ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2026 ᠣᠨ᠎ᠤ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠲᠥᠪᠯᠡᠷᠡᠭᠦᠯᠦᠨ ᠰᠦᠢᠳᠭᠡᠯ ᠲᠤᠱᠢᠶᠠᠬᠤ ᠴᠠᠭ ᠰᠥᠷᠭᠡᠦ ᠲᠣᠭ᠋ᠠᠯᠠᠵᠤ ᠪᠠᠢ᠌ᠨ᠎ᠠ᠂ ᠴᠠᠭ᠎ᠠᠴᠠ ᠥᠩᠭᠡᠷᠡᠭᠦᠯᠪᠡᠯ ᠶᠠᠮᠠᠷ ᠨᠥᠯᠥᠭᠡ᠎ᠲᠠᠢ ᠪᠣᠶ ?
ᠨᠡᠶ᠋ᠢᠲᠡᠯᠡᠭᠰᠡᠨ ᠴᠠᠭ᠄ 2025-12-12

  2025 ᠣᠨ᠎ᠤ ᠡᠴᠦᠰ ᠣᠢᠷᠠᠳᠭᠤ᠎ᠶ᠋ᠢ ᠳᠠᠭᠠᠯᠳᠤᠨ᠂ ᠪᠥᠬᠦ᠌ ᠤᠯᠤᠰ᠎ᠤᠨ ᠶᠡᠬᠡᠩᠬᠢ ᠭᠠᠵᠠᠷ ᠣᠷᠣᠨ᠎ᠤ 2026 ᠣᠨ᠎ᠤ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠲᠥᠪᠯᠡᠷᠡᠭᠦᠯᠦᠨ ᠣᠷᠣᠯᠴᠠᠵᠤ ᠰᠦᠢᠳᠭᠡᠯ ᠲᠤᠱᠢᠶᠠᠬᠤ ᠠᠵᠢᠯ ᠨᠢᠭᠡᠨᠲᠡ ᠡᠴᠦᠰ᠎ᠲᠤ᠎ᠪᠠᠨ ᠣᠷᠣᠪᠠ᠃ ᠰᠦᠢᠳᠭᠡᠯ ᠲᠤᠱᠢᠶᠠᠬᠤ᠎ᠶ᠋ᠢ ᠬᠠᠷᠠᠬᠠᠨ ᠪᠡᠶᠡᠯᠡᠭᠦᠯᠦᠭᠡᠳᠦᠶ ᠬᠥᠮᠦᠰ᠎ᠲᠤ ᠠᠪᠴᠤ᠌ ᠬᠡᠯᠡᠪᠡᠯ᠂ ᠡᠨᠡ ᠨᠢ ᠡᠩ᠎ᠤᠨ ᠣᠨ᠎ᠤ ᠰᠦᠢᠳᠭᠡᠯ ᠲᠤᠱᠢᠶᠠᠬᠤ ᠰᠠᠨᠠᠭᠤᠯᠤᠮᠵᠢ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠢᠷᠡᠭᠡᠳᠦᠶ᠎ᠶ᠋ᠢᠨ ᠨᠢᠭᠡ ᠵᠢᠯ ᠴᠢᠨᠠᠭ᠍ᠰᠢᠯᠠᠪᠠᠯ ᠨᠠᠩ ᠣᠷᠳᠣ ᠬᠤᠭᠤᠴᠠᠭᠠᠨ᠎ᠤ ᠳᠣᠲᠣᠷ᠎ᠠ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠠᠴᠠ ᠪᠣᠯᠤᠭ᠍ᠰᠠᠨ ᠰᠠᠢᠨ ᠲᠠᠯ᠎ᠠ᠎ᠶ᠋ᠢ ᠴᠠᠭ ᠲᠤᠬᠠᠶ᠎ᠳᠤ ᠨᠢ᠂ ᠭᠦᠢᠴᠡᠳ ᠭᠥᠷᠳᠡᠵᠦ᠍ ᠴᠢᠳᠠᠬᠤ ᠡᠰᠡᠬᠦ᠌᠎ᠲᠠᠢ ᠬᠤᠯᠪᠣᠭ᠍ᠳᠠᠵᠤ ᠪᠠᠢᠳᠠᠭ᠃ ᠲᠥᠪᠯᠡᠷᠡᠭᠦᠯᠦᠨ ᠳᠠᠭᠠᠳᠭᠠᠯ᠎ᠳᠤ ᠣᠷᠣᠯᠴᠠᠬᠤ᠎ᠠᠴᠠ ᠬᠣᠵᠢᠭᠳᠠᠪᠠᠯ᠂ ᠣᠯᠠᠨ ᠲᠠᠯ᠎ᠠ᠎ᠶ᠋ᠢᠨ ᠬᠣᠬᠢᠷᠠᠯ᠎ᠳᠤ ᠤᠴᠠᠷᠠᠬᠤ ᠪᠣᠯᠣᠨ᠎ᠠ᠃

  ᠨᠢᠭᠡ ᠤᠳᠠᠭ᠎ᠠ᠎ᠳᠤ ᠡᠮᠨᠡᠯᠭᠡ᠎ᠳᠤ ᠰᠠᠭᠤᠭ᠍ᠰᠠᠨ ᠵᠠᠷᠤᠳᠠᠯ᠎ᠢ ᠲᠠᠩᠰᠠᠨ᠎ᠠᠴᠠ ᠲᠠᠢ᠌ᠯᠬᠤ᠂ 20 ᠵᠢᠯ᠎ᠤᠨ ᠳᠠᠭᠠᠳᠭᠠᠯ᠎ᠤᠨ ᠵᠠᠷᠤᠳᠠᠯ᠎ᠤᠨ ᠬᠠᠳᠠᠭᠠᠯᠠᠮᠵᠢ᠎ᠠᠴᠠ ᠬᠤᠯᠠ ᠢᠯᠡᠭᠦᠦ ᠠᠰᠢᠭ ᠬᠦᠷᠲᠡᠨ᠎ᠡ

  2003 ᠣᠨ᠎ᠠᠴᠠ ᠬᠥᠳᠡᠭᠡ ᠲᠣᠰᠭᠣᠨ᠎ᠤ 《 ᠱᠢᠨ᠎ᠡ ᠮᠠᠶᠢᠭ᠎ᠤᠨ ᠬᠣᠷᠱᠢᠭ᠍ᠰᠠᠨ ᠡᠮᠴᠢᠯᠡᠭᠡ 》 ᠪᠠᠢᠭᠤᠯᠬᠤ ᠦᠢ᠎ᠡ᠎ᠳᠦ ᠬᠥᠮᠦᠨ ᠪᠦᠷᠢ᠎ᠳᠦ 10 ᠲᠥᠭᠥᠷᠢᠭ᠎ᠦᠨ ᠰᠦᠢᠳᠭᠡᠯ ᠲᠤᠱᠢᠶᠠᠬᠤ ᠪᠠᠷᠢᠮᠵᠢᠶ᠎ᠠ ᠪᠠᠢ᠌ᠵᠤ᠂ ᠣᠳᠣ ᠬᠥᠮᠦᠨ ᠪᠦᠷᠢ᠎ᠳᠦ 400 ᠲᠥᠭᠥᠷᠢᠭ᠎ᠦᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠰᠦᠢᠳᠭᠡᠯ ᠲᠤᠱᠢᠶᠠᠬᠤ ᠪᠠᠷᠢᠮᠵᠢᠶ᠎ᠠ ᠪᠣᠯᠤᠭ᠍ᠰᠠᠨ ᠪᠠᠢᠨ᠎ᠠ; ᠡᠳ᠋᠎ᠦᠨ ᠵᠠᠰᠠᠭ᠎ᠤᠨ ᠲᠤᠰᠠᠯᠠᠮᠵᠢ ᠴᠤ᠌ 2003 ᠣᠨ᠎ᠤ ᠳᠦᠷᠢᠮ ᠪᠠᠢᠭᠤᠯᠤᠭ᠍ᠳᠠᠭ᠍ᠰᠠᠨ ᠡᠬᠢᠨ᠎ᠦ ᠦᠢ᠎ᠡ᠎ᠶ᠋ᠢᠨ 20 ᠲᠥᠭᠥᠷᠢᠭ ᠪᠠᠢᠭ᠍ᠰᠠᠨ᠎ᠠᠴᠠ ᠨᠢ ᠣᠳᠣ ᠨᠢᠭᠡᠨᠲᠡ 700 ᠲᠥᠭᠥᠷᠢᠭ᠎ᠲᠦ ᠬᠦᠷᠲᠡᠯ᠎ᠡ ᠳᠡᠭᠡᠭ᠌ᠰᠢᠯᠡᠭᠦᠯᠵᠦ᠍᠂ 30 ᠭᠠᠷᠤᠶ ᠳᠡᠭᠢᠨ ᠨᠡᠮᠡᠭ᠌ᠳᠡᠵᠦ᠍᠂ ᠡᠮᠴᠢᠯᠡᠭᠡᠨ᠎ᠦ ᠪᠠᠲᠤᠯᠠᠭ᠎ᠠ᠎ᠶᠢᠨ 《 ᠠᠯᠲᠠᠨ᠎ᠤ ᠬᠡᠮᠵᠢᠶ᠎ᠡ 》 ᠤᠯᠠᠮ᠎ᠠᠴᠠ ᠤᠯᠠᠮ ᠳᠡᠭᠡᠭ᠌ᠰᠢᠯᠡᠪᠡ᠃ ᠬᠡᠷᠪᠡ ᠠᠯᠮᠠᠢᠷᠠᠨ ᠣᠰᠣᠯᠳᠠᠭ᠍ᠰᠠᠨ ᠪᠤᠶᠤ ᠠᠳᠡᠭᠦᠷᠡᠯ᠎ᠡᠴᠡ ᠪᠣᠯᠵᠤ ᠲᠥᠪᠯᠡᠷᠡᠭᠦᠯᠦᠨ ᠰᠦᠢᠳᠭᠡᠯ ᠲᠤᠱᠢᠶᠠᠬᠤ ᠬᠤᠭᠤᠴᠠᠭ᠎ᠠ᠎ᠶ᠋ᠢ ᠥᠩᠭᠡᠷᠡᠭᠡᠭ᠌ᠰᠡᠨ ᠪᠣᠯ ᠡᠨᠡ 700 ᠲᠥᠭᠥᠷᠢᠭ ( ᠭᠠᠵᠠᠷ ᠣᠷᠣᠨ᠎ᠤ ᠪᠠᠢ᠌ᠳᠠᠯ ᠠᠳᠠᠯᠢ ᠪᠤᠰᠤ )᠎ᠦᠨ ᠤᠯᠤᠰ᠎ᠤᠨ ᠡᠳ᠋᠎ᠦᠨ ᠵᠠᠰᠠᠭ᠎ᠤᠨ ᠨᠥᠬᠥᠪᠥᠷᠢ᠎ᠶ᠋ᠢ ᠣᠯᠬᠤ᠎ᠶ᠋ᠢᠨ ᠠᠷᠭ᠎ᠠ ᠦᠭᠡᠶ ᠪᠣᠯᠣᠨ᠎ᠠ᠃

  ᠵᠠᠷᠢᠮ ᠬᠥᠮᠥᠨ᠎ᠤ ᠦᠵᠡᠬᠦ᠌᠎ᠪᠡᠷ᠂ 《 ᠡᠪᠡᠳᠴᠢᠯᠡᠭᠰᠡᠨ ᠦᠭᠡᠢ ᠪᠣᠯ ᠡᠮᠴᠢᠯᠡᠭᠡᠨ᠎ᠦ ᠳᠠᠭᠠᠳᠭᠠᠯ᠎ᠢ ᠵᠦᠭᠡᠷ ᠲᠤᠰᠢᠶᠠᠭᠰᠠᠨ ᠪᠢᠰᠢ ᠤᠤ 》᠃ ᠦᠨᠡᠨ᠎ᠳᠦ᠎ᠪᠠᠨ ᠲᠡᠢ᠌ᠮᠦ ᠪᠢᠰᠢ᠂ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ ᠵᠢᠯ ᠪᠦᠷᠢ 400 ᠲᠥᠭᠦᠷᠢᠭ ᠲᠤᠱᠢᠶᠠᠬᠤ᠎ᠨᠢ 《 ᠪᠠᠭ᠎ᠠ ᠵᠣᠭᠤᠰ 》᠎ᠢᠶᠠᠷ ᠨᠠᠩ ᠶᠡᠭᠡ ᠪᠡᠯᠡ ᠮᠥᠩᠭᠦ᠎ᠶ᠋ᠢᠨ 《 ᠪᠠᠲᠤᠯᠠᠭ᠎ᠠ᠎ᠶ᠋ᠢᠨ ᠲᠠᠲᠠᠭᠠᠯ 》᠎ᠢ ᠬᠥᠳᠡᠯᠭᠡᠨ᠎ᠡ᠃ ᠡᠭᠦᠨ᠎ᠠᠴᠠ ᠡᠮᠦᠨ᠎ᠡ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠬᠤᠯᠪᠣᠭ᠍ᠳᠠᠯ ᠪᠦᠬᠦᠢ ᠵᠤᠷᠭᠠᠨ᠎ᠤ ᠬᠠᠷᠢᠭᠤᠴᠠᠯᠭᠠᠲᠠᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠳᠠᠭᠠᠳᠭᠠᠯ᠎ᠳᠤ ᠣᠷᠣᠯᠴᠠᠭ᠍ᠰᠠᠨ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠤᠭ᠍ᠰᠠᠨ᠎ᠢᠶᠠᠷ᠂ ᠳ᠋ᠠᠢ᠌ᠲ᠋ᠠ᠎ᠠᠴᠠ ᠦᠵᠡᠪᠡᠯ᠂ 2022 ᠣᠨ᠎ᠳᠤ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠭ᠍ᠰᠠᠳ᠎ᠤᠨ ᠤᠳᠠᠭ᠎ᠠ ᠪᠦᠷᠢ ᠡᠮᠨᠡᠯᠭᠡ᠎ᠳᠤ ᠰᠠᠭᠤᠬᠤ ᠰᠦᠢᠳᠭᠡᠯ 8129 ᠲᠥᠭᠦᠷᠢᠭ ᠪᠠᠢᠵᠤ᠂ ᠲᠠᠩᠰᠠ ᠲᠠᠢᠯᠬᠤ ᠬᠠᠷᠢᠴᠠᠯ᠎ᠤᠨ 70% ᠎ᠪᠠᠷ ᠪᠣᠳᠣᠵᠤ᠂ ᠨᠢᠭᠡ ᠤᠳᠠᠭ᠎ᠠ᠎ᠳᠤ ᠡᠮᠨᠡᠯᠭᠡ᠎ᠶ᠋ᠢᠨ ᠬᠤᠷᠢᠶ᠎ᠠ᠎ᠳᠤ ᠰᠠᠭᠤᠵᠤ ᠡᠮᠨᠡᠭᠦᠯᠦᠭ᠌ᠰᠡᠨ ᠡᠮᠴᠢᠯᠡᠭᠡᠨ᠎ᠦ ᠳᠠᠭᠠᠳᠭᠠᠯ᠎ᠳᠤ ᠲᠡᠭ᠌ᠰᠢᠳᠭᠡᠨ 5690 ᠲᠥᠭᠦᠷᠢᠭ ᠳᠠᠩᠰᠠ ᠲᠠᠢᠯᠪᠠ; ᠬᠡᠷᠪᠡ ᠰᠠᠭᠤᠭᠠᠯᠢ ᠠᠷᠠᠳ 2003 ᠣᠨ᠎ᠠᠴᠠ 2023 ᠣᠨ ᠪᠣᠯᠲᠠᠯ᠎ᠠ ᠦᠷᠭᠦᠯᠵᠢᠯᠡᠨ ᠳᠠᠭᠠᠳᠭᠠᠯ᠎ᠳᠤ ᠣᠷᠣᠯᠴᠠᠭ᠍ᠰᠠᠨ ᠬᠤᠪᠢ ᠬᠥᠮᠥᠨ᠎ᠤ ᠲᠤᠱᠢᠶᠠᠬᠤ ᠳᠠᠭᠠᠳᠭᠠᠯ᠎ᠤᠨ ᠰᠦᠢᠳᠭᠡᠯ᠎ᠳᠤ ᠬᠠᠳᠠᠭᠠᠯᠠᠮᠵᠢ ᠬᠢᠵᠦ᠍᠂ ᠵᠢᠯ᠎ᠤᠨ ᠬᠦᠦ᠍᠎ᠶ᠋ᠢᠨ ᠨᠣᠷᠮ᠎ᠠ᠎ᠨᠢ 5% ᠎ᠪᠠᠷ ᠳᠠᠪᠬᠤᠷ ᠠᠰᠢᠭ ᠪᠣᠳᠣᠵᠤ᠂ 2023 ᠣᠨ ᠪᠣᠯᠬᠤ᠎ᠳᠤ ᠡᠬᠡ ᠮᠥᠩᠭᠦ᠌ ᠪᠠ ᠬᠦᠦ ᠮᠥᠩᠭᠦ᠎ᠨᠢ ᠨᠡᠢᠲᠡ 3343.1 ᠲᠥᠭᠦᠷᠢᠭ ᠪᠣᠯᠣᠨ᠎ᠠ᠃ ᠥᠭᠡᠷ᠎ᠡ᠎ᠪᠡᠷ ᠬᠡᠯᠡᠪᠡᠯ᠂ ᠰᠠᠭᠤᠭᠠᠯᠢ ᠠᠷᠠᠳ ᠨᠢᠭᠡ ᠤᠳᠠᠭ᠎ᠠ ᠡᠮᠨᠡᠯᠭᠡ᠎ᠳᠦ ᠰᠠᠭᠤᠭ᠍ᠰᠠᠨ᠎ᠤ ᠳᠠᠷᠠᠭ᠎ᠠ ᠡᠮᠴᠢᠯᠡᠭᠡᠨ᠎ᠦ ᠳᠠᠭᠠᠳᠭᠠᠯ᠎ᠤᠨ ᠳᠠᠩᠰᠠ ᠲᠠᠢᠯᠤᠭ᠍ᠰᠠᠨ ᠵᠣᠭᠣᠰ᠎ᠤᠨ ᠲᠣᠭ᠎ᠠ ᠨᠢ ᠵᠠᠯᠭ᠋ᠠᠭ᠎ᠠ᠎ᠪᠠᠷ 20 ᠵᠢᠯ ᠬᠤᠪᠢ ᠬᠥᠮᠦᠨ᠎ᠦ ᠶᠡᠷᠦᠩᠬᠡᠶ ᠳᠠᠭᠠᠳᠭᠠᠯ᠎ᠤᠨ ᠵᠠᠷᠤᠳᠠᠯ᠎ᠠᠴᠠ ᠳᠠᠪᠠᠭᠤᠯᠤᠨ ᠬᠠᠳᠠᠭᠠᠯᠠᠭ᠍ᠰᠠᠨ ᠠᠱᠢᠭ ᠣᠷᠣᠯᠭ᠎ᠠ      ᠪᠣᠯᠤᠨ᠎ᠠ ᠃

  ᠪᠠᠰᠠ ᠵᠠᠷᠢᠮ ᠬᠥᠮᠦᠨ 《 ᠨᠠᠰᠤ ᠵᠠᠯᠠᠭᠤ ᠪᠡᠶ᠎ᠡ ᠰᠠᠢᠨ᠂ ᠲᠦᠷ ᠴᠠᠭ ᠲᠤᠰᠢᠶᠠᠬᠤ ᠦᠭᠡᠢ ᠴᠦ᠍ ᠬᠠᠮᠢᠶ᠎ᠠ ᠦᠭᠡᠢ 》 ᠭᠡᠬᠦ᠌ ᠪᠣᠳᠣᠯ ᠡᠪᠦᠷᠯᠡᠨ᠎ᠡ᠃ ᠭᠡᠪᠡᠴᠦ᠍᠂ ᠡᠷᠡᠭᠦᠯ ᠮᠡᠨᠳᠦ᠍ ᠪᠣᠯ ᠶᠡᠷᠦ᠎ᠡᠴᠡ ᠤᠷᠢᠳᠴᠢᠯᠠᠨ ᠲᠥᠰᠦᠭᠡᠯᠡᠵᠦ ᠪᠣᠯᠬᠤ ᠪᠠᠢ᠌ᠩᠭᠤ ᠵᠦᠢ᠍ᠯ ᠪᠢᠰᠢ᠃ ᠬᠥᠮᠦᠨ ᠲᠠᠪᠤᠨ ᠲᠠᠷᠢᠶᠠᠨ᠎ᠤ᠋ ᠬᠣᠯᠢᠮᠠᠭ ᠠᠮᠤ᠎ᠶᠢ ᠢᠳᠡᠬᠦ᠌᠎ᠳ᠋ᠦ᠍᠂ ᠬᠡᠨ ᠴᠦ᠍ ᠡᠪᠡᠳᠴᠢᠨ ᠬᠥᠳᠡᠯᠬᠦ᠌ ᠦᠭᠡᠢ ᠪᠠᠢᠬᠤ᠎ᠶᠢ ᠪᠠᠲᠤᠯᠠᠵᠤ ᠴᠢᠳᠠᠬᠤ ᠦᠭᠡᠢ᠃ ᠡᠪᠡᠳᠴᠢᠨ᠎ᠦ᠌ ᠲᠦᠭ᠌ᠱᠢᠭᠦᠷᠢ᠎ᠶᠢᠨ ᠲᠣᠭ᠍ᠲᠠᠪᠤᠷᠢ ᠦᠭᠡᠢ ᠴᠢᠨᠠᠷ ᠪᠠ ᠭᠡᠨᠡᠳᠲᠡ᠎ᠶᠢᠨ ᠴᠢᠨᠠᠷ᠎ᠢ᠋ ᠬᠡᠨ ᠴᠦ᠍ ᠡᠵᠡᠮᠳᠡᠵᠦ᠍ ᠳᠡᠢᠯᠬᠦ᠌ ᠦᠭᠡᠢ᠃ ᠲᠡᠷᠡ ᠮᠥᠷᠲᠡᠭᠡᠨ ᠵᠠᠯᠠᠭᠤᠴᠤᠳ᠎ᠤᠨ ᠡᠮᠨᠡᠯᠭᠡ᠎ᠳᠤ ᠰᠠᠭᠤᠭ᠍ᠰᠠᠨ ᠨᠤᠷᠮ᠎ᠠ᠎ᠶ᠋ᠢᠨ ᠳ᠋ᠠᠢ᠌ᠲ᠋ᠠ᠎ᠠᠴᠠ ᠦᠵᠡᠪᠡᠯ᠂ 15 - 24 ᠨᠠᠰᠤᠨ᠎ᠤ ᠬᠤᠭᠤᠴᠠᠭ᠎ᠠ᠎ᠨᠢ 10% ᠎ᠠᠴᠠ ᠳᠣᠣᠷ᠎ᠠ ᠪᠠᠢᠬᠤ᠎ᠠᠴᠠ ᠭᠠᠳᠠᠨ᠎ᠠ᠂ ᠪᠤᠰᠤᠳ ᠨᠠᠰᠤᠨ᠎ᠤ ᠬᠤᠭᠤᠴᠠᠭ᠎ᠠ᠎ᠨᠢ ᠴᠥᠮ 10% ᠎ᠠᠴᠠ ᠳᠡᠭᠡᠭ᠌ᠰᠢ ᠪᠠᠢ᠌ᠨ᠎ᠠ᠃ ᠤᠳᠠᠭ᠎ᠠ ᠪᠦᠷᠢ᠎ᠶ᠋ᠢᠨ ᠳᠤᠮᠳᠠᠴᠢ ᠰᠦᠢᠳᠭᠡᠯ ᠨᠢ ᠴᠥᠮ 7000 ᠲᠥᠭᠥᠷᠢᠭ᠎ᠡᠴᠡ ᠳᠡᠭᠡᠭ᠌ᠰᠢ᠂ ᠬᠠᠮᠤᠭ᠎ᠤᠨ ᠥᠨᠳᠥᠷ ᠰᠦᠢᠳᠭᠡᠯ ᠨᠢ ᠴᠢᠨᠠᠭ᠍ᠰᠢᠯᠠᠭᠠᠳ ᠬᠡᠳᠦᠨ ᠵᠠᠭᠤᠨ ᠲᠦᠮᠡᠨ ᠲᠥᠭᠥᠷᠢᠭ᠎ᠲᠦ ᠬᠦᠷᠬᠦ᠌ ᠪᠣᠯᠤᠨ᠎ᠠ᠃ ᠡᠮᠴᠢᠯᠡᠭᠡᠨ᠎ᠦ ᠳᠠᠭᠠᠳᠭᠠᠯ ᠪᠣᠯ ᠦᠨᠡᠨ᠎ᠳ᠋ᠦ᠍᠎ᠪᠡᠨ ᠨᠢᠭᠡ ᠵᠦᠢᠯ᠎ᠦ᠋ᠨ ᠪᠠᠲᠤᠯᠠᠭ᠎ᠠ ᠪᠣᠯᠤᠨ᠎ᠠ᠂ ᠨᠡᠩ ᠴᠤ᠌ ᠨᠢᠭᠡ ᠵᠦᠢᠯ᠎ᠦ᠋ᠨ ᠢᠳᠡ ᠬᠦᠴᠦ ᠪᠣᠯᠤᠨ᠎ᠠ᠂ ᠪᠢᠲᠡᠭᠡᠢ 《 ᠮᠡᠳᠡᠯᠭᠡ᠎ᠶᠢ ᠬᠡᠷᠡᠭ᠌ᠯᠡᠬᠦ᠌ ᠴᠠᠭ᠎ᠲᠤ ᠥᠪᠡᠷ᠎ᠢᠶᠡᠨ ᠳᠤᠲᠠᠭᠤ ᠰᠤᠷᠤᠭᠰᠠᠨ᠎ᠳᠤ᠎ᠪᠠᠨ ᠬᠠᠷᠠᠮᠰᠠ 》᠂ ᠴᠠᠭ ᠨᠢ ᠲᠤᠯᠪᠠᠯ ᠡᠨᠡ ᠨᠢ ᠪᠠᠭ᠋ᠠᠬᠠᠨ 400 ᠲᠥᠭᠥᠷᠢᠭ ᠪᠢᠰᠢ ᠪᠣᠯᠣᠨ᠎ᠠ᠃

  ᠡᠭᠦᠨ᠎ᠡᠴᠡ ᠭᠠᠳᠠᠨ᠎ᠠ ᠂ ᠪᠠᠰᠠ ᠨᠢᠭᠡ ᠵᠦᠢᠯ᠎ᠦᠨ ᠡᠨᠳᠡᠭᠦᠷᠡᠯ᠎ᠢ ᠰᠡᠷᠡᠮᠵᠢᠯᠡᠬᠦ ᠬᠡᠷᠡᠭᠲᠡᠢ᠄ 《 ᠪᠢ ᠡᠪᠡᠳᠴᠢᠨ ᠣᠷᠣᠭᠰᠠᠨ᠎ᠤ ᠳᠠᠷᠠᠭ᠎ᠠ ᠡᠮᠴᠢᠯᠡᠭᠡᠨ᠎ᠦ ᠳᠠᠭ᠋ᠠᠳᠬᠠᠯ ᠲᠤᠰᠢᠶᠠᠭᠰᠠᠨ ᠴᠤ᠌ ᠵᠠᠪᠳᠤᠨ᠎ᠠ 》᠃ ᠰᠠᠶᠢ ᠲᠥᠷᠥᠭ᠌ᠰᠡᠨ ᠬᠡᠤᠬᠡᠳ ᠵᠡᠷᠭᠡ ᠣᠨᠴᠠᠭᠠᠶ ᠬᠥᠮᠦᠰ᠎ᠠᠴᠠ ᠭᠠᠳᠠᠨ᠎ᠠ᠂ 2025 ᠣᠨ᠎ᠠᠴᠠ ᠡᠬᠢᠯᠡᠨ᠂ ᠲᠥᠪᠯᠡᠷᠡᠭᠦᠯᠦᠨ ᠲᠠᠲᠠᠪᠤᠷᠢᠯᠠᠨ ᠲᠤᠱᠢᠶᠠᠬᠤ ᠬᠤᠭᠤᠴᠠᠭᠠᠨ᠎ᠳᠤ ᠳᠠᠭᠠᠳᠭᠠᠯ᠎ᠳᠤ ᠣᠷᠣᠯᠴᠠᠭ᠍ᠰᠠᠨ ᠥᠬᠡᠶ ᠪᠠ ᠰᠦᠢᠳᠭᠡᠯ ᠲᠤᠱᠢᠶᠠᠬᠤ᠎ᠪᠠᠨ ᠲᠠᠰᠤᠯᠳᠠᠭᠤᠯᠤᠭ᠍ᠰᠠᠨ ᠬᠥᠮᠦᠰ᠎ᠢ ᠳᠠᠬᠢᠨ ᠳᠠᠭᠠᠳᠭᠠᠯ᠎ᠳᠤ ᠣᠷᠣᠯᠴᠠᠭᠤᠯᠬᠤ᠎ᠳᠤ ᠴᠥᠮ ᠬᠦᠯᠢᠶᠡᠬᠦ᠌ ᠬᠤᠭᠤᠴᠠᠭ᠎ᠠ᠎ᠲᠠᠢ ᠪᠠᠢᠵᠤ᠂ ᠨᠠᠭᠠᠳᠤ ᠵᠠᠬ᠎ᠠ᠎ᠳᠦ᠎ᠪᠡᠨ 3 ᠰᠠᠷ᠎ᠠ ᠪᠣᠯᠤᠨ᠎ᠠ᠃ ᠬᠦᠯᠢᠶᠡᠬᠦ᠌ ᠬᠤᠭᠤᠴᠠᠭ᠎ᠠ ᠪᠣᠯ ᠳᠠᠷᠤᠢ ᠵᠣᠭᠣᠰ ᠲᠤᠱᠢᠶᠠᠭ᠍ᠰᠠᠨ᠎ᠤ ᠳᠠᠷᠠᠭ᠎ᠠ 3 ᠰᠠᠷ᠎ᠠ ᠪᠣᠯᠪᠠᠯ ᠰᠠᠶᠢ ᠳᠠᠩᠰᠠ ᠲᠠᠢ᠌ᠯᠵᠤ ᠴᠢᠳᠠᠨ᠎ᠠ᠂ 3 ᠰᠠᠷ᠎ᠠ᠎ᠶ᠋ᠢᠨ ᠬᠤᠭᠤᠴᠠᠭᠠᠨ᠎ᠳᠤ ᠭᠠᠷᠤᠭ᠍ᠰᠠᠨ ᠰᠦᠢᠳᠭᠡᠯ᠎ᠢ ᠳᠠᠩᠰᠠ ᠲᠠᠢ᠌ᠯᠵᠤ ᠪᠣᠯᠬᠤ ᠦᠭᠡᠢ᠃ ᠲᠡᠢᠮᠦ᠍ ᠪᠥᠭᠡᠳ ᠢᠯᠡᠭᠦᠦ ᠨᠢᠭᠡ ᠵᠢᠯ ᠲᠠᠰᠤᠯᠪᠠᠯ ᠨᠢᠭᠡ ᠰᠠᠷ᠎ᠠ᠎ᠶ᠋ᠢᠨ ᠬᠦᠯᠢᠶᠡᠬᠦ᠌ ᠬᠤᠭᠤᠴᠠᠭ᠎ᠠ ᠨᠡᠮᠡᠭ᠌ᠳᠡᠨ᠎ᠡ᠃ ᠮᠠᠨ᠎ᠤ ᠤᠯᠤᠰ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠬᠠᠷᠢᠯᠴᠠᠨ ᠲᠤᠰᠠᠯᠠᠯᠴᠠᠬᠤ᠂ ᠲᠦᠭ᠌ᠰᠢᠭᠦᠷᠢ᠎ᠶ᠋ᠢ ᠬᠠᠮᠲᠤ᠎ᠪᠠᠷ ᠡᠭᠦᠷᠭᠡᠯᠡᠬᠦ᠌ ᠴᠢᠳᠠᠮᠵᠢ᠎ᠶ᠋ᠢ ᠭᠦᠶ᠋ᠴᠡᠳ ᠪᠠᠳᠠᠷᠠᠭᠤᠯᠵᠤ᠂ ᠦᠨᠡᠨ᠎ᠳᠤ᠎ᠪᠠᠨ ᠲᠠ ᠴᠠᠭ ᠲᠤᠬᠠᠶ᠎ᠳᠤ᠎ᠨᠢ ᠳᠠᠭᠠᠳᠭᠠᠯ᠎ᠳᠤ ᠣᠷᠣᠯᠴᠠᠳᠠᠭ ᠯᠠ ᠶᠤᠮ ᠪᠣᠯ ᠲᠥᠷᠥ᠎ᠶ᠋ᠢᠨ ᠪᠣᠳᠣᠯᠭ᠎ᠠ᠎ᠨᠢ ᠲᠠᠨ᠎ᠳᠤ ᠶᠠᠮᠠᠷ ᠴᠤ᠌ ᠨᠥᠯᠥᠭᠡ ᠥᠬᠡᠶ ᠮᠥᠷᠲᠡᠭᠡᠨ ᠪᠠᠰᠠ ᠦᠷᠭᠦᠯᠵᠢᠯᠡᠨ ᠳᠠᠭᠠᠳᠭᠠᠯ᠎ᠳᠤ ᠣᠷᠣᠯᠴᠠᠭ᠍ᠰᠠᠳ᠎ᠢ ᠱᠠᠩᠨᠠᠨ᠎ᠠ᠃

  ᠡᠮᠴᠢᠯᠡᠭᠡᠨ᠎ᠦ ᠳᠠᠭᠠᠳᠭᠠᠯ ᠲᠤᠱᠢᠶᠠᠪᠠᠯ ᠶᠠᠮᠠᠷ ᠶᠠᠮᠠᠷ ᠰᠠᠢᠨ ᠲᠠᠯ᠎ᠠ ᠪᠠᠢᠬᠤ ᠪᠤᠢ? ᠬᠣᠲᠠ ᠬᠥᠳᠡᠭᠡ᠎ᠶᠢᠨ ᠰᠠᠭᠤᠭᠠᠯᠢ ᠠᠷᠠᠳ᠎ᠤ᠋ᠨ ᠡᠮᠴᠢᠯᠡᠭᠡᠨ᠎ᠦ ᠳᠠᠭᠠᠳᠭᠠᠯ᠎ᠤ᠋ᠨ ᠬᠠᠷᠠᠭ᠋ᠠᠯᠵᠠᠯ᠎ᠤᠨ ᠦᠵᠡᠭᠦᠯᠭᠡ

  ᠲᠡᠭᠡᠪᠡᠯ᠂ ᠬᠤᠭᠤᠴᠠᠭ᠎ᠠ ᠶᠣᠰᠣᠭᠠᠷ ᠳᠠᠭᠠᠳᠭᠠᠯ᠎ᠳᠤ ᠣᠷᠣᠯᠴᠠᠪᠠᠯ ᠶᠠᠮᠠᠷ ᠶᠠᠮᠠᠷ ᠦᠨᠡᠨ ᠪᠣᠳᠠᠲᠠᠶ ᠪᠠᠲᠤᠯᠠᠭ᠎ᠠ ᠠᠪᠴᠢᠷᠠᠬᠤ ᠪᠣᠶ? ᠣᠳᠣᠬᠠᠨ᠎ᠳᠤ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠲᠣᠭᠲᠠᠯᠴᠠᠭ᠎ᠠ᠎ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ ᠳᠠᠭᠠᠳᠭᠠᠯ᠎ᠳᠤ ᠣᠷᠣᠯᠴᠠᠭ᠍ᠰᠠᠨ᠎ᠤ ᠳᠠᠷᠠᠭ᠎ᠠ ᠳᠣᠤᠷᠠᠬᠢ ᠡᠮᠴᠢᠯᠡᠭᠡᠨ᠎ᠦ ᠪᠠᠲᠤᠯᠠᠭ᠎ᠠ᠎ᠶ᠋ᠢᠨ ᠠᠰᠠᠷᠠᠮᠵᠢ᠎ᠶ᠋ᠢᠨ ᠬᠠᠷᠠᠭ᠋ᠠᠯᠵᠠᠯ᠎ᠢ ᠭᠥᠷᠳᠡᠵᠦ᠍ ᠪᠣᠯᠤᠨ᠎ᠠ᠄

  1. ᠡᠩ᠎ᠤᠨ ᠡᠭᠦᠳᠡᠨ ᠡᠮᠨᠡᠯᠭᠡ᠎ᠶ᠋ᠢᠨ ᠬᠠᠷᠠᠭᠠᠯᠵᠠᠯ᠎ᠤᠨ ᠪᠠᠲᠤᠯᠠᠭ᠎ᠠ ᠢᠯᠡᠳᠲᠡ ᠴᠢᠩᠭᠠᠷᠠᠪᠠ

  ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠨᠢ ᠳᠦᠷᠢᠮ᠎ᠢ ᠪᠠᠢᠭᠤᠯᠤᠭ᠍ᠰᠠᠨ᠎ᠤ ᠡᠬᠢᠨ᠎ᠤ ᠦᠶ᠎ᠡ᠎ᠳᠤ᠂ ᠡᠩ᠎ᠤᠨ ᠡᠭᠦᠳᠡᠨ ᠡᠮᠨᠡᠯᠭᠡ᠎ᠶ᠋ᠢᠨ ᠨᠢᠭᠡᠳᠦᠯᠲᠡᠢ ᠲᠥᠯᠥᠪᠵᠢᠭᠦᠯᠭᠡ᠎ᠶ᠋ᠢ ᠨᠡᠢᠳᠡᠮ ᠪᠠᠢᠭᠤᠯᠵᠤ᠂ ᠭᠤᠣᠯᠳᠠᠭᠤ ᠳᠠᠭᠠᠳᠭᠠᠯ᠎ᠳᠤ ᠣᠷᠣᠯᠴᠠᠭ᠍ᠰᠠᠳ᠎ᠤᠨ ᠲᠣᠭ᠍ᠲᠠᠭᠠᠯ ᠶᠣᠰᠣᠭᠠᠷ ᠡᠮᠴᠢᠯᠡᠭᠡᠨ᠎ᠦ ᠳᠠᠭᠠᠳᠭᠠᠯ᠎ᠤᠨ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠡᠮᠴᠢᠯᠡᠭᠦᠯᠬᠦ᠌᠎ᠶ᠋ᠢ ᠪᠠᠲᠤᠯᠠᠨ᠎ᠠ᠂ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠡᠩ᠎ᠤᠨ ᠡᠭᠦᠳᠡᠨ ᠡᠮᠨᠡᠯᠭᠡ᠎ᠶ᠋ᠢᠨ ᠨᠢᠭᠡᠳᠦᠯᠲᠡᠢ ᠲᠥᠯᠥᠪᠯᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠤ ᠥᠭ᠌ᠬᠦ ᠬᠠᠷᠢᠴᠠᠯ᠎ᠢ 50% ᠎ᠠᠴᠠ ᠳᠣᠣᠷ᠎ᠠ ᠪᠠᠢᠯᠭᠠᠵᠤ ᠪᠣᠯᠬᠤ ᠦᠭᠡᠢ᠃ ᠴᠠᠭ ᠬᠤᠭᠤᠴᠠᠭᠠᠨ᠎ᠤ ᠬᠥᠭ᠌ᠵᠢᠯᠲᠡ᠎ᠶ᠋ᠢ ᠳᠠᠭᠠᠯᠳᠤᠨ ᠳᠠᠩᠰᠠ ᠲᠠᠢᠯᠬᠤ ᠬᠠᠷᠢᠴᠠᠯ ᠴᠤ᠌ ᠳᠡᠭᠡᠭ᠌ᠰᠢᠯᠡᠵᠡᠢ᠃ ᠵᠢᠱ᠌ᠢᠶᠡᠯᠡᠪᠡᠯ᠂ ᠠᠨᠾᠦ᠋ᠢ ᠮᠤᠵᠢ᠎ᠶ᠋ᠢᠨ ᠪᠧᠩ ᠪᠦ᠋ ᠬᠤᠲᠠ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠭ᠍ᠰᠠᠳ ᠬᠤᠲᠠ᠎ᠶ᠋ᠢᠨ ᠬᠡᠪᠴᠢᠶᠡᠨ᠎ᠳᠠᠬᠢ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭ᠍ᠰᠢᠬᠢ ᠲᠣᠭ᠍ᠲᠠᠭ᠍ᠰᠠᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ ( ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠪ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠪᠠᠭ᠍ᠲᠠᠨ᠎ᠠ )᠎ᠳᠤ ᠡᠭᠦᠰᠦᠭ᠌ᠰᠡᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷᠠᠬᠢ ᠡᠩ᠎ᠤᠨ ᠡᠭᠦᠳᠡᠨ ᠡᠮᠨᠡᠯᠭᠡ᠎ᠶ᠋ᠢᠨ ᠡᠮ ᠡᠮᠨᠡᠯᠭᠡ᠎ᠶ᠋ᠢᠨ ᠵᠠᠷᠤᠳᠠᠯ᠎ᠳᠤ ᠡᠬᠢᠯᠡᠵᠦ᠍ ᠥᠭ᠌ᠬᠦ ᠪᠠᠷᠢᠮᠵᠢᠶ᠎ᠠ ᠪᠠ ᠭᠠᠭ᠍ᠴᠠ ᠤᠳᠠᠭᠠᠨ᠎ᠤ ᠳᠠᠩᠰᠠ ᠲᠠᠢᠯᠬᠤ ᠬᠢᠵᠠᠭᠠᠷ ᠲᠤᠭ᠎ᠠ ᠭᠠᠷᠭᠠᠬᠤ ᠦᠭᠡᠢ᠂ ᠦᠨᠳᠦᠰᠦᠨ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠲᠠᠩᠰᠠ ᠲᠠᠢᠯᠬᠤ ᠬᠠᠷᠢᠴᠠᠯ᠎ᠨᠢ 60% ᠪᠠᠢᠵᠤ᠂ ᠵᠢᠯ᠎ᠤᠨ ᠰᠠᠭᠤᠷᠢ ᠮᠥᠩᠭᠦ᠎ᠶ᠋ᠢᠨ ᠥᠭ᠌ᠬᠦ ᠬᠢᠵᠠᠭᠠᠷ ᠲᠤᠭ᠎ᠠ 180 ᠲᠥᠭᠦᠷᠢᠭ ᠪᠣᠯᠤᠨ᠎ᠠ᠃

  ᠪᠠᠰᠠ ᠵᠠᠷᠢᠮ ᠭᠠᠵᠠᠷ ᠣᠷᠣᠨ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠢ ᠡᠩ᠎ᠤᠨ ᠡᠭᠦᠳᠡᠨ ᠡᠮᠨᠡᠯᠭᠡ᠎ᠳᠤ ᠣᠷᠤᠭᠤᠯᠵᠤ᠂ ᠵᠢᠱ᠌ᠢᠶᠡᠯᠡᠪᠡᠯ ᠪᠡᠭᠡᠵᠢᠩ ᠬᠤᠲᠠ 《 ᠤᠳᠠᠭᠠᠨ ᠴᠢᠨᠠᠷᠲᠠᠶ ᠣᠨᠴᠠ ᠡᠪᠡᠳᠴᠢᠨ 》᠎ᠳᠤ ᠲᠤᠰᠠᠭᠠᠷ ᠡᠮᠴᠢᠯᠡᠭᠡᠨ᠎ᠦ ᠳᠠᠭᠠᠳᠭᠠᠯ᠎ᠤᠨ ᠲᠠᠩᠰᠠ ᠲᠠᠢᠯᠬᠤ ᠲᠥᠷᠥ᠎ᠶ᠋ᠢᠨ ᠪᠣᠳᠣᠯᠭ᠎ᠠ ᠭᠠᠷᠭᠠᠭ᠍ᠰᠠᠨ ᠥᠬᠡᠶ᠂ ᠵᠢᠱ᠌ᠢᠶᠡᠯᠡᠪᠡᠯ ᠴᠢᠰᠤᠨ ᠳᠠᠷᠤᠯᠲᠠ ᠥᠨᠳᠥᠷ ᠡᠪᠡᠳᠴᠢᠨ᠂ ᠱᠢᠬᠢᠷ ᠱᠢᠵᠢᠩ ᠡᠪᠡᠳᠴᠢᠨ ᠵᠡᠷᠭᠡ ᠡᠪᠡᠳᠴᠢᠨ ᠡᠮᠭᠡᠭ᠎ᠢ ᠴᠥᠮ ᠡᠩ᠎ᠤᠨ ᠡᠭᠦᠳᠡᠨ ᠡᠮᠨᠡᠯᠭᠡ᠎ᠳᠤ ᠣᠷᠣᠭᠤᠯᠤᠨ ᠡᠮᠨᠡᠭᠦᠯᠵᠦ᠍ ᠪᠠᠢᠭ᠎ᠠ ᠶᠠᠪᠤᠳᠠᠯ ᠪᠣᠯᠤᠨ᠎ᠠ᠂ ᠪᠡᠭᠡᠵᠢᠩ ᠬᠤᠲᠠ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠭ᠍ᠰᠠᠳ᠎ᠤᠨ ᠡᠭᠦᠳᠡᠨ ᠡᠮᠨᠡᠯᠭᠡ ( ᠲᠦᠷᠭᠡᠨ ᠡᠮᠨᠡᠯᠭᠡ )᠎ᠶ᠋ᠢᠨ ᠳᠡᠭᠡᠳᠦ ᠬᠢᠵᠠᠭᠠᠷ 5000 ᠲᠥᠭᠦᠷᠢᠭ᠂ ᠡᠮᠨᠡᠯᠭᠡ᠎ᠳᠤ ᠰᠠᠭᠤᠬᠤ ᠬᠠᠮᠤᠭ᠎ᠤᠨ ᠳᠡᠭᠡᠳᠦ ᠱᠤᠭᠤᠮ 25 ᠲᠦᠮᠡᠨ ᠲᠥᠭᠦᠷᠢᠭ ᠪᠣᠯᠤᠨ᠎ᠠ᠃

  2. ᠡᠭᠦᠳᠡᠨ ᠡᠮᠨᠡᠯᠬᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠳᠦᠷᠦᠯ᠎ᠤᠨ ᠬᠡᠪᠴᠢᠶ᠎ᠠ ᠦᠷᠭᠦᠯᠵᠢᠯᠠᠨ ᠦᠷᠬᠡᠳᠴᠦ᠍ ᠪᠠᠢᠨ᠎ᠠ

  ᠡᠩ᠎ᠦ᠋ᠨ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠵᠢᠭᠦᠯᠬᠦ᠌᠎ᠶᠢ ᠭᠠᠷᠭᠠᠪᠠᠯ᠂ ᠣᠢᠷ᠎ᠠ᠎ᠶᠢᠨ ᠵᠢᠯ᠎ᠡᠴᠡ ᠨᠠᠭ᠋ᠠᠰᠢ᠂ ᠤᠯᠠᠮ᠎ᠠ᠋ᠴᠠ ᠤᠯᠠᠮ ᠣᠯᠠᠨ ᠤᠳᠠᠭᠠᠨ ᠴᠢᠨᠠᠷᠲᠠᠢ ᠣᠨᠴᠠ ᠡᠪᠡᠳᠴᠢᠨ᠎ᠢ᠋ ᠡᠮᠴᠢᠯᠡᠭᠡᠨ᠎ᠤ ᠳᠠᠭᠠᠳᠭᠠᠯ᠎ᠤ᠋ᠨ ᠪᠠᠲᠤᠯᠠᠭ᠎ᠠ᠎ᠶᠢᠨ ᠬᠡᠪᠴᠢᠶᠡᠨ᠎ᠳ᠋ᠦ᠍ ᠣᠷᠣᠭᠤᠯᠵᠤ᠂ ᠪᠦᠬᠦ᠌ ᠤᠯᠤᠰ᠎ᠤ᠋ᠨ ᠣᠯᠠᠨ ᠭᠠᠵᠠᠷ᠎ᠲᠤ᠌ ᠨᠢᠭᠡᠨᠲᠡ ᠤᠳᠠᠭᠠᠨ ᠴᠢᠨᠠᠷᠲᠠᠢ ᠣᠨᠴᠠ ᠡᠪᠡᠳᠴᠢᠨ᠎ᠦ᠌ ᠲᠥᠷᠥᠯ ᠵᠦᠢᠯ᠎ᠢ᠋ 60 ᠵᠦᠢᠯ ᠪᠣᠯᠭᠠᠨ ᠨᠡᠮᠡᠭ᠌ᠳᠡᠭᠦᠯᠵᠦ᠍᠂ ᠰᠢᠭᠡᠰᠦᠨ ᠬᠣᠣᠷᠳᠠᠯ᠎ᠢ᠋ ᠨᠡᠪᠴᠢᠨ ᠢᠯᠭ᠋ᠠᠷᠠᠭᠤᠯᠤᠨ ᠡᠮᠴᠢᠯᠡᠬᠦ᠂ ᠬᠣᠣᠷᠲᠤ ᠬᠠᠪᠤᠳᠠᠷ᠎ᠤ᠋ᠨ ᠡᠭᠦᠳᠡᠨ ᠡᠮᠨᠡᠯᠭᠡ᠎ᠶᠢᠨ ᠰᠠᠴᠤᠷᠠᠭ ᠬᠢᠮᠢ᠎ᠶᠢᠨ ᠵᠠᠰᠠᠯᠲᠠ᠂ ᠴᠢᠰᠤ ᠴᠠᠢᠬᠤ ᠡᠪᠡᠳᠴᠢᠨ᠂ ᠳᠠᠬᠢᠨ ᠠᠮᠢᠯᠠᠬᠤ᠎ᠳ᠋ᠤ ᠰᠠᠭᠠᠲᠠᠬᠤ ᠴᠢᠨᠠᠷᠲᠠᠢ ᠴᠢᠰᠤ ᠳᠤᠲᠠᠬᠤ ᠡᠪᠡᠳᠴᠢᠨ᠂ ᠰᠢᠰᠲᠸᠮ᠎ᠦ᠋ᠨ ᠴᠢᠨᠠᠷᠲᠠᠢ ᠤᠯᠠᠭᠠᠨ ᠲᠣᠯᠪᠣᠲᠤ ᠴᠢᠨᠣ᠎ᠠ᠎ᠶᠢᠨ ᠶᠠᠷ᠎ᠠ᠎ᠶᠢᠨ ᠪᠥᠭᠡᠷ᠎ᠡ᠎ᠶᠢᠨ ᠭᠡᠮᠲᠦᠯ᠂ ᠴᠢᠰᠤᠨ ᠳᠠᠷᠤᠯᠲᠠ ᠥᠨᠳᠥᠷ ᠡᠪᠡᠳᠴᠢᠨ ( Ⅱ ᠳᠡᠰ ᠵᠢᠴᠢ ᠲᠡᠭᠦᠨ᠎ᠡᠴᠡ ᠳᠡᠭᠡᠭ᠌ᠱᠢ ) ᠵᠡᠷᠭᠡ ᠣᠯᠠᠨ ᠵᠦᠢᠯ᠎ᠦ᠋ᠨ ᠬᠦᠨᠳᠦ ᠡᠪᠡᠳᠴᠢᠨ᠎ᠢ᠋ ᠬᠠᠮᠤᠷᠴᠠᠢ᠃ ᠡᠩ᠎ᠤᠨ ᠡᠭᠦᠳᠡᠨ ᠡᠮᠨᠡᠯᠭᠡ᠎ᠲᠠᠢ ᠬᠠᠷᠢᠴᠠᠭᠤᠯᠪᠠᠯ᠂ ᠤᠳᠠᠭᠠᠨ ᠴᠢᠨᠠᠷᠲᠠᠶ ᠣᠨᠴᠠ ᠡᠪᠡᠳᠴᠢᠨ᠎ᠤ ᠡᠭᠦᠳᠡᠨ ᠡᠮᠨᠡᠯᠭᠡ᠎ᠶ᠋ᠢᠨ ᠲᠠᠩᠰᠠ ᠲᠠᠢᠯᠬᠤ ᠲᠤᠭ᠎ᠠ ᠨᠠᠩ ᠥᠨᠳᠥᠷ ᠪᠣᠯᠤᠨ᠎ᠠ᠃

  ᠣᠳᠣᠬᠠᠨ ᠪᠣᠯᠲᠠᠯ᠎ᠠ᠂ ᠪᠥᠬᠦ᠌ ᠤᠯᠤᠰ᠎ᠤᠨ ᠪᠣᠶ ᠪᠥᠬᠦᠶ ᠡᠮᠴᠢᠯᠡᠭᠡᠨ᠎ᠤ ᠳᠠᠭᠠᠳᠭᠠᠯ᠎ᠤᠨ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠨᠢ ᠡᠪᠡᠳᠴᠢᠨ ᠦᠵᠡᠭᠦᠯᠬᠦ᠌ ᠭᠠᠵᠠᠷ᠎ᠤᠨ ᠬᠤᠪᠢ᠎ᠪᠠᠷ ᠴᠥᠮ ᠴᠢᠰᠤᠨ ᠳᠠᠷᠤᠯᠲᠠ ᠥᠨᠳᠥᠷ᠂ ᠱᠢᠬᠢᠷ ᠱᠢᠵᠢᠩ ᠡᠪᠡᠳᠴᠢᠨ᠂ ᠬᠤᠤᠷᠲᠤ ᠬᠠᠪᠤᠳᠠᠷ᠎ᠤᠨ ᠡᠭᠦᠳᠡᠨ ᠡᠮᠨᠡᠯᠭᠡ᠎ᠶ᠋ᠢᠨ ᠰᠠᠴᠤᠷᠠᠭ᠎ᠬᠢᠮᠢ᠎ᠶᠢᠨ ᠵᠠᠰᠠᠯᠲᠠ᠂ ᠱᠢᠭᠡᠰᠦᠨ ᠬᠤᠣᠷᠳᠠᠯ᠎ᠤᠨ ᠨᠡᠪᠴᠢᠨ ᠢᠯᠭ᠋ᠠᠷᠠᠭᠤᠯᠤᠯᠲᠠ ᠵᠡᠷᠭᠡ 10 ᠵᠦᠶ᠋ᠯ᠎ᠤᠨ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠬᠠᠮᠢᠶ᠎ᠠ ᠪᠥᠬᠦᠶ ᠡᠮᠴᠢᠯᠡᠭᠡᠨ᠎ᠤ ᠵᠠᠷᠤᠳᠠᠯ᠎ᠢ ᠮᠤᠵᠢ ᠠᠯᠤᠰᠯᠠᠭ᠍ᠰᠠᠨ ᠡᠮᠴᠢᠯᠡᠭᠡᠨ᠎ᠤ ᠳᠠᠭᠠᠳᠭᠠᠯ᠎ᠤᠨ ᠱᠢᠭᠤᠳ ᠳ᠋ᠦᠩᠨᠡᠨ ᠪᠤᠳᠤᠬᠤ ᠦᠶ᠋ᠯᠡᠴᠢᠯᠡᠭᠡ ᠬᠠᠩᠭᠠᠵᠤ ᠪᠠᠢᠨ᠎ᠠ᠃

  

1. ᠴᠢᠰᠤᠨ ᠳᠠᠷᠤᠯᠲᠠ ᠥᠨᠳᠥᠷ

2. ᠱᠢᠬᠢᠷ ᠱᠢᠵᠢᠩ ᠡᠪᠡᠳᠴᠢᠨ

3. ᠬᠣᠣᠷᠲᠤ ᠬᠠᠪᠤᠳᠠᠷ᠎ᠤ᠋ᠨ ᠡᠭᠦᠳᠡᠨ ᠡᠮᠨᠡᠯᠭᠡ᠎ᠶᠢᠨ ᠰᠠᠴᠤᠷᠠᠭ ᠬᠢᠮᠢ᠎ᠶᠢᠨ ᠵᠠᠰᠠᠯᠲᠠ

4. ᠰᠢᠭᠡᠰᠦᠨ ᠬᠣᠣᠷᠳᠠᠯᠲᠤ ᠡᠪᠡᠳᠴᠢᠨ᠎ᠦ ᠨᠡᠪᠴᠢᠨ ᠢᠯᠭ᠋ᠠᠷᠠᠭᠤᠯᠬᠤ

5. ᠡᠷᠬᠡᠲᠡᠨ᠎ᠢ᠋ ᠰᠢᠯᠵᠢᠭᠦᠯᠦᠭᠰᠡᠨ᠎ᠦ᠌ ᠳᠠᠷᠠᠭ᠎ᠠ ᠢᠯᠭ᠋ᠠᠳᠠᠰᠤ᠎ᠶᠢ ᠡᠰᠡᠷᠭᠦᠴᠡᠬᠦ ᠵᠠᠰᠠᠯᠲᠠ

6. ᠤᠳᠠᠭᠠᠨ ᠴᠢᠨᠠᠷᠲᠠᠢ ᠲᠦᠭᠵᠢᠷᠡᠯ᠎ᠦᠨ ᠴᠢᠨᠠᠷᠲᠠᠢ ᠠᠭᠤᠰᠭᠢᠨ᠎ᠤ᠋ ᠡᠪᠡᠳᠴᠢᠨ

7. ᠬᠡᠷᠡᠭᠦᠯᠢᠭ ᠦᠶ᠎ᠡ᠎ᠶᠢᠨ ᠥᠷᠪᠢᠰᠦᠯ᠂ ᠵᠢᠷᠦᠬᠡᠨ ᠲᠢᠳᠢᠮ᠎ᠦᠨ ᠡᠪᠡᠳᠴᠢᠨ

8. ᠸᠢᠷᠦ᠋ᠰᠲᠦ ᠡᠯᠢᠭᠡ᠎ᠶᠢᠨ ᠥᠷᠪᠢᠰᠦᠯ᠂ ᠬᠥᠰᠢᠬᠦ ᠴᠢᠨᠠᠷᠲᠠᠢ ᠭᠣᠣᠯ ᠨᠢᠷᠤᠭᠤ᠎ᠶᠢᠨ ᠥᠷᠪᠢᠰᠦᠯ

 

  ᠲᠤᠩ ᠠᠪᠤᠭᠠᠶ᠎ᠶ᠋ᠢᠨ ᠤᠭ ᠨᠤᠲᠤᠭ ᠶᠠᠩᠵᠧᠦ᠍᠎ᠪᠡᠷ ᠵᠢᠱ᠌ᠢᠶᠡᠯᠡᠵᠦ᠍᠂ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠤ ᠳᠠᠭᠠᠳᠭᠠᠯ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠳᠦ ᠵᠢᠯ ᠪᠥᠷᠢ 2000 ᠲᠦᠭᠦᠷᠢᠭ᠎ᠦᠨ ᠲᠣᠭ᠎ᠠ ᠬᠡᠮᠵᠢᠶ᠎ᠡ᠎ᠲᠡᠶ᠂ ᠲᠤᠩ ᠠᠪᠤᠭᠠᠶ ᠱᠠᠩᠬᠠᠢ᠎ᠳᠤ ᠨᠢᠭᠡ ᠤᠳᠠᠭ᠎ᠠ ᠡᠪᠡᠳᠴᠢᠨ ᠦᠵᠡᠭᠦᠯᠦᠭᠡᠳ 300 ᠲᠥᠭᠥᠷᠢᠭ ᠵᠠᠷᠤᠪᠠᠯ᠂ 80% ᠎ᠶᠢ ᠮᠡᠳᠡᠭᠦᠯᠵᠦ ᠪᠤᠯᠤᠨ᠎ᠠ᠂ ᠳᠠᠷᠤᠢ 240 ᠲᠥᠭᠥᠷᠢᠭ᠃ ᠲᠣᠭ᠎ᠠ ᠬᠡᠮᠵᠢᠶ᠎ᠡ᠎ᠶ᠋ᠢ ᠨᠢ ᠬᠡᠷᠡᠭ᠌ᠯᠡᠵᠦ᠍ ᠪᠠᠷᠠᠭ᠍ᠰᠠᠨ᠎ᠤ ᠳᠠᠷᠠᠭ᠎ᠠ᠂ ᠳᠠᠬᠢᠨ ᠡᠩ᠎ᠦᠨ ᠡᠭᠦᠳᠡᠨ ᠡᠮᠨᠡᠯᠭᠡ᠎ᠶᠢᠨ ᠨᠡᠪᠲᠡᠷᠡᠬᠦ ᠵᠠᠮ᠎ᠢᠶᠠᠷ ᠶᠠᠪᠤᠨ᠎ᠠ᠃ ᠡᠩ᠎ᠦ᠋ᠨ ᠪᠠᠢᠳᠠᠯ᠎ᠳ᠋ᠤ ᠠᠪᠴᠤ᠌ ᠬᠡᠯᠡᠪᠡᠯ᠂ ᠱᠠᠩᠬᠠᠢ ᠬᠣᠲᠠ᠎ᠶᠢᠨ ᠡᠩ᠎ᠦ᠋ᠨ ᠡᠭᠦᠳᠡᠨ ᠡᠮᠨᠡᠯᠭᠡ ᠭᠠᠳᠠᠷ ᠮᠣᠵᠢ ᠬᠣᠲᠠ᠎ᠳ᠋ᠤ ᠡᠪᠡᠳᠴᠢᠨ ᠦᠵᠡᠭᠦᠯᠬᠦ᠌᠎ᠳ᠋ᠦ᠍ ᠶᠡᠷᠦ᠍᠎ᠳᠤ᠎ᠪᠠᠨ ᠳᠠᠩᠰᠠ ᠲᠠᠢᠯᠬᠤ ᠬᠢᠵᠠᠭᠠᠷ ᠲᠣᠭ᠎ᠠ ᠬᠡᠮᠵᠢᠶ᠎ᠡ᠎ᠲᠠᠢ ᠪᠠᠢᠳᠠᠭ᠂ ᠭᠡᠪᠡᠴᠦ᠍ ᠬᠡᠷᠪᠡ ᠣᠨᠴᠠᠭᠠᠢ ᠡᠭᠦᠳᠡᠨ ᠡᠮᠨᠡᠯᠭᠡ᠎ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠭᠡᠵᠦ᠍ ᠳᠠᠩᠰᠠᠯᠠᠭᠤᠯᠪᠠᠯ᠂ ᠡᠨᠡ ᠬᠦ᠌ ᠬᠢᠵᠠᠭᠠᠷ ᠲᠣᠭ᠎ᠠ ᠨᠢ ᠶᠡᠬᠡ᠎ᠪᠡᠷ ᠳᠡᠭᠡᠭ᠌ᠱᠢᠯᠡᠬᠦ᠌ ᠪᠣᠯᠤᠨ᠎ᠠ᠃ ᠵᠢᠱ᠌ᠢᠶᠡᠯᠡᠪᠡᠯ᠂ ᠬᠣᠣᠷᠲᠤ ᠬᠠᠪᠤᠳᠠᠷ ᠰᠢᠭ᠋ ᠡᠢᠮᠦ᠍ ᠬᠦᠨᠳᠦ ᠡᠪᠡᠳᠴᠢᠨ᠂ ᠬᠢᠵᠠᠭᠠᠷ ᠲᠣᠭ᠎ᠠ ᠨᠢ 50 ᠲᠦᠮᠡ ᠣᠷᠴᠢᠮ ( ᠡᠯ᠎ᠡ ᠭᠠᠵᠠᠷ᠎ᠤᠨ ᠲᠥᠷᠥ᠎ᠶ᠋ᠢᠨ ᠪᠣᠳᠣᠯᠭ᠎ᠠ ᠨᠢ ᠠᠳᠠᠯᠢ ᠦᠭᠡᠢ )᠂ ᠳᠠᠩᠰᠠ ᠲᠠᠢᠯᠬᠤ ᠬᠠᠷᠢᠴᠠᠯ ᠨᠢ ᠡᠩ᠎ᠦᠨ ᠪᠠᠢᠳᠠᠯ ᠳᠣᠣᠷ᠎ᠠ ᠪᠠᠰᠠ 70% ᠣᠷᠴᠢᠮ ᠬᠦᠷᠲᠡᠯ᠎ᠡ ᠳᠡᠭᠡᠭ᠌ᠱᠢᠯᠡᠵᠦ᠍ ᠪᠣᠯᠣᠨ᠎ᠠ᠃

  3. ᠴᠢᠰᠤᠨ ᠳᠠᠷᠤᠯᠲᠠ ᠥᠨᠳᠥᠷ᠂ ᠱᠢᠬᠢᠷ ᠱᠢᠵᠢᠩ ᠡᠪᠡᠳᠴᠢᠨ᠎ᠤ ᠡᠭᠦᠳᠡᠨ ᠡᠮᠨᠡᠯᠭᠡ᠎ᠳᠤ ᠡᠮ ᠬᠡᠷᠡᠭ᠌ᠯᠡᠬᠦ᠌ ᠪᠠᠲᠤᠯᠠᠭ᠎ᠠ ᠦᠭᠡᠢ ᠪᠠᠢᠭ᠍ᠰᠠᠨ᠎ᠠᠴᠠ ᠪᠠᠢᠬᠤ ᠪᠣᠯᠲᠠᠯ᠎ᠠ

  ᠬᠤᠶᠠᠳᠤᠭᠠᠷ ᠳᠡᠰ ᠵᠢᠴᠢ ᠲᠡᠭᠦᠨ᠎ᠠᠴᠠ ᠳᠣᠷᠣᠭ᠍ᠰᠢᠬᠢ ᠴᠡᠭ ᠲᠣᠭᠲᠠᠭ᠋ᠠᠭᠰᠠᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠪᠠᠷ ᠲᠦᠱᠢᠭ ᠪᠣᠯᠭᠠᠵᠤ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠤᠭ᠍ᠰᠠᠨ ᠥᠬᠡᠶ᠂ ᠭᠡᠪᠡᠴᠦ ᠴᠢᠰᠤᠨ ᠳᠠᠷᠤᠯᠲᠠ᠎ᠶ᠋ᠢ ᠪᠠᠭᠤᠷᠠᠭᠤᠯᠬᠤ᠂ ᠴᠢᠰᠤᠨ ᠱᠢᠬᠢᠷ᠎ᠢ ᠪᠠᠭᠤᠷᠠᠭᠤᠯᠬᠤ ᠡᠮ᠎ᠢᠶᠠᠷ ᠡᠮᠨᠡᠨ ᠵᠠᠰᠠᠬᠤ ᠴᠢᠬᠤᠯᠠᠲᠠᠶ 《 ᠬᠤᠶᠠᠷ ᠡᠪᠡᠳᠴᠢᠨ 》᠎ᠤ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠂ ᠴᠢᠰᠤᠨ ᠳᠠᠷᠤᠯᠲᠠ᠎ᠶ᠋ᠢ ᠪᠠᠭᠤᠷᠠᠭᠤᠯᠬᠤ᠂ ᠴᠢᠰᠤᠨ ᠱᠢᠬᠢᠷ᠎ᠢ ᠪᠠᠭᠤᠷᠠᠭᠤᠯᠬᠤ ᠡᠮ᠎ᠢ ᠡᠭᠦᠳᠡᠨ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠤ ᠥᠭ᠌ᠬᠦ ᠬᠠᠷᠢᠴᠠᠯ᠎ᠢ 50% ᠎ᠠᠴᠠ ᠳᠡᠭᠡᠭ᠌ᠰᠢ᠎ᠳᠤ ᠬᠦᠷᠦᠭᠦᠯᠦᠨ᠎ᠡ᠃ ᠣᠳᠣᠬᠠᠨ᠎ᠳᠤ᠂ ᠬᠡᠰᠡᠭ ᠭᠠᠵᠠᠷ ᠣᠷᠣᠨ ᠨᠢᠭᠡᠨᠲᠡ 《 ᠬᠤᠶᠠᠷ ᠡᠪᠡᠳᠴᠢᠨ 》᠎ᠤ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢ ᠨᠥᠬᠦᠴᠡᠯ᠎ᠳᠤ ᠨᠡᠢᠴᠡᠬᠦ᠌ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠡᠮᠴᠢᠯᠡᠭᠡᠨ᠎ᠤ ᠪᠠᠢᠭᠤᠯᠤᠮᠵᠢ᠎ᠳᠤ ᠬᠦᠷᠲᠡᠯ᠎ᠡ ᠥᠷᠭᠡᠳᠭᠡᠭ᠌ᠰᠡᠨ ᠪᠠᠢᠨ᠎ᠠ᠃

  4. ᠡᠮᠨᠡᠯᠬᠡ᠎ᠳᠤ ᠰᠠᠭᠣᠬ᠍ᠰᠠᠨ ᠵᠠᠷᠣᠲᠠᠯ᠎ᠤᠨ ᠲᠠᠩᠰᠠ ᠲᠠᠢᠯᠬᠤ ᠬᠠᠷᠢᠴᠠᠯ ᠨᠢ 70% ᠪᠤᠯᠵᠤ ᠨᠡᠮᠡᠭᠳᠡᠵᠡᠢ

  ᠳᠠᠭᠠᠳᠭᠠᠯ᠎ᠳᠤ ᠣᠷᠣᠯᠴᠠᠭ᠍ᠰᠠᠳ ᠴᠡᠭ ᠲᠣᠭᠲᠠᠭ᠋ᠠᠭᠰᠠᠨ ᠡᠮᠨᠡᠯᠭᠡ᠎ᠶ᠋ᠢᠨ ᠬᠣᠷᠢᠶᠠᠨ᠎ᠳᠤ ᠰᠠᠭᠤᠵᠤ ᠡᠮᠨᠡᠭᠦᠯᠦᠭ᠌ᠰᠡᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷᠠᠬᠢ ᠡᠮᠴᠢᠯᠡᠭᠡᠨ᠎ᠦ ᠵᠠᠷᠤᠳᠠᠯ᠎ᠢ ᠦᠨᠳᠦᠰᠦᠨ ᠡᠮᠴᠢᠯᠡᠭᠡᠨ᠎ᠦ ᠳᠠᠭᠠᠳᠭᠠᠯ᠎ᠢ ᠲᠣᠭ᠍ᠲᠠᠭᠠᠯ ᠶᠣᠰᠣᠭᠠᠷ ᠳᠠᠩᠰᠠ ᠲᠠᠢ᠌ᠯᠬᠤ ᠬᠡᠷᠡᠭ᠌ᠲᠡᠶ᠃ ᠳᠠᠩᠰᠠ ᠲᠠᠢᠯᠬᠤ ᠬᠠᠷᠢᠴᠠᠯ᠎ᠠᠴᠠ ᠠᠪᠴᠤ᠌ ᠬᠡᠯᠡᠪᠡᠯ᠂ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷᠠᠬᠢ ᠡᠮᠨᠡᠯᠭᠡ᠎ᠳᠤ ᠰᠠᠭᠤᠭ᠍ᠰᠠᠨ ᠵᠠᠷᠤᠳᠠᠯ᠎ᠤᠨ ᠳᠠᠩᠰᠠ ᠲᠠᠢᠯᠬᠤ ᠬᠠᠷᠢᠴᠠᠯ᠎ᠢ 《 ᠬᠥᠳᠡᠭᠡ ᠲᠣᠰᠭᠤᠨ᠎ᠤ ᠱᠢᠨ᠎ᠡ ᠮᠠᠶᠢᠭ᠎ᠤᠨ ᠬᠤᠷᠱᠢᠭ᠍ᠰᠠᠨ ᠡᠮᠴᠢᠯᠡᠭᠡ 》᠎ᠶ᠋ᠢᠨ ᠳᠦᠷᠢᠮ ᠪᠠᠢᠭᠤᠯᠤᠭ᠍ᠳᠠᠭ᠍ᠰᠠᠨ ᠡᠬᠢᠨ᠎ᠤ ᠦᠶ᠎ᠡ᠎ᠶ᠋ᠢᠨ 30% - 40% ᠣᠷᠴᠢᠮ ᠪᠠᠢᠭ᠍ᠰᠠᠨ᠎ᠠᠴᠠ ᠣᠳᠣᠬᠠᠨ᠎ᠤ 70% ᠣᠷᠴᠢᠮ ᠪᠣᠯᠲᠠᠯ᠎ᠠ ᠳᠡᠭᠡᠭ᠌ᠰᠢᠯᠡᠵᠡᠶ᠃

  5. ᠬᠦᠨᠲᠦ ᠡᠪᠡᠳᠴᠢᠨ᠎ᠤ ᠲᠠᠭᠠᠳᠭᠠᠯ᠎ᠳᠤ ᠬᠤᠶᠠᠳᠠᠬᠢ ᠦᠨᠲᠦᠰᠦᠨ ᠪᠠᠲᠤᠯᠠᠭ᠎ᠠ ᠬᠠᠩᠭ᠋ᠠᠨ᠎ᠠ

  ᠬᠦᠨᠳᠦ ᠡᠪᠡᠳᠴᠢᠨ᠎ᠦ ᠳᠠᠭᠠᠳᠭᠠᠯ᠎ᠤᠨ ᠳᠦᠷᠢᠮ ᠪᠣᠯ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠳᠦᠷᠢᠮ᠎ᠦᠨ ᠰᠠᠭᠤᠷᠢᠨ ᠳᠡᠭᠡᠷ᠎ᠡ᠂ ᠳᠠᠭᠠᠳᠭᠠᠯ᠎ᠳᠤ ᠣᠷᠣᠯᠴᠠᠭ᠍ᠰᠠᠳ᠎ᠲᠤ ᠭᠠᠷᠤᠭ᠍ᠰᠠᠨ ᠶᠡᠬᠡ ᠲᠣᠭᠠᠨ᠎ᠤ ᠡᠮᠴᠢᠯᠡᠭᠡᠨ᠎ᠤ ᠵᠠᠷᠤᠳᠠᠯ᠎ᠳᠤ ᠤᠯᠠᠮ ᠨᠢᠭᠡ ᠠᠯᠬᠤᠮ ᠪᠠᠲᠤᠯᠠᠭ᠎ᠠ ᠣᠯᠭᠣᠵᠤ᠂ ᠡᠪᠡᠳᠴᠢᠨ᠎ᠡᠴᠡ ᠪᠣᠯᠵᠤ ᠶᠠᠳᠠᠭᠤᠷᠠᠬᠤ᠂ ᠡᠪᠡᠳᠴᠢᠨ᠎ᠡᠴᠡ ᠪᠣᠯᠵᠤ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠨᠢᠭᠡ ᠵᠦᠢᠯ᠎ᠦᠨ ᠳᠦᠷᠢᠮ᠎ᠦᠨ ᠲᠣᠬᠢᠷᠠᠭᠤᠯᠤᠯᠲᠠ ᠬᠢᠵᠦ᠍᠂ ᠬᠦᠨᠳᠦ ᠡᠪᠡᠳᠴᠢᠨ᠎ᠦ ᠳᠠᠭᠠᠳᠭᠠᠯ᠎ᠤᠨ ᠳᠦᠷᠢᠮ ᠨᠢ ᠣᠯᠠᠨ ᠳᠡᠰ ᠳᠠᠪᠬᠤᠷᠭ᠎ᠠ ᠪᠦᠬᠦᠢ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶ᠋ᠢ ᠪᠦᠷᠢᠨᠱᠢᠭᠦᠯᠬᠦ᠂ ᠳᠠᠭᠠᠳᠭᠠᠯ᠎ᠳᠤ ᠣᠷᠣᠯᠴᠠᠭ᠍ᠰᠠᠳ᠎ᠤᠨ ᠬᠦᠨᠳᠦ ᠡᠪᠡᠳᠴᠢᠨ᠎ᠦ ᠡᠮᠴᠢᠯᠡᠭᠡᠨ᠎ᠤ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠬᠦᠨᠳᠦ ᠡᠪᠡᠳᠴᠢᠨ᠎ᠤ ᠳᠠᠭᠠᠳᠭᠠᠯ᠎ᠨᠢ ᠢᠯᠡᠭᠦᠴᠡ ᠰᠦᠢᠳᠭᠡᠯ ᠲᠤᠱᠢᠶᠠᠬᠤ ᠴᠢᠬᠤᠯᠠ ᠦᠭᠡᠢ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠂ ᠬᠤᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠬᠤ ᠪᠣᠶ ᠪᠥᠬᠦᠶ ᠳᠠᠭᠠᠳᠭᠠᠯ᠎ᠳᠤ ᠣᠷᠣᠯᠴᠠᠭ᠍ᠰᠠᠳ ᠬᠥᠮᠦᠨ ᠪᠦᠷᠢ ᠳᠤᠮᠳᠠᠴᠢ᠎ᠪᠠᠷ ( ᠢᠯᠡᠭᠦᠴᠡ ᠰᠦᠢᠳᠭᠡᠯ ᠲᠤᠱᠢᠶᠠᠬᠤ ᠴᠢᠬᠤᠯᠠ ᠥᠬᠡᠶ ) ᠬᠦᠨᠳᠦ ᠡᠪᠡᠳᠴᠢᠨ᠎ᠤ ᠳᠠᠭᠠᠳᠭᠠᠯ᠎ᠢ ᠥᠪᠡᠰᠦᠪᠡᠨ ᠬᠦᠷᠲᠡᠵᠦ᠍ ᠪᠣᠯᠤᠨ᠎ᠠ᠂ ᠡᠨᠡ ᠪᠣᠯ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠪᠣᠷᠣ ᠲᠥᠯᠥᠪ᠎ᠤᠨ ᠳᠣᠲᠣᠷᠠᠬᠢ ᠬᠤᠶᠠᠳᠠᠬᠢ ᠪᠠᠲᠤᠯᠠᠭ᠎ᠠ ᠪᠣᠯᠤᠨ᠎ᠠ᠃

  ᠬᠦᠨᠳᠦ ᠡᠪᠡᠳᠴᠢᠨ᠎ᠦ ᠡᠮᠴᠢᠯᠡᠭᠡᠨ᠎ᠤ ᠳᠠᠭᠠᠳᠭᠠᠯ᠎ᠢ ᠬᠡᠷᠡᠭ᠌ᠵᠢᠭᠦᠯᠵᠦ᠍ ᠪᠠᠢᠭ᠎ᠠ ᠨᠢ 《 ᠬᠡᠰᠡᠭ ᠬᠤᠪᠢᠶᠠᠨ ᠪᠣᠳᠣᠵᠤ᠂ ᠠᠬᠢᠭᠤᠯᠤᠨ ᠨᠡᠮᠡᠵᠦ᠍ ᠥᠭ᠌ᠬᠦ 》 ᠶᠠᠪᠤᠳᠠᠯ ᠪᠣᠯᠤᠨ᠎ᠠ᠂ ᠡᠯ᠎ᠡ ᠭᠠᠵᠠᠷ ᠣᠷᠣᠨ ᠨᠢ ᠲᠤᠬᠠᠶ᠎ᠶ᠋ᠢᠨ ᠭᠠᠵᠠᠷ᠎ᠤᠨ ᠪᠠᠢᠳᠠᠯ᠎ᠢᠶᠠᠨ ᠦᠨᠳᠦᠰᠦᠯᠡᠨ ᠳᠠᠩᠰᠠ ᠲᠠᠢᠯᠬᠤ ᠬᠠᠷᠢᠴᠠᠯ ᠪᠣᠯᠤᠨ ᠡᠬᠢᠯᠡᠵᠦ᠍ ᠥᠭ᠌ᠬᠦ ᠱᠤᠭᠤᠮ ᠨᠢ ᠴᠦ᠍ ᠠᠳᠠᠯᠢ ᠪᠤᠰᠤ᠃ ᠵᠢᠱ᠌ᠢᠶᠡᠯᠡᠪᠡᠯ 2024 ᠣᠨ᠎ᠳᠤ ᠪᠡᠭᠡᠵᠢᠩ ᠬᠤᠲᠠ᠎ᠶ᠋ᠢᠨ 《 ᠬᠦᠨᠳᠦ ᠡᠪᠡᠳᠴᠢᠨ᠎ᠤ ᠳᠠᠭᠠᠳᠭᠠᠯ 》᠎ᠤᠨ ᠡᠬᠢᠯᠡᠵᠦ᠍ ᠥᠭ᠌ᠬᠦ ᠱᠤᠭᠤᠮ᠎ᠨᠢ 30404 ᠲᠥᠭᠦᠷᠢᠭ᠂ ᠡᠬᠢᠯᠡᠵᠦ᠍ ᠥᠭ᠌ᠬᠦ ᠪᠠᠷᠢᠮᠵᠢᠶ᠎ᠠ᠎ᠠᠴᠠ ᠳᠡᠭᠡᠭ᠌ᠰᠢ ( ᠪᠠᠭ᠍ᠲᠠᠬᠤ ᠦᠭᠡᠢ ) ᠬᠡᠰᠡᠭ᠎ᠢ ᠨᠡᠢᠲᠡ 5 ᠲᠦᠮᠡᠨ ᠲᠥᠭᠦᠷᠢᠭ ( ᠪᠠᠭ᠍ᠲᠠᠨ᠎ᠠ )᠎ᠤᠨ ᠳᠣᠲᠣᠷᠠᠬᠢ ᠬᠤᠪᠢ ᠬᠥᠮᠦᠨ᠎ᠤ ᠥᠪᠡᠰᠦᠪᠡᠨ ᠥᠭ᠌ᠬᠦ ᠡᠮᠴᠢᠯᠡᠭᠡᠨ᠎ᠤ ᠵᠠᠷᠤᠳᠠᠯ᠎ᠢ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠠᠴᠠ 60%᠎ᠶᠢ ᠥᠭᠭᠦᠨ᠎ᠡ; ᠨᠡᠢᠲᠡ 5 ᠲᠦᠮᠡᠨ ᠲᠥᠭᠦᠷᠢᠭ᠎ᠠᠴᠠ ᠳᠡᠭᠡᠭ᠌ᠰᠢ ᠬᠤᠪᠢ ᠬᠥᠮᠦᠨ᠎ᠤ ᠥᠪᠡᠰᠦᠪᠡᠨ ᠥᠭ᠌ᠬᠦ ᠡᠮᠴᠢᠯᠡᠭᠡᠨ᠎ᠤ ᠵᠠᠷᠤᠳᠠᠯ᠎ᠢ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠠᠴᠠ 70 % ᠎ᠶᠢ ᠥᠭ᠌ᠴᠦ᠂ ᠳᠡᠭᠡᠷ᠎ᠡ ᠬᠢᠵᠠᠭ᠋ᠠᠷ᠎ᠢ ᠬᠢᠵᠠᠭᠠᠷᠯᠠᠬᠤ ᠥᠬᠡᠶ᠃ ᠱᠠᠩᠬᠠᠢ ᠬᠣᠲᠠ ᠨᠢ ᠵᠣᠭᠣᠰ ᠲᠤᠰᠢᠶᠠᠬᠤ ᠱᠤᠭᠤᠮ ᠭᠠᠷᠭᠠᠬᠤ ᠦᠭᠡᠢ ᠪᠣᠯᠪᠠᠴᠤ᠌ ᠡᠪᠡᠳᠴᠢᠨ᠎ᠦ᠌ ᠲᠥᠷᠥᠯ᠎ᠢ᠋ ᠬᠢᠵᠠᠭᠠᠷᠯᠠᠬᠤ ᠬᠡᠪᠴᠢᠶ᠎ᠡ ᠲᠠᠢ᠃ ᠬᠠᠮᠤᠭ᠎ᠤᠨ ᠥᠨᠳᠥᠷ ᠥᠭ᠌ᠬᠦ ᠬᠢᠵᠠᠭᠠᠷ ᠲᠤᠭ᠎ᠠ 63 ᠲᠦᠮᠡᠨ ᠲᠥᠭᠦᠷᠢᠭ᠎ᠠᠴᠠ ᠳᠣᠷᠣᠭ᠍ᠰᠢ ᠬᠡᠰᠡᠭ᠎ᠢ ᠨᠢᠭᠡᠳᠦᠯᠲᠡᠶ ᠲᠥᠯᠥᠪᠯᠡᠬᠦ᠌ ᠰᠠᠭᠤᠷᠢ ᠮᠥᠩᠭᠦ᠎ᠠᠴᠠ ᠬᠠᠷᠢᠴᠠᠯ᠎ᠢᠶᠠᠷ ᠲᠠᠩᠰᠠ ᠳᠡᠢᠯᠵᠦ᠍᠂ ᠡᠭᠦᠨ᠎ᠳᠤ ᠠᠵᠢᠯ᠎ᠤᠨ ᠪᠠᠢᠷᠢ᠎ᠳᠤ ᠪᠠᠢᠭ᠎ᠠ ᠠᠵᠢᠯᠲᠠᠨ ᠠᠵᠢᠯᠴᠢᠨ᠎ᠤ ᠲᠠᠩᠰᠠ ᠲᠠᠢᠯᠬᠤ 85% ᠪᠠᠢᠵᠤ᠂ ᠠᠵᠢᠯ᠎ᠠᠴᠠ᠎ᠪᠠᠨ ᠠᠮᠠᠷᠠᠭ᠍ᠰᠠᠳ᠎ᠤᠨ ᠲᠠᠩᠰᠠ ᠲᠠᠢᠯᠬᠤ 92% ; ᠬᠠᠮᠤᠭ᠎ᠤᠨ ᠥᠨᠳᠥᠷ ᠥᠭ᠌ᠬᠦ ᠬᠢᠵᠠᠭᠠᠷ ᠲᠤᠭ᠎ᠠ᠎ᠨᠢ 63 ᠲᠦᠮᠡᠨ ᠲᠥᠭᠦᠷᠢᠭ᠎ᠠᠴᠠ ᠳᠡᠭᠡᠭ᠌ᠰᠢᠬᠢ ᠬᠡᠰᠡᠭ᠂ ᠣᠷᠣᠨ ᠨᠤᠲᠤᠭ᠎ᠤᠨ ᠨᠡᠮᠡᠯᠲᠡ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠠᠴᠠ 80%᠎ᠶ᠋ᠢ᠎ᠨᠢ ᠥᠭ᠌ᠭᠦᠨ᠎ᠡ᠃

  ᠣᠨᠴᠠᠭᠠᠢ ᠬᠦᠴᠢᠷᠳᠡᠯᠲᠡᠢ ᠬᠦᠮᠦᠰ᠎ᠲᠤ ᠬᠦᠨᠳᠦ ᠡᠪᠡᠳᠴᠢᠨ᠎ᠤ ᠳᠠᠭᠠᠳᠭᠠᠯ᠎ᠠᠴᠠ ᠪᠠᠰᠠ ᠢᠯᠡᠭᠦᠦ ᠬᠡᠯᠪᠠᠢᠯᠭᠡᠬᠦ᠌ ᠲᠥᠷᠥ᠎ᠶ᠋ᠢᠨ ᠪᠣᠳᠣᠯᠭ᠎ᠠ ᠲᠠᠢ᠃ ᠵᠢᠱ᠌ᠢᠶᠡᠯᠡᠪᠡᠯ᠂ ᠬᠤᠲᠠ᠎ᠶ᠋ᠢᠨ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ᠍ ᠪᠠᠢᠭ᠎ᠠ ᠬᠥᠮᠥᠰ᠂ ᠠᠮᠢᠳᠤᠷᠠᠯ᠎ᠤᠨ ᠨᠠᠭᠠᠲᠤ ᠵᠠᠬ᠎ᠠ᠎ᠶ᠋ᠢᠨ ᠪᠠᠲᠤᠯᠠᠭ᠎ᠠ ᠬᠦᠷᠲᠡᠭ᠌ᠰᠡᠳ ᠵᠢᠴᠢ ᠠᠮᠢᠳᠤᠷᠠᠯ᠎ᠤᠨ ᠬᠦᠴᠢᠷᠳᠡᠯ᠎ᠤᠨ ᠨᠥᠬᠦᠪᠦᠷᠢ ᠣᠯᠭᠤᠬᠤ ᠬᠥᠮᠥᠰ᠂ ᠬᠤᠲᠠ ᠬᠥᠳᠡᠭᠡ᠎ᠶ᠋ᠢᠨ ᠣᠷᠣᠯᠭ᠎ᠠ ᠪᠠᠭᠠᠲᠠᠢ ᠭᠡᠷ ᠪᠦᠯᠢ᠎ᠶ᠋ᠢᠨ ᠠᠪᠤᠷᠠᠨ ᠲᠤᠰᠠᠯᠠᠬᠤ ᠬᠥᠮᠥᠰ ᠵᠡᠷᠭᠡ ᠬᠦᠴᠢᠷᠳᠡᠯᠲᠡᠢ ᠬᠥᠮᠥᠰ᠎ᠤᠨ ᠬᠦᠨᠳᠦ ᠡᠪᠡᠳᠴᠢᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠡᠬᠢᠯᠡᠵᠦ᠍ ᠲᠤᠱᠢᠶᠠᠬᠤ ᠱᠤᠭᠤᠮ᠎ᠤᠨ ᠪᠠᠷᠢᠮᠵᠢᠶ᠎ᠠ᠎ᠶ᠋ᠢ 50% ᠎ᠪᠠᠷ ᠪᠠᠭᠤᠷᠠᠭᠤᠯᠵᠤ᠂ ᠡᠯ᠎ᠡ ᠵᠠᠷᠤᠳᠠᠯ᠎ᠤᠨ ᠦᠵᠦᠭᠦᠷ᠎ᠤᠨ ᠳᠠᠩᠰᠠ ᠲᠠᠢᠯᠬᠤ ᠬᠠᠷᠢᠴᠠᠯ᠎ᠢ ᠲᠣᠰ ᠲᠣᠰ 5% ᠎ᠪᠠᠷ ᠳᠡᠭᠡᠭ᠌ᠰᠢᠯᠡᠭᠦᠯᠦᠨ᠎ᠡ᠃

  ᠡᠭᠦᠨ᠎ᠠᠴᠠ ᠭᠠᠳᠠᠨ᠎ᠠ᠂ ᠣᠷᠳᠣ ᠬᠤᠭᠤᠴᠠᠭ᠎ᠠ᠎ᠪᠠᠷ ᠳᠠᠭᠠᠳᠭᠠᠯ᠎ᠳᠤ ᠣᠷᠣᠯᠴᠠᠬᠤ᠎ᠶ᠋ᠢ ᠤᠯᠠᠮ ᠨᠢᠭᠡ ᠠᠯᠬᠤᠮ ᠵᠣᠷᠢᠭ᠍ᠵᠢᠭᠤᠯᠵᠤ᠂ ᠪᠠᠲᠤᠯᠠᠭ᠎ᠠ᠎ᠶ᠋ᠢᠨ ᠦᠷᠭᠦᠯᠵᠢᠯᠡᠬᠦ᠌ ᠴᠢᠨᠠᠷ᠎ᠢ ᠴᠢᠩᠭᠠᠳᠭᠠᠬᠤ᠎ᠶ᠋ᠢᠨ ᠲᠥᠯᠥᠭᠡ᠂ ᠤᠯᠤᠰ᠎ᠠᠴᠠ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠪᠡ᠃ ᠨᠢᠳᠤᠨᠤᠨ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《 ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠬᠦ᠌ ᠲᠤᠬᠠᠶ ᠵᠢᠯᠣᠭᠤᠳᠭᠤ ᠰᠠᠨᠠᠯ 》᠎ᠳᠤ᠂ 2025 ᠣᠨ᠎ᠠᠴᠠ ᠡᠬᠢᠯᠡᠨ᠂ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠳᠤ ᠦᠷᠭᠦᠯᠵᠢᠯᠡᠨ ᠪᠦᠬᠦᠯᠢ 4 ᠵᠢᠯ ᠣᠷᠣᠯᠴᠠᠵᠤ᠂ ᠳᠠᠷᠠᠭ᠎ᠠ᠎ᠨᠢ ᠦᠷᠭᠦᠯᠵᠢᠯᠡᠨ ᠳᠠᠭᠠᠳᠭᠠᠯ᠎ᠳᠤ ᠦᠷᠭᠦᠯᠵᠢᠯᠡᠨ ᠣᠷᠣᠯᠴᠠᠬᠤ ᠪᠦᠷᠢ 1 ᠵᠢᠯ᠎ᠳᠤ ᠬᠦᠨᠳᠦ ᠡᠪᠡᠳᠴᠢᠨ᠎ᠤ ᠳᠠᠭᠠᠳᠭᠠᠯ᠎ᠤᠨ ᠬᠠᠮᠤᠭ᠎ᠤᠨ ᠥᠨᠳᠥᠷ ᠳᠥᠯᠥᠬᠦ᠌ ᠬᠢᠵᠠᠭᠠᠷ ᠲᠤᠭ᠎ᠠ᠎ᠶ᠋ᠢ ᠨᠠᠭᠠᠳᠤ ᠵᠠᠬ᠎ᠠ᠎ᠳᠤ᠎ᠪᠠᠨ 1000 ᠲᠥᠭᠦᠷᠢᠭ ᠳᠡᠭᠡᠭ᠌ᠰᠢᠯᠡᠭᠦᠯᠵᠦ᠍ ᠪᠣᠯᠤᠨ᠎ᠠ; ᠲᠣᠰ ᠵᠢᠯ᠎ᠳᠤ᠎ᠪᠠᠨ ᠲᠠᠩᠰᠠ ᠲᠠᠢᠯᠬᠤ ᠥᠬᠡᠶ ᠪᠣᠯ᠂ ᠬᠤᠶᠠᠳᠤᠭᠠᠷ ᠵᠢᠯ᠎ᠳᠤ ᠬᠦᠨᠳᠦ ᠡᠪᠡᠳᠴᠢᠨ᠎ᠤ ᠳᠠᠭᠠᠳᠭᠠᠯ᠎ᠤᠨ ᠬᠠᠮᠤᠭ᠎ᠤᠨ ᠥᠨᠳᠥᠷ ᠳᠥᠯᠥᠬᠦ᠌ ᠬᠢᠵᠠᠭᠠᠷ ᠲᠤᠭ᠎ᠠ᠎ᠶ᠋ᠢ ᠨᠠᠭᠠᠳᠤ ᠵᠠᠬ᠎ᠠ᠎ᠳᠤ᠎ᠪᠠᠨ 1000 ᠲᠥᠭᠦᠷᠢᠭ ᠳᠡᠭᠡᠭ᠌ᠰᠢᠯᠡᠭᠦᠯᠵᠦ᠍ ᠪᠣᠯᠤᠨ᠎ᠠ ᠭᠡᠵᠦ᠍ ᠲᠣᠳᠣᠷᠬᠠᠶ ᠲᠣᠭ᠍ᠲᠠᠭᠠᠵᠠᠶ᠃

  ᠲᠥᠪᠯᠡᠷᠡᠭᠦᠯᠦᠨ ᠳᠠᠭᠠᠳᠭᠠᠯ᠎ᠳᠤ ᠣᠷᠣᠯᠴᠠᠬᠤ ᠴᠠᠭ᠎ᠢ ᠪᠢᠲᠡᠭᠡᠢ ᠥᠩᠭᠡᠷᠡᠭᠦᠯᠦᠭᠡᠷᠡᠢ᠂ ᠬᠠᠷᠠᠭᠠᠯᠵᠠᠯ᠎ᠢ ᠬᠦᠷᠲᠡᠬᠦ᠌᠎ᠳᠤ ᠬᠦᠯᠢᠶᠡᠬᠦ᠌ ᠬᠤᠭᠤᠴᠠᠭ᠎ᠠ᠎ᠲᠠᠢ

  ᠶᠡᠷᠦᠳᠡ᠎ᠶ᠋ᠢᠨ ᠪᠠᠢᠳᠠᠯ᠎ᠳᠤ᠂ ᠵᠢᠯ ᠪᠦᠷᠢ᠎ᠶ᠋ᠢᠨ 9 ᠳ᠋ᠦ᠍ᠭᠡᠷ ᠰᠠᠷ᠎ᠠ  12 ᠳ᠋ᠤᠭᠠᠷ ᠰᠠᠷ᠎ᠠ ᠪᠣᠯ ᠳᠠᠷᠠᠭ᠎ᠠ ᠵᠢᠯ᠎ᠤᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠳᠤ ᠲᠥᠪᠯᠡᠷᠡᠭᠦᠯᠦᠨ ᠣᠷᠣᠯᠴᠠᠵᠤ ᠰᠦᠢᠳᠭᠡᠯ ᠲᠤᠱᠢᠶᠠᠬᠤ ᠴᠠᠭ ᠪᠣᠯᠤᠨ᠎ᠠ᠂ ᠶᠡᠬᠡᠩᠬᠢ ᠭᠠᠵᠠᠷ ᠣᠷᠣᠨ᠎ᠳᠤ ᠲᠥᠪᠯᠡᠷᠡᠭᠦᠯᠦᠨ ᠰᠦᠢᠳᠭᠡᠯ ᠲᠤᠱᠢᠶᠠᠬᠤ ᠬᠤᠭᠤᠴᠠᠭᠠᠨ᠎ᠤ ᠡᠳᠦᠷ ᠬᠤᠭᠤᠴᠠᠭ᠎ᠠ᠎ᠶ᠋ᠢ ᠲᠤᠬᠠᠶ᠎ᠶ᠋ᠢᠨ ᠵᠢᠯ᠎ᠤᠨ 12 ᠳ᠋ᠤᠭᠠᠷ ᠰᠠᠷ᠎ᠠ᠎ᠶ᠋ᠢᠨ 31 ᠎ᠤ ᠡᠳᠦᠷ ᠪᠣᠯᠭᠠᠨ ᠲᠣᠬᠢᠷᠠᠭᠤᠯᠪᠠ᠂ ᠭᠡᠪᠡᠴᠦ᠍ ᠪᠠᠰᠠ ᠵᠠᠷᠢᠮ ᠭᠠᠵᠠᠷ ᠣᠷᠣᠨ ᠴᠠᠭ᠎ᠢᠶᠠᠨ ᠳᠠᠷᠠᠭ᠎ᠠ ᠵᠢᠯ᠎ᠤᠨ 2 ᠳ᠋ᠤᠭᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ ᠬᠣᠢ᠌ᠰᠢᠯᠠᠭᠤᠯᠪᠠ᠃

  ᠵᠢᠱ᠌ᠢᠶᠡᠯᠡᠪᠡᠯ 2026 ᠣᠨ᠎ᠳᠤ ᠪᠡᠭᠡᠵᠢᠩ ᠬᠤᠲᠠ᠎ᠶ᠋ᠢᠨ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠲᠥᠪᠯᠡᠷᠡᠭᠦᠯᠦᠨ ᠣᠷᠣᠯᠴᠠᠬᠤ ᠴᠠᠭ᠎ᠨᠢ 2025 ᠣᠨ᠎ᠤ 11 ᠳ᠋ᠦ᠍ᠭᠡᠷ ᠰᠠᠷ᠎ᠠ᠎ᠶ᠋ᠢᠨ 30 ᠎ᠤ ᠡᠳᠦᠷ᠎ᠠᠴᠠ 2026 ᠣᠨ᠎ᠤ 2 ᠳ᠋ᠤᠭᠠᠷ ᠰᠠᠷ᠎ᠠ᠎ᠶ᠋ᠢᠨ 28 ᠎ᠤ ᠡᠳᠦᠷ ᠪᠣᠯᠣᠨ᠎ᠠ᠃ ᠳᠠᠭᠠᠳᠭᠠᠯ᠎ᠳᠤ ᠣᠷᠣᠯᠴᠠᠭ᠍ᠰᠠᠳ ᠲᠥᠪᠯᠡᠷᠡᠭ᠌ᠰᠡᠨ ᠬᠤᠭᠤᠴᠠᠭᠠᠨ᠎ᠳᠤ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠵᠠᠷᠤᠳᠠᠯ᠎ᠢᠶᠠᠨ ᠲᠤᠱᠢᠶᠠᠭ᠍ᠰᠠᠨ ᠪᠠᠢᠪᠠᠯ᠂ 2026 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠢ ᠬᠦᠷᠲᠡᠨ᠎ᠡ᠃ 2026 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠬᠤᠢᠰᠢ ᠳᠠᠭᠠᠳᠭᠠᠯ᠎ᠳᠤ ᠣᠷᠣᠪᠠᠯ 2025 ᠣᠨ᠎ᠤ ᠳᠠᠭᠠᠳᠭᠠᠯ᠎ᠤᠨ ᠵᠠᠷᠤᠳᠠᠯ᠎ᠢ ᠨᠥᠬᠦᠵᠦ᠍ ᠲᠤᠱᠢᠶᠠᠵᠤ ᠳᠡᠢᠯᠬᠦ᠌ ᠥᠬᠡᠶ ( ᠰᠠᠶᠢ ᠲᠥᠷᠥᠭ᠌ᠰᠡᠨ ᠬᠡᠦᠬᠡᠳ ᠪᠠᠭ᠍ᠲᠠᠬᠤ ᠥᠬᠡᠶ )᠃

  ᠡᠮᠴᠢᠯᠡᠭᠡᠨ᠎ᠤ ᠳᠠᠭᠠᠳᠭᠠᠯ᠎ᠤᠨ ᠠᠵᠢᠯ ᠦᠢᠯᠡᠰ᠎ᠤᠨ ᠦᠷᠭᠦᠯᠵᠢᠯᠡᠨ ᠬᠥᠭ᠌ᠵᠢᠬᠦ᠌ ᠵᠢᠴᠢ ᠥᠷᠭᠡᠨ ᠣᠯᠠᠨ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ ᠭᠥᠷᠳᠡᠬᠦ᠌ ᠲᠥᠪ ᠭᠤᠤᠯᠴᠢ ᠴᠢᠨᠠᠷ᠎ᠢ ᠬᠠᠮᠠᠭᠠᠯᠠᠬᠤ᠎ᠶ᠋ᠢᠨ ᠲᠥᠯᠥᠭᠡ᠂ ᠨᠢᠳᠤᠨᠤᠨ᠎ᠤ 8 ᠳ᠋ᠤᠭᠠᠷ ᠰᠠᠷ᠎ᠠ᠎ᠳᠤ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠠᠴᠠ 《 ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠬᠦ᠌ ᠲᠤᠬᠠᠶ ᠵᠢᠯᠣᠭᠤᠳᠭᠤ ᠰᠠᠨᠠᠯ 》᠎ᠢ ᠨᠡᠢᠲᠡᠯᠡᠵᠦ᠍᠂ 2025 ᠣᠨ᠎ᠠᠴᠠ ᠡᠬᠢᠯᠡᠨ᠂ ᠰᠠᠶᠢ ᠲᠥᠷᠥᠭ᠌ᠰᠡᠨ ᠬᠡᠤᠬᠡᠳ ᠵᠡᠷᠭᠡ ᠣᠨᠴᠠᠭᠠᠶ ᠣᠯᠠᠨ ᠲᠦᠮᠡᠨ᠎ᠢ ᠭᠠᠷᠭᠠᠪᠠᠯ᠂ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠢ ᠲᠥᠪᠯᠡᠷᠡᠭᠦᠯᠦᠨ ᠳᠠᠭᠠᠳᠭᠠᠯ᠎ᠳᠤ ᠣᠷᠣᠯᠴᠠᠭ᠍ᠰᠠᠨ ᠥᠬᠡᠶ ᠪᠤᠶᠤ ᠦᠷᠭᠦᠯᠵᠢᠯᠡᠨ ᠳᠠᠭᠠᠳᠭᠠᠯ᠎ᠳᠤ ᠣᠷᠣᠯᠴᠠᠭ᠍ᠰᠠᠨ ᠥᠬᠡᠶ ᠬᠥᠮᠦᠰ᠎ᠲᠤ᠂ ᠳᠠᠭᠠᠳᠭᠠᠯ᠎ᠳᠤ ᠣᠷᠣᠯᠴᠠᠭ᠍ᠰᠠᠨ᠎ᠤ ᠳᠠᠷᠠᠭᠠᠬᠢ ᠲᠣᠭ᠍ᠲᠠᠮᠠᠯ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ 3 ᠰᠠᠷ᠎ᠠ ᠪᠣᠯᠭᠠᠬᠤ᠎ᠪᠠᠷ ᠲᠣᠭ᠍ᠲᠠᠭᠠᠪᠠ; ᠡᠭᠦᠨ᠎ᠳᠤ᠂ ᠦᠷᠭᠦᠯᠵᠢᠯᠡᠨ ᠳᠠᠭᠠᠳᠭᠠᠯ᠎ᠳᠤ ᠣᠷᠣᠯᠴᠠᠭ᠍ᠰᠠᠨ ᠦᠭᠡᠢ ᠪᠠᠢᠪᠠᠯ᠂ ᠳᠠᠭᠠᠳᠭᠠᠯ᠎ᠢ ᠢᠯᠡᠭᠦᠦ 1 ᠵᠢᠯ ᠲᠠᠰᠤᠯᠳᠠᠭᠤᠯᠬᠤ ᠪᠦᠷᠢ᠂ ᠵᠠᠷᠴᠢᠮ ᠳᠡᠭᠡᠷ᠎ᠡ᠎ᠪᠠᠨ ᠲᠣᠭ᠍ᠲᠠᠮᠠᠯ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭᠠᠨ᠎ᠤ ᠰᠠᠭᠤᠷᠢᠨ ᠳᠡᠭᠡᠷ᠎ᠡ ᠬᠤᠪᠢᠷᠠᠯᠲᠠ᠎ᠶ᠋ᠢᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ 1 ᠰᠠᠷ᠎ᠠ ᠨᠡᠮᠡᠭ᠌ᠳᠡᠭᠦᠯᠵᠦ᠍᠂ ᠳᠠᠭᠠᠳᠭᠠᠯ᠎ᠳᠤ ᠣᠷᠣᠯᠴᠠᠭ᠍ᠰᠠᠳ ᠰᠦᠢᠳᠭᠡᠯ ᠲᠤᠰᠢᠶᠠᠵᠤ ᠵᠠᠰᠠᠨ ᠰᠡᠷᠭᠦᠭᠡᠬᠦ᠌ ᠬᠤᠪᠢᠷᠠᠯᠲᠠ᠎ᠶ᠋ᠢᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ ᠵᠠᠰᠠᠨ ᠰᠡᠷᠭᠦᠭᠡᠵᠦ ᠪᠣᠯᠣᠨ᠎ᠠ᠂ ᠢᠯᠡᠭᠦᠦ 1 ᠵᠢᠯ ᠲᠤᠰᠢᠶᠠᠬᠤ ᠪᠦᠷᠢ 1 ᠰᠠᠷ᠎ᠠ᠎ᠶ᠋ᠢᠨ ᠬᠤᠪᠢᠷᠠᠯᠲᠠ᠎ᠶ᠋ᠢᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ ᠪᠠᠭᠠᠰᠭᠠᠵᠤ᠂ ᠵᠠᠯᠭᠠᠭ᠎ᠠ᠎ᠪᠠᠷ 4 ᠵᠢᠯ ᠵᠢᠴᠢ ᠲᠡᠭᠦᠨ᠎ᠠᠴᠠ ᠳᠡᠭᠡᠭ᠌ᠰᠢ ᠲᠤᠱᠢᠶᠠᠪᠠᠯ᠂ ᠵᠠᠰᠠᠨ ᠰᠡᠷᠭᠦᠭᠡᠭ᠌ᠰᠡᠨ᠎ᠤ ᠳᠠᠷᠠᠭᠠᠬᠢ ᠲᠣᠭ᠍ᠲᠠᠮᠠᠯ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ ᠪᠠ ᠬᠤᠪᠢᠷᠠᠯᠲᠠ᠎ᠶ᠋ᠢᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭᠠᠨ᠎ᠤ ᠨᠡᠢᠯᠡᠪᠦᠷᠢ᠎ᠶ᠋ᠢ ᠵᠠᠷᠴᠢᠮ ᠳᠡᠭᠡᠷ᠎ᠡ᠎ᠪᠠᠨ 6 ᠰᠠᠷ᠎ᠠ᠎ᠠᠴᠠ ᠳᠤᠲᠠᠭᠤ ᠪᠠᠢᠯᠭᠠᠵᠤ ᠪᠣᠯᠬᠤ ᠦᠭᠡᠢ᠃

  ᠶᠡᠷᠣᠩᠬᠡᠢ᠌ᠯᠡᠪᠡᠯ᠂ ᠡᠮᠴᠢᠯᠡᠭᠡᠨ᠎ᠤ ᠲᠠᠭᠠᠣᠠᠬᠠᠯ᠎ᠳᠤ ᠣᠷᠣᠬᠤ ᠪᠤᠯ ᠲᠠᠷᠣᠢ ᠡᠪᠡᠳᠴᠢᠯᠡᠬᠦ ᠦᠶ᠎ᠡ᠎ᠳᠤ ᠡᠪᠡᠳᠴᠢᠨ ᠦᠵᠡᠭᠦᠯᠬᠦ ᠪᠠᠲᠣᠯᠠᠭ᠎ᠠ ᠲᠠᠢ᠂ ᠡᠪᠡᠳᠴᠢᠨ ᠪᠠᠢ᠌ᠬᠤ ᠦᠭᠡᠢ ᠦᠶ᠎ᠡ᠎ᠳᠤ ᠢᠳᠡ ᠬᠦᠴᠦ ᠲᠠᠢ ᠪᠠᠢ᠌ᠲᠠᠭ᠂ ᠳᠣᠱᠢᠶᠠᠬᠤ ᠦᠭᠡᠢ ᠪᠤᠯ ᠡᠪᠡᠳᠴᠢᠨ ᠦᠭᠡᠢ ᠬᠣᠬᠢᠷᠠᠯ ᠠᠮᠰᠠᠨ᠎ᠠ ᠭᠡᠵᠦ ᠪᠤᠤ ᠪᠣᠳᠣᠭ᠋ᠠᠷᠠᠢ᠂ ᠨᠢᠭᠡᠨᠲᠡ ᠡᠪᠡᠳᠴᠢᠯᠡᠬᠦ ᠳᠡᠭᠡᠷ᠎ᠡ ᠲᠤᠯᠪᠠᠯ᠂ ᠡᠮᠴᠢᠯᠡᠭᠡᠨ᠎ᠦ ᠳᠠᠭ᠋ᠠᠳᠬᠠᠯ ᠦᠭᠡᠢ ᠪᠤᠯ ᠪᠤᠯᠬᠤ ᠦᠭᠡᠢ᠂ ᠲᠤᠬᠠᠢ᠎ᠶᠢᠨ ᠦᠶ᠎ᠡ᠎ᠳᠤ ᠬᠦᠷᠪᠡᠯ ᠪᠠᠭ᠋ᠠᠬᠠᠨ 400 ᠲᠥᠬᠥᠷᠢᠭ ᠲᠡᠳᠦᠢ ᠪᠢᠰᠢ ᠪᠤᠯᠣᠨ᠎ᠠ; ᠡᠩ᠎ᠤᠨ ᠣᠯᠠᠨ ᠳᠣᠢᠮᠠᠨ᠎ᠳᠤ ᠠᠪᠴᠤ᠌ ᠬᠡᠯᠠᠪᠡᠯ᠂ ᠴᠠᠭ ᠳᠣᠬᠠᠢ᠎ᠳᠦ ᠨᠢ ᠡᠮᠴᠢᠯᠡᠭᠡᠨ᠎ᠦ ᠳᠠᠭ᠋ᠠᠳᠬᠠᠯ᠎ᠳᠤ ᠣᠷᠣᠬᠣ ᠪᠣᠯ ᠬᠠᠮᠤᠭ᠎ᠤᠨ ᠰᠠᠢ᠌ᠨ ᠰᠣᠩᠭᠣᠯᠲᠠ ᠮᠥᠨ᠃

ᠢᠷᠡᠯᠲᠡ᠄ ᠳᠤᠮᠳᠠᠳᠤ ᠤᠯᠤᠰ᠎ᠤᠨ ᠡᠮᠴᠢᠯᠡᠭᠡᠨ᠎ᠦ ᠳᠠᠭ᠋ᠠᠳᠬᠠᠯ᠎ᠤᠨ ᠣᠯᠠᠨ ᠨᠡᠢ᠌ᠲᠡ᠎ᠶᠢᠨ ᠸᠢᠴᠠᠲ ᠲᠠᠪᠴᠠᠩ
          
ᠬᠠᠮᠢᠶ᠎ᠡ ᠪᠦᠬᠦᠢ ᠰᠣᠨᠢᠨ
 
            