ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2020 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/11
     5 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2020 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠤᠷᠠᠯᠳᠤᠭᠤᠯᠪᠠ᠃ ᠲᠣᠪᠴᠢᠶᠠᠨ ᠤ ᠰᠢᠰᠲ᠋ᠧᠮ ᠤᠨ ᠪᠦᠬᠦ ᠺᠠᠳ᠋ᠷ ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠨ ᠤ ᠢᠯᠠᠯᠲᠠ ᠶᠢ ᠣᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠰᠤᠷᠤᠯᠴᠠᠯᠭ᠎ᠠ ᠪᠠᠷ ᠳᠠᠮᠵᠢᠨ ᠣᠯᠠᠨ ᠢᠶᠠᠷ ᠢᠶᠠᠨ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠳᠠᠶᠢᠯᠠᠯᠳᠤᠭᠠᠨ ᠤ ᠡᠴᠦᠰ ᠤᠨ ᠵᠢᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠠᠮᠵᠢᠯᠲᠠ ᠣᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠵᠢᠯ ᠳᠤ ᠣᠯᠤᠭᠰᠠᠨ ᠢᠯᠡᠳᠳᠡ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠳᠦᠯᠭᠡ ᠪᠠᠷ ᠪᠦᠷᠢᠯᠳᠦᠭᠰᠡᠨ ᠠᠰᠢᠭᠲᠠᠢ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠢ ᠵᠠᠳᠠᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠨᠡᠩ ᠰᠠᠶᠢᠲᠤᠷ ᠠᠬᠢᠭᠤᠯᠬᠤ ᠳᠤ ᠭᠤᠣᠯ ᠰᠢᠪᠲᠤᠯᠬᠤ ᠴᠢᠭᠯᠡᠯ ᠢ ᠲᠣᠳᠣᠷᠬᠠᠢ ᠵᠢᠭᠠᠨ ᠥᠭᠴᠦ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠦᠨᠳᠦᠰᠦᠨ ᠵᠢᠷᠤᠮᠯᠠᠯ ᠬᠠᠩᠭᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠡᠮᠴᠢᠯᠡᠭᠡᠨ ᠤ ᠪᠠᠳᠤᠯᠠᠭ᠎ᠠ ᠶᠢᠨ ᠺᠠᠳ᠋ᠷ ᠠᠵᠢᠯᠲᠠᠨ ᠬᠦᠴᠦ ᠴᠢᠳᠠᠯ ᠢᠶᠠᠨ ᠰᠢᠪᠬᠠᠨ᠂ ᠬᠥᠪᠴᠢ ᠪᠠᠨ ᠴᠢᠩᠭᠠᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠴᠢᠨᠠᠷ ᠰᠠᠶᠢᠲᠠᠶ ᠢᠯᠠᠯᠲᠠ ᠶᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠢᠯᠡᠳᠬᠡᠵᠡᠭᠡᠭᠰᠡᠨ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号