ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ 2020 ᠣᠨ ᠤ ᠺᠠᠳᠠᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/11
     2020 ᠣᠨ ᠤ 4 ᠳ᠋ᠤᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠴᠢᠤᠸᠠᠨ ᠶᠢᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠪᠥᠬᠦ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠥᠬᠦ ᠪᠦᠷᠢᠯᠳᠦᠬᠦᠨ᠂ ᠪᠦᠬᠦ ᠺᠠᠳ᠋ᠷ ᠠᠵᠢᠯᠳᠠᠨ ᠵᠢᠴᠢ ᠰᠢᠨ᠎ᠡ ᠪᠠᠷ ᠳᠡᠪᠰᠢᠭᠦᠯᠦᠨ ᠲᠣᠮᠢᠯᠠᠭᠰᠠᠨ᠂ ᠠᠵᠢᠯ ᠰᠢᠯᠵᠢᠭᠰᠡᠨ᠂ ᠰᠢᠯᠢᠨ ᠰᠤᠩᠭᠤᠭᠳᠠᠭᠰᠠᠨ ᠬᠥᠮᠦᠰ ᠬᠤᠷᠠᠯ ᠳᠤ ᠣᠷᠣᠯᠴᠠᠪᠠ᠃      ᠳᠤᠭᠤᠶᠢᠯᠠᠩ ᠤᠨ ᠳᠠᠷᠤᠭ᠎ᠠ ᠵᠠᠩ ᠴᠢᠤᠸᠠᠨ ᠶᠢᠨ ᠰᠢᠨ᠎ᠡ ᠪᠠᠷ ᠲᠤᠰᠢᠶᠠᠯ ᠳᠡᠪᠰᠢᠭᠦᠯᠦᠨ ᠲᠣᠮᠢᠯᠠᠭᠰᠠᠨ᠂ ᠠᠵᠢᠯ ᠰᠢᠯᠵᠢᠭᠰᠡᠨ᠂ ᠰᠢᠯᠢᠨ ᠰᠤᠩᠭᠤᠭᠳᠠᠭᠰᠠᠨ ᠬᠥᠮᠦᠰ ᠲᠤ ᠲᠠᠪᠤᠨ ᠱᠠᠭᠠᠷᠳᠠᠯᠭ᠎ᠠ ᠳᠤᠷᠠᠳᠪᠠ᠃      ᠨᠢᠭᠡ ᠳᠤ᠂ ᠰᠢᠨ᠎ᠡ ᠠᠵᠢᠯ ᠤᠨ ᠪᠠᠶᠢᠷᠢ ᠳᠤ ᠲᠦᠭᠰᠢᠭᠦᠷᠢ ᠶᠢᠨ ᠤᠬᠠᠮᠰᠠᠷ ᠢ ᠪᠤᠢ ᠪᠣᠯᠭᠠᠵᠤ᠂ ᠰᠢᠨ᠎ᠡ ᠠᠵᠢᠯ ᠤᠨ ᠪᠠᠶᠢᠷᠢ ᠳᠡᠭᠡᠷ᠎ᠡ ᠨᠡᠩ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠬᠡᠷᠡᠭᠲᠡᠶ᠃      ᠬᠤᠶᠠᠷ ᠲᠤ᠂ ᠠᠷᠢᠭᠤᠨ ᠴᠢᠬᠡᠴᠢ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃        ᠭᠤᠷᠪᠠ ᠳᠤ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠠᠵᠢᠯ ᠤᠨ ᠪᠠᠶᠢᠷᠢ ᠰᠢᠨ᠎ᠡ ᠪᠦᠯᠬᠦᠮ ᠨᠡᠶᠢᠳᠡ ᠶᠢᠨ ᠬᠤᠭᠤᠷᠤᠨᠳᠦ ᠪᠠᠨ ᠪᠦᠯᠬᠦᠮᠳᠡᠨ ᠬᠠᠮᠵᠢᠯᠴᠠᠬᠤ ᠮᠥᠷᠲᠡᠭᠡᠨ ᠪᠠᠰᠠ ᠲᠦᠷᠢᠮ ᠲᠣᠭᠲᠠᠭᠠᠯ ᠢ ᠲᠡᠷᠢᠭᠦᠨ ᠳᠤ ᠲᠠᠯᠪᠢᠵᠤ᠂ ᠬᠠᠤᠯᠢ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃      ᠲᠦᠷᠪᠡ ᠳᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠳᠤ ᠬᠠᠨᠳᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠲᠠᠪᠤ ᠳᠤ᠂ ᠴᠢᠳᠠᠮᠠᠭᠠᠶ ᠰᠤᠷᠤᠯᠴᠠᠵᠤ᠂ ᠰᠤᠷᠤᠯᠴᠠᠯᠭ᠎ᠠ ᠪᠠ ᠠᠵᠢᠯ ᠤᠨ ᠳᠤᠮᠳᠠ ᠪᠠᠨ ᠲᠠᠰᠤᠷᠠᠯᠳᠠ ᠦᠭᠡᠢ ᠦᠰᠦᠨ ᠪᠤᠶᠢᠵᠢᠵᠦ᠂ ᠰᠢᠨ᠎ᠡ ᠠᠵᠢᠯ ᠤᠨ ᠪᠠᠶᠢᠷᠢ ᠳᠡᠭᠡᠷ᠎ᠡ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠶ᠃      ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ ᠨᠦᠭᠦᠳ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭ᠎ᠠ ᠦᠷᠨᠢᠭᠦᠯᠬᠦ ᠪᠤᠯ ᠺᠠᠳ᠋ᠷ ᠢ ᠰᠢᠯᠢᠨ ᠰᠣᠩᠭᠤᠬᠤ ᠱᠠᠭᠠᠷᠳᠠᠯᠭ᠎ᠠ ᠶᠢᠨ ᠴᠢᠬᠤᠯᠠ ᠪᠦᠬᠦᠢ ᠳᠡᠰ ᠳᠠᠷᠠᠭᠠᠯᠠᠯ ᠪᠤᠯᠤᠨ᠎ᠠ᠂ ᠮᠥᠨ ᠴᠦ ᠨᠠᠮ ᠤᠨ ᠰᠤᠷᠲᠠᠯ᠂ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠬᠠᠳᠬᠠᠬᠤ ᠶᠢᠨ ᠨᠢᠭᠡᠨ ᠴᠢᠬᠤᠯᠠ ᠠᠭᠤᠯᠭ᠎ᠠ ᠪᠣᠯᠤᠨ᠎ᠠ᠃ ᠬᠠᠮᠲᠤ ᠶᠢᠨ ᠶᠠᠷᠢᠯᠴᠠᠭ᠎ᠠ ᠶᠢ ᠬᠦᠯᠢᠶᠡᠭᠰᠡᠨ ᠺᠠᠳ᠋ᠷ ᠨᠦᠭᠦᠳ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠬᠥᠮᠦᠵᠢᠯ ᠢ ᠬᠤᠪᠢ ᠳᠠᠬᠢᠨ ᠨᠠᠨᠳᠢᠩᠨᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠥᠪ ᠭᠤᠤᠯᠴᠢ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠶ ᠠᠵᠢᠯᠯᠠᠬᠤ᠂ ᠠᠴᠢ ᠡᠨᠡᠷᠢᠯ ᠳᠤ ᠲᠠᠯᠠᠷᠬᠠᠨ᠂ ᠡᠷᠡᠯᠬᠡᠭᠯᠡᠨ ᠤᠷᠤᠭᠰᠢᠯᠠᠬᠤ ᠶᠢ ᠦᠨᠡᠨᠬᠦ ᠪᠡᠶᠡᠯᠡᠭᠦᠯᠦᠨ᠎ᠡ ᠭᠡᠵᠦ ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号