ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠪᠦᠬᠦ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ | ᠭᠦᠢᠴᠡᠳᠭᠡᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠨ᠎ᠠ᠃ ᠡᠮᠴᠢᠯᠡᠭᠡ ᠶᠢᠨ ᠪᠠᠲᠤᠯᠠᠭ᠎ᠠ ᠶᠢᠨ | ᠰᠠᠭᠤᠷᠢ ᠮᠥᠩᠭᠦ ᠳᠤ ᠬᠢᠨᠠᠯᠲᠠ ᠲᠠᠯᠪᠢᠬᠤ ᠬᠠᠮᠢᠶᠠᠷᠤᠯᠳᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ | ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ | ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ | ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠪᠠ ᠡᠮᠴᠢᠯᠡᠭᠡ ᠶᠢᠨ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡ ᠶᠢᠨ | ᠪᠠᠲᠤᠯᠠᠭ᠎ᠠ ᠶᠢᠨ ᠭᠠᠷᠳᠠᠨ ᠬᠢᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠡᠮᠴᠢᠯᠡᠭᠡ ᠶᠢᠨ ᠪᠠᠲᠤᠯᠠᠭ᠎ᠠ ᠶᠢᠨ | ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠡ ᠶᠢᠨ ᠲᠥᠰᠦᠪ ᠪᠠ ᠲᠥᠰᠦᠪ ᠤᠨ | ᠭᠦᠢᠴᠡᠳᠭᠡᠯ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃ | ᠬᠠᠷᠢᠭᠤᠴᠠᠯᠭᠠᠲᠠᠨ᠄ ᠯᠢ ᠾᠦᠢ ᠶᠤᠸᠠᠨ | ᠠᠯᠪᠠᠨ ᠤᠲᠠᠰᠤ᠄ 0471-6606267 | ᠠᠵᠢᠯᠯᠠᠬᠤ ᠴᠠᠭ᠄ 9᠄ 00 — 12᠄ 00᠄ 13᠄ 30 — 5᠄ 00 | ᠪᠠᠶᠢᠭᠤᠯᠭ᠎ᠠ ᠶᠢᠨ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ | 53 ᠳ᠋ᠤᠭᠠᠷ ᠨᠣᠮᠧᠷ |