠦᠨᠳᠦ ᠴᠢᠳᠠᠪᠤᠷᠢ᠎ᠪᠠᠨ ᠠᠯᠳᠠᠭ᠍ᠰᠠᠨ ᠭᠤᠷᠪᠠᠨ ᠳᠡᠰ᠎ᠢ ᠦᠨᠳᠦᠰᠦᠯᠡᠨ ᠲᠣᠰ ᠲᠣᠰ ᠰᠠᠷ᠎ᠠ ᠪᠦᠷᠢ 20᠂ 25 ᠪᠠ 30 ᠴᠠᠭ ᠭᠡᠷ᠎ᠲᠤ᠎ᠨᠢ ᠬᠦᠷᠴᠦ᠍ ᠰᠤᠪᠢᠯᠠᠨ᠎ᠠ᠃ ᠬᠠᠮᠢᠶ᠎ᠠ ᠪᠦᠬᠦᠢ ᠵᠠᠷᠤᠳᠠᠯ᠎ᠢ ᠴᠥᠮ ᠡᠯ᠎ᠡ ᠲᠣᠭᠤᠷᠢᠭ ( ᠱᠢᠶᠠᠨ᠂ ᠬᠤᠲᠠ )᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠥᠪ ᠪᠠ ᠴᠡᠭ ᠲᠣᠭ᠍ᠲᠠᠭᠠᠭ᠍ᠰᠠᠨ ᠪᠠᠢᠭᠤᠯᠤᠮᠵᠢ᠎ᠠᠴᠠ ᠱᠢᠭᠤᠳ ᠳ᠋ᠦᠩᠨᠡᠨ ᠪᠣᠳᠣᠨ᠎ᠠ᠃
ᠱᠠᠨᠳᠦ᠋ᠩ᠎ᠤᠨ ᠴᠢᠩᠲᠤᠤ ᠪᠣᠯ ᠪᠥᠬᠥ᠌ ᠤᠯᠤᠰ᠎ᠲᠤ ᠨᠡᠯᠢᠶᠡᠳ ᠡᠷᠲᠡ ᠨᠠᠰᠤᠵᠢᠯᠲᠠ᠎ᠶ᠋ᠢᠨ ᠨᠡᠢᠭᠡᠮᠳᠦᠤᠷᠤᠭ᠍ᠰᠠᠨ ᠬᠣᠲᠠ᠎ᠶ᠋ᠢᠨ ᠨᠢᠭᠡ ᠪᠣᠯᠬᠣᠷ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ᠎ᠢ ᠬᠡᠷᠡᠭ᠌ᠵᠢᠭᠦᠯᠵᠦ᠍ ᠴᠢᠳᠠᠪᠤᠷᠢ᠎ᠪᠠᠨ ᠠᠯᠳᠠᠭ᠍ᠰᠠᠨ ᠨᠠᠰᠤᠲᠠᠨ᠎ᠤ ᠭᠡᠷ ᠪᠦᠯᠢ᠎ᠶ᠋ᠢᠨ ᠳᠠᠷᠤᠯᠲᠠ᠎ᠶ᠋ᠢ ᠨᠡᠯᠢᠶᠡᠳ ᠨᠠᠮᠳᠠᠭᠤᠯᠵᠠᠶ᠃
《 ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠰᠠᠢᠨ᠎ᠢᠶᠠᠷ᠂ ᠰᠤᠪᠢᠯᠠᠭ᠍ᠴᠢ ᠭᠡᠷ᠎ᠲᠤ ᠬᠦᠷᠴᠦ᠍ ᠢᠷᠡᠨ᠎ᠡ᠂ ᠬᠥᠭ᠌ᠰᠢᠨ ᠮᠢᠨᠢ ᠭᠡᠷ᠎ᠲᠤ᠎ᠪᠠᠨ ᠱᠢᠭᠡᠰᠦᠨ ᠬᠤᠭᠤᠯᠠᠢ ᠰᠣᠯᠢᠵᠤ ᠪᠣᠯᠬᠤ ᠪᠣᠯᠵᠠᠢ 》 ᠭᠡᠵᠦ᠍ ᠴᠢᠩᠳᠣᠣ ᠬᠣᠲᠠ᠎ᠶ᠋ᠢᠨ ᠵᠶ᠋ᠢ ᠮᠥᠸᠸ ᠲᠣᠭᠣᠷᠢᠭ᠎ᠲᠤ ᠠᠮᠢᠳᠤᠷᠠᠵᠤ ᠪᠠᠢᠭ᠎ᠠ ᠢᠤᠢ ᠴᠢᠨ ᠵᠸᠩ ᠬᠡᠯᠡᠪᠡ᠃ ᠢᠦᠢ ᠡᠪᠦᠭᠡᠨ᠎ᠦ ᠬᠥᠭ᠌ᠰᠢᠨ ᠯᠢᠦ ᠠᠢ ᠢᠩ ᠣᠯᠠᠨ ᠵᠢᠯ᠎ᠦ᠋ᠨ ᠡᠮᠦᠨ᠎ᠡ ᠲᠠᠷᠢᠬᠢᠨ ᠲᠦᠭ᠌ᠵᠢᠷᠡᠯᠦ᠋ᠨ ᠡᠪᠡᠳᠴᠢᠨ᠎ᠳ᠋ᠦ᠍ ᠨᠡᠷᠪᠡᠭ᠌ᠳᠡᠭ᠌ᠰᠡᠨ ᠡᠴᠡ ᠪᠣᠯᠵᠤ ᠪᠡᠶ᠎ᠡ ᠨᠢ ᠴᠢᠳᠠᠪᠤᠷᠢ᠎ᠪᠠᠨ ᠠᠯᠳᠠᠵᠠᠢ᠃ 《 ᠤᠤᠯ᠎ᠳᠤ᠎ᠪᠠᠨ ᠬᠤᠶᠠᠷ ᠭᠤᠷᠪᠠᠨ ᠭᠠᠷᠠᠭ᠎ᠲᠤ ᠡᠮᠨᠡᠯᠭᠡ᠎ᠳᠤ ᠣᠴᠢᠵᠤ ᠱᠢᠭᠡᠰᠦᠨ ᠬᠤᠭᠤᠯᠠᠢ ᠰᠣᠯᠢᠨ᠎ᠠ᠂ ᠤᠳᠠᠭ᠎ᠠ ᠪᠦᠷᠢ ᠪᠢ ᠰᠠᠨᠠᠭ᠎ᠠ ᠵᠤᠪᠠᠳᠠᠭ ᠪᠠᠢᠪᠠ᠂ ᠪᠢ ᠭᠠᠭ᠍ᠴᠠᠭᠠᠷᠢᠶᠠᠨᠱᠢᠯᠵᠢᠭᠦᠯᠵᠦ᠍ ᠳᠡᠢᠯᠬᠦ᠌ ᠦᠭᠡᠢ᠂ ᠬᠡᠦᠬᠡᠳ᠎ᠤᠳ᠎ᠢ ᠴᠢᠯᠦᠭᠡ ᠭᠤᠶᠤᠯᠭᠠᠵᠤ ᠢᠷᠡᠭᠦᠯᠦᠨ ᠬᠠᠪᠰᠤᠷᠤᠭᠤᠯᠤᠨ᠎ᠠ 》 ᠭᠡᠵᠦ᠍ ᠥᠩᠭᠡᠷᠡᠭ᠌ᠰᠡᠨ᠎ᠦ ᠥᠩᠭᠡᠷᠡᠯᠲᠡ᠎ᠪᠡᠨ ᠶᠠᠷᠢᠨ ᠂ ᠡᠪᠦᠭᠡᠨ ᠲᠣᠯᠣᠭᠠᠢ ᠰᠡᠭ᠌ᠰᠦᠷᠦᠨᠡ ᠃
ᠲᠤᠷᠱᠢᠯᠲᠠ᠎ᠶ᠋ᠢᠨ ᠴᠡᠭ ᠬᠣᠲᠠ ᠪᠣᠯᠤᠭ᠍ᠰᠠᠨᠠ᠋ᠴᠠ ᠨᠠᠭᠠᠰᠢ ᠂ ᠴᠢᠩᠲᠤᠤ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠢ᠋ ᠠᠵᠢᠯᠲᠠᠨ ᠠᠵᠢᠯᠴᠢᠳᠠ᠋ᠴᠠ ᠰᠠᠭᠤᠭᠠᠯᠢ ᠠᠷᠠᠳ ᠬᠦᠷᠲᠡᠯ᠎ᠡ᠂ ᠬᠣᠲᠠ᠎ᠠ᠋ᠴᠠ ᠬᠥᠳᠡᠭᠡ ᠲᠣᠰᠭᠣᠨ ᠬᠦᠷᠲᠡᠯ᠎ᠡ᠂ ᠴᠢᠳᠠᠪᠤᠷᠢ᠎ᠪᠠᠨ ᠠᠯᠳᠠᠭ᠍ᠰᠠᠨᠠ᠋ᠴᠠ ᠣᠶᠤᠨ ᠤᠬᠠᠭᠠᠨ᠎ᠢᠶᠠᠨ ᠠᠯᠳᠠᠭ᠍ᠰᠠᠨ ᠬᠦᠷᠲᠡᠯ᠎ᠡ᠂ ᠡᠮᠴᠢᠯᠡᠨ ᠰᠤᠪᠢᠯᠠᠬᠤ ᠡᠴᠡ ᠡᠲᠦᠷ ᠳᠣᠲᠣᠮ᠎ᠤᠨ ᠠᠮᠢᠳᠤᠷᠠᠯ᠎ᠤᠨ ᠬᠠᠷᠠᠭᠠᠯᠵᠠᠯ ᠬᠦᠷᠲᠡᠯᠡᠬᠢ ᠰᠥᠪᠡᠭ᠌ᠴᠢᠯᠡᠯᠲᠡ᠎ᠶ᠋ᠢ ᠠᠭᠠᠵᠢᠮ ᠠᠭᠠᠵᠢᠮ᠎ᠢᠶᠠᠷ ᠪᠡᠶᠡᠯᠡᠭᠦᠯᠪᠡ ᠃ ᠯᠢᠦ ᠠᠢ ᠶᠢᠩ ᠮᠡᠲᠦ᠍᠎ᠶ᠋ᠢᠨ ᠴᠢᠳᠠᠪᠤᠷᠢ᠎ᠪᠠᠨ ᠠᠯᠳᠠᠭ᠍ᠰᠠᠨ ᠨᠠᠰᠤᠲᠠᠨ ᠵᠥᠪᠬᠡᠨ ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠳᠤ ᠬᠡᠪ᠎ᠤᠨ ᠪᠠᠢᠳᠠᠯ᠎ᠢᠶᠠᠷ ᠣᠷᠣᠯᠴᠠᠳᠠᠭ ᠯᠠ ᠶᠤᠮ ᠪᠣᠯ ᠳᠠᠬᠢᠵᠤ ᠲᠤᠰᠠᠭᠠᠷ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠳᠤ ᠣᠷᠣᠯᠴᠠᠬᠤ ᠭᠠᠷ ᠭᠦᠢᠴᠡᠳᠭᠡᠯ ᠬᠢᠬᠦ᠌ ᠴᠢᠬᠤᠯᠠ ᠦᠭᠡᠢ᠂ ᠲᠤᠰᠭᠠᠢ ᠮᠡᠷᠭᠡᠵᠢᠯ᠎ᠤᠨ ᠴᠢᠳᠠᠪᠤᠷᠢ᠎ᠪᠠᠨ ᠠᠯᠳᠠᠭ᠍ᠰᠠᠨ ᠵᠡᠷᠭᠡ ᠳᠡᠰ᠎ᠤᠨ ᠦᠨᠡᠯᠡᠨ ᠵᠢᠱ᠌ᠢᠯᠲᠡ᠎ᠪᠠᠷ ᠳᠡᠮᠵᠢᠨ᠂ ᠵᠣᠬᠢᠬᠤ ᠬᠡᠮᠵᠢᠶᠡᠨ᠎ᠳᠤ ᠬᠦᠷᠪᠡᠯ ᠲᠣᠭ᠍ᠲᠠᠭᠠᠯ ᠶᠣᠰᠣᠭᠠᠷ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ ᠬᠦᠷᠲᠡᠵᠦ᠍ ᠪᠣᠯᠤᠨ᠎ᠠ᠃ ᠣᠳᠣᠬᠠᠨ᠎ᠳ᠋ᠤ᠂ ᠴᠢᠩᠲᠤᠤ ᠬᠣᠲᠠ᠎ᠶᠢᠨ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠤᠨ ᠳᠦᠷᠢᠮ ᠨᠢ ᠬᠣᠲᠠ ᠬᠥᠳᠡᠭᠡ᠎ᠶᠢᠨ ᠳᠠᠭᠠᠳᠭᠠᠯ᠎ᠳ᠋ᠤ ᠣᠷᠣᠯᠴᠠᠭ᠍ᠰᠠᠨ ᠬᠥᠮᠦᠨ 939 ᠲᠦᠮᠡ᠎ᠶᠢ ᠬᠠᠮᠤᠷᠴᠤ᠌᠂ ᠡᠭᠦᠨ᠎ᠳ᠋ᠦ᠍ ᠠᠵᠢᠯᠲᠠᠨ ᠠᠵᠢᠯᠴᠢᠨ 454 ᠲᠦᠮᠡᠨ ᠬᠥᠮᠦᠨ᠂ ᠰᠠᠭᠤᠭᠠᠯᠢ ᠠᠷᠠᠳ 485 ᠲᠦᠮᠡᠨ ᠬᠥᠮᠦᠨ ᠪᠠᠢᠨ᠎ᠠ᠃
ᠳᠠᠭᠠᠳᠭᠠᠯ᠎ᠳᠤ ᠣᠷᠣᠯᠴᠠᠭ᠍ᠴᠢ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ ᠬᠦᠷᠳᠡᠬᠦ᠌ ᠬᠤᠭᠤᠴᠠᠭᠠᠨ᠎ᠳᠤ ᠭᠠᠷᠤᠭ᠍ᠰᠠᠨ ᠡᠮᠴᠢᠯᠡᠭᠡᠨ᠎ᠦ ᠦᠢᠯᠡᠴᠢᠯᠡᠭᠡ᠎ᠶ᠋ᠢᠨ ᠵᠠᠷᠤᠳᠠᠯ ᠨᠢ ᠪᠣᠳᠠᠲᠠᠶ ᠡᠭᠦᠰᠦᠭ᠌ᠰᠡᠨ ᠵᠠᠷᠤᠳᠠᠯ᠎ᠤᠨ ᠬᠠᠷᠢᠴᠠᠯ᠎ᠢᠶᠠᠷ ᠨᠢ ᠳᠠᠩᠰᠠ ᠲᠠᠢᠯᠵᠤ᠂ ᠠᠮᠢᠳᠤᠷᠠᠯ᠎ᠤᠨ ᠬᠠᠷᠠᠭᠠᠯᠵᠠᠯ᠎ᠤᠨ ᠵᠠᠷᠤᠳᠠᠯ᠎ᠢ ᠳᠠᠭᠠᠳᠭᠠᠯ᠎ᠳᠤ ᠣᠷᠣᠯᠴᠠᠭ᠍ᠴᠢ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠲᠥᠷᠥᠯ ᠢᠯᠭᠠᠯ᠂ ᠴᠢᠳᠠᠪᠤᠷᠢ᠎ᠪᠠᠨ ᠠᠯᠳᠠᠭ᠍ᠰᠠᠨ᠎ᠢ ᠦᠨᠡᠯᠡᠨ ᠵᠢᠱ᠌ᠢᠭ᠌ᠰᠡᠨ ᠳᠡᠰ᠎ᠲᠠᠶ ᠨᠢ ᠬᠣᠯᠪᠣᠭ᠍ᠳᠠᠭᠤᠯᠤᠨᠠ᠃ ᠴᠢᠩᠲᠤᠤ᠎ᠶᠢᠨ ᠯᠠᠢ ᠱ᠋ᠢ ᠬᠣᠲᠠ᠎ᠶᠢᠨ ᠿᠢ ᠵᠤᠸᠠᠩ ᠪᠠᠯᠭᠠᠰᠤ᠎ᠶᠢᠨ ᠨᠢ ᠾᠧ ᠬᠠᠢ ᠨᠠᠰᠤᠲᠠᠨ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤ᠋ᠨ ᠬᠠᠷᠠᠭᠠᠯᠵᠠᠯ ᠬᠦᠷᠲᠡᠬᠦ᠌ ᠡᠴᠡ ᠡᠮᠦᠨ᠎ᠡ ᠨᠢᠭᠡ ᠵᠢᠯ᠎ᠳᠦ᠂ ᠵᠥᠪᠬᠡᠨ ᠡᠮᠨᠡᠯᠭᠡ᠎ᠳ᠋ᠦ᠍ ᠰᠠᠭᠤᠬᠤ ᠰᠦᠢᠳᠭᠡᠯ ᠨᠢ 6 ᠲᠦᠮᠡᠨ ᠲᠥᠭᠥᠷᠢᠭ᠎ᠲᠦ᠍ ᠬᠦᠷᠴᠦ᠍᠂ ᠡᠭᠦᠨ᠎ᠳ᠋ᠦ᠍ ᠬᠤᠪᠢ ᠬᠥᠮᠦᠨ 3.5 ᠲᠦᠮᠡᠨ ᠲᠥᠭᠥᠷᠢᠭ᠎ᠢ ᠡᠭᠦᠷᠭᠡᠯᠡᠨ᠎ᠡ᠃ 2021 ᠣᠨ᠎ᠳᠤ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ᠎ᠢ ᠬᠦᠷᠲᠡᠭ᠌ᠰᠡᠨᠤ ᠳᠠᠷᠠᠭ᠎ᠠ᠂ ᠡᠮ ᠡᠮᠨᠡᠯᠭᠡ᠎ᠶ᠋ᠢᠨ ᠵᠠᠷᠤᠳᠠᠯ ᠪᠠ ᠬᠠᠷᠠᠭᠠᠯᠵᠠᠨ ᠠᠰᠠᠷᠠᠬᠤ ᠵᠠᠷᠤᠳᠠᠯ᠎ᠢ ᠨᠡᠮᠡᠭᠡᠳ 2.8 ᠲᠦᠮᠡᠨ ᠲᠥᠭᠦᠷᠢᠭ ᠪᠠᠢᠵᠤ᠂ ᠬᠤᠪᠢ ᠬᠥᠮᠦᠨ᠎ᠤ ᠡᠭᠦᠷᠭᠡᠯᠡᠬᠦ᠌ ᠬᠡᠰᠡᠭ᠎ᠨᠢ 5807.08 ᠲᠥᠭᠦᠷᠢᠭ ᠪᠠᠢᠵᠤ᠂ ᠪᠠᠰᠠ 346 ᠴᠠᠭ᠎ᠤᠨ ᠬᠡᠷ᠎ᠲᠤ ᠨᠢ ᠬᠦᠷᠴᠦ᠍ ᠬᠠᠷᠠᠭᠠᠯᠵᠠᠨ ᠠᠰᠠᠷᠠᠬᠤ ᠦᠢᠯᠡᠴᠢᠯᠡᠭᠡ ᠭᠥᠷᠳᠡᠪᠡ᠃
ᠡᠮᠴᠢᠯᠡᠨ ᠰᠤᠪᠢᠯᠠᠬᠤ᠎ᠠᠴᠠ ᠠᠮᠢᠳᠤᠷᠠᠯ᠎ᠤᠨ ᠬᠠᠷᠠᠭᠠᠯᠵᠠᠯ ᠬᠦᠷᠲᠡᠯ᠎ᠡ᠂ ᠣᠯᠠᠨ ᠳᠡᠰ ᠳᠠᠪᠬᠤᠷᠭ᠎ᠠ᠎ᠲᠠᠢ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠪᠠ
ᠴᠢᠳᠠᠪᠤᠷᠢ᠎ᠪᠠᠨ ᠠᠯᠳᠠᠭ᠍ᠰᠠᠨ ᠬᠦᠮᠦᠰ ᠡᠮᠴᠢᠯᠡᠨ ᠰᠤᠪᠢᠯᠠᠬᠤ᠎ᠠᠴᠠ ᠠᠮᠢᠳᠤᠷᠠᠯ᠎ᠤᠨ ᠬᠠᠷᠠᠭᠠᠯᠵᠠᠯ ᠬᠦᠷᠲᠡᠯᠡᠬᠢ ᠪᠦᠬᠦ᠌ ᠬᠡᠯᠬᠢᠶ᠎ᠡ᠎ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠬᠦᠷᠲᠡᠬᠦ᠌ ᠬᠡᠷᠡᠭ᠌ᠲᠡᠢ᠃ ᠡᠢ᠌ᠮᠤ ᠡᠴᠠ ᠴᠢᠩᠳᠣᠤ ᠬᠣᠲᠠ ᠴᠡᠭ ᠲᠣᠭ᠍ᠲᠠᠭᠠᠭ᠍ᠰᠠᠨ ᠤᠷᠲᠤ ᠬᠤᠭᠤᠴᠠᠭᠠᠨ᠎ᠤ ᠰᠣᠪᠢᠯᠠᠯᠲᠠ᠎ᠶ᠋ᠢᠨ ᠦᠢᠯᠡᠴᠢᠯᠡᠭᠡᠨ᠎ᠤ ᠪᠠᠢ᠌ᠭᠣᠯᠣᠮᠵᠢ᠎ᠶ᠋ᠢᠨ 《 ᠡᠮᠴᠢᠯᠡᠨ ᠰᠤᠪᠢᠯᠠᠯᠲᠠ + ᠠᠮᠢᠳᠤᠷᠠᠯ᠎ᠤᠨ ᠬᠠᠷᠠᠭᠠᠯᠵᠠᠯ 》 ᠨᠢᠭᠡᠳᠦᠭᠦᠯᠬᠦ᠌ ᠮᠠᠶᠢᠭ᠎ᠤᠨ ᠬᠠᠷᠠᠭᠠᠯᠵᠠᠬᠤ ᠣᠢ᠌ᠯᠠᠴᠢᠯᠠᠭᠡ ᠬᠠᠩᠭᠠᠬᠤ᠎ᠶ᠋ᠢ ᠰᠠᠨᠠᠭᠠᠴᠢᠯᠠᠵᠤ᠂ ᠴᠢᠳᠠᠪᠤᠷᠢ᠎ᠪᠠᠨ ᠠᠯᠳᠠᠭ᠍ᠰᠠᠨ ᠤᠶᠤᠨ ᠤᠬᠠᠭᠠᠨ᠎ᠢᠶᠠᠨ ᠠᠯᠳᠠᠭ᠍ᠰᠠᠨ ᠬᠥᠮᠥᠰ᠎ᠤᠨ ᠣᠯᠠᠨ ᠲᠠᠰ ᠲᠠᠪᠬᠣᠷᠭ᠎ᠠ᠎ᠶ᠋ᠢᠨ ᠬᠠᠷᠭᠠᠯᠵᠠᠨ ᠠᠰᠠᠷᠠᠬᠤ ᠬᠡᠷᠡᠭ᠌ᠴᠡᠭᠡ᠎ᠶ᠋ᠢ ᠬᠠᠩᠭᠠᠪᠠ᠃ ᠡᠮᠴᠢᠯᠡᠭᠡᠨ᠎ᠦ ᠦᠢᠯᠡᠴᠢᠯᠡᠭᠡ᠎ᠳᠦ ᠡᠮᠴᠢ᠎ᠶ᠋ᠢᠨ ᠦᠢᠯᠡᠴᠢᠯᠡᠭᠡ᠂ ᠡᠮ᠎ᠦᠨ ᠵᠦᠢᠯᠡᠰ᠎ᠦᠨ ᠬᠣᠷᠣᠭ᠍ᠳᠠᠯ ᠮᠠᠲ᠋ᠧᠷᠢᠶᠠᠯ᠂ ᠪᠠᠢᠴᠠᠭᠠᠵᠤ ᠱᠢᠯᠭᠠᠨ ᠪᠠᠢᠴᠠᠭᠠᠬᠤ᠂ ᠬᠦᠴᠢᠯᠲᠥ᠋ᠷᠥᠭ᠌ᠴᠢ ᠠᠮᠢᠰᠭᠤᠬᠤ ᠵᠡᠷᠭᠡ᠎ᠶ᠋ᠢ ᠪᠠᠭ᠍ᠲᠠᠭᠠᠵᠤ᠂ ᠬᠠᠷᠠᠭᠠᠯᠵᠠᠨ ᠠᠰᠠᠷᠠᠬᠤ ᠦᠢᠯᠡᠴᠢᠯᠡᠭᠡᠨ᠎ᠳᠦ ᠭᠣᠤᠯᠳᠠᠭᠤ ᠰᠤᠪᠢᠯᠠᠭ᠍ᠴᠢ᠎ᠶ᠋ᠢᠨ ᠬᠠᠩᠭᠠᠭ᠍ᠰᠠᠨ ᠡᠮᠴᠢᠯᠡᠨ ᠰᠤᠪᠢᠯᠠᠯᠲᠠ᠂ ᠠᠰᠠᠷᠠᠭ᠍ᠴᠢ᠎ᠶ᠋ᠢᠨ ᠬᠠᠩᠭᠠᠭ᠍ᠰᠠᠨ ᠠᠮᠢᠳᠤᠷᠠᠯ᠎ᠤᠨ ᠬᠠᠷᠠᠭᠠᠯᠵᠠᠯ ᠵᠢᠴᠢ ᠡᠷᠡᠭᠦᠯᠵᠢᠯ᠎ᠦᠨ ᠠᠵᠢᠯᠲᠠᠨ᠎ᠤ ᠬᠠᠩᠭᠠᠭ᠍ᠰᠠᠨ ᠴᠢᠳᠠᠮᠵᠢ᠎ᠶ᠋ᠢᠨ ᠬᠠᠮᠠᠭᠠᠯᠠᠯᠲᠠ᠎ᠶ᠋ᠢ ᠪᠠᠭ᠍ᠲᠠᠭᠠᠨ᠎ᠠ᠃ ᠭᠡᠷ᠎ᠲᠤ᠎ᠪᠠᠨ ᠰᠠᠭᠤᠵᠤ ᠬᠠᠷᠠᠭᠠᠯᠵᠠᠨ ᠠᠰᠠᠷᠠᠬᠤ ᠦᠢᠯᠡᠴᠢᠯᠡᠭᠡᠨᠳᠤᠴᠢᠭ᠌ᠯᠡᠭᠦᠯᠦᠨ᠂ ᠴᠢᠩᠳᠣᠤ ᠬᠣᠲᠠ᠎ᠳᠤ ᠮᠡᠷᠭᠡᠵᠢᠯ᠎ᠦᠨ ᠴᠢᠨᠠᠷ᠎ᠢᠶᠠᠷ ᠨᠡᠯᠢᠶᠡᠳ ᠴᠢᠩᠭ᠎ᠠ ᠭᠡᠷ ᠪᠦᠯᠢ᠎ᠶ᠋ᠢᠨ ᠪᠡᠶ᠎ᠡ᠎ᠪᠡᠨ ᠳᠠᠭᠠᠭᠠᠵᠤ ᠪᠡᠶᠡᠯᠡᠭᠦᠯᠵᠦ᠍ ᠳᠡᠢᠯᠬᠦ᠌ ᠦᠭᠡᠶ 60 ᠲᠥᠷᠥᠯ᠎ᠦᠨ ᠦᠢᠯᠡᠴᠢᠯᠡᠭᠡᠨ᠎ᠦ ᠲᠥᠷᠥᠯ ᠵᠦᠢᠯ᠎ᠢ ᠭᠣᠣᠯᠳᠠᠯᠭ᠎ᠠ᠎ᠲᠠᠢ᠎ᠪᠠᠷ ᠲᠣᠳᠣᠷᠬᠠᠢᠯᠠᠵᠠᠶ᠃
ᠬᠦᠨᠳᠦ ᠴᠢᠳᠠᠪᠤᠷᠢ᠎ᠪᠠᠨ ᠠᠯᠳᠠᠭ᠍ᠰᠠᠨ ᠬᠥᠮᠦᠰ᠎ᠦ᠋ᠨ ᠡᠮᠴᠢᠯᠡᠨ ᠰᠤᠪᠢᠯᠠᠯᠲᠠ᠎ᠶᠢᠨ ᠨᠡᠢᠲᠡᠯᠢᠭ ᠴᠢᠨᠠᠷᠲᠠᠢ ᠬᠡᠷᠡᠭ᠌ᠴᠡᠭᠡᠳ᠋ᠦ᠍ ᠴᠢᠭ᠌ᠯᠡᠭᠦᠯᠦᠨ᠂ ᠨᠢᠩ ᠪᠦ᠋ᠸᠧ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶᠢᠨ ᠰᠠᠯᠠᠭ᠎ᠠ ᠮᠥᠴᠢᠷ᠎ᠲᠡᠢ ᠬᠠᠮᠵᠢᠯᠴᠠᠨ᠂ ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠭᠠᠯ᠎ᠤᠨ ᠳᠦᠷᠢᠮ᠎ᠢ᠋ ᠱᠢᠯᠢᠳᠡᠭ᠌ᠵᠢᠭᠦᠯᠦᠨ ᠳᠡᠰ ᠳᠡᠪᠱᠢᠭᠦᠯᠵᠦ᠍᠂ ᠱᠢᠷᠬ᠎ᠠ᠎ᠶᠢᠨ ᠡᠮ ᠰᠣᠯᠢᠬᠤ᠂ ᠱᠢᠷᠬᠠᠨ ᠠᠮᠠ᠎ᠶ᠋ᠢᠨ ᠰᠤᠪᠢᠯᠠᠯᠲᠠ᠂ ᠱᠢᠭᠡᠰᠦᠨ ᠬᠣᠭᠣᠯᠠᠢ᠎ᠶᠢᠨ ᠰᠤᠪᠢᠯᠠᠯᠲᠠ᠂ ᠭᠠᠳᠠᠨᠠᠬᠢ ᠨᠠᠮᠵᠢᠭᠤᠨ ᠰᠤᠳᠠᠰᠤ᠎ᠪᠠᠷ ᠭᠣᠣᠯ ᠨᠠᠮᠵᠢᠭᠤᠨ ᠰᠤᠳᠠᠯ᠎ᠤ᠋ᠨ ᠳᠠᠮᠵᠢᠭᠤᠯᠬᠤ ᠬᠣᠭᠣᠯᠠᠢ ( PICC ) ᠶᠢ ᠬᠠᠮᠠᠭᠠᠯᠠᠬᠤ ᠵᠡᠷᠭᠡ 10 ᠵᠦᠢᠯ᠎ᠦ᠋ᠨ ᠴᠢᠳᠠᠪᠤᠷᠢ᠎ᠪᠠᠨ ᠠᠯᠳᠠᠭ᠍ᠰᠠᠨ ᠬᠥᠮᠦᠰ᠎ᠦ᠋ᠨ ᠦᠷᠭᠦᠯᠵᠢ ᠬᠡᠷᠡᠭ᠌ᠰᠡᠬᠦ᠌ ᠰᠤᠪᠢᠯᠠᠯᠲᠠ᠎ᠶᠢᠨ ᠦᠢᠯᠡᠴᠢᠯᠡᠭᠡ᠎ᠶᠢ ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠭᠠᠯ᠎ᠤ᠋ᠨ ᠭᠡᠷ ᠪᠦᠯᠢ᠎ᠶᠢᠨ ᠦᠢᠯᠡᠴᠢᠯᠡᠭᠡᠨ᠎ᠦ᠌ ᠲᠥᠷᠥᠯ ᠵᠦᠢᠯ᠎ᠳ᠋ᠦ᠍ ᠣᠷᠤᠭᠤᠯᠪᠠ ᠃
ᠵᠢᠨ ᠴᠧᠩ᠎ᠳᠤ ᠦᠨᠳᠦᠰᠦᠨ ᠠᠮᠢᠳᠤᠷᠠᠯ᠎ᠤᠨ ᠬᠠᠷᠠᠭᠠᠯᠵᠠᠯ᠎ᠤᠨ ᠲᠥᠷᠥᠯ᠂ ᠡᠮᠴᠢᠯᠡᠨ ᠰᠤᠪᠢᠯᠠᠯᠲᠠ᠎ᠶ᠋ᠢᠨ ᠲᠥᠷᠥᠯ ᠬᠣᠶᠠᠷ ᠶᠡᠬᠡ ᠲᠥᠷᠥᠯ᠎ᠦᠨ ᠨᠡᠢᠲᠡ 45 ᠵᠦᠢᠯ᠎ᠤᠨ ᠦᠢᠯᠡᠴᠢᠯᠡᠭᠡᠨ᠎ᠤ ᠠᠭᠤᠯᠭ᠎ᠠ᠎ᠶ᠋ᠢ ᠲᠣᠭ᠍ᠲᠠᠭᠠᠭ᠍ᠰᠠᠨ᠎ᠠᠴᠠ ᠭᠠᠳᠠᠨ᠎ᠠ᠂ ᠦᠨ᠎ᠡ ᠬᠠᠩᠰᠢ᠎ᠨᠢ ᠥᠨᠳᠥᠷ᠂ ᠬᠡᠷᠡᠭ᠌ᠯᠡᠬᠦ᠌ ᠳᠠᠪᠲᠠᠮᠵᠢ᠎ᠨᠢ ᠥᠨᠳᠥᠷ ᠬᠡᠷ ᠪᠦᠯᠢ᠎ᠶ᠋ᠢᠨ ᠬᠠᠷᠠᠭᠠᠯᠵᠠᠨ ᠰᠤᠪᠢᠯᠠᠬᠤ ᠣᠷᠣ᠂ ᠣᠯᠠᠨ ᠴᠢᠳᠠᠮᠵᠢᠲᠤ ᠬᠦᠷᠳᠦᠲᠦ ᠰᠠᠨᠳᠠᠯᠢ ᠵᠡᠷᠭᠡ ᠲᠤᠰᠠᠯᠠᠬᠤ ᠪᠠᠭᠠᠵᠢ ᠬᠡᠷᠡᠭ᠌ᠰᠡᠯ᠎ᠤᠨ ᠲᠦᠷᠢᠶᠡᠰᠦᠯᠡᠯ᠎ᠤᠨ ᠵᠠᠷᠤᠳᠠᠯ᠎ᠢ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠵᠠᠷᠤᠴᠠᠭᠤᠯᠬᠤ ᠬᠡᠪᠴᠢᠶᠡᠨ᠎ᠳᠤ ᠣᠷᠣᠭᠤᠯᠵᠠᠶ᠃ 《 ᠸᠠᠩ ᠨᠠᠰᠤᠲᠠᠨ᠎ᠤ ᠬᠦᠷᠳᠦᠲᠦ ᠰᠠᠨᠳᠠᠯᠢ ᠪᠣᠯᠣᠨ ᠬᠦᠴᠢᠯᠳᠦ᠋ᠷᠦᠭ᠌ᠴᠢ ᠦᠢᠯᠡᠳᠬᠦ᠌ ᠮᠠᠱᠢᠨ ᠪᠣᠯ ᠴᠥᠮ ᠲᠦᠷᠢᠶᠡᠰᠦᠯᠡᠭ᠌ᠰᠡᠨ ᠶᠤᠮ᠂ ᠰᠠᠷ᠎ᠠ᠎ᠶ᠋ᠢᠨ ᠲᠦᠷᠢᠶᠡᠰᠦᠨ ᠮᠥᠩᠭᠥ᠌ ᠨᠢ 300 ᠲᠥᠭᠥᠷᠢᠭ᠌ ᠂ 210 ᠲᠥᠭᠥᠷᠢᠭ᠌ᠢ ᠳᠠᠩᠰᠨ ᠲᠠᠢᠯᠵᠤ ᠪᠣᠯᠣᠨ᠎ᠠ 》᠃ ᠴᠧᠨ ᠱᠢᠶᠣᠤ ᠯᠢᠶᠠᠩ ᠲᠠᠨᠢᠯᠴᠠᠭᠤᠯᠬᠤ᠎ᠳᠤ᠎ᠪᠠᠨ᠂ ᠵᠠᠬ᠎ᠠ ᠳᠡᠯᠭᠡᠭᠦᠷ ᠳᠡᠭᠡᠷ᠎ᠡ ᠬᠦᠴᠢᠯᠳᠦ᠋ᠷᠦᠭ᠌ᠴᠢ ᠦᠢᠯᠡᠳᠬᠦ᠌ ᠮᠠᠱᠢᠨ ᠨᠡᠯᠢᠶᠡᠳ ᠦᠨᠡᠲᠡᠢ᠂ ᠡᠮᠦᠨᠡᠬᠡᠨ ᠨᠠᠰᠤᠲᠠᠨ ᠨᠢᠭᠡ ᠰᠠᠭᠤᠷᠢ ᠬᠠᠷᠢᠴᠠᠩᠭᠤᠢ ᠬᠢᠮᠲᠠ᠎ᠶ᠋ᠢ ᠬᠤᠳᠠᠯᠳᠤᠨ ᠠᠪᠴᠠᠢ᠂ ᠴᠢᠳᠠᠮᠵᠢ ᠨᠢ ᠲᠡᠢᠮᠦ᠍ ᠶᠡᠬᠡ ᠪᠢᠰᠢ᠂ ᠣᠳᠣ᠎ᠶ᠋ᠢᠨ ᠲᠦᠷᠢᠶᠡᠰᠦᠯᠡᠵᠦ᠍ ᠪᠠᠢᠭ᠎ᠠ ᠡᠨᠡ ᠮᠠᠱᠢᠨ ᠬᠢᠮᠲᠠ ᠮᠥᠷᠲᠡᠭᠡᠨ ᠬᠡᠷᠡᠭ᠌ᠯᠡᠬᠦ᠌᠎ᠳᠦ ᠰᠠᠢᠨ ᠭᠡᠪᠡ᠃
ᠪᠠᠭ᠎ᠠ ᠨᠠᠰᠤᠨ᠎ᠤ ᠴᠢᠳᠠᠪᠤᠷᠢ᠎ᠪᠠᠨ ᠠᠯᠳᠠᠭ᠍ᠰᠠᠨ ᠬᠦᠮᠦᠰ᠎ᠢ ᠮᠦᠨ ᠯᠠ ᠬᠠᠷᠠᠭᠠᠯᠵᠠᠨ ᠠᠰᠠᠷᠠᠬᠤ ᠬᠡᠷᠡᠭ᠌ᠲᠡᠢ
《 ᠪᠢ ᠤᠰᠤ ᠤᠤᠭᠤᠨ᠎ᠠ 》 ᠭᠡᠬᠦ᠌ ᠡᠨᠡ ᠭᠤᠷᠪᠠᠨ ᠦᠰᠦᠭ᠎ᠢ ᠡᠷᠡᠭᠦᠯᠵᠢᠭᠦᠯᠦᠭ᠌ᠴᠢ ᠪᠠᠢ ᠢᠦᠢ ᠱᠢᠩ ᠤᠷᠢᠳ᠎ᠢᠶᠡᠷ ᠨᠢᠭᠡ ᠤᠳᠠᠭ᠎ᠠ ᠶᠠᠷᠢᠵᠤ᠂ 4 ᠨᠠᠰᠤᠲᠠᠢ ᠭᠠᠭ᠍ᠴᠠᠭᠠᠷᠳᠠᠬᠤ ᠭᠡᠮ ᠡᠪᠡᠳᠴᠢᠲᠡᠨ ᠸᠸᠨ ᠸᠸᠨ ( ᠨᠢᠭᠤᠴᠠᠯᠠᠭ᠍ᠰᠠᠨ ᠨᠡᠷ᠎ᠡ ) ᠨᠢᠭᠡ ᠤᠳᠠᠭ᠎ᠠ ᠳᠠᠭᠠᠵᠤ ᠶᠠᠷᠢᠨ᠎ᠠ ᠃ ᠤᠳᠠᠭ᠎ᠠ ᠳᠠᠷᠠᠭ᠎ᠠ᠎ᠪᠠᠷ ᠳᠠᠬᠢᠨ ᠳᠠᠪᠲᠠᠨ ᠪᠣᠯᠪᠠᠰᠤᠷᠠᠵᠤ᠂ ᠪᠠᠢ ᠢᠦᠢ ᠱᠢᠩ ᠬᠡᠦᠬᠡᠳ᠎ᠤᠨ 《 ᠶᠠᠭᠤ ᠬᠡᠯᠡᠬᠦ᠌ 》᠎ᠶ᠋ᠢ ᠠᠩᠬᠠᠷᠬᠤ᠎ᠪᠠᠷ ᠪᠠᠷᠠᠬᠤ ᠦᠭᠡᠢ᠂ ᠪᠠᠰᠠ ᠲᠡᠭᠦᠨ᠎ᠤ 《 ᠶᠠᠭᠠᠬᠢᠵᠤ ᠬᠡᠯᠡᠬᠦ᠌ 》᠎ᠶ᠋ᠢ ᠨᠠᠷᠢᠨ ᠠᠵᠢᠭ᠍ᠯᠠᠵᠤ᠄ ᠠᠮᠠ᠎ᠪᠠᠨ ᠬᠡᠳᠦᠢ ᠶᠡᠬᠡ ᠠᠩᠭᠠᠢᠬᠤ᠂ ᠤᠷᠤᠭᠤᠯ᠎ᠨᠢ ᠶᠠᠮᠠᠷ ᠶᠠᠩᠵᠤ᠎ᠲᠠᠢ᠂ ᠬᠡᠯᠡ᠎ᠨᠢ ᠠᠯᠢ ᠪᠠᠢᠷᠢᠨ᠎ᠳᠤ ᠪᠠᠢᠳᠠᠭ᠃ ᠣᠨᠣᠪᠴᠢ ᠦᠭᠡᠢ ᠠᠪᠢᠶᠠᠯᠠᠬᠤ ᠬᠡᠰᠡᠭ᠂ ᠬᠡᠯᠡᠨ᠎ᠦ ᠬᠠᠪᠲᠠᠰᠤ᠎ᠶ᠋ᠢ ᠳᠠᠷᠤᠬᠤ᠎ᠪᠠᠷ ᠲᠤᠰᠠᠯᠠᠬᠤ ᠪᠥᠭᠡᠳ ᠲᠡᠭᠦᠨ᠎ᠦ ᠵᠠᠭᠤᠬᠤ ᠴᠢᠳᠠᠪᠤᠷᠢ᠎ᠶ᠋ᠢ ᠬᠠᠲᠠᠭᠤᠵᠢᠭᠤᠯᠳᠠᠭ᠃ ᠸᠧᠨ ᠸᠧᠨᠤ ᠨᠢᠭᠡ ᠭᠡᠷ᠎ᠤᠨ᠎ᠬᠢᠨ ᠵᠢᠶᠠᠩᠰᠦ᠎ᠶ᠋ᠢᠨ ᠨᠠᠨᠵᠢᠩ᠎ᠳᠤ ᠠᠮᠢᠳᠤᠷᠠᠵᠤ᠂ ᠡᠵᠢ ᠸᠠᠩ ᠠᠪᠠᠭ᠍ᠠᠶ ᠡᠭᠦᠨ᠎ᠠᠴᠠ ᠡᠮᠦᠨ᠎ᠡ ᠡᠮᠴᠢᠯᠡᠭᠡ ᠭᠤᠶᠤᠬᠤ ᠦᠶ᠎ᠡ᠎ᠳᠤ ᠣᠢᠯᠠᠭᠠᠭ᠍ᠰᠠᠨ᠎ᠢᠶᠠᠷ᠂ ᠨᠠᠨᠵᠢᠩ ᠪᠠᠭ᠎ᠠ ᠨᠠᠰᠤᠨ᠎ᠤ ᠴᠢᠳᠠᠪᠤᠷᠢ᠎ᠪᠠᠨ ᠠᠯᠳᠠᠭ᠍ᠰᠠᠨ ᠬᠡᠤᠬᠡᠳ᠎ᠤᠨ ᠣᠨᠴᠠᠭᠠᠶ ᠪᠠᠢᠳᠠᠯ᠎ᠳᠤ ᠴᠢᠭ᠌ᠯᠡᠭᠦᠯᠦᠨ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠤᠰᠭᠠᠶ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠬᠡᠷ᠎ᠲᠤ ᠨᠢ ᠬᠦᠷᠴᠦ᠍ ᠡᠷᠡᠭᠦᠯᠵᠢᠭᠦᠯᠬᠦ᠌ ᠦᠢᠯᠡᠴᠢᠯᠡᠭᠡ ᠬᠠᠩᠭᠠᠭ᠍ᠰᠠᠨ ᠪᠠᠢᠨ᠎ᠠ᠃ ᠲᠡᠭᠦᠨ᠎ᠦ ᠰᠠᠨᠠᠭᠠᠱᠢᠷᠠᠵᠤ ᠪᠠᠢᠭ᠎ᠠ ᠠᠵᠤ ᠠᠬᠤᠢ᠎ᠶ᠋ᠢᠨ ᠠᠰᠠᠭᠤᠳᠠᠯ᠂ ᠲᠤᠰᠭᠠᠢ ᠮᠡᠷᠭᠡᠵᠢᠯ᠎ᠦᠨ ᠠᠰᠠᠭᠤᠳᠠᠯ᠂ ᠭᠡᠷ᠎ᠲᠦ ᠨᠢ ᠬᠦᠷᠬᠦ᠌ ᠠᠰᠠᠭᠤᠳᠠᠯ᠎ᠢ ᠲᠥᠷᠥ᠎ᠶ᠋ᠢᠨ ᠪᠣᠳᠣᠯᠭ᠎ᠠ ᠴᠥᠮ᠎ᠢ ᠪᠣᠳᠣᠯᠬᠢᠯᠠᠵᠠᠢ ᠃
《 ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠦᠢᠯᠡᠴᠢᠯᠡᠭᠡᠨ᠎ᠤ ᠲᠥᠷᠥᠯ ᠵᠦᠢᠯ᠎ᠳᠤ ᠭᠤᠤᠯᠳᠠᠭᠤ ᠢᠳᠡᠭᠡᠨ ᠤᠮᠳᠠᠭᠠᠨ᠎ᠤ ᠬᠠᠷᠠᠭᠠᠯᠵᠠᠨ ᠠᠰᠠᠷᠠᠬᠤ᠂ ᠠᠷᠢᠭᠤᠨ ᠴᠡᠪᠡᠷ᠎ᠤᠨ ᠬᠠᠷᠠᠭᠠᠯᠵᠠᠨ ᠠᠰᠠᠷᠠᠬᠤ ᠵᠡᠷᠭᠡ᠎ᠶ᠋ᠢ ᠪᠠᠭ᠍ᠲᠠᠭᠠᠵᠤ᠂ ᠪᠠᠴᠢᠮ ᠬᠡᠷᠡᠭ᠌ᠰᠡᠬᠦ᠌ ᠡᠷᠡᠭᠦᠯᠵᠢᠯ᠎ᠤᠨ ᠪᠣᠯᠪᠠᠰᠤᠷᠠᠯ᠎ᠢ ᠣᠨᠣᠪᠴᠢᠲᠠᠶ ᠳᠣᠭᠢᠷᠠᠭᠤᠯᠬᠤ᠎ᠶ᠋ᠢᠨ ᠠᠷᠭ᠎ᠠ ᠥᠬᠡᠶ ᠪᠠᠭ᠎ᠠ ᠨᠠᠰᠤᠨ᠎ᠤ ᠴᠢᠳᠠᠪᠤᠷᠢ᠎ᠪᠠᠨ ᠠᠯᠳᠠᠭ᠍ᠰᠠᠨ ᠬᠡᠤᠬᠡᠳ᠎ᠢ ᠪᠠᠭ᠍ᠲᠠᠭᠠᠨ᠎ᠠ 》 ᠭᠡᠵᠦ᠍ ᠨᠠᠨᠵᠢᠩ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶᠠᠨ᠎ᠤ᠋ ᠬᠠᠷᠠᠭᠠᠯᠵᠠᠯ᠎ᠤ᠋ᠨ ᠪᠠᠲᠤᠯᠠᠭ᠎ᠠ᠎ᠶᠢᠨ ᠭᠠᠵᠠᠷ᠎ᠤ᠋ᠨ ᠭᠤᠷᠪᠠᠳᠤᠭᠠᠷ ᠳᠡᠰ᠎ᠦ᠋ᠨ ᠡᠷᠬᠢᠯᠡᠭ᠌ᠴᠢ ᠭᠡᠱᠢᠭᠦᠨ ᠭᠦ ᠯᠢ ᠸᠧᠢ ᠬᠡᠯᠡᠪᠡ᠃ 0 - 6 ᠨᠠᠰᠤᠨ᠎ᠤ ᠴᠢᠳᠠᠪᠤᠷᠢ᠎ᠪᠠᠨ ᠠᠯᠳᠠᠭ᠍ᠰᠠᠨ ᠬᠡᠦᠬᠡᠳ᠎ᠢ ᠬᠠᠷᠠᠭᠠᠯᠵᠠᠨ ᠠᠰᠠᠷᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠪᠠᠲᠤᠯᠠᠬᠤ᠎ᠶ᠋ᠢᠨ ᠲᠥᠯᠥᠭᠡ᠂ ᠨᠠᠨᠵᠢᠩ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠨ᠎ᠡ᠎ᠶ᠋ᠢ ᠡᠭᠦᠳᠦᠨ ᠬᠡᠦᠬᠡᠳ᠎ᠤᠨ ᠡᠷᠡᠭᠦᠯᠵᠢᠯ᠎ᠤᠨ ᠦᠢᠯᠡᠴᠢᠯᠡᠭᠡᠨ᠎ᠤ ᠲᠥᠷᠥᠯ ᠵᠦᠢᠯ᠎ᠤᠨ ᠱᠢᠨ᠎ᠡ᠎ᠶ᠋ᠢ ᠡᠭᠦᠳᠴᠦ᠍᠂ ᠬᠡᠦᠬᠡᠳ᠎ᠤᠨ ᠡᠷᠡᠭᠦᠯᠵᠢᠯ᠎ᠤᠨ ᠦᠢᠯᠡᠴᠢᠯᠡᠭᠡ᠎ᠶ᠋ᠢ ᠪᠠᠢᠭᠤᠯᠤᠮᠵᠢ᠎ᠠᠴᠠ ᠬᠡᠷ᠎ᠲᠤ᠎ᠪᠠᠨ ᠰᠠᠭᠤᠬᠤ ᠪᠣᠯᠲᠠᠯ᠎ᠠ ᠥᠷᠭᠡᠳᠭᠡᠵᠦ᠍᠂ ᠲᠡᠳᠡᠨ᠎ᠤ ᠡᠳᠦᠷ ᠲᠤᠲᠤᠮ᠎ᠤᠨ ᠠᠮᠢᠳᠤᠷᠠᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠵᠦ᠍᠂ ᠬᠡᠷ ᠪᠦᠯᠢ᠎ᠶ᠋ᠢᠨ ᠬᠠᠷᠠᠭᠠᠯᠵᠠᠨ ᠠᠰᠠᠷᠠᠬᠤ ᠳᠠᠷᠤᠭᠠᠰᠤ᠎ᠶ᠋ᠢ ᠬᠥᠩᠭᠡᠷᠡᠭᠦᠯᠪᠡ᠃
ᠳᠥᠭᠦᠮᠴᠢᠯᠡᠭ᠌ᠰᠡᠨ ᠦᠶ᠋ᠯᠡᠴᠢᠯᠡᠭᠡ ᠨᠢ ᠣᠨᠳᠣᠤ ᠭᠠᠵᠠᠷ᠎ᠲᠤ ᠳᠠᠭᠠᠳᠭᠠᠯ᠎ᠳᠤ ᠣᠷᠣᠯᠴᠠᠬᠤ ᠵᠡᠷᠭᠡ ᠬᠦᠴᠢᠷ ᠠᠰᠠᠭᠤᠳᠠᠯ᠎ᠢ ᠱᠢᠢᠳᠪᠦᠷᠢᠯᠡᠪᠡ
ᠤᠷᠲᠤ ᠬᠤᠭᠤᠴᠠᠭ᠎ᠠ᠎ᠪᠠᠷ ᠠᠵᠢᠯ᠎ᠤᠨ ᠭᠠᠵᠠᠷ᠎ᠲᠤ᠎ᠪᠠᠨ ᠳᠠᠭᠠᠳᠭᠠᠯ᠎ᠳᠤ ᠣᠷᠣᠯᠴᠠᠵᠤ᠂ ᠠᠵᠢᠯ᠎ᠠᠴᠠ᠎ᠪᠠᠨ ᠠᠮᠠᠷᠠᠭ᠍ᠰᠠᠨ᠎ᠤ ᠳᠠᠷᠠᠭ᠎ᠠ ᠨᠤᠲᠤᠭ᠎ᠲᠤ᠎ᠪᠠᠨ ᠬᠠᠷᠢᠵᠤ ᠪᠡᠶ᠎ᠡ᠎ᠪᠡᠨ ᠰᠤᠪᠢᠯᠠᠬᠤ ᠡᠢᠮᠦ᠍ ᠪᠠᠢᠳᠠᠯ ᠴᠥᠬᠡᠨ ᠪᠢᠰᠢ ᠃ ᠵᠢᠶᠠᠩᠰᠤ ᠮᠤᠵᠢ᠎ᠶ᠋ᠢᠨ ᠰᠤᠵᠸᠤᠶ᠋ᠢᠨ ᠴᠠᠩ ᠱᠦ ᠬᠣᠲᠠ ᠪᠠᠷ ᠨᠤᠲᠤᠭ ᠲᠠᠢ ᠵᠸᠦ ᠨᠠᠰᠤᠲᠠᠨ ᠡᠨᠡ ᠵᠢᠯ 83 ᠨᠠᠰᠤᠲᠠᠢ᠂ ᠠᠵᠢᠯ ᠡᠴᠡ᠎ᠪᠡᠨ ᠠᠮᠠᠷᠠᠬᠤ ᠡᠴᠡ ᠡᠮᠦᠨ᠎ᠡ ᠨᠠᠨᠵᠢᠩ ᠬᠣᠲᠠ᠎ᠳᠤ ᠠᠵᠢᠯᠯᠠᠵᠤ᠂ ᠠᠵᠢᠯᠲᠠᠨ ᠠᠵᠢᠯᠴᠢᠨ᠎ᠤ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠵᠤ᠂ ᠠᠵᠢᠯ᠎ᠠᠴᠠ᠎ᠪᠠᠨ ᠠᠮᠠᠷᠠᠭ᠍ᠰᠠᠨ᠎ᠤ ᠳᠠᠷᠠᠭ᠎ᠠ ᠴᠠᠩ ᠱᠦᠳᠦᠪᠡᠨ ᠬᠠᠷᠢᠵᠤ ᠢᠷᠡᠪᠡ᠃ ᠲᠡᠷᠡ ᠱᠢᠬᠢᠷ ᠱᠢᠵᠢᠩ ᠡᠪᠡᠳᠴᠢᠨ᠂ ᠵᠢᠷᠦᠬᠡᠨ ᠲᠢᠳᠢᠮ᠎ᠦᠨ ᠡᠪᠡᠳᠴᠢᠨ ᠵᠢᠴᠢ ᠲᠦᠷᠦᠭᠦᠦ ᠪᠤᠯᠴᠢᠷᠬᠠᠢ᠎ᠶ᠋ᠢᠨ ᠬᠣᠣᠷᠲᠤ ᠬᠠᠪᠤᠳᠠᠷ ᠵᠡᠷᠭᠡ ᠣᠯᠠᠨ ᠵᠦᠢᠯ᠎ᠦᠨ ᠡᠪᠡᠳᠴᠢᠨ᠎ᠳᠦ ᠨᠡᠷᠪᠡᠭ᠌ᠳᠡᠨ ᠥᠪᠡᠷ᠎ᠦᠨ ᠮᠥᠩᠭᠥ᠎ᠪᠡᠷ᠎ᠢᠶᠡᠨ ᠬᠦᠮᠦᠨ᠎ᠢ ᠵᠠᠯᠠᠵᠤ ᠰᠤᠪᠢᠯᠠᠬᠤ ᠪᠤᠶᠤ ᠭᠡᠷ᠎ᠦᠨ ᠬᠦᠮᠦᠰ᠎ᠢᠶᠡᠷ ᠬᠠᠷᠠᠭᠠᠯᠵᠠᠭᠤᠯᠵᠤ᠂ ᠬᠦᠨᠳᠦ ᠳᠠᠷᠤᠭᠠᠰᠤ᠎ᠲᠠᠢ ᠪᠠᠢᠳᠠᠭ᠃
ᠳᠠᠭᠠᠳᠭᠠᠯ᠎ᠳᠤ ᠣᠷᠣᠯᠴᠠᠭ᠍ᠰᠠᠨ ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ᠎ᠤᠨ ᠣᠨᠳᠣᠤ ᠭᠠᠵᠠᠷ᠎ᠲᠤ ᠬᠠᠷᠠᠭᠠᠯᠵᠠᠨ ᠠᠰᠠᠷᠠᠬᠤ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠨᠠᠨᠵᠢᠩ 《 ᠳᠠᠭᠠᠳᠭᠠᠯ᠎ᠳᠤ ᠣᠷᠣᠯᠴᠠᠭ᠍ᠰᠠᠨ ᠭᠠᠵᠠᠷ᠎ᠤᠨ ᠲᠥᠷᠥ᠎ᠶ᠋ᠢᠨ ᠪᠣᠳᠣᠯᠭ᠎ᠠ᠂ ᠰᠠᠭᠤᠭ᠎ᠠ ᠭᠠᠵᠠᠷ᠎ᠤᠨ ᠦᠢᠯᠡᠴᠢᠯᠡᠭᠡ 》᠎ᠶ᠋ᠢᠨ ᠵᠠᠷᠴᠢᠮ ᠶᠣᠰᠣᠭᠠᠷ᠂ ᠮᠡᠳᠡᠭᠡ ᠵᠠᠩᠭᠢ᠎ᠶ᠋ᠢ ᠬᠠᠮᠲᠤ ᠪᠠᠷ ᠡᠳ᠋ᠯᠡᠬᠦ᠂ ᠭᠠᠷᠲᠠᠨ ᠬᠢᠵᠦ᠍ ᠬᠠᠷᠢᠯᠴᠠᠨ ᠨᠡᠪᠲᠡᠷᠡᠯᠴᠡᠬᠦ᠌᠎ᠪᠠᠷ ᠳᠠᠮᠵᠢᠭᠤᠯᠤᠨ᠂ 2025 ᠣᠨ᠎ᠤ 1 ᠳ᠋ᠤᠭᠡᠷ ᠰᠠᠷ᠎ᠠ᠎ᠠᠴᠠ ᠡᠬᠢᠯᠡᠨ᠂ ᠰᠦᠵᠧᠦ᠂ ᠨᠠᠨᠲ᠋ᠦ᠋ᠩ ᠬᠤᠶᠠᠷ ᠭᠠᠵᠠᠷ᠎ᠲᠤ ᠣᠨᠳᠣᠤ ᠭᠠᠵᠠᠷ᠎ᠲᠤ ᠰᠠᠭᠤᠵᠤ ᠪᠠᠢᠭ᠎ᠠ ᠬᠥᠮᠦᠰ᠎ᠤᠨ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ᠎ᠢ ᠱᠢᠭᠤᠳ ᠵᠠᠷᠤᠴᠠᠭᠤᠯᠬᠤ᠂ ᠨᠠᠰᠤᠵᠢᠯ᠎ᠤᠨ ᠪᠠᠶ᠎ᠠ᠎ᠪᠠᠨ ᠰᠤᠪᠢᠯᠠᠬᠤ᠂ ᠡᠪᠡᠳᠴᠢᠨ ᠦᠵᠡᠭᠦᠯᠬᠦ᠌ ᠵᠡᠷᠭᠡ ᠬᠡᠷᠡᠭ᠌ᠴᠡᠭᠡ᠎ᠠᠴᠠ ᠪᠣᠯᠵᠣ ᠣᠨᠳᠣᠤ ᠭᠠᠵᠠᠷ᠎ᠲᠤ ᠣᠷᠳᠣ ᠬᠤᠭᠤᠴᠠᠭ᠎ᠠ᠎ᠪᠠᠷ ᠰᠠᠭᠤᠵᠤ ᠪᠠᠢᠭ᠎ᠠ ᠬᠥᠮᠦᠰ᠎ᠤᠨ ᠴᠠᠭ ᠲᠤᠬᠠᠶ᠎ᠳᠤ ᠨᠢ ᠣᠢᠷ᠎ᠠ ᠬᠠᠪᠢ᠎ᠳᠤ᠎ᠪᠠᠨ ᠬᠠᠷᠠᠭᠠᠯᠵᠠᠯ ᠭᠥᠷᠳᠡᠬᠦ᠌᠎ᠶ᠋ᠢ ᠪᠠᠲᠤᠯᠠᠪᠠ᠃
ᠵᠧᠦ ᠨᠠᠰᠤᠲᠠᠨ᠎ᠤ ᠭᠡᠷ ᠪᠦᠯᠢ᠎ᠶ᠋ᠢᠨ ᠬᠢᠨ ᠭᠤᠶᠤᠴᠢᠯᠠᠯᠢ᠋ ᠣᠯᠤᠭ᠍ᠰᠠᠨ᠎ᠤ᠋ ᠳᠠᠷᠠᠭ᠎ᠠ᠂ ᠳᠤᠮᠳᠠᠳᠤ ᠤᠯᠤᠰ᠎ᠤ᠋ᠨ ᠠᠷᠠᠳ᠎ᠤ᠋ᠨ ᠡᠳ᠋ ᠬᠥᠷᠥᠩᠭᠡ᠎ᠶᠢᠨ ᠳᠠᠭᠠᠳᠭᠠᠯ᠎ᠤ᠋ᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶᠢᠨ ᠨᠠᠨᠵᠢᠩ᠎ᠤ᠋ᠨ ᠬᠤᠪᠢᠶᠠᠷᠢ ᠺᠣᠮᠫᠠᠨᠢ ᠡᠴᠡ ᠰᠦᠵᠧᠦ᠍᠎ᠶᠢᠨ ᠵᠦᠩ ᠹᠦ ᠡᠷᠡᠭᠦᠯ ᠮᠡᠨᠳᠦ᠍᠎ᠶᠢᠨ ᠨᠠᠰᠤᠵᠢᠯ᠎ᠤ᠋ᠨ ᠠᠰᠠᠷᠠᠮᠵᠢ᠎ᠶᠢᠨ ᠦᠨᠡᠯᠡᠨ ᠵᠢᠱ᠌ᠢᠬᠦ᠌ ᠬᠢᠵᠠᠭᠠᠷᠲᠤ ᠺᠣᠮᠫᠠᠨᠢ᠎ᠶᠢ ᠲᠣᠬᠢᠷᠠᠭᠤᠯᠵᠤ ᠨᠠᠰᠤᠲᠠᠨ᠎ᠤ ᠪᠡᠶ᠎ᠡ᠎ᠶᠢᠨ ᠪᠠᠢᠳᠠᠯ᠎ᠳ᠋ᠤ ᠦᠨᠡᠯᠡᠨ ᠵᠢᠱ᠌ᠢᠯᠲᠡ ᠬᠢᠯᠭᠡᠵᠦ᠍᠂ ᠦᠨᠡᠯᠡᠨ ᠵᠢᠱ᠌ᠢᠯᠲᠡ ᠨᠢ ᠬᠦᠨᠳᠦ ᠴᠢᠳᠠᠪᠤᠷᠢ᠎ᠪᠠᠨ ᠠᠯᠳᠠᠭ᠍ᠰᠠᠨ᠎ᠢ ᠪᠠᠲᠤᠯᠠᠭ᠍ᠰᠠᠨ᠎ᠤ ᠳᠠᠷᠠᠭ᠎ᠠ᠂ ᠰᠦᠵᠧᠦ᠍᠎ᠶᠢᠨ ᠲᠤᠬᠠᠢ᠎ᠶᠢᠨ ᠭᠠᠵᠠᠷ᠎ᠤ᠋ᠨ ᠬᠣᠷᠱᠢᠨ ᠰᠤᠪᠢᠯᠠᠬᠤ ᠪᠠᠢᠭᠤᠯᠤᠮᠵᠢ᠎ᠶᠢᠨ ᠰᠦᠵᠧᠦ᠍᠎ᠶᠢᠨ ᠹᠦ ᠱᠧᠦ ᠺᠠᠩ ᠨᠠᠰᠤᠵᠢᠯ᠎ᠤ᠋ᠨ ᠠᠰᠠᠷᠠᠮᠵᠢ᠎ᠶᠢᠨ ᠦᠢᠯᠡᠴᠢᠯᠡᠭᠡᠨ᠎ᠦ᠌ ᠬᠢᠵᠠᠭᠠᠷᠲᠤ ᠺᠣᠮᠫᠠᠨᠢ᠎ᠶᠢᠨ ᠴᠠᠩ ᠱᠤ᠌ ᠺᠠᠩ ᠢᠦᠢ ᠡᠮᠴᠢᠯᠡᠨ ᠰᠤᠪᠢᠯᠠᠬᠤ ᠥᠷᠲᠡᠭᠡ ᠲᠠᠷᠤᠢ ᠲᠦᠷᠭᠡᠨ ᠭᠡᠷ᠎ᠲᠦ᠍ ᠨᠢ ᠬᠦᠷᠬᠦ᠌ ᠦᠢᠯᠡᠴᠢᠯᠡᠭᠡ ᠬᠠᠩᠭᠠᠪᠠ᠃
《 ᠭᠤᠶᠤᠴᠢᠯᠠᠯ᠎ᠢᠶᠠᠨ ᠲᠤᠱᠢᠶᠠᠬᠤ᠎ᠠᠴᠠ ᠬᠡᠷ᠎ᠲᠤ ᠨᠢ ᠬᠦᠷᠴᠦ᠍ ᠦᠢᠯᠡᠴᠢᠯᠡᠬᠦ᠌ ᠬᠦᠷᠲᠡᠯ᠎ᠡ᠂ ᠵᠥᠪᠬᠡᠨ 16 ᠡᠳᠦᠷ ᠬᠡᠷᠡᠭ᠌ᠯᠡᠵᠦ᠍᠂ ᠬᠤᠶᠠᠷ ᠭᠠᠵᠠᠷ᠎ᠲᠤ ᠭᠦᠶᠦᠬᠦ᠌ ᠴᠢᠬᠤᠯᠠ ᠥᠬᠡᠶ᠂ ᠰᠠᠷ᠎ᠠ ᠪᠦᠷᠢ ᠪᠠᠰᠠ 30 ᠴᠠᠭ ᠲᠤᠰᠭᠠᠶ ᠮᠡᠷᠭᠡᠵᠢᠯ᠎ᠤᠨ ᠰᠤᠪᠢᠯᠠᠯᠲᠠ᠎ᠶ᠋ᠢᠨ ᠦᠢᠯᠡᠴᠢᠯᠡᠭᠡ ᠬᠢᠵᠦ᠍᠂ ᠣᠳᠣᠬᠠᠨ᠎ᠳᠤ ᠨᠠᠰᠤᠲᠠᠨ᠎ᠤ ᠪᠡᠶ᠎ᠡ᠎ᠶ᠋ᠢᠨ ᠪᠠᠢᠳᠠᠯ ᠮᠠᠰᠢ ᠲᠣᠭ᠍ᠲᠠᠭᠤᠨ ᠪᠠᠢᠨ᠎ᠠ 》 ᠭᠡᠵᠦ᠍ ᠵᠸᠦ ᠨᠠᠰᠤᠲᠠᠨ᠎ᠤ ᠭᠡᠷ ᠪᠦᠯᠢ᠎ᠶ᠋ᠢᠨ ᠬᠢᠨ ᠬᠡᠯᠡᠪᠡ᠃ ᠨᠠᠰᠤᠲᠠᠨ ᠳᠠᠳᠤᠭ᠍ᠰᠠᠨ ᠣᠷᠴᠢᠨ ᠲᠣᠭᠣᠷᠢᠨ᠎ᠳᠤ᠎ᠪᠠᠨ ᠥᠲᠡᠯᠦᠭᠡ ᠨᠠᠰᠤ᠎ᠪᠠᠨ ᠠᠮᠤᠷ ᠵᠢᠮᠦᠷ ᠥᠩᠭᠡᠷᠡᠭᠦᠯᠵᠦ᠍ ᠪᠣᠯᠬᠤ ᠪᠥᠭᠡᠳ ᠪᠠᠰᠠ ᠭᠡᠷ ᠪᠦᠯᠢ᠎ᠶ᠋ᠢᠨ ᠳᠠᠷᠤᠭᠠᠰᠤ᠎ᠶ᠋ᠢ ᠨᠢ ᠬᠥᠩᠭᠡᠷᠡᠭᠦᠯᠵᠦ᠍ ᠪᠣᠯᠣᠨ᠎ᠠ᠃
ᠣᠨᠳᠣᠣ ᠭᠠᠵᠠᠷ᠎ᠲᠤ ᠦᠢᠯᠡᠴᠢᠯᠡᠬᠦ᠌ ᠳᠤᠮᠳᠠ᠂ ᠮᠡᠳᠡᠭᠡ ᠵᠠᠩᠭᠢ᠎ᠶ᠋ᠢ ᠬᠡᠷᠬᠢᠨ ᠴᠤᠭ᠍ᠯᠠᠭᠤᠯᠬᠤ ᠪᠣᠶ ?
ᠬᠥ᠋ ᠯᠢ ᠸᠧᠶ ᠲᠠᠨᠢᠯᠴᠠᠭᠤᠯᠤᠭ᠍ᠰᠠᠨ᠎ᠢᠶᠡᠷ᠂ ᠨᠠᠨᠵᠢᠩ ᠮᠡᠳᠡᠭᠡ ᠵᠠᠩᠭᠢ᠎ᠶ᠋ᠢᠨ ᠱᠢᠰᠲ᠋ᠧᠮ᠎ᠢ ᠲᠠᠰ ᠳᠡᠪᠱᠢᠭᠦᠯᠦᠨ ᠥᠭᠡᠷᠡᠴᠢᠯᠡᠵᠦ᠍᠂ ᠣᠨᠳᠣᠤ ᠭᠠᠵᠠᠷ᠎ᠲᠤ ᠰᠠᠭᠤᠭ᠎ᠠ ᠬᠥᠮᠦᠰ ᠰᠦᠯᠵᠢᠶᠡᠨ ᠳᠡᠭᠡᠷ᠎ᠡ ᠬᠦᠰᠦᠨᠦᠭ᠌ᠲᠦ ᠲᠠᠭ᠍ᠯᠠᠵᠤ᠂ ᠴᠢᠳᠠᠪᠤᠷᠢ᠎ᠪᠠᠨ ᠠᠯᠳᠠᠭ᠍ᠰᠠᠨ ᠲᠠᠰ᠎ᠤᠨ ᠦᠨᠡᠯᠡᠨ ᠵᠢᠱ᠌ᠢᠬᠦ᠌ ᠭᠤᠶᠤᠴᠢᠯᠠᠯ᠎ᠢᠶᠠᠨ ᠲᠤᠱᠢᠶᠠᠵᠤ ᠪᠣᠯᠤᠨ᠎ᠠ᠃ ᠲᠤᠬᠠᠶ᠎ᠶ᠋ᠢᠨ ᠭᠠᠵᠠᠷ᠎ᠤᠨ ᠳᠠᠭᠠᠭᠠᠴᠢᠯᠠᠨ ᠬᠢᠬᠦ᠌ ᠪᠠᠢᠭᠤᠯᠤᠮᠵᠢ᠎ᠨᠢ ᠪᠠᠰᠠ ᠰᠦᠯᠵᠢᠶᠡᠨ ᠭᠠᠳᠠᠭᠤᠷᠬᠢ ᠦᠶ᠋ᠯᠡᠴᠢᠯᠡᠭᠡᠨ᠎ᠤ ᠯᠠᠩᠭᠦᠶ ᠭᠠᠷᠭᠠᠵᠤ᠂ ᠳᠠᠭᠠᠳᠭᠠᠯ᠎ᠳᠤ ᠣᠷᠣᠯᠴᠠᠭ᠍ᠴᠢ ᠵᠢᠴᠢ ᠭᠡᠷ ᠪᠦᠯᠢ᠎ᠶ᠋ᠢᠨ᠎ᠬᠢᠨ᠎ᠤ ᠣᠢᠷ᠎ᠠ ᠬᠠᠪᠢ᠎ᠶ᠋ᠢᠨ ᠠᠰᠠᠭᠤᠨ ᠯᠠᠪᠯᠠᠬᠤ ᠲᠥᠷᠥ᠎ᠶ᠋ᠢᠨ ᠪᠣᠳᠣᠯᠭ᠎ᠠ᠂ ᠲᠤᠬᠠᠢᠯᠠᠭ᠍ᠰᠠᠨ ᠠᠵᠢᠯ ᠭᠦᠶ᠋ᠴᠡᠳᠭᠡᠬᠦ᠌᠎ᠳᠤ ᠲᠥᠬᠦᠮ ᠦᠵᠡᠭᠦᠯᠦᠭ᠌ᠰᠡᠨ ᠪᠠᠢᠨ᠎ᠠ ᠭᠡᠪᠡ᠃
ᠭᠤᠶᠤᠴᠢᠯᠠᠯ᠎ᠢᠶᠠᠨ ᠲᠤᠱᠢᠶᠠᠭ᠍ᠰᠠᠨ᠎ᠤ ᠳᠠᠷᠠᠭ᠎ᠠ᠂ ᠰᠠᠭᠤᠭ᠎ᠠ ᠭᠠᠵᠠᠷ᠎ᠤᠨ ᠦᠨᠡᠯᠡᠨ ᠵᠢᠱ᠌ᠢᠬᠦ᠌ ᠪᠠᠢᠭᠤᠯᠤᠮᠵᠢ᠎ᠨᠢ ᠲᠤᠬᠠᠶ᠎ᠶ᠋ᠢᠨ ᠭᠠᠵᠠᠷ᠎ᠤᠨ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠴᠢᠳᠠᠪᠤᠷᠢ᠎ᠪᠠᠨ ᠠᠯᠳᠠᠭ᠍ᠰᠠᠨ ᠳᠡᠰ᠎ᠢ ᠦᠨᠡᠯᠡᠨ ᠵᠢᠱ᠌ᠢᠬᠦ᠌ ᠪᠠᠷᠢᠮᠵᠢᠶ᠎ᠠ ᠶᠣᠰᠣᠭᠠᠷ ᠦᠨᠡᠯᠡᠨ ᠵᠢᠱ᠌ᠢᠬᠦ᠌᠎ᠶ᠋ᠢ ᠥᠷᠨᠢᠭᠦᠯᠵᠦ᠍᠂ ᠬᠦᠨᠳᠦ ᠴᠢᠳᠠᠪᠤᠷᠢ᠎ᠪᠠᠨ ᠠᠯᠳᠠᠭ᠍ᠰᠠᠨ ᠵᠡᠷᠭᠡ ᠲᠠᠰ᠎ᠤᠨ ᠳᠠᠭᠠᠳᠭᠠᠯ᠎ᠳᠤ ᠣᠷᠣᠯᠴᠠᠭ᠍ᠰᠠᠳ᠎ᠢ ᠦᠨᠡᠯᠡᠨ ᠵᠢᠱ᠌ᠢᠪᠡᠯ ᠳᠠᠷᠤᠶ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ ᠬᠦᠷᠲᠡᠬᠦ᠌ ᠬᠡᠪᠴᠢᠶᠡᠨ᠎ᠳᠤ ᠣᠷᠣᠭᠤᠯᠵᠤ ᠪᠣᠯᠤᠨ᠎ᠠ᠃ ᠣᠨᠳᠣᠤ ᠭᠠᠵᠠᠷ᠎ᠲᠤ ᠰᠠᠭᠤᠵᠤ ᠪᠠᠢᠭ᠎ᠠ ᠬᠦᠨᠳᠦ ᠴᠢᠳᠠᠪᠤᠷᠢ᠎ᠪᠠᠨ ᠠᠯᠳᠠᠭ᠍ᠰᠠᠨ ᠬᠥᠮᠦᠰ ᠭᠡᠷ᠎ᠲᠤ᠎ᠪᠠᠨ ᠰᠠᠭᠤᠬᠤ ᠪᠤᠶᠤ ᠣᠷᠣᠵᠤ ᠰᠠᠭᠤᠬᠤ ᠪᠠᠢᠭᠤᠯᠤᠮᠵᠢ᠎ᠶ᠋ᠢ ᠰᠣᠩᠭᠤᠵᠤ ᠠᠰᠠᠷᠠᠨ ᠬᠠᠷᠠᠭᠠᠯᠵᠠᠬᠤ ᠦᠢᠯᠡᠴᠢᠯᠡᠭᠡ ᠬᠦᠷᠲᠡᠵᠦ᠍ ᠪᠣᠯᠤᠨ᠎ᠠ᠂ ᠰᠠᠭᠤᠷᠢ ᠮᠥᠩᠭᠦ᠎ᠶ᠋ᠢᠨ ᠵᠠᠷᠤᠴᠠᠭᠤᠯᠬᠤ ᠪᠠᠷᠢᠮᠵᠢᠶ᠎ᠠ᠎ᠶ᠋ᠢ ᠨᠠᠨᠵᠢᠩ ᠬᠤᠲᠠ᠎ᠳᠤ ᠯᠠᠪᠯᠠᠯᠲᠠ ᠪᠣᠯᠭᠠᠨ ᠬᠡᠷᠡᠭ᠌ᠵᠢᠭᠦᠯᠵᠦ᠍ ᠪᠣᠯᠤᠨ᠎ᠠ᠃
ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ ᠨᠡᠢᠳᠡᠮ ᠶᠠᠪᠤᠵᠤ ᠰᠠᠭᠤᠬᠤ᠎ᠳᠤ ᠬᠦᠴᠢᠷᠲᠡᠶ ᠮᠥᠷᠲᠡᠭᠡᠨ ᠡᠩ᠎ᠤᠨ ᠴᠠᠭ᠎ᠲᠤ ᠰᠦᠯᠵᠢᠶᠡᠨ᠎ᠳᠤ ᠭᠠᠷᠬᠤ ᠦᠭᠡᠢ᠂ ᠲᠡᠳᠡᠨ᠎ᠤ ᠳᠠᠭᠠᠳᠭᠠᠯ᠎ᠳᠤ ᠣᠷᠣᠯᠴᠠᠬᠤ ᠪᠠ ᠬᠤᠢᠱᠢᠳᠠ᠎ᠶ᠋ᠢᠨ ᠨᠡᠪᠲᠡᠷᠡᠯᠴᠡᠭᠡ᠎ᠳᠤ ᠬᠡᠷᠬᠢᠨ ᠲᠥᠬᠦᠮ ᠦᠵᠡᠭᠦᠯᠬᠦ᠌ ᠪᠣᠶ? ᠴᠢᠩᠲᠤᠤ ᠬᠣᠲᠠ ᠰᠦᠯᠵᠢᠶᠡᠨ ᠭᠠᠳᠠᠭᠤᠷᠬᠢ᠂ ᠰᠦᠯᠵᠢᠶᠡᠨ ᠳᠡᠭᠡᠷᠡᠬᠢ ᠬᠣᠶᠠᠷ ᠵᠦᠢᠯ᠎ᠦᠨ ᠭᠤᠶᠤᠴᠢᠯᠠᠯ᠎ᠤᠨ ᠠᠷᠭ᠎ᠠ ᠵᠠᠮ᠎ᠢ ᠨᠡᠭᠡᠭᠡᠵᠡᠶ᠃ ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ ᠬᠡᠷᠪᠡ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ ᠭᠤᠶᠤᠴᠢᠯᠠᠬᠤ ᠴᠢᠬᠤᠯᠠᠲᠠᠢ ᠪᠣᠯ᠂ ᠬᠡᠷ ᠪᠦᠯᠢ᠎ᠶ᠋ᠢᠨ᠎ᠬᠢᠨ ᠣᠢᠷ᠎ᠠ ᠬᠠᠪᠢ᠎ᠳᠤ᠎ᠪᠠᠨ ᠨᠢᠭᠡ ᠴᠡᠭ ᠲᠣᠭ᠍ᠲᠠᠭᠠᠭ᠍ᠰᠠᠨ ᠣᠷᠳᠣ ᠰᠤᠪᠢᠯᠠᠯᠲᠠ᠎ᠶ᠋ᠢᠨ ᠦᠶ᠋ᠯᠡᠴᠢᠯᠡᠭᠡᠨ᠎ᠤ ᠪᠠᠢᠭᠤᠯᠤᠮᠵᠢ᠎ᠶ᠋ᠢ ᠰᠣᠩᠭᠤᠨ ᠭᠤᠶᠤᠴᠢᠯᠠᠯ ᠭᠠᠷᠭᠠᠵᠤ ᠪᠣᠯᠤᠨ᠎ᠠ᠂ ᠲᠣᠰ ᠪᠠᠢᠭᠤᠯᠤᠮᠵᠢ᠎ᠨᠢ ᠠᠩᠬ᠎ᠠ ᠱᠢᠭ᠌ᠰᠢᠨ ᠪᠠᠢᠴᠠᠭᠠᠬᠤ᠎ᠶ᠋ᠢᠨ ᠬᠠᠮᠲᠤ ᠨᠥᠬᠦᠴᠡᠯ᠎ᠳᠤ ᠨᠡᠢᠴᠡᠬᠦ᠌ ᠳᠠᠭᠠᠳᠭᠠᠯ᠎ᠳᠤ ᠣᠷᠣᠯᠴᠠᠭ᠍ᠰᠠᠳ᠎ᠲᠤ ᠴᠢᠳᠠᠪᠤᠷᠢ᠎ᠪᠠᠨ ᠠᠯᠳᠠᠭ᠍ᠰᠠᠨ ᠵᠡᠷᠭᠡ ᠳᠡᠰ᠎ᠢ ᠦᠨᠡᠯᠡᠨ ᠵᠢᠱ᠌ᠢᠬᠦ᠌ ᠭᠤᠶᠤᠴᠢᠯᠠᠯ ᠳᠡᠪᠱᠢᠭᠦᠯᠵᠦ᠍᠂ ᠦᠨᠡᠯᠡᠨ ᠵᠢᠱ᠌ᠢᠬᠦ᠌ ᠪᠠᠢᠭᠤᠯᠤᠮᠵᠢ ᠭᠤᠶᠤᠴᠢᠯᠠᠯ᠎ᠢ ᠣᠯᠤᠭ᠍ᠰᠠᠨ᠎ᠤ ᠳᠠᠷᠠᠭ᠎ᠠ ᠬᠡᠷ᠎ᠲᠤ ᠨᠢ ᠬᠦᠷᠴᠦ᠍ ᠦᠨᠡᠯᠡᠨ ᠵᠢᠱ᠌ᠢᠬᠦ᠌᠎ᠪᠠᠷ ᠲᠣᠬᠢᠷᠠᠭᠤᠯᠵᠤ ᠪᠣᠯᠤᠨ᠎ᠠ᠃
ᠴᠢᠳᠠᠪᠤᠷᠢ᠎ᠪᠠᠨ ᠠᠯᠳᠠᠭ᠍ᠰᠠᠨ ᠨᠠᠰᠤᠲᠠᠨ ᠵᠢᠴᠢ ᠬᠡᠷ ᠪᠦᠯᠢ᠎ᠶ᠋ᠢᠨ᠎ᠬᠢᠨ ᠴᠦ᠍ ᠰᠦᠯᠵᠢᠶᠡᠨ ᠳᠡᠭᠡᠷ᠎ᠡ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ᠎ᠤᠨ ᠭᠤᠶᠤᠴᠢᠯᠠᠯ᠎ᠢᠶᠠᠨ ᠲᠤᠱᠢᠶᠠᠵᠤ ᠪᠣᠯᠤᠨ᠎ᠠ᠃ ᠨᠠᠰᠤᠲᠠᠢᠴᠤᠳ᠎ᠤᠨ ᠰᠦᠯᠵᠢᠶᠡᠨ ᠳᠡᠭᠡᠷ᠎ᠡ ᠲᠤᠬᠠᠢᠯᠠᠭ᠍ᠰᠠᠨ ᠠᠵᠢᠯ ᠭᠦᠶ᠋ᠴᠡᠳᠭᠡᠬᠦ᠌᠎ᠳᠤ ᠲᠥᠬᠦᠮ ᠦᠵᠡᠭᠦᠯᠬᠦ᠌᠎ᠶ᠋ᠢᠨ ᠲᠥᠯᠥᠭᠡ᠂ ᠬᠠᠮᠢᠶ᠎ᠠ ᠪᠥᠬᠦᠶ ᠸᠢᠴᠠᠲ᠎ᠤᠨ ᠵᠢᠵᠢᠭ ᠫᠷᠤᠭ᠌ᠷᠠᠮ ᠳᠡᠭᠡᠷ᠎ᠡ ᠲᠤᠰᠭᠠᠢᠯᠠᠨ ᠨᠠᠰᠤᠲᠠᠨ᠎ᠢ ᠠᠰᠠᠷᠠᠬᠤ ᠬᠡᠪᠯᠡᠯ᠎ᠤᠨ ᠵᠠᠭᠠᠭ ᠬᠡᠪᠴᠢᠶ᠎ᠡ᠎ᠶ᠋ᠢ ᠵᠢᠷᠤᠵᠤ ᠲᠥᠯᠥᠪᠯᠡᠨ᠂ ᠨᠠᠰᠤᠲᠠᠢᠴᠤᠳ᠎ᠤᠨ ᠪᠠᠢᠴᠠᠭᠠᠨ ᠦᠵᠡᠬᠦ᠌ ᠵᠢᠴᠢ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠤ ᠲᠥᠬᠦᠮ ᠦᠵᠡᠭᠦᠯᠦᠭ᠌ᠰᠡᠨ ᠪᠥᠭᠡᠳ ᠪᠠᠰᠠ 《 ᠬᠠᠷᠠᠭᠠᠯᠵᠠᠨ ᠠᠰᠠᠷᠠᠬᠤ ᠦᠶ᠋ᠯᠡᠴᠢᠯᠡᠭᠡᠨ᠎ᠤ ᠭᠠᠵᠠᠷ᠎ᠤᠨ ᠵᠢᠷᠤᠭ 》᠎ᠤᠨ ᠠᠷᠠᠳ᠎ᠲᠤ ᠲᠥᠬᠦᠮ ᠦᠵᠡᠭᠦᠯᠬᠦ᠌ ᠪᠠᠢᠴᠠᠭᠠᠨ ᠯᠠᠪᠯᠠᠬᠤ ᠴᠢᠳᠠᠮᠵᠢ ᠳᠣᠭᠢᠷᠠᠭᠤᠯᠵᠤ᠂ ᠴᠢᠳᠠᠪᠤᠷᠢ᠎ᠪᠠᠨ ᠠᠯᠳᠠᠭ᠍ᠰᠠᠨ ᠬᠥᠮᠦᠰ ᠵᠢᠴᠢ ᠬᠡᠷ ᠪᠦᠯᠢ᠎ᠶ᠋ᠢᠨ᠎ᠬᠢᠨ᠎ᠤ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠤ ᠲᠥᠬᠦᠮ ᠦᠵᠡᠭᠦᠯᠪᠡ᠃