ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 24 ᠤ ᠡᠳᠤᠷ ᠤᠨ ᠮᠡᠳᠡᠭᠡ ᠤᠶᠢᠷ᠎ᠠ ᠳᠤ᠂ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ︽ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ | ᠳᠤ ᠬᠦᠴᠢᠷᠲᠡᠢ ᠪᠠᠶᠢᠭ᠎ᠠ ᠠᠰᠠᠭᠤᠳᠠᠯ ᠢ ᠦᠨᠡᠨᠬᠦ ᠰᠢᠢᠳᠪᠤᠷᠢᠯᠡᠬᠦ ᠲᠤᠬᠠᠢ ᠬᠡᠷᠡᠭᠵᠢᠭᠦᠯᠬᠦ ᠲᠦᠰᠦᠯ︾ ︵ᠲᠤᠷᠤᠭᠰᠢ | ︽ᠬᠡᠷᠡᠭᠵᠢᠭᠦᠯᠬᠦ ᠲᠦᠰᠦᠯ︾ ᠭᠡᠵᠦ ᠲᠦᠭᠦᠮᠴᠢᠯᠡᠨ᠎ᠡ︶ ᠢ ᠲᠠᠷᠤᠮᠠᠯᠯᠠᠨ ᠲᠠᠷᠬᠠᠭᠠᠵᠦ᠂ ᠨᠠᠰᠤᠲᠠᠶᠢᠴᠤᠳ ᠤᠶᠤᠨᠴᠢ | ᠮᠡᠷᠭᠡᠵᠢᠯ ᠢ ᠬᠡᠷᠡᠭᠯᠡᠬᠦ ᠳᠤ ᠬᠦᠴᠢᠷᠳᠡᠵᠦ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠤᠷᠢᠯᠡᠵᠦ᠂ | ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ ᠤᠶᠤᠨᠴᠢᠯᠠᠭᠰᠠᠨ ᠦᠢᠯᠡᠴᠢᠯᠡᠭᠡᠨ ᠤ ᠡᠭᠦᠳᠦᠯᠲᠡ ᠶᠢ | ᠵᠡᠷᠭᠡᠴᠡᠭᠦᠯᠦᠨ ᠶᠡᠪᠤᠭᠳᠠᠭᠤᠯᠬᠤ ᠶᠢ ᠪᠠᠷᠢᠮᠲᠠᠯᠠᠵᠦ᠂ ᠨᠠᠰᠤᠲᠠᠶᠢᠴᠤᠳ ᠲᠤ ᠨᠡᠩ ᠪᠦᠷᠢᠨ ᠭᠦᠢᠴᠡᠳ᠂ ᠨᠡᠩ | ᠲᠤᠲᠤᠨᠤ᠂ ᠨᠡᠩ ᠰᠢᠭᠤᠳ ᠲᠦᠬᠦᠮ ᠦᠢᠯᠡᠴᠢᠯᠡᠭᠡ ᠬᠠᠩᠭᠠᠬᠤ ᠪᠠᠶᠢᠷᠢᠯᠠᠭᠤᠯᠤᠯᠲᠠ ᠬᠢᠵᠠᠢ᠃ | ︽ᠬᠡᠷᠡᠭᠵᠢᠭᠦᠯᠬᠦ ᠲᠦᠰᠦᠯ︾ ᠳᠤ ᠵᠢᠭᠠᠵᠦ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯᠲᠡ ᠶᠢ | ᠪᠠᠷᠢᠮᠲᠠᠯᠠᠵᠦ᠂ ᠠᠷᠠᠳ ᠲᠦᠮᠡᠨ ᠤ ᠡᠳᠤᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠵᠦ᠂ ᠨᠠᠰᠤᠲᠠᠶᠢᠴᠤᠳ ᠤᠨ ᠬᠡᠷᠡᠭᠴᠡᠭᠡ ᠶᠢ ᠭᠦᠢᠴᠡᠳ ᠬᠠᠷᠠᠭᠠᠯᠵᠠᠵᠦ ᠴᠢᠳᠠᠬᠤ ᠤᠬᠠᠭᠠᠨᠳᠤ | ᠨᠡᠶᠢᠭᠡᠮ ᠤᠨ ᠪᠠᠶᠢᠭᠤᠯᠤᠯᠲᠠ ᠶᠢ ᠪᠠᠷᠢᠮᠲᠠᠯᠠᠵᠦ᠂ ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ | ᠤᠶᠤᠨᠴᠢᠯᠠᠭᠰᠠᠨ ᠦᠢᠯᠡᠴᠢᠯᠡᠭᠡᠨ ᠤ ᠡᠭᠦᠳᠦᠯᠲᠡ ᠶᠢ ᠵᠡᠷᠭᠡᠴᠡᠭᠦᠯᠦᠨ ᠶᠡᠪᠤᠭᠳᠠᠭᠤᠯᠬᠤ ᠶᠢ ᠪᠠᠷᠢᠮᠲᠠᠯᠠᠵᠦ᠂ | ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠲᠤᠯᠭᠠᠷᠠᠵᠦ ᠪᠠᠶᠢᠭ᠎ᠠ ᠬᠦᠴᠢᠷᠲᠡᠯ ᠢ ᠦᠨᠡᠨᠬᠦ ᠰᠢᠢᠳᠪᠤᠷᠢᠯᠡᠬᠦ | ᠬᠡᠷᠡᠭᠲᠡᠢ᠃ ᠬᠢᠵᠢᠭ ᠢ ᠰᠡᠷᠭᠡᠶᠢᠯᠡᠨ ᠬᠤᠷᠢᠭᠯᠠᠬᠤ ᠪᠠ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠳᠤ | ᠵᠤᠬᠢᠴᠠᠭᠤᠯᠵᠦ᠂ ᠨᠠᠰᠤᠲᠠᠶᠢᠴᠤᠳ ᠤᠨ ᠡᠳᠤᠷ ᠲᠤᠲᠤᠮ ᠤᠨ ᠠᠮᠢᠳᠤᠷᠠᠯ ᠳᠤ ᠤᠯᠠᠨ ᠲᠤᠬᠢᠶᠠᠯᠳᠤᠬᠤ ᠵᠥᠢᠯ ᠳᠤ | ᠠᠩᠬᠠᠷᠤᠯ ᠲᠠᠯᠪᠢᠵᠦ᠂ ᠤᠯᠠᠮᠵᠢᠯᠠᠯᠳᠤ ᠦᠢᠯᠡᠴᠢᠯᠡᠭᠡᠨ ᠤ ᠬᠡᠯᠪᠡᠷᠢ ᠪᠤᠯᠤᠨ ᠤᠶᠤᠨᠴᠢᠯᠠᠭᠰᠠᠨ ᠦᠢᠯᠡᠴᠢᠯᠡᠭᠡᠨ ᠤ | ᠡᠭᠦᠳᠦᠯᠲᠡ ᠶᠢ ᠤᠶᠠᠯᠳᠤᠭᠤᠯᠬᠤ᠂ ᠡ᠊ᠩ ᠤᠨ ᠬᠡᠷᠡᠭᠯᠡᠭᠡ ᠪᠠ ᠲᠦᠷᠦᠯ ᠠᠩᠭᠢᠯᠠᠬᠤ ᠶᠢ ᠤᠶᠠᠯᠳᠤᠭᠤᠯᠬᠤ᠂ | ᠰᠦᠯᠵᠢᠶᠡᠨ ᠦᠢᠯᠡᠴᠢᠯᠡᠭᠡ ᠪᠠ ᠰᠦᠯᠵᠢᠶᠡᠨ ᠭᠠᠳᠠᠨᠠᠬᠢ ᠵᠠᠮ ᠰᠤᠪᠠᠭ ᠢ ᠤᠶᠠᠯᠳᠤᠭᠤᠯᠬᠤ᠂ ᠲᠤᠪᠤᠶᠢᠮ᠎ᠠ | ᠠᠰᠠᠭᠤᠳᠠᠯ ᠢ ᠰᠢᠢᠳᠪᠤᠷᠢᠯᠡᠬᠦ ᠪᠠ ᠤᠷᠳᠤ ᠤᠳᠠᠭᠠᠨ ᠦᠢᠯᠡᠴᠢᠯᠡᠯ ᠲᠠᠢ ᠲᠤᠭᠲᠠᠴᠠ ᠶᠢ ᠤᠶᠠᠯᠳᠤᠭᠤᠯᠬᠤ ᠶᠢ | ᠪᠠᠷᠢᠮᠲᠠᠯᠠᠵᠦ᠂ ᠨᠠᠰᠤᠲᠠᠶᠢᠴᠤᠳ ᠲᠤ ᠦᠢᠯᠡᠴᠢᠯᠡᠬᠦ ᠡᠯ᠎ᠡ ᠵᠥᠢᠯ ᠤᠨ ᠠᠵᠢᠯ ᠢ ᠨᠠᠷᠢᠨ ᠪᠤᠳᠠᠲᠠᠢ ᠬᠢᠵᠦ᠂ ᠰᠤᠷᠠᠭ | ᠵᠠᠩᠭᠢᠵᠢᠯᠲᠠ ᠶᠢᠨ ᠬᠦᠭᠵᠢᠯᠲᠡ ᠲᠤᠮᠳᠠ ᠨᠠᠰᠤᠲᠠᠶᠢᠴᠤᠳ ᠢ ᠨᠡᠩ ᠢᠯᠡᠭᠦᠦ ᠬᠦᠷᠲᠡᠮᠵᠢᠳᠤ ᠲᠦᠷᠦᠭᠳᠡᠯ᠂ ᠵᠤᠯ | ᠵᠢᠷᠭᠠᠯᠳᠤ ᠲᠦᠷᠦᠭᠳᠡᠯ᠂ ᠠᠮᠤᠷ ᠲᠠᠶᠢᠪᠤᠩ ᠲᠦᠷᠦᠭᠳᠡᠯ ᠲᠠᠢ ᠪᠤᠯᠭᠠᠬᠤ ᠬᠡᠷᠡᠭᠲᠡᠢ ᠭᠡᠵᠡᠢ᠃ | ︽ ᠬᠡᠷᠡᠭᠵᠢᠭᠦᠯᠬᠦ ᠲᠦᠰᠦᠯ︾ ᠳᠤ ᠲᠤᠷᠠᠳᠤᠭᠰᠠᠨ ᠨᠢ᠂ ᠲᠦᠷᠦ ᠶᠢᠨ ᠪᠤᠲᠤᠯᠭ᠎ᠠ ᠶᠢᠨ ᠵᠢᠯᠤᠭᠤᠳᠤᠮᠵᠢ ᠪᠠ | ᠪᠦᠬᠦ ᠨᠡᠶᠢᠭᠡᠮ ᠤᠨ ᠬᠠᠮᠳᠤ ᠶᠢᠨ ᠴᠢᠷᠮᠠᠶᠢᠯᠭ᠎ᠠ ᠪᠠᠷ᠂ ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ | ᠬᠦᠴᠢᠷᠳᠡᠵᠦ ᠪᠠᠶᠢᠭ᠎ᠠ ᠠᠰᠠᠭᠤᠳᠠᠯ ᠢ ᠪᠦᠳᠦᠮᠵᠢᠲᠠᠢ ᠰᠢᠢᠳᠪᠤᠷᠢᠯᠡᠵᠦ᠂ ᠦᠷᠭᠡᠨ ᠤᠯᠠᠨ ᠨᠠᠰᠤᠲᠠᠶᠢᠴᠤᠤᠯ ᠢ | ᠤᠬᠠᠭᠠᠨᠳᠤ ᠨᠡᠶᠢᠭᠡᠮ ᠳᠤ ᠨᠡᠩ ᠰᠠᠶᠢᠨ ᠵᠤᠬᠢᠴᠠᠭᠤᠯᠬᠤ ᠬᠡᠷᠡᠭᠲᠡᠢ᠃ 2020 ᠤᠨ ᠤ ᠡᠴᠦᠰ ᠠᠴᠠ ᠡᠮᠤᠨ᠎ᠡ᠂ | ᠡᠯ᠎ᠡ ᠲᠦᠷᠦᠯ ᠤᠨ ᠤᠯᠠᠮᠵᠢᠯᠠᠯᠳᠤ ᠦᠢᠯᠡᠴᠢᠯᠡᠭᠡ ᠶᠢ ᠬᠦᠴᠦ ᠪᠠᠨ ᠲᠦᠪᠯᠡᠷᠡᠭᠦᠯᠦᠨ ᠰᠠᠶᠢᠳᠤᠷ ᠪᠠᠲᠤᠯᠠᠵᠦ᠂ | ᠨᠠᠰᠤᠲᠠᠶᠢᠴᠤᠳ ᠤᠶᠤᠨᠴᠢ ᠮᠡᠷᠭᠡᠵᠢᠯ ᠢ ᠬᠡᠷᠡᠭᠯᠡᠬᠦ ᠳᠤ ᠬᠠᠮᠤᠭ ᠪᠠᠴᠢᠮ ᠲᠤᠯᠭᠠᠷᠠᠵᠦ ᠪᠠᠶᠢᠭ᠎ᠠ ᠠᠰᠠᠭᠤᠳᠠᠯ ᠢ | ᠰᠢᠢᠳᠪᠤᠷᠢᠯᠡᠬᠦ ᠨᠢᠭᠡ ᠪᠦᠯᠦᠭ ᠪᠦᠳᠦᠮᠵᠢᠲᠠᠢ ᠠᠷᠭ᠎ᠠ ᠪᠠᠷᠢᠯ ᠢ ᠰᠡᠳᠤᠨ ᠭᠠᠷᠭᠠᠵᠦ᠂ ᠨᠠᠰᠤᠲᠠᠶᠢᠴᠤᠳ ᠤᠨ | ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ᠃ 2021 ᠤᠨ ᠤ ᠡᠴᠦᠰ ᠠᠴᠠ | ᠡᠮᠤᠨ᠎ᠡ᠂ ᠨᠠᠰᠤᠲᠠᠶᠢᠴᠤᠳ ᠲᠤ ᠤᠯᠠᠨ ᠲᠤᠬᠢᠶᠠᠯᠳᠤᠬᠤ ᠵᠥᠢᠯ ᠤᠨ ᠲᠤᠭᠤᠷᠢᠨ ᠳᠤ ᠨᠠᠰᠤᠲᠠᠶᠢᠴᠤᠳ ᠲᠤ | ᠬᠦᠷᠲᠡᠭᠡᠬᠦ ᠤᠶᠤᠨᠴᠢᠯᠠᠭᠰᠠᠨ ᠦᠢᠯᠡᠴᠢᠯᠡᠭᠡ ᠶᠢ ᠨᠡᠩ ᠲᠦᠭᠡᠮᠡᠯᠵᠢᠭᠦᠯᠵᠦ᠂ ᠤᠯᠠᠮᠵᠢᠯᠠᠯᠳᠤ ᠦᠢᠯᠡᠴᠢᠯᠡᠭᠡ ᠶᠢᠨ | ᠬᠡᠯᠪᠡᠷᠢ ᠨᠡᠩ ᠲᠡᠭᠦᠯᠳᠡᠷᠵᠢᠭᠰᠡᠨ ᠪᠠᠶᠢᠬᠤ ᠬᠡᠷᠡᠭᠲᠡᠢ᠃ 2022 ᠤᠨ ᠤ ᠡᠴᠦᠰ ᠠᠴᠠ ᠡᠮᠤᠨ᠎ᠡ᠂ ᠨᠠᠰᠤᠲᠠᠶᠢᠴᠤᠳ | ᠲᠤ ᠬᠦᠷᠲᠡᠭᠡᠬᠦ ᠤᠶᠤᠨᠴᠢᠯᠠᠭᠰᠠᠨ ᠦᠢᠯᠡᠴᠢᠯᠡᠭᠡ ᠶᠢᠨ ᠬᠢᠷᠢ ᠲᠦᠪᠰᠢᠨ ᠢ ᠮᠡᠳᠡᠭᠳᠡᠭᠦᠶᠢᠴᠡ ᠰᠠᠶᠢᠵᠢᠷᠠᠭᠤᠯᠵᠦ᠂ | ᠲᠦᠭᠦᠮ ᠲᠦᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠦᠢᠯᠡᠴᠢᠯᠡᠭᠡ ᠶᠢ ᠨᠡᠩ ᠪᠦᠳᠦᠮᠵᠢᠲᠡᠢ ᠪᠤᠯᠭᠠᠵᠦ᠂ ᠨᠠᠰᠤᠲᠠᠶᠢᠴᠤᠳ ᠲᠤ ᠲᠤᠯᠭᠠᠷᠠᠭᠰᠠᠨ ︽ | ᠲᠤᠭᠠᠴᠢᠯᠠᠯ ᠤᠨ ᠠᠩ ᠵᠠᠪᠰᠠᠷ︾ ᠤᠨ ᠠᠰᠠᠭᠤᠳᠠᠯ ᠢ ᠰᠢᠢᠳᠪᠤᠷᠢᠯᠡᠬᠦ ᠤᠷᠳᠤ ᠤᠳᠠᠭᠠᠨ ᠤ ᠲᠤᠭᠲᠠᠴᠠ ᠶᠢ | ᠦᠨᠳᠦᠰᠦᠨ ᠳᠡᠭᠡᠨ ᠪᠠᠶᠢᠭᠤᠯᠬᠤ ᠬᠡᠷᠡᠭᠲᠡᠢ ᠬᠡᠪᠡ᠃ http://mongol.people.com. | cn/15830919.html | |