ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ ᠬᠤᠶᠠᠳᠤᠭᠠᠷ ᠤᠳᠠᠭ᠎ᠠ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/11
     3 ᠳ᠋ᠤᠭᠠᠷ ᠰᠠᠷ᠎ᠠ ᠶᠢᠨ 13 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ ᠬᠤᠶᠠᠳᠤᠭᠠᠷ ᠤᠳᠠᠭᠠᠨ ᠤ ᠰᠤᠷᠤᠯᠴᠠᠯᠭ᠎ᠠ ︵ᠦᠷᠭᠡᠳᠭᠡᠭᠰᠡᠨ︶ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠳᠦ ᠢᠯᠠᠯᠲᠠ ᠶᠢ ᠤᠯᠬᠤ ᠬᠤᠷᠠᠯ ᠳᠡᠭᠡᠷᠡᠬᠢ ᠶᠠᠷᠢᠶᠠᠨ ᠤ  ᠲᠤᠭᠤᠷᠢᠨ ᠳᠤ ᠲᠤᠰᠬᠠᠶ ᠰᠡᠳᠦᠪᠲᠦ ᠰᠠᠨᠠᠯ ᠤᠨ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ ᠨᠥᠬᠦᠷ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠶ᠃      ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋  ᠳᠠᠷᠤᠭ᠎ᠠ ᠯᠢ ᠷᠦᠩ᠂ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠲᠣᠰ ᠲᠣᠰ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠤᠯᠢᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠤᠯᠬᠤ ᠠᠵᠢᠯ ᠳᠤ ᠲᠠᠬᠢᠨ ᠲᠠᠶᠢᠴᠢᠯᠠᠯᠳᠠ ᠲᠠᠬᠢᠨ ᠪᠠᠶᠢᠷᠢᠯᠠᠭᠤᠯᠤᠯᠲᠠ ᠬᠢᠵᠦ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠰᠠᠶᠢᠲᠤᠷ ᠬᠢᠬᠦ ᠪᠠ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠳᠤ ᠰᠡᠳᠬᠢᠴᠡ ᠶᠢ ᠲᠤᠳᠤᠷᠬᠠᠶᠢᠯᠠᠵᠦ᠂ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠪᠠ᠃ ᠡᠮᠴᠢᠯᠡᠭᠡᠨ ᠤ ᠪᠠᠲᠣᠯᠠᠭ᠎ᠠ ᠶᠢᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠣᠯᠤᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠬᠦ ᠬᠡᠷᠡᠭᠳᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠡᠮᠴᠢᠯᠡᠭᠡᠨ ᠤ ᠪᠠᠲᠣᠯᠠᠭ᠎ᠠ ᠶᠢᠨ ᠰᠠᠯᠠᠭ᠎ᠠ ᠮᠥᠴᠢᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠦᠨᠳᠦᠷᠴᠡ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ᠂ ᠪᠠᠲᠤᠯᠠᠪᠠᠰᠤ ᠵᠣᠬᠢᠬᠤ ᠶᠢ ᠵᠦᠢᠯᠡᠰ ᠢ ᠪᠦᠬᠦᠨ ᠢ ᠪᠠᠲᠤᠯᠠᠬᠤ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠶᠢ ᠪᠠᠳᠤᠯᠠᠬᠤ᠂ ᠬᠡᠳᠦ ᠪᠠᠲᠤᠯᠠᠬᠤ ᠶᠢ ᠰᠡᠷᠭᠡᠶᠢᠯᠡᠬᠦ ᠪᠠ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠡᠮᠴᠢᠯᠡᠭᠡᠨ ᠤ ᠪᠠᠲᠣᠯᠠᠭ᠎ᠠ ᠶᠢᠨ ᠶᠠᠳᠠᠭᠤ ᠶᠢ ᠲᠡᠳᠬᠦᠬᠦ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号