ᠰᠣᠷᠪᠣᠯᠵᠢᠯᠠᠭ᠍ᠴᠢ: ᠰᠦᠨ ᠱᠢᠤ ᠶᠠᠨ
7᠎ᠳ᠋ᠤᠭᠠᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠨ᠂ ᠡᠮᠨᠡᠯᠭᠡ᠎ᠶ᠋ᠢᠨ ᠳᠠᠭᠠᠳᠭᠠᠯ᠎ᠤᠨ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ ᠡᠮ᠎ᠤᠨ ᠵᠣᠢᠯᠢ ᠪᠣᠷᠣᠯᠠᠭᠤᠯᠬᠤ᠎ᠳᠤ ᠡᠷᠬᠡᠪᠰᠢ ᠱᠠᠭᠠᠷᠳᠠᠯᠭ᠎ᠠ ᠶᠣᠰᠣᠭᠠᠷ ᠡᠮ᠎ᠤᠨ ᠵᠣᠢᠯ᠎ᠤᠨ ᠮᠦᠷᠳᠡᠨ ᠨᠡᠭᠡᠮᠵᠢᠯᠡᠬᠦ᠌ ᠺᠣᠳ᠋᠎ᠢ ᠱᠢᠷᠪᠢᠪᠡᠯ ᠰᠠᠶᠢ ᠡᠮᠨᠡᠯᠭᠡ ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢ ᠳ᠋ᠦᠩᠨᠡᠨ ᠪᠤᠳᠤᠵᠤ ᠪᠣᠯᠤᠨ᠎ᠠ᠂ ᠺᠣᠳ᠋ ᠱᠢᠷᠪᠢᠬᠦ᠌ ᠦᠭᠡᠢ᠎ᠪᠠᠷ ᠪᠣᠷᠣᠯᠠᠭᠤᠯᠤᠭ᠍ᠰᠠᠨ ᠡᠮ᠎ᠤᠨ ᠵᠣᠢᠯ᠎ᠤᠨ ᠰᠦᠢᠳᠭᠡᠯ᠎ᠢ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠦ ᠲᠤᠱᠢᠶᠠᠨ ᠥᠭ᠌ᠬᠦ ᠦᠭᠡᠢ; 2026 ᠣᠨ᠎ᠤ 1ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ ᠡᠬᠢᠯᠡᠨ᠂ ᠪᠣᠶ ᠪᠥᠬᠦᠶ ᠡᠮ ᠡᠮᠨᠡᠯᠭᠡ᠎ᠶ᠋ᠢᠨ ᠪᠠᠢᠭᠤᠯᠤᠮᠵᠢ ᠴᠥᠮ ᠡᠮ᠎ᠤᠨ ᠵᠣᠢᠯ᠎ᠤᠨ ᠮᠦᠷᠳᠡᠨ ᠨᠡᠭᠡᠮᠵᠢᠯᠡᠬᠦ᠌ ᠨᠣᠮᠧᠷ᠎ᠢ ᠪᠥᠬᠦ᠌ ᠬᠡᠮᠵᠢᠶ᠎ᠡ᠎ᠪᠠᠷ ᠴᠤᠭ᠍ᠯᠠᠭᠤᠯᠵᠤ ᠳᠡᠭᠡᠭ᠌ᠰᠢ ᠳᠠᠮᠵᠢᠭᠤᠯᠬᠤ᠎ᠶ᠋ᠢ ᠪᠡᠶᠡᠯᠡᠭᠦᠯᠦᠨ᠎ᠡ᠃
ᠡᠮ᠎ᠦ᠋ᠨ ᠵᠣᠢᠯᠦ᠋ᠨ ᠮᠥᠷᠳᠡᠨ ᠨᠡᠬᠡᠮᠵᠢᠯᠡᠬᠦ᠌ ᠺᠣᠳ᠋ ᠪᠣᠯ ᠳᠠᠷᠤᠢ ᠡᠮ᠎ᠦ᠋ᠨ ᠵᠣᠢᠯ ᠦ᠋ᠨ 《ᠡᠯᠧᠺᠲ᠋ᠷᠣᠨ ᠪᠡᠶ᠎ᠡ᠎ᠶᠢᠨ ᠦᠨᠡᠮᠯᠡᠯ》᠂ ᠴᠣᠷ᠎ᠤ᠋ᠨ ᠭᠠᠭ᠍ᠴᠠ ᠴᠢᠨᠠᠷᠲᠠᠢ ᠶᠤᠮ᠃ ᠨᠢᠭᠡ ᠬᠠᠢᠷᠴᠠᠭ ᠡᠮ᠎ᠤᠨ ᠵᠦᠢᠯ᠎ᠤᠨ ᠮᠥᠷᠳᠡᠨ ᠨᠡᠬᠡᠮᠵᠢᠯᠡᠬᠦ᠌ ᠺᠣᠳ᠋᠎ᠨᠢ ᠵᠥᠪᠬᠡᠨ ᠨᠢᠭᠡ ᠯᠡ ᠤᠳᠠᠭ᠎ᠠ ᠺᠣᠳ᠋ ᠱᠢᠷᠪᠢᠭ᠌ᠳᠡᠨ ᠪᠣᠷᠣᠯᠠᠭᠤᠯᠤᠭ᠍ᠳᠠᠭ᠍ᠰᠠᠨ ᠲᠡᠮᠳᠡᠭ᠌ᠯᠡᠯ ᠪᠠᠢᠬᠤ ᠶᠣᠰᠣᠲᠠᠢ ᠂ ᠬᠡᠷᠪᠡ ᠳᠠᠬᠢᠨ ᠳᠠᠪᠲᠠᠨ ᠣᠯᠠᠨ ᠤᠳᠠᠭ᠎ᠠ ᠢᠯᠡᠷᠡᠭ᠌ᠰᠡᠨ ᠪᠣᠯ ᠬᠠᠭᠤᠷᠮᠠᠭ ᠡᠮ᠂ ᠪᠤᠴᠠᠯ ᠡᠮ ᠪᠤᠶᠤ ᠡᠮ᠎ᠤᠨ ᠵᠦᠢᠯ᠎ᠢ ᠰᠣᠯᠢᠨ ᠪᠣᠷᠣᠯᠠᠭᠤᠯᠤᠭ᠍ᠰᠠᠨ ᠪᠣᠯᠣᠮᠵᠢ᠎ᠲᠠᠢ ᠪᠠᠢᠵᠤ ᠮᠡᠳᠡᠨ᠎ᠡ᠃
ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠣᠯᠠᠨ ᠨᠡᠢᠲᠡ᠎ᠶ᠋ᠢᠨ ᠸᠢᠴᠠᠲ ᠲᠡᠪᠴᠡᠩ᠎ᠢᠶᠡᠷ ᠡᠮ᠎ᠤᠨ ᠬᠠᠢᠷᠴᠠᠭ ᠳᠡᠭᠡᠷᠡᠬᠢ ᠡᠮ᠎ᠤᠨ ᠵᠦᠢᠯ᠎ᠤᠨ ᠮᠥᠷᠳᠡᠨ ᠨᠡᠭᠡᠮᠵᠢᠯᠡᠬᠦ᠌ ᠺᠣᠳ᠋᠎ᠢ ᠱᠢᠷᠪᠢᠬᠦ᠌᠎ᠪᠠᠷ ᠳᠠᠮᠵᠢᠭᠤᠯᠤᠨ᠂ ᠡᠮ᠎ᠤᠨ ᠵᠦᠢᠯ᠎ᠤᠨ ᠪᠣᠷᠣᠯᠠᠭᠤᠯᠭ᠎ᠠ᠎ᠶ᠋ᠢᠨ ᠨᠠᠷᠢᠨ ᠮᠡᠳᠡᠭᠡ ᠵᠠᠩᠭᠢ᠎ᠶ᠋ᠢ ᠣᠯᠵᠤ ᠪᠣᠯᠤᠨ᠎ᠠ᠃ ᠡᠩ᠎ᠤᠨ ᠡᠮ ᠬᠤᠳᠠᠯᠳᠤᠨ ᠠᠪᠤᠭ᠍ᠴᠢ᠎ᠳᠤ ᠠᠪᠴᠤ᠌ ᠬᠡᠯᠡᠪᠡᠯ᠂ ᠬᠡᠷᠬᠢᠨ ᠡᠮ᠎ᠤᠨ ᠵᠦᠢᠯ᠎ᠤᠨ ᠮᠥᠷᠳᠡᠨ ᠨᠡᠭᠡᠮᠵᠢᠯᠡᠬᠦ᠌ ᠺᠣᠳ᠋᠎ᠢ ᠬᠡᠷᠡᠭ᠌ᠯᠡᠨ ᠬᠠᠮᠢᠶ᠎ᠠ ᠪᠦᠬᠦᠢ ᠮᠡᠳᠡᠭᠡ ᠵᠠᠩᠭᠢ᠎ᠶ᠋ᠢ ᠣᠯᠬᠤ ᠪᠣᠶ?
ᠨᠢᠭᠡᠳᠦᠭᠡᠷ ᠠᠯᠬᠤᠮ᠎ᠳᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠣᠯᠠᠨ ᠨᠡᠢᠲᠡ᠎ᠶ᠋ᠢᠨ ᠸᠢᠴᠠᠲ ᠲᠡᠪᠴᠡᠩ᠎ᠤᠨ ᠬᠦᠳᠡᠯᠦᠭ᠌ᠴᠢ ᠳᠡᠯᠭᠡᠴᠡ᠎ᠳᠦ ᠣᠷᠣᠵᠤ᠂ 《ᠣᠢᠯᠡᠴᠢᠯᠡᠭᠡ — ᠡᠮ᠎ᠤᠨ ᠵᠣᠢᠯ ᠢ ᠮᠥᠷᠳᠡᠨ ᠨᠡᠭᠡᠮᠵᠢᠯᠡᠬᠦ᠌ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠬᠤ》᠎ᠶ᠋ᠢ ᠲᠣᠪᠴᠢᠳᠠᠨ᠂ ᠪᠠᠢᠴᠠᠭᠠᠨ ᠯᠠᠪᠯᠠᠬᠤ ᠨᠢᠭᠤᠷ᠎ᠲᠤ ᠣᠷᠣᠨ᠎ᠠ; ᠡᠰᠡᠬᠦᠯ᠎ᠡ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠣᠯᠠᠨ ᠨᠡᠢᠲᠡ᠎ᠶ᠋ᠢᠨ ᠸᠢᠴᠠᠲ ᠲᠡᠪᠴᠡᠩ᠎ᠤᠨ ᠮᠡᠳᠡᠭᠡ ᠵᠠᠩᠭᠢ᠎ᠶ᠋ᠢᠨ ᠶᠠᠷᠢᠯᠴᠠᠭᠠᠨ᠎ᠤ ᠬᠠᠭᠤᠳᠠᠰᠤ᠎ᠳᠤ ᠣᠷᠣᠵᠤ᠂ 《ᠡᠮᠴᠢᠯᠡᠭᠡᠨ᠎ᠦ ᠪᠠᠲᠤᠯᠠᠭ᠎ᠠ᠎ᠶ᠋ᠢᠨ ᠣᠢᠯᠡᠴᠢᠯᠡᠭᠡ — ᠡᠮ᠎ᠤᠨ ᠵᠣᠢᠯᠢ ᠮᠥᠷᠳᠡᠨ ᠨᠡᠭᠡᠮᠵᠢᠯᠡᠬᠦ᠌ ᠮᠡᠳᠡᠭᠡ ᠵᠠᠩᠭᠢ᠎ᠶ᠋ᠢ ᠪᠠᠢᠴᠠᠭᠠᠨ 》᠎ᠶ᠋ᠢ ᠲᠣᠪᠴᠢᠳᠠᠨ᠂ ᠪᠠᠢᠴᠠᠭᠠᠨ ᠯᠠᠪᠯᠠᠬᠤ ᠬᠠᠭᠤᠳᠠᠰᠤ᠎ᠳᠤ ᠣᠷᠣᠨ᠎ᠠ᠃
ᠬᠤᠶᠠᠳᠤᠭᠠᠷ ᠠᠯᠬᠤᠮ᠎ᠳᠤ᠂ 《ᠡᠮ᠎ᠤᠨ ᠵᠦᠢᠯ᠎ᠤᠨ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠬᠤ》ᠨᠢᠭᠤᠷ ᠲᠤ ᠡᠮ᠎ᠤᠨ ᠵᠦᠢᠯ᠎ᠤᠨ ᠪᠣᠭᠤᠳᠠᠯ ᠳᠡᠭᠡᠷᠡᠬᠢ ᠬᠤᠶᠠᠷ ᠬᠡᠮᠵᠢᠯᠳᠦ ᠺᠣᠳ᠋ ᠪᠤᠶᠤ ᠵᠢᠷᠤᠭᠠᠰᠤᠨ ᠲᠡᠮᠳᠡᠭ᠎ᠢ ᠱᠢᠷᠪᠢᠭᠡᠳ ᠪᠠᠢᠴᠠᠭᠠᠨ ᠯᠠᠪᠯᠠᠵᠤ ᠪᠣᠯᠤᠨ᠎ᠠ᠃
ᠬᠡᠷᠪᠡ 《ᠦᠢᠯᠡᠳᠭᠦᠨ᠎ᠤ ᠪᠣᠷᠣᠯᠠᠭᠤᠯᠤᠭ᠍ᠰᠠᠨ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠵᠤ ᠣᠯᠣᠭ᠍ᠰᠠᠨ ᠥᠬᠡᠶ》 ᠭᠡᠵᠦ᠍ ᠢᠯᠡᠷᠡᠪᠡᠯ ᠬᠤᠶᠠᠷ ᠡᠳᠦᠷ ᠬᠦᠯᠢᠶᠡᠭ᠌ᠰᠡᠨᠦ ᠳᠠᠷᠠᠭ᠎ᠠ ᠳᠠᠬᠢᠨ ᠺᠣᠳ᠋᠎ᠢ ᠱᠢᠷᠪᠢᠬᠦ᠌᠎ᠶ᠋ᠢ ᠰᠠᠨᠠᠭᠤᠯᠵᠤ᠂ ᠬᠡᠷᠪᠡ ᠪᠠᠰᠠ ᠢᠯᠡᠷᠡᠭ᠌ᠰᠡᠨ ᠥᠬᠡᠶ ᠪᠣᠯ ᠬᠤᠳᠠᠯᠳᠤᠭ᠍ᠰᠠᠨ ᠪᠠᠢᠭᠤᠯᠤᠮᠵᠢ ᠲᠣᠰ ᠬᠠᠢᠷᠴᠠᠭ ᠡᠮ᠎ᠤᠨ ᠵᠦᠢᠯ ᠳᠡᠭᠡᠷᠡᠬᠢ ᠮᠦᠷᠳᠡᠨ ᠨᠡᠬᠡᠮᠵᠢᠯᠡᠬᠦ᠌ ᠺᠣᠳ᠋᠎ᠢ ᠱᠢᠷᠪᠢᠭ᠌ᠰᠡᠨ ᠥᠬᠡᠶ ᠪᠠᠢᠬᠤ᠎ᠶ᠋ᠢ ᠲᠣᠳᠣᠷᠬᠠᠢᠯᠠᠵᠤ᠂ ᠬᠤᠳᠠᠯᠳᠤᠭ᠍ᠰᠠᠨ ᠪᠠᠢᠭᠤᠯᠤᠮᠵᠢ ᠪᠤᠶᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠤ ᠲᠤᠰᠭᠠᠵᠤ ᠪᠣᠯᠤᠨ᠎ᠠ᠃
《ᠵᠥᠪᠬᠡᠨ ᠨᠢᠭᠡ ᠯᠠ ᠤᠳᠠᠭ᠎ᠠ ᠪᠣᠷᠣᠯᠠᠭᠤᠯᠤᠭ᠍ᠰᠠᠨ ᠮᠡᠳᠡᠭᠡ ᠵᠠᠩᠭᠢ ᠶ᠋ᠢ ᠪᠠᠢᠴᠠᠭᠠᠨ ᠣᠯᠣᠭ᠍ᠰᠠᠨ 》 ᠭᠡᠵᠦ᠍ ᠢᠯᠡᠷᠡᠭ᠌ᠰᠡᠨ ᠪᠥᠭᠡᠳ ᠬᠡᠷᠪᠡ ᠡᠨᠡ ᠤᠳᠠᠭᠠᠨ᠎ᠤ ᠪᠣᠷᠣᠯᠠᠭᠤᠯᠤᠯᠲᠠ ᠨᠢ ᠶᠠᠭ ᠬᠤᠪᠢ ᠶ᠋ᠢᠨ ᠬᠤᠳᠠᠯᠳᠤᠨ ᠠᠪᠤᠭ᠍ᠰᠠᠨ ᠪᠠᠢᠪᠠᠯ᠂ ᠲᠣᠰ ᠡᠮ᠎ᠤᠨ ᠵᠦᠢᠯ᠎ᠨᠢ ᠬᠠᠤᠯᠢ ᠲᠣᠭ᠍ᠲᠠᠭᠠᠯ᠎ᠳᠤ ᠨᠡᠢᠴᠡᠵᠦ᠍ ᠪᠠᠢᠬᠤ᠎ᠶ᠋ᠢ ᠲᠣᠳᠣᠷᠬᠠᠢᠯᠠᠨ᠎ᠠ; ᠬᠡᠷᠪᠡ ᠬᠤᠪᠢ ᠶ᠋ᠢᠨ ᠬᠤᠳᠠᠯᠳᠤᠨ ᠠᠪᠣᠭ᠍ᠰᠠᠨ ᠲᠡᠮᠳᠡᠭ᠌ᠯᠡᠯ ᠪᠢᠰᠢ ᠪᠣᠯ ᠲᠣᠰ ᠡᠮ᠎ᠤᠨ ᠵᠦᠢᠯ᠎ᠢ ᠡᠭᠦᠨ᠎ᠠᠴᠠ ᠡᠮᠦᠨ᠎ᠡ ᠨᠢᠭᠡᠨᠲᠡ ᠬᠤᠳᠠᠯᠳᠤᠭ᠍ᠰᠠᠨᠢ ᠬᠠᠷᠠᠭᠤᠯᠵᠤ ᠪᠠᠢᠨ᠎ᠠ᠂ ᠪᠤᠴᠠᠯ ᠡᠮ᠂ ᠰᠣᠯᠢᠭ᠍ᠰᠠᠨ ᠡᠮ ᠪᠤᠶᠤ ᠬᠠᠭᠤᠷᠮᠠᠭ ᠡᠮ ᠪᠣᠯᠣᠨ᠎ᠠ᠂ ᠬᠡᠷᠡᠭ᠌ᠯᠡᠭ᠌ᠴᠢᠳ ᠢᠯᠡᠴᠢᠯᠡᠨ ᠮᠡᠳᠡᠭᠦᠯᠬᠦ᠌᠎ᠶ᠋ᠢᠨ ᠬᠠᠮᠲᠤ ᠬᠤᠳᠠᠯᠳᠤᠭ᠍ᠰᠠᠨ ᠪᠠᠢᠭᠤᠯᠤᠮᠵᠢ᠎ᠠᠴᠠ ᠲᠥᠯᠥᠪᠦᠷᠢ ᠠᠪᠴᠤ᠌ ᠪᠣᠯᠣᠨ᠎ᠠ᠃
ᠬᠡᠷᠪᠡ 《2 ᠤᠳᠠᠭ᠎ᠠ ᠵᠢᠴᠢ ᠳᠡᠭᠡᠭ᠌ᠰᠢ ᠬᠤᠳᠠᠯᠳᠤᠭ᠍ᠰᠠᠨ ᠰᠤᠷᠠᠭ ᠵᠠᠩᠭᠢ ᠶ᠋ᠢ ᠪᠠᠢᠴᠠᠭᠠᠨ ᠣᠯᠵᠠᠢ》 ᠭᠡᠵᠦ᠍ ᠢᠯᠡᠷᠡᠵᠦ᠍ ᠪᠠᠢᠪᠠᠯ ᠂ ᠮᠥᠨ ᠴᠤ᠌ ᠲᠤᠰ ᠡᠮ ᠦᠨ ᠵᠣᠢᠯᠢ ᠡᠭᠦᠨ᠎ᠡᠴᠡ ᠡᠮᠦᠨ᠎ᠡ ᠬᠤᠳᠠᠯᠳᠤᠵᠤ ᠥᠩᠭᠡᠷᠡᠭ᠌ᠰᠡᠨ᠎ᠢ ᠬᠠᠷᠠᠭᠤᠯᠵᠤ ᠪᠠᠢᠨ᠎ᠠ ᠃
ᠣᠨᠴᠠᠭᠠᠢᠯᠠᠨ ᠲᠣᠳᠣᠷᠬᠠᠢᠯᠠᠬᠤ ᠴᠢᠬᠤᠯᠠᠲᠠᠢ᠎ᠨᠢ ᠂ ᠬᠡᠷᠪᠡ ᠡᠮᠴᠢᠯᠡᠭᠡᠨ ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠠᠴᠠ ᠭᠠᠳᠠᠨᠠᠬᠢ ᠵᠥᠭᠡᠯᠡᠨ ᠲᠣᠨᠣᠭ ᠪᠤᠶᠤ App ᠪᠠᠷ ᠡᠮ᠎ᠦᠨ ᠵᠣᠢᠯ᠎ᠤᠨ ᠮᠦᠷᠳᠡᠨ ᠨᠡᠭᠡᠮᠵᠢᠯᠡᠬᠦ᠌ ᠺᠣᠲ ᠶ᠋ᠢ ᠱᠢᠷᠪᠢᠯᠲᠡ ᠬᠢᠭᠡᠳ ᠣᠯᠤᠭ᠍ᠰᠠᠨ ᠮᠡᠳᠡᠭᠡ ᠵᠠᠩᠭᠢ᠎ᠨᠢ ᠲᠣᠰ ᠡᠮ᠎ᠤᠨ ᠵᠦᠢᠯ᠎ᠤᠨ ᠡᠮᠨᠡᠯᠭᠡ ᠶ᠋ᠢᠨ ᠳᠠᠭᠠᠳᠭᠠᠯ᠎ᠤᠨ ᠪᠣᠷᠣᠯᠠᠭᠤᠯᠭ᠎ᠠ᠎ᠶ᠋ᠢᠨ ᠳ᠋ᠦᠩᠨᠡᠨ ᠪᠣᠳᠣᠭ᠍ᠰᠠᠨ ᠮᠡᠳᠡᠭᠡ ᠵᠠᠩᠭᠢ ᠪᠢᠰᠢ᠂ ᠳᠡᠭᠡᠷᠡᠬᠢ ᠠᠷᠭ᠎ᠠ ᠪᠠ ᠳ᠋ᠦᠩᠨᠡᠯᠲᠡ᠎ᠳᠤ ᠲᠣᠬᠢᠷᠠᠬᠤ ᠦᠭᠡᠢ᠃