ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠨᠡ ᠬᠦ᠌ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ!
ᠨᠡᠶ᠋ᠢᠲᠡᠯᠡᠭᠰᠡᠨ ᠴᠠᠭ᠄ 2025-06-27

  ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠬᠢᠲᠠᠳ ᠡᠮ ᠡᠮᠨᠡᠯᠭᠡ ᠵᠢᠨ ᠲᠣᠪᠴᠢᠶ᠎ᠠ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠲᠣᠪᠴᠢᠶ᠎ᠠ 《2025 ᠣᠨ᠎ᠤ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠨᠡᠢ᠌ᠲᠡᠯᠡᠵᠦ᠂ 2025 ᠣᠨ᠎ᠳᠤ᠂ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠬᠥᠮᠥᠨ ᠳᠤᠮᠳᠠᠴᠢ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ᠎ᠳᠤ ᠳᠠᠬᠢᠭ᠋ᠠᠳ 5 ᠲᠥᠭᠥᠷᠢᠭ ᠨᠡᠮᠡᠵᠦ᠂ 99 ᠲᠥᠭᠥᠷᠢᠭ ᠪᠣᠯᠭ᠋ᠠᠪᠠ᠃

  ᠰᠢᠨ᠎ᠡ᠎ᠪᠠᠷ ᠨᠡᠮᠡᠭᠳᠡᠭᠦᠯᠦᠭᠰᠡᠨ ᠵᠠᠷᠤᠳᠠᠯ᠎ᠢ ᠦᠢ᠍ᠯᠡᠴᠢᠯᠡᠭᠡᠨ᠎ᠤ ᠠᠭᠤᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠦᠢ᠍ᠯᠡᠴᠢᠯᠡᠭᠡᠨ᠎ᠤ ᠤᠳᠠᠭ᠎ᠠ ᠲᠣᠭ᠎ᠠ ᠬᠢᠭᠡᠳ ᠳᠡᠰ᠎ᠢ ᠳᠡᠭᠡᠭᠰᠢᠯᠡᠭᠦᠯᠬᠦ᠂ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠪᠠᠲᠤᠯᠠᠬᠤ᠂ ᠤᠯᠠᠨ ᠲᠦᠮᠡᠨ᠎ᠤ ᠲᠥᠷᠥᠭᠳᠡᠯ᠎ᠢ ᠨᠡᠮᠡᠭᠳᠡᠭᠦᠯᠬᠦ᠎ᠳᠤ ᠬᠡᠷᠡᠭᠯᠡᠨ᠎ᠡ᠃ 《ᠨᠠᠰᠤᠲᠠᠨ ᠪᠠ ᠨᠢᠯᠬ᠎ᠠ》᠂ ᠴᠢᠰᠤᠨ ᠳᠠᠷᠤᠯᠲᠠ ᠥᠨᠳᠥᠷ ᠡᠪᠡᠳᠴᠢᠨ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠤᠳᠠᠭ᠋ᠠᠨ ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ ᠡᠪᠡᠳᠴᠢᠨ ᠵᠡᠷᠭᠡ ᠤᠳᠠᠭ᠋ᠠᠨ ᠴᠢᠨᠠᠷᠲᠠᠢ ᠡᠪᠡᠳᠴᠢᠲᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠬᠡᠦᠬᠡᠳ᠎ᠤᠨ ᠰᠠᠯᠠᠭ᠎ᠠ ᠪᠠ ᠣᠶᠤᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠣᠨ》᠂ 《ᠪᠡᠶ᠎ᠡ ᠵᠢᠨ ᠬᠦᠨᠳᠦ ᠵᠢᠨ ᠬᠠᠮᠢᠶᠠᠷᠤᠯᠲᠠ ᠵᠢᠨ ᠣᠨ》 ᠵᠡᠷᠭᠡ ᠭᠣᠣᠯᠳᠠᠯᠭ᠎ᠠ᠎ᠲᠠᠢ ᠠᠵᠢᠯ᠎ᠯᠤᠭ᠎ᠠ ᠤᠶᠠᠯᠳᠤᠭᠤᠯᠤᠨ᠂ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠭᠣᠣᠯᠳᠠᠯᠭ᠎ᠠ ᠪᠣᠯᠬᠤ ᠬᠥᠮᠥᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠰᠠᠢ᠌ᠲᠤᠷ ᠬᠢᠨ᠎ᠡ᠃

  《ᠮᠡᠳᠡᠭᠳᠡᠯ》᠎ᠳᠤ ᠲᠣᠳᠣᠷᠬᠠᠢ᠌ᠯᠠᠭᠰᠠᠨ ᠵᠶ᠋ᠠᠷ᠂ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠳᠤᠮᠳᠠ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠭᠤᠯᠭ᠎ᠠ ᠥᠩᠭᠡᠷᠡᠭᠰᠡᠨ ᠵᠢᠯ᠎ᠤᠳ᠎ᠲᠠᠢ ᠬᠠᠷᠢᠴᠠᠭᠤᠯᠪᠠᠯ ᠡᠳᠦᠢ ᠲᠡᠳᠦᠢ ᠰᠢᠯᠢᠳᠡᠭᠵᠢᠪᠡ᠃

  ᠨᠢᠭᠡ᠎ᠳᠤ᠂ ᠪᠡᠶ᠎ᠡ ᠵᠢᠨ ᠪᠠᠢ᠌ᠴᠠᠭ᠋ᠠᠯᠲᠠ ᠵᠢᠨ ᠲᠦᠷᠦᠯ ᠵᠦᠢ᠍ᠯ᠎ᠢ ᠪᠠᠶᠠᠯᠢᠭᠵᠢᠭᠤᠯᠪᠠ᠃ 2025 ᠣᠨ᠎ᠠᠴᠠ ᠡᠬᠢᠯᠡᠨ᠂ 65 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠰᠦᠢ᠍ᠳᠬᠡᠯ ᠦᠯᠦ ᠬᠤᠷᠢᠶᠠᠬᠤ ᠪᠠᠢ᠌ᠴᠠᠭ᠋ᠠᠯᠲᠠ ᠬᠢᠬᠦ᠎ᠳᠤ ᠴᠡᠭᠡᠵᠢᠨ ᠬᠡᠰᠡᠭ᠎ᠤᠨ ᠳ᠋ᠢᠭᠢᠲᠴᠢᠯᠡᠭᠰᠡᠨ X ᠰᠠᠴᠤᠷᠠᠭ᠎ᠤᠨ ᠬᠡᠷᠡᠯ ᠵᠢᠷᠤᠭ (DR)᠎ᠤᠨ ᠲᠥᠪ ᠬᠡᠰᠡᠭ᠎ᠤᠨ ᠪᠠᠢ᠌ᠴᠠᠭ᠋ᠠᠯᠲᠠ ᠪᠠ ᠰᠢᠬᠢᠷᠵᠢᠭᠰᠡᠨ ᠴᠢᠰᠤᠨ᠎ᠤ ᠤᠯᠠᠭ᠋ᠠᠨ ᠤᠭᠤᠷᠠᠭ᠎ᠤᠨ ᠪᠠᠢ᠌ᠴᠠᠭ᠋ᠠᠯᠲᠠ ᠵᠢᠨ ᠠᠭᠤᠯᠭ᠎ᠠ ᠵᠢ ᠨᠡᠮᠡᠪᠡ᠃

  ᠬᠣᠶᠠᠷ᠎ᠲᠤ᠂ ᠮᠡᠳᠡᠭᠡ ᠵᠠᠩᠭᠢ ᠵᠢ ᠬᠠᠷᠢᠭᠤ ᠲᠤᠰᠬᠠᠬᠤ ᠵᠢ ᠴᠢᠩᠭ᠋ᠠᠳᠬᠠᠪᠠ᠃ ᠪᠡᠶ᠎ᠡ ᠵᠢᠨ ᠪᠠᠢ᠌ᠴᠠᠭ᠋ᠠᠯᠲᠠ ᠵᠢᠨ ᠡᠭᠦᠷᠭᠡ ᠵᠢ ᠡᠭᠦᠷᠭᠡᠯᠡᠵᠦ ᠪᠦᠬᠦᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠤᠭᠤᠳ᠎ᠨᠢ ᠡᠷᠡᠭᠦᠯ ᠮᠡᠨᠳᠦ ᠵᠢᠨ ᠪᠠᠢ᠌ᠴᠠᠭ᠋ᠠᠯᠲᠠ ᠬᠢᠭᠰᠡᠨ ᠦᠷ᠎ᠡ ᠳ᠋ᠦᠩ᠎ᠢ ᠴᠠᠭ ᠲᠤᠬᠠᠢ᠎ᠳᠤ᠎ᠨᠢ ᠲᠣᠰ ᠬᠥᠮᠥᠨ᠎ᠳᠤ᠎ᠨᠢ ᠬᠠᠷᠢᠭᠤ ᠲᠤᠰᠬᠠᠬᠤ ᠵᠢᠨ ᠬᠠᠮᠲᠤ ᠡᠷᠡᠭᠦᠯ ᠮᠡᠨᠳᠦ ᠵᠢᠨ ᠡᠯᠧᠺᠲᠷᠣᠨ ᠲᠠᠩᠰᠠ ᠡᠪᠬᠡᠮᠡᠯ᠎ᠳᠤ ᠣᠷᠣᠭᠤᠯᠵᠤ᠂ ᠬᠡᠪ᠎ᠤᠨ ᠪᠤᠰᠤ ᠪᠠᠢ᠌ᠳᠠᠯ ᠢᠯᠡᠷᠡᠭᠰᠡᠳ᠎ᠤᠨ ᠮᠡᠳᠡᠭᠡ ᠵᠠᠩᠭᠢ ᠵᠢ ᠬᠣᠯᠪᠣᠭᠳᠠᠯ ᠪᠦᠬᠦᠢ ᠲᠤᠰᠬᠠᠢ ᠡᠪᠡᠳᠴᠢᠨ᠎ᠤ ᠬᠠᠮᠢᠶᠠᠷᠤᠯᠲᠠ ᠵᠢᠨ ᠲᠤᠬᠠᠢ᠌ᠯᠠᠭᠰᠠᠨ ᠠᠵᠢᠯ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠴᠠᠭ ᠲᠤᠬᠠᠢ᠎ᠳᠤ᠎ᠨᠢ ᠬᠦᠷᠭᠡᠨ᠎ᠡ᠃

  ᠭᠤᠷᠪᠠ᠎ᠳᠤ᠂ ᠲᠥᠷᠥᠯ ᠪᠠ ᠲᠠᠰ ᠬᠤᠪᠢᠶᠠᠭᠰᠠᠨ ᠦᠢ᠍ᠯᠡᠴᠢᠯᠡᠭᠡ ᠥᠷᠨᠢᠭᠦᠯᠦᠨ᠎ᠡ᠃ ᠨᠠᠰᠤᠲᠠᠢ᠌ᠴᠤᠳ᠎ᠤᠨ ᠨᠠᠰᠤ ᠵᠢᠯ᠂ ᠡᠷᠡᠭᠦᠯ ᠮᠡᠨᠳᠦ ᠵᠢᠨ ᠪᠠᠢ᠌ᠳᠠᠯ ᠵᠡᠷᠭᠡ ᠵᠢ ᠦᠨᠳᠦᠰᠦᠯᠡᠨ ᠨᠠᠷᠢᠯᠢᠭᠵᠢᠭᠤᠯᠤᠨ ᠠᠩᠭᠢᠯᠠᠵᠤ᠂ ᠡᠷᠡᠭᠦᠯ ᠮᠡᠨᠳᠦ ᠵᠢᠨ ᠳᠡᠰ ᠬᠤᠪᠢᠶᠠᠭᠰᠠᠨ ᠦᠢ᠍ᠯᠡᠴᠢᠯᠡᠭᠡ ᠬᠠᠩᠭ᠋ᠠᠵᠤ᠂ ᠡᠷᠡᠭᠦᠯ ᠮᠡᠨᠳᠦ ᠵᠢᠨ ᠲᠦᠭᠰᠢᠭᠦᠷᠢ᠎ᠪᠠᠷ ᠨᠡᠯᠢᠶᠡᠳ ᠥᠨᠳᠥᠷ ᠨᠠᠰᠤᠲᠠᠢ᠌ᠴᠤᠳ᠎ᠲᠤ ᠳᠠᠭ᠋ᠠᠵᠤ ᠰᠤᠷᠪᠤᠯᠵᠢᠯᠠᠬᠤ ᠤᠳᠠᠭ᠎ᠠ ᠲᠣᠭ᠎ᠠ ᠬᠢᠭᠡᠳ ᠳᠡᠰ᠎ᠢ᠎ᠨᠢ ᠵᠣᠬᠢᠴᠠᠩᠭᠤᠢ᠎ᠪᠠᠷ ᠨᠡᠮᠡᠭᠳᠡᠭᠦᠯᠦᠨ᠎ᠡ᠃

  ᠤᠳᠠᠭ᠋ᠠᠨ ᠴᠢᠨᠠᠷᠲᠠᠢ ᠡᠪᠡᠳᠴᠢᠲᠡᠨ᠎ᠳᠤ ᠦᠨᠳᠦᠰᠦᠨ ᠱᠠᠲᠤᠨ᠎ᠤ ᠦᠷᠭᠦᠯᠵᠢᠯᠡᠭᠰᠡᠨ ᠦᠢ᠍ᠯᠡᠴᠢᠯᠡᠭᠡ ᠵᠢ ᠴᠢᠩᠭ᠋ᠠᠳᠬᠠᠬᠤ ᠲᠠᠯ᠎ᠠ᠎ᠪᠠᠷ᠄

  ᠨᠢᠭᠡ᠂ ᠳᠡᠰ ᠬᠤᠪᠢᠶᠠᠭᠰᠠᠨ ᠦᠷᠭᠦᠯᠵᠢᠯᠡᠭᠰᠡᠨ ᠦᠢ᠍ᠯᠡᠴᠢᠯᠡᠭᠡ᠃ ᠤᠳᠠᠭ᠋ᠠᠨ ᠴᠢᠨᠠᠷᠲᠠᠢ ᠡᠪᠡᠳᠴᠢᠨ᠎ᠤ ᠪᠠᠢ᠌ᠳᠠᠯ᠎ᠢ ᠡᠵᠡᠮᠳᠡᠭᠰᠡᠨ ᠲᠠᠯ᠎ᠠ᠎ᠪᠠᠷ ᠨᠠᠮᠵᠢᠭᠤᠨ ᠪᠠᠢ᠌ᠳᠠᠯ᠎ᠲᠠᠢ ᠪᠠᠢ᠌ᠭ᠎ᠠ᠎ᠳᠤ᠎ᠨᠢ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠦᠢ᠍ᠯᠡᠴᠢᠯᠡᠭᠡᠨ᠎ᠤ ᠵᠢᠷᠤᠮᠵᠢᠯ᠎ᠢ ᠦᠨᠳᠦᠰᠦᠯᠡᠨ ᠡᠷᠡᠭᠦᠯ ᠮᠡᠨᠳᠦ ᠵᠢᠨ ᠦᠢ᠍ᠯᠡᠴᠢᠯᠡᠭᠡ ᠪᠠ ᠳᠠᠭ᠋ᠠᠵᠤ ᠰᠤᠷᠪᠤᠯᠵᠢᠯᠠᠬᠤ ᠵᠢ ᠥᠷᠨᠢᠭᠦᠯᠦᠨ᠎ᠡ; ᠡᠵᠡᠮᠳᠡᠭᠰᠡᠨ ᠲᠠᠯ᠎ᠠ᠎ᠪᠠᠷ ᠨᠠᠮᠵᠢᠭᠤᠨ ᠪᠤᠰᠤ ᠪᠠᠢ᠌ᠳᠠᠯ᠎ᠲᠠᠢ ᠪᠠᠢ᠌ᠭ᠎ᠠ᠎ᠳᠤ᠎ᠨᠢ᠂ ᠳᠠᠭ᠋ᠠᠵᠤ ᠰᠤᠷᠪᠤᠯᠵᠢᠯᠠᠬᠤ ᠤᠳᠠᠭ᠎ᠠ ᠲᠣᠭ᠎ᠠ ᠬᠢᠭᠡᠳ ᠳᠡᠰ᠎ᠢ᠎ᠨᠢ ᠨᠡᠮᠡᠭᠳᠡᠭᠦᠯᠵᠦ᠂ ᠡᠪᠡᠳᠴᠢᠨ᠎ᠤ ᠪᠠᠢ᠌ᠳᠠᠯ᠎ᠤᠨ ᠬᠡᠷᠡᠭᠴᠡᠭᠡ ᠵᠢ ᠦᠨᠳᠦᠰᠦᠯᠡᠨ ᠴᠠᠭ ᠲᠤᠬᠠᠢ᠎ᠳᠤ᠎ᠨᠢ ᠳᠡᠭᠡᠳᠦ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ᠎ᠳᠤ ᠰᠢᠯᠵᠢᠭᠦᠯᠦᠨ ᠡᠮᠨᠡᠭᠦᠯᠬᠦ ᠵᠢᠨ ᠬᠠᠮᠲᠤ ᠮᠥᠷᠳᠡᠬᠦ ᠪᠤᠶᠤ ᠳᠠᠭ᠋ᠠᠵᠤ ᠰᠤᠷᠪᠤᠯᠵᠢᠯᠠᠨ᠎ᠠ᠃

  ᠬᠣᠶᠠᠷ᠂ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠬᠠᠮᠵᠢᠯᠴᠠᠭᠰᠠᠨ ᠦᠢ᠍ᠯᠡᠴᠢᠯᠡᠭᠡ᠃ ᠣᠯᠠᠨ ᠵᠦᠢ᠍ᠯ᠎ᠤᠨ ᠡᠪᠡᠳᠴᠢᠨ᠎ᠢ ᠬᠠᠮᠲᠤ᠎ᠪᠠᠷ ᠰᠡᠷᠭᠡᠢ᠌ᠯᠡᠵᠦ ᠬᠠᠮᠲᠤ᠎ᠪᠠᠷ ᠬᠠᠮᠢᠶᠠᠷᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠵᠢᠨ ᠠᠷᠭ᠎ᠠ ᠪᠠᠷᠢᠯ᠎ᠢ ᠦᠨᠳᠦᠰᠦᠯᠡᠨ ᠤᠳᠠᠭ᠋ᠠᠨ ᠴᠢᠨᠠᠷᠲᠠᠢ ᠡᠪᠡᠳᠴᠢᠲᠡᠨ᠎ᠤ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠬᠦᠰᠦᠨᠦᠭᠲᠦ ᠵᠢ ᠨᠡᠢ᠌ᠳᠬᠡᠨ᠎ᠡ᠃

  ᠭᠤᠷᠪᠠ᠂ ᠡᠮᠲᠦ ᠪᠤᠰᠤ ᠨᠥᠯᠥᠭᠡᠯᠡᠯ᠎ᠤᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠴᠢᠰᠤᠨ ᠳᠠᠷᠤᠯᠲᠠ ᠥᠨᠳᠥᠷ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠴᠢᠰᠤᠨ᠎ᠤ ᠥᠭᠡᠬᠦ ᠥᠨᠳᠥᠷᠵᠢᠭᠰᠡᠨ ᠬᠡᠮ᠂ ᠮᠠᠷᠢᠶᠠᠯᠠᠬᠤ ᠬᠡᠮ᠎ᠢ ᠢᠳᠡᠭᠡᠨ ᠤᠮᠳᠠᠭ᠋ᠠᠨ ᠵᠶ᠋ᠠᠷ ᠰᠠᠢ᠌ᠵᠢᠷᠠᠭᠤᠯᠬᠤ ᠪᠠ ᠬᠥᠳᠡᠯᠭᠡᠭᠡᠨ᠎ᠤ ᠦᠨᠳᠦᠰᠦᠨ ᠱᠠᠲᠤᠨ᠎ᠳᠠᠬᠢ ᠵᠢᠯᠤᠭᠣᠳᠬᠤ ᠭᠣᠣᠯᠳᠠᠯᠭ᠎ᠠ ᠵᠢᠨ ᠬᠡᠷᠡᠭᠯᠡᠯᠲᠡ ᠵᠢ ᠠᠬᠢᠭᠤᠯᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠲᠤ ᠤᠳᠠᠭ᠋ᠠᠨ ᠴᠢᠨᠠᠷᠲᠠᠢ ᠡᠪᠡᠳᠴᠢᠲᠡᠨ᠎ᠳᠤ ᠥᠪᠡᠷᠮᠢᠴᠡ ᠢᠳᠡᠭᠡᠨ ᠤᠮᠳᠠᠭ᠋ᠠᠨ ᠪᠠ ᠬᠥᠳᠡᠯᠭᠡᠭᠡᠨ᠎ᠤ ᠵᠢᠯᠤᠭᠣᠳᠬᠤ ᠰᠠᠨᠠᠭᠤᠯᠭ᠎ᠠ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            