ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ ᠭᠤᠷᠪᠠᠳᠤᠭᠠᠷ ᠤᠳᠠᠭ᠎ᠠ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/11
     3 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ ᠭᠤᠷᠪᠠᠳᠤᠭᠠᠷ ᠤᠳᠠᠭ᠎ᠠ ᠶᠢᠨ ᠰᠤᠷᠤᠯᠴᠠᠯᠭ᠎ᠠ ︵ᠦᠷᠭᠡᠳᠭᠡᠭᠰᠡᠨ︶ ᠶᠢᠨ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ ᠨᠥᠬᠦᠷ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ ︽ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾  ︵ᠳᠣᠷᠣᠭᠰᠢ︶ ︽ᠰᠠᠨᠠᠯ︾ ᠭᠡᠵᠦ ᠲᠣᠪᠴᠢᠯᠠᠨ᠎ᠠ︶ ᠢ ᠤᠯᠠᠮᠵᠢᠯᠠᠨ ᠰᠤᠷᠤᠯᠴᠠᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠬᠤᠤ ᠮᠧᠩ᠂ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ ᠲᠣᠰ ᠲᠣᠰ ᠠᠵᠢᠯ ᠤᠨ ᠡᠭᠦᠷᠭᠡ  ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ︽ᠰᠠᠨᠠᠯ︾ ᠢ ᠨᠡᠶᠢᠲᠡᠯᠡᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠤᠯᠭᠠᠭᠰᠠᠨ ᠪᠠ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠶᠢ ᠭᠦᠢᠴᠡᠳ ᠢᠯᠡᠷᠡᠭᠦᠯᠵᠦ᠂ ᠮᠠᠨ ᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠤᠷᠤᠭᠰᠠᠨ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠᠶᠢᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶ ᠵᠢᠭᠠᠵᠤ ᠥᠭᠴᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠪᠣᠯ ᠠᠷᠠᠳ ᠣᠯᠠᠨ ᠤ ᠡᠷᠡᠭᠦᠯ ᠮᠡᠨᠳᠦ ᠪᠤᠶᠠᠨ ᠵᠢᠷᠭᠠᠯ ᠲᠠᠢ ᠬᠤᠯᠪᠤᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠬᠤᠷ ᠡᠯ᠎ᠡ ᠱᠠᠲᠤᠨ ᠤ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ ᠲᠡᠩᠴᠡᠭᠦᠷᠢ ᠦᠭᠡᠶ᠂ ᠭᠦᠢᠴᠡᠳ ᠦᠭᠡᠶ ᠠᠰᠠᠭᠤᠳᠠᠯ ᠵᠢᠴᠢ ᠠᠵᠢᠯ ᠤᠨ ᠳᠤᠮᠳᠠᠬᠢ ᠬᠦᠴᠢᠷᠳᠡᠯ ᠪᠣᠯᠤᠨ ᠪᠠᠭᠤᠷᠠᠶ ᠲᠠᠯ᠎ᠠ ᠶᠢ ᠰᠢᠢᠳᠪᠦᠷᠢᠯᠡᠬᠦ ᠶᠢᠨ ᠲᠣᠭᠤᠷᠢᠨ ᠳᠤ ᠪᠣᠳᠠᠲᠠᠶ ᠳᠤ ᠨᠡᠶᠢᠴᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠨᠠᠮ ᠤᠨ ᠲᠥᠪ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠪᠣᠳᠠᠲᠠᠶ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号