ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
5 ᠡᠳᠦᠷ᠎ᠲᠤ ᠣᠷᠣᠯᠴᠠᠯᠭ᠎ᠠ ᠨᠢ 220 ᠲᠦᠮᠡᠨ ᠬᠥᠮᠦᠨ ᠤᠳᠠᠭ᠎ᠠ᠎ᠶ᠋ᠢ ᠳᠠᠪᠠᠵᠠᠢ ! 《 ᠱᠢᠨ᠎ᠡ ᠠᠮᠢᠳᠤᠷᠠᠯ 〈 ᠨᠢᠯᠬ᠎ᠠ ᠬᠡᠦᠬᠡᠳ 〉᠎ᠢ ᠬᠠᠮᠠᠭᠠᠯᠠᠵᠤ 〈 ᠦᠷᠡᠵᠢᠯ᠎ᠤᠨ ᠳᠠᠭᠠᠳᠭᠠᠯ 〉 ᠎ᠢᠶᠡᠷ ᠢᠷᠡᠭᠡᠳᠦᠶ ᠲᠠᠢ᠎ᠪᠠᠨ ᠠᠭᠤᠯᠵᠠᠬᠤ 》 ᠦᠷᠡᠵᠢᠯ᠎ᠤᠨ ᠳᠠᠭᠠᠳᠭᠠᠯ᠎ᠤᠨ ᠮᠡᠳᠡᠯᠭᠡ᠎ᠶ᠋ᠢᠨ ᠥᠷᠢᠰᠥᠯᠳᠦᠨ ᠬᠠᠷᠢᠭᠤᠯᠬᠤ ᠠᠵᠢᠯᠯᠠᠭ᠎ᠠ ᠲᠡᠭᠦᠰ ᠠᠮᠵᠢᠯᠲᠠ᠎ᠲᠠᠢ ᠥᠨᠳᠥᠷᠯᠡᠪᠡ !
ᠨᠡᠶ᠋ᠢᠲᠡᠯᠡᠭᠰᠡᠨ ᠴᠠᠭ᠄ 2025-11-24

  11 ᠳ᠋ᠤᠭᠡᠷ ᠰᠠᠷ᠎ᠠ᠎ᠶ᠋ᠢᠨ 14 ᠎ᠤ ᠡᠳᠦᠷ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠂ ᠪᠥᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠤᠨ ᠬᠠᠮᠲᠤᠷᠠᠨ ᠡᠷᠭᠢᠯᠡᠭ᠌ᠰᠡᠨ 《 ᠱᠢᠨ᠎ᠡ ᠠᠮᠢᠳᠤᠷᠠᠯ 〈 ᠨᠢᠯᠬ᠎ᠠ ᠬᠡᠦᠬᠡᠳ 〉᠎ᠢ ᠬᠠᠮᠠᠭᠠᠯᠠᠵᠤ 〈 ᠦᠷᠡᠵᠢᠯ᠎ᠤᠨ ᠳᠠᠭᠠᠳᠭᠠᠯ 〉᠎ᠢᠶᠡᠷ ᠢᠷᠡᠭᠡᠳᠦᠶ ᠲᠠᠢ᠎ᠪᠠᠨ ᠠᠭᠤᠯᠵᠠᠬᠤ 》 ᠦᠷᠡᠵᠢᠯ᠎ᠤᠨ ᠳᠠᠭᠠᠳᠭᠠᠯ᠎ᠤᠨ ᠮᠡᠳᠡᠯᠭᠡ᠎ᠶ᠋ᠢᠨ ᠥᠷᠢᠰᠥᠯᠳᠦᠨ ᠬᠠᠷᠢᠭᠤᠯᠬᠤ ᠠᠵᠢᠯᠯᠠᠭ᠎ᠠ ᠲᠡᠭᠦᠰ ᠠᠮᠵᠢᠯᠲᠠ᠎ᠲᠠᠢ ᠥᠨᠳᠥᠷᠯᠡᠪᠡ᠃ ᠠᠵᠢᠯᠯᠠᠭ᠎ᠠ ᠨᠢ 11 ᠳ᠋ᠤᠭᠡᠷ ᠰᠠᠷ᠎ᠠ᠎ᠶ᠋ᠢᠨ 10᠎ᠤ ᠡᠳᠦᠷ ᠡᠬᠢᠯᠡᠭ᠌ᠰᠡᠨ᠎ᠠᠴᠠ ᠨᠠᠭᠠᠰᠢ 220 ᠲᠦᠮᠡᠨ ᠬᠥᠮᠦᠨ ᠤᠳᠠᠭ᠎ᠠ ᠣᠷᠣᠯᠴᠠᠵᠤ᠂ ᠦᠷᠡᠵᠢᠯ᠎ᠤᠨ ᠳᠠᠭᠠᠳᠭᠠᠯ᠎ᠤᠨ 《 ᠵᠢᠷᠮᠦᠰᠦᠯᠡᠵᠦ᠍ ᠳᠡᠢᠯᠬᠦ᠌᠂ ᠱᠢᠯᠢᠳᠡᠭ᠎ᠢ ᠵᠢᠷᠮᠦᠰᠦᠯᠡᠬᠦ᠂ ᠰᠠᠨᠠᠭ᠎ᠠ ᠠᠮᠤᠷ ᠬᠥᠩᠭᠡᠵᠢᠬᠦ᠌᠂ ᠦᠷᠡᠵᠢᠯ᠎ᠦᠨ ᠨᠡᠮᠡᠭᠦᠷᠢ ᠰᠠᠢᠨ》 ᠬᠠᠮᠢᠶ᠎ᠠ ᠪᠥᠬᠦᠶ ᠮᠡᠳᠡᠯᠭᠡ᠎ᠶ᠋ᠢ ᠤᠯᠠᠮ ᠨᠢᠭᠡ ᠠᠯᠬᠤᠮ ᠲᠦᠭᠡᠮᠡᠯᠵᠢᠭᠦᠯᠵᠦ᠍᠎ᠳᠦ ᠬᠦᠴᠦᠨ ᠨᠡᠮᠡᠷᠢᠯᠡᠵᠦ᠍᠂ ᠪᠥᠬᠦ᠌ ᠨᠡᠢᠭᠡᠮ᠎ᠢᠶᠠᠷ᠎ᠢᠶᠠᠨ ᠦᠷᠡᠵᠢᠯ᠎ᠤᠨ ᠳᠠᠭᠠᠳᠭᠠᠯ᠎ᠢ ᠠᠩᠬᠠᠷᠴᠤ᠌᠂ ᠦᠷᠡᠵᠢᠯ᠎ᠤᠨ ᠡᠷᠬᠡ ᠠᠱᠢᠭ᠎ᠢ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃

  ᠲᠤᠰ ᠤᠳᠠᠭᠠᠨ᠎ᠤ ᠦᠷᠡᠵᠢᠯ᠎ᠤᠨ ᠳᠠᠭᠠᠳᠭᠠᠯ᠎ᠤᠨ ᠮᠡᠳᠡᠯᠭᠡ᠎ᠶ᠋ᠢᠨ ᠥᠷᠢᠰᠥᠯᠳᠦᠨ ᠬᠠᠷᠢᠭᠤᠯᠬᠤ ᠠᠵᠢᠯᠯᠠᠭ᠎ᠠ ᠪᠣᠯ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ ᠪᠣᠯᠤᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ 《 ᠬᠥᠮᠦᠨ ᠠᠮᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ》 ᠱᠢᠢᠳᠪᠦᠷᠢᠲᠦ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ᠎ᠤ ᠤᠯᠠᠨ ᠨᠡᠢᠲᠡ᠎ᠶ᠋ᠢᠨ ᠸᠢᠴᠠᠲ ᠲᠠᠪᠴᠠᠩ ᠂  《 ᠠᠵᠢᠯᠳᠠᠨ ᠠᠵᠢᠯᠴᠢᠨ᠎ᠤ ᠭᠡᠷ 》 APP ᠎ᠢᠶᠠᠷ ᠭᠤᠣᠯ ᠣᠷᠣᠯᠴᠠᠬᠤ ᠠᠴᠢᠶᠠᠯᠠᠪᠤᠷᠢ ᠪᠣᠯᠭᠠᠵᠤ᠂ ᠠᠵᠢᠯᠯᠠᠭ᠎ᠠ᠎ᠶ᠋ᠢᠨ ᠦᠶᠡᠯᠡᠯ᠎ᠤᠨ ᠬᠤᠭᠤᠴᠠᠭ᠎ᠠ᠎ᠨᠢ 11 ᠳ᠋ᠤᠭᠡᠷ ᠰᠠᠷ᠎ᠠ᠎ᠶ᠋ᠢᠨ 10 ᠎ᠤ ᠡᠳᠦᠷ᠎ᠠᠴᠠ 14 ᠎ᠤ ᠡᠳᠦᠷ ᠪᠣᠯᠲᠠᠯ᠎ᠠ᠂ ᠮᠡᠳᠡᠯᠭᠡ᠎ᠶ᠋ᠢᠨ ᠴᠡᠭ᠎ᠢ ᠲᠥᠭᠡᠮᠡᠯᠵᠢᠭᠦᠯᠬᠦ᠌᠂ ᠪᠣᠭᠤᠮᠲᠠ ᠳᠠᠪᠠᠵᠤ ᠰᠡᠳᠦᠪ ᠬᠠᠷᠢᠭᠤᠯᠬᠤ᠂ ᠮᠡᠳᠡᠯᠭᠡ᠎ᠶ᠋ᠢᠨ ᠥᠷᠢᠰᠦᠯᠳᠦᠯ ᠵᠡᠷᠭᠡ ᠤᠯᠠᠨ ᠵᠦᠢᠯ᠎ᠤᠨ ᠭᠤᠭ᠍ᠴᠤᠭ᠎ᠠ᠎ᠳᠤ ᠱᠢᠨ᠎ᠡ᠎ᠶ᠋ᠢ ᠡᠭᠦᠳᠦᠨ ᠪᠠᠢᠷᠢᠯᠠᠭᠤᠯᠵᠤ᠂ ᠠᠭᠤᠯᠭ᠎ᠠ᠎ᠨᠢ 《 ᠵᠢᠷᠮᠦᠰᠦᠯᠡᠬᠦ᠌᠎ᠠᠴᠠ ᠡᠮᠦᠨ᠎ᠡ᠂ ᠵᠢᠷᠮᠦᠰᠦᠨ ᠬᠤᠭᠤᠴᠠᠭ᠎ᠠ᠂ ᠬᠥᠩᠭᠡᠵᠢᠬᠦ᠌᠎ᠠᠴᠠ ᠡᠮᠦᠨ᠎ᠡ᠂ ᠬᠥᠩᠭᠡᠵᠢᠭ᠌ᠰᠡᠨ᠎ᠤ ᠳᠠᠷᠠᠭᠠᠬᠢ》 ᠪᠦᠬᠦ᠌ ᠶᠠᠪᠤᠴᠠ᠎ᠶ᠋ᠢᠨ ᠦᠷᠡᠵᠢᠯ᠎ᠤᠨ ᠳᠠᠭᠠᠳᠭᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠭᠤᠣᠯᠳᠠᠯᠭ᠎ᠠ᠎ᠶ᠋ᠢ ᠪᠦᠬᠦ᠌ ᠲᠠᠯ᠎ᠠ᠎ᠪᠠᠷ ᠬᠠᠮᠤᠷᠴᠤ᠌᠂ ᠮᠡᠳᠡᠯᠭᠡᠲᠦ ᠴᠢᠨᠠᠷ ᠪᠣᠯᠤᠨ ᠪᠣᠳᠠᠲᠤ ᠠᠵᠢᠯᠯᠠᠭᠠᠨ᠎ᠤ ᠴᠢᠨᠠᠷ᠎ᠢ ᠲᠤᠪᠤᠢᠯᠭᠠᠪᠠ᠃ ᠠᠵᠢᠯᠯᠠᠭ᠎ᠠ᠎ᠨᠢ 《 ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ᠂ ᠰᠤᠷᠤᠯᠴᠠᠯᠭ᠎ᠠ᠎ᠪᠠᠷ ᠬᠡᠷᠡᠭ᠌ᠯᠡᠬᠦ᠌᠎ᠶ᠋ᠢ ᠠᠬᠢᠭᠤᠯᠬᠤ 》 ᠱᠢᠨ᠎ᠡ᠎ᠶ᠋ᠢ ᠡᠭᠦᠳᠬᠦ᠌ ᠬᠡᠯᠪᠡᠷᠢ᠎ᠪᠠᠷ᠂ ᠦᠷᠡᠵᠢᠯ᠎ᠤᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠪᠢᠴᠢᠭ ᠮᠠᠲ᠋ᠧᠷᠢᠶᠠᠯ᠎ᠤᠨ ᠵᠦᠢᠯ ᠵᠤᠷᠪᠤᠰ᠎ᠠᠴᠠ ᠠᠵᠢᠯᠲᠠᠨ ᠠᠵᠢᠯᠴᠢᠨ ᠣᠯᠠᠨ ᠲᠦᠮᠡᠨ᠎ᠤ ᠡᠳᠦᠷ ᠲᠤᠲᠤᠮ᠎ᠤᠨ ᠠᠮᠢᠳᠤᠷᠠᠯ᠎ᠳᠤ ᠣᠷᠣᠭᠤᠯᠵᠤ᠂ ᠠᠵᠢᠯᠲᠠᠨ ᠠᠵᠢᠯᠴᠢᠨ ᠣᠯᠠᠨ ᠲᠦᠮᠡᠨ᠎ᠤ ᠥᠷᠭᠡᠨ ᠳᠡᠯᠭᠡᠷ ᠰᠠᠢᠨ ᠦᠨᠡᠯᠡᠯᠲᠡ᠎ᠶ᠋ᠢ ᠣᠯᠤᠭ᠍ᠰᠠᠨ ᠪᠠᠢᠨ᠎ᠠ᠃ 《 ᠡᠨᠡ ᠤᠳᠠᠭᠠᠨ᠎ᠤ ᠰᠡᠳᠦᠪ ᠬᠠᠷᠢᠭᠤᠯᠬᠤ᠎ᠪᠠᠷ ᠳᠠᠮᠵᠢᠭᠤᠯᠤᠨ᠂ ᠦᠷᠡᠵᠢᠯ᠎ᠤᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠭ᠍ᠰᠠᠨ ᠮᠥᠷᠲᠡᠭᠡᠨ ᠦᠷᠡᠵᠢᠯ᠎ᠤᠨ ᠳᠠᠭᠠᠳᠭᠠᠯ᠎ᠤᠨ ᠬᠠᠷᠠᠭᠠᠯᠵᠠᠯ᠎ᠢ ᠬᠢᠨᠠᠨ ᠵᠥᠪᠱᠢᠶᠡᠷᠡᠵᠦ᠍ ᠵᠠᠷᠤᠴᠠᠭᠤᠯᠬᠤ᠎ᠳᠤ ᠵᠠᠪᠠᠯ ᠱᠠᠭᠠᠷᠳᠠᠭ᠍ᠳᠠᠬᠤ ᠮᠠᠲ᠋ᠧᠷᠢᠶᠠᠯ᠂ ᠠᠵᠢᠯ ᠶᠠᠪᠤᠳᠠᠯ ᠭᠦᠢᠴᠡᠳᠭᠡᠬᠦ᠌ ᠶᠠᠪᠤᠴᠠ ᠵᠡᠷᠭᠡ᠎ᠶ᠋ᠢ ᠨᠠᠩ ᠴᠤ᠌ ᠣᠢᠯᠠᠭᠠᠪᠠ᠂ ᠮᠠᠰᠢ ᠬᠡᠷᠡᠭ᠌ᠴᠡᠭᠡ ᠲᠡᠶ ᠪᠠᠢᠨ᠎ᠠ 》 ᠬᠡᠰᠡᠨ ᠤᠯᠤᠰ᠎ᠤ᠋ᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶᠢᠨ ᠠᠯᠪᠠᠨ᠎ᠤ᠋ ᠣᠯᠠᠨ ᠨᠡᠢᠲᠡ᠎ᠶᠢᠨ ᠸᠢᠴᠠᠲ ᠲᠠᠪᠴᠠᠩ ᠳᠡᠭᠡᠷᠡᠬᠢ ᠨᠢᠭᠡᠨ ᠰᠦᠯᠵᠢᠶᠡᠨ᠎ᠦ᠌ ᠨᠠᠢᠵᠠ᠎ᠶᠢᠨ ᠦᠯᠡᠳᠡᠭᠡᠭ᠌ᠰᠡᠨ ᠦᠭᠡ ᠨᠢ ᠮᠠᠰᠢ ᠣᠯᠠᠨ ᠣᠷᠣᠯᠴᠠᠭᠴᠢ᠎ᠶᠢᠨ ᠰᠡᠳᠭᠢᠯ᠎ᠦ᠋ᠨ ᠦᠭᠡ ᠪᠣᠯᠵᠠᠢ᠃ ᠰᠠᠶᠢᠬᠠᠨ ᠬᠥᠩᠭᠡᠵᠢᠭ᠌ᠰᠡᠨ ᠠᠵᠢᠯᠲᠠᠨ ᠠᠵᠢᠯᠴᠢᠨ ᠱᠢᠶᠤᠤ ᠸᠠᠩ᠄  《 ᠡᠮᠨᠡᠯᠭᠡ᠎ᠠᠴᠠ ᠭᠠᠷᠬᠤ ᠦᠶ᠎ᠡ᠎ᠳᠤ ᠲᠠᠩᠰᠠ ᠲᠠᠢᠯᠬᠤ ᠬᠠᠭᠤᠳᠠᠰᠤ᠎ᠶ᠋ᠢ ᠦᠵᠡᠭᠡᠳ᠂ ᠥᠪᠡᠷ᠎ᠢᠶᠠᠨ ᠳᠡᠮᠡᠢ ᠵᠣᠭᠤᠰ ᠵᠠᠷᠤᠭ᠍ᠰᠠᠨ ᠦᠭᠡᠢ᠂ ᠦᠷᠡᠵᠢᠯ᠎ᠤᠨ ᠳᠠᠭᠠᠳᠭᠠᠯ ᠲᠠᠩᠰᠠ ᠲᠠᠢᠯᠵᠤ ᠥᠭ᠌ᠴᠡᠢ ᠭᠡᠰᠡᠨ᠎ᠢ ᠮᠡᠳᠡᠪᠠ᠂ ᠰᠡᠳᠦᠪ ᠬᠠᠷᠢᠭᠤᠯᠤᠭ᠍ᠰᠠᠨ᠎ᠤ ᠳᠠᠷᠠᠭ᠎ᠠ ᠨᠡᠩ ᠪᠣᠳᠠᠲᠠᠢ ᠬᠡᠷᠬᠢᠨ ᠲᠠᠩᠰᠠ ᠲᠠᠢᠯᠳᠠᠭ᠎ᠢ ᠮᠡᠳᠡᠪᠡ᠂ ᠦᠨᠡᠬᠡᠷ ᠲᠦᠷᠦ᠍᠎ᠶ᠋ᠢᠨ ᠪᠤᠳᠤᠯᠭ᠎ᠠ᠎ᠨᠢ ᠰᠡᠳᠭᠢᠯ᠎ᠢ ᠳᠤᠯᠠᠭᠠᠴᠠᠭᠤᠯᠵᠤ᠂ ᠠᠵᠢᠯᠯᠠᠭ᠎ᠠ᠎ᠨᠢ ᠰᠡᠳᠭᠢᠯ ᠲᠠᠯᠪᠢᠵᠠᠢ !》 ᠭᠡᠵᠦ᠍ ᠰᠡᠳᠭᠢᠯ ᠳᠣᠭ᠍ᠳᠤᠯᠤᠨ ᠬᠡᠯᠡᠪᠡ᠃

  ᠲᠣᠰ ᠤᠳᠠᠭᠠᠨ᠎ᠤ ᠦᠷᠡᠵᠢᠯ᠎ᠤᠨ ᠳᠠᠭᠠᠳᠭᠠᠯ᠎ᠤᠨ ᠮᠡᠳᠡᠯᠭᠡ᠎ᠶ᠋ᠢᠨ ᠥᠷᠢᠰᠥᠯᠳᠦᠨ ᠬᠠᠷᠢᠭᠤᠯᠬᠤ ᠠᠵᠢᠯᠯᠠᠭ᠎ᠠ ᠪᠣᠯ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠦᠷᠡᠵᠢᠯ᠎ᠢ ᠶᠡᠬᠡ ᠬᠦᠴᠦᠨ᠎ᠢᠶᠡᠷ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠦᠷᠡᠵᠢᠯ᠎ᠤᠨ ᠨᠥᠬᠦᠷᠰᠡᠭ ᠬᠡᠯᠪᠡᠷᠢ᠎ᠶ᠋ᠢᠨ ᠨᠡᠢᠭᠡᠮ᠎ᠢ ᠬᠠᠮᠵᠢᠯᠴᠠᠨ ᠪᠠᠢᠭᠤᠯᠬᠤ ᠮᠠᠰᠢ ᠣᠯᠠᠨ ᠠᠷᠭ᠎ᠠ ᠬᠡᠮᠵᠢᠶ᠎ᠡ᠎ᠶ᠋ᠢᠨ ᠨᠢᠭᠡ ᠪᠣᠯᠤᠨ᠎ᠠ᠃ ᠣᠢᠷ᠎ᠠ᠎ᠶ᠋ᠢᠨ ᠵᠢᠯ᠎ᠤᠳ᠎ᠲᠤ᠌᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠪᠥᠬᠦ᠌ ᠬᠡᠯᠬᠢᠶ᠎ᠡ᠂ ᠪᠥᠬᠦ᠌ ᠶᠠᠪᠤᠴᠠ᠂ ᠪᠥᠬᠦ᠌ ᠦᠶᠡᠯᠡᠯ᠎ᠤᠨ ᠬᠤᠭᠤᠴᠠᠭᠠᠨ᠎ᠤ ᠦᠷᠡᠵᠢᠯ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ 《 ᠵᠢᠷᠮᠦᠰᠦᠯᠡᠬᠦ᠌᠎ᠠᠴᠠ ᠡᠮᠦᠨ᠎ᠡ᠂ ᠵᠢᠷᠮᠦᠰᠦᠨ ᠬᠤᠭᠤᠴᠠᠭ᠎ᠠ᠂ ᠬᠥᠩᠭᠡᠵᠢᠬᠦ ᠡᠴᠡ ᠡᠮᠦᠨ᠎ᠡ᠂ ᠬᠥᠩᠭᠡᠵᠢᠭ᠌ᠰᠡᠨ᠎ᠤ ᠳᠠᠷᠠᠭᠠᠬᠢ》 ᠡᠯ᠎ᠡ ᠭᠤᠭ᠍ᠴᠤᠭ᠎ᠠ᠎ᠶ᠋ᠢ ᠪᠥᠬᠦ᠌ ᠲᠠᠯ᠎ᠠ᠎ᠪᠠᠷ ᠬᠠᠮᠤᠷᠴᠤ᠌᠂ 《 ᠵᠢᠷᠮᠦᠰᠦᠯᠡᠵᠦ᠍ ᠳᠡᠢᠯᠬᠦ᠌᠂ ᠱᠢᠯᠢᠳᠡᠭ᠎ᠢ ᠵᠢᠷᠮᠦᠰᠦᠯᠡᠬᠦ᠂ ᠰᠠᠨᠠᠭ᠎ᠠ ᠠᠮᠤᠷ ᠲᠥᠷᠥᠬᠦ᠌᠂ ᠦᠷᠡᠵᠢᠯ᠎ᠦᠨ ᠨᠡᠮᠡᠭᠦᠷᠢ ᠰᠠᠢᠨ 》᠎ᠢ ᠢᠳᠡᠪᠬᠢᠲᠡᠶ ᠳᠡᠮᠵᠢᠪᠡ᠃ ᠣᠳᠣᠬᠠᠨ᠎ᠳᠤ᠂ ᠪᠥᠬᠦ᠌ ᠤᠯᠤᠰ᠎ᠤᠨ ᠪᠣᠶ ᠪᠥᠬᠦᠶ ᠮᠤᠵᠢ ᠣᠷᠣᠨ ᠴᠥᠮ ᠲᠣᠬᠢᠷᠠᠮᠵᠢᠲᠠᠶ ᠲᠤᠰᠠᠯᠠᠬᠤ ᠦᠷᠡᠵᠢᠯ᠎ᠤᠨ ᠮᠡᠷᠭᠡᠵᠢᠯ᠎ᠢ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠮᠡᠷᠭᠡᠵᠢᠯ᠎ᠳᠤ ᠣᠷᠣᠭᠤᠯᠵᠤ᠂ ᠶᠢᠰᠦᠨ ᠬᠤᠪᠢ᠎ᠶ᠋ᠢᠨ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠳᠤ ᠦᠷᠡᠵᠢᠯ᠎ᠤᠨ ᠨᠡᠮᠡᠭᠦᠷᠢ᠎ᠶ᠋ᠢ ᠱᠢᠭᠤᠳ ᠬᠤᠪᠢ ᠬᠥᠮᠦᠨ᠎ᠳᠤ ᠣᠯᠭᠤᠬᠤ᠎ᠶ᠋ᠢ ᠪᠡᠶᠡᠯᠡᠭᠦᠯᠪᠡ᠃ 2024 ᠣᠨ᠎ᠳᠤ ᠳᠠᠭᠠᠳᠭᠠᠯ᠎ᠳᠤ ᠣᠷᠣᠯᠴᠠᠭ᠍ᠰᠠᠨ ᠡᠮᠡᠭ᠌ᠲᠡᠶ ᠠᠵᠢᠯᠲᠠᠨ ᠠᠵᠢᠯᠴᠢᠨ᠎ᠤ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠤᠨ ᠬᠥᠮᠦᠨ ᠳᠤᠮᠳᠠᠴᠢ᠎ᠶ᠋ᠢᠨ ᠪᠠᠲᠤᠯᠠᠭ᠎ᠠ 6587 ᠲᠥᠭᠦᠷᠢᠭ ᠪᠠᠢᠵᠤ᠂ ᠬᠥᠮᠦᠨ ᠳᠤᠮᠳᠠᠴᠢ᠎ᠶ᠋ᠢᠨ ᠦᠷᠡᠵᠢᠯ᠎ᠤᠨ ᠨᠡᠮᠡᠭᠦᠷᠢ 2.83 ᠲᠦᠮᠡᠨ ᠲᠥᠭᠦᠷᠢᠭ᠎ᠲᠤ ᠬᠦᠷᠴᠡᠶ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            