ᠣᠯᠠᠨ ᠡᠰᠢᠲᠦ ᠲᠣᠭᠠᠴᠠᠭ᠎ᠠ ᠬᠢᠬᠦ ᠲᠣᠭᠲᠠᠴᠠ ᠶᠢ ᠪᠠᠶᠢᠭᠤᠯᠵᠤ  ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠤᠶ᠎ᠠ  — ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠷᠣᠨ ᠪᠦᠰᠡ ᠶᠢᠨ ᠴᠡᠭ ᠤᠨ ᠠᠷᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠰᠦᠢᠳᠭᠡᠯ ᠲᠤᠰᠢᠶᠠᠬᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2020/12/12
     11 ᠳ᠋ᠤᠭᠡᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠪᠥᠬᠦ ᠣᠷᠣᠨ ᠤ ᠣᠷᠣᠨ ᠪᠦᠰᠡ ᠶᠢᠨ ᠴᠡᠭ ᠤᠨ  ᠠᠷᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠰᠦᠢᠳᠭᠡᠯ ᠲᠤᠰᠢᠶᠠᠬᠤ ᠪᠣᠯᠪᠠᠰᠤᠷᠠᠭᠤᠯᠤᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠷᠧᠨ ᠹᠦ᠋ ᠱᠧᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ  ᠦᠢᠯᠡᠴᠢᠯᠡᠭᠡᠨ ᠤ ᠬᠠᠮᠢᠶᠠᠷᠤᠯᠳᠠ ᠶᠢᠨ ᠵᠤᠷᠭᠠᠨ ᠤ ᠳᠠᠷᠤᠭ᠎ᠠ ᠰᠢᠶᠦ᠋ᠩ ᠰᠢᠶᠠᠨ ᠵᠢᠶᠦ᠋ᠨ᠂ ᠲᠣᠭᠠᠴᠠᠭ᠎ᠠ ᠬᠢᠬᠦ ᠭᠠᠵᠠᠷ ᠤᠨ ᠳᠠᠷᠤᠭ᠎ᠠ ᠸᠠᠩ ᠯᠧ ᠴᠧᠨ ᠬᠤᠷᠠᠯ ᠳᠤ ᠣᠷᠣᠯᠴᠠᠪᠠ᠃ ᠡᠯ᠎ᠡ ᠨᠢᠭᠡᠳᠦᠯᠲᠡᠶ ᠲᠥᠯᠦᠪᠯᠡᠬᠦ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂  ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠵᠢᠴᠢ ᠬᠡᠰᠡᠭ ᠭᠤᠷᠪᠠᠳᠤᠭᠠᠷ ᠲᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠪᠣᠯᠤᠨ ᠬᠠᠮᠢᠶ᠎ᠠ ᠪᠦᠬᠦᠢ ᠠᠵᠢᠯᠲᠠᠨ 160 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ ᠃ ᠪᠣᠯᠪᠠᠰᠤᠷᠠᠭᠤᠯᠤᠯ ᠤᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠶᠢᠨ ᠳᠠᠷᠤᠭ᠎ᠠ ᠶᠢᠨ ᠮᠠᠨ ᠢ ᠡᠷᠭᠢᠯᠡᠪᠡ᠃      ᠨᠠᠷᠢᠨ ᠪᠢᠴᠢᠭ ᠤᠨ ᠳᠡᠳ᠋ ᠳᠠᠷᠤᠭ᠎ᠠ ᠷᠧᠨ ᠹᠦ᠋ ᠱᠧᠩ ᠶᠠᠷᠢᠶᠠᠨ ᠳᠠᠭᠠᠨ᠂  ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠵᠦ᠂ DRG ᠤᠯᠤᠰ ᠤᠨ ᠲᠤᠷᠰᠢᠯᠲᠠ ᠶᠢᠨ ᠬᠤᠲᠠ ᠦᠬᠠᠶ ᠬᠤᠲᠠ ᠠᠴᠠ ᠭᠠᠳᠠᠨ᠎ᠠ᠂ ᠪᠤᠰᠤᠳ ᠡᠯ᠎ᠡ ᠨᠢᠭᠡᠳᠦᠯᠲᠡᠶ ᠲᠥᠯᠦᠪᠯᠡᠬᠦ ᠣᠷᠣᠨ ᠳᠤ ᠣᠷᠣᠨ ᠪᠦᠰᠡ ᠶᠢᠨ ᠴᠡᠭ ᠤᠨ ᠠᠷᠭ᠎ᠠ ᠶᠢᠨ ᠶᠡᠷᠦᠩᠬᠡᠶ ᠲᠣᠭᠠᠨ ᠤ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠰᠦᠢᠳᠭᠡᠯ ᠲᠤᠰᠢᠶᠠᠬᠤ ᠥᠭᠡᠷᠡᠴᠢᠯᠡᠯᠲᠡ ᠶᠢᠨ ᠬᠠᠷᠠᠯᠲᠠ ᠶᠢ ᠪᠥᠬᠦ ᠲᠠᠯ᠎ᠠ ᠪᠠᠷ ᠥᠷᠨᠢᠭᠦᠯᠬᠦ ᠶᠢᠨ ᠬᠠᠮᠲᠤ ᠠᠵᠢᠯ ᠳᠤ ᠪᠣᠳᠠᠲᠠᠶ ᠱᠠᠭᠠᠷᠳᠠᠯᠭ᠎ᠠ ᠲᠤᠷᠠᠳᠪᠠ᠃ ᠨᠢᠭᠡ ᠳᠤ᠂ ᠡᠯ᠎ᠡ ᠭᠠᠵᠠᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠴᠡᠭ ᠤᠨ ᠠᠷᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ ᠶᠢ ᠣᠨ ᠤ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠳᠤ ᠣᠷᠣᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠳᠣᠪᠤᠶᠢᠯᠭᠠᠵᠤ᠂ ᠤᠯᠤᠰ ᠤᠨ ᠲᠤᠷᠰᠢᠯᠲᠠ ᠶᠢᠨ ᠲᠥᠰᠦᠯ ᠳᠠᠬᠢ ᠲᠤᠯᠤᠭᠠᠨ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠶ᠃ ᠭᠤᠷᠪᠠ ᠳᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ᠂ ᠥᠭᠡᠷᠡᠴᠢᠯᠡᠯᠲᠡ ᠶᠢᠨ ᠲᠦᠰᠦᠯ ᠢ ᠲᠣᠭᠲᠠᠭᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠬᠡᠷᠡᠭᠲᠡᠶ᠃ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠩᠭᠤᠷᠤᠭᠤᠯᠤᠨ ᠵᠢᠭᠰᠠᠭᠠᠵᠤ᠂ ᠠᠵᠢᠯ ᠤᠨ ᠡᠬᠡ ᠳᠠᠩᠰᠠ ᠶᠢ ᠪᠠᠶᠢᠭᠤᠯᠵᠦ᠂ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠬᠦ ᠬᠡᠷᠡᠭᠲᠡᠶ᠃ ᠲᠦᠷᠪᠡ ᠳᠤ᠂ ᠰᠤᠷᠭᠠᠨ ᠬᠥᠮᠦᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠦᠭᠡᠷᠡᠴᠢᠯᠡᠯᠳᠡ ᠶᠢ ᠣᠶᠢᠯᠠᠭᠠᠬᠤ᠂ ᠥᠭᠡᠷᠡᠴᠢᠯᠡᠯᠲᠡ ᠶᠢ ᠳᠡᠮᠵᠢᠬᠦ᠂ ᠥᠭᠡᠷᠡᠴᠢᠯᠡᠯᠲᠡ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠪᠡ᠃
     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂  ᠵᠤᠷᠭᠠᠨ ᠤ ᠳᠠᠷᠤᠭ᠎ᠠ ᠰᠢᠶᠦ᠋ᠩ ᠰᠢᠶᠠᠨ ᠵᠢᠶᠦ᠋ᠨ ᠪᠣᠯᠤᠨ ᠱᠠᠩᠬᠠᠶ ᠬᠤᠲᠠ᠂ ᠭᠤᠸᠠᠩᠳᠦ᠋ᠩ ᠮᠤᠵᠢ ᠠᠴᠠ ᠢᠷᠡᠭᠰᠡᠨ  ᠡᠮᠴᠢᠯᠡᠭᠡᠨ ᠤ ᠪᠠᠲᠤᠯᠠᠭ᠎ᠠ ᠶᠢᠨ ᠲᠤᠰᠬᠠᠶ ᠮᠡᠷᠭᠡᠵᠢᠯᠲᠡᠨ ᠲᠣᠰ ᠲᠣᠰ ᠲᠥᠷᠥ ᠶᠢᠨ ᠪᠣᠳᠣᠯᠭ᠎ᠠ ᠶᠢᠨ ᠳᠠᠪᠬᠤᠷᠭ᠎ᠠ᠂ ᠠᠵᠢᠯᠯᠠᠬᠤ ᠳᠠᠪᠬᠤᠷᠭ᠎ᠠ᠂ ᠮᠡᠷᠭᠡᠵᠢᠯ ᠤᠨ ᠳᠠᠪᠬᠤᠷᠭ᠎ᠠ ᠵᠡᠷᠭᠡ ᠠᠴᠠ ᠣᠷᠣᠨ ᠪᠦᠰᠡ ᠶᠢᠨ ᠴᠡᠭ ᠤᠨ ᠠᠷᠭ᠎ᠠ ᠶᠢᠨ ᠶᠡᠷᠦᠩᠬᠡᠶ ᠲᠣᠭᠠᠨ ᠤ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ ᠲᠤᠬᠠᠶ ᠪᠥᠬᠦ ᠲᠠᠯ᠎ᠠ ᠶᠢᠨ ᠲᠠᠶᠢᠯᠤᠮᠵᠢ ᠬᠢᠪᠠ᠃ ᠬᠤᠷᠠᠯ ᠳᠤ ᠣᠷᠣᠯᠴᠠᠭᠰᠠᠳ ᠲᠤᠰᠬᠠᠶ ᠮᠡᠷᠭᠡᠵᠢᠯᠲᠡᠨ ᠤ ᠲᠠᠶᠢᠯᠪᠤᠷᠢᠯᠠᠬᠤ ᠠᠭᠤᠯᠭ᠎ᠠ ᠶᠢᠨ ᠲᠣᠭᠤᠷᠢᠨ ᠳᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠭᠤᠶᠢᠯᠠᠩ ᠬᠤᠪᠢᠶᠠᠨ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠰᠦᠢᠳᠭᠡᠯ ᠲᠤᠰᠢᠶᠠᠬᠤ ᠥᠭᠡᠷᠡᠴᠢᠯᠡᠯᠲᠡ ᠶᠢᠨ ᠠᠭᠤᠯᠤᠭᠳᠠᠬᠤᠨ ᠪᠠ ᠠᠴᠢ ᠬᠤᠯᠪᠣᠭᠳᠠᠯ ᠢ ᠤᠯᠠᠮ ᠨᠢᠭᠡ ᠠᠯᠬᠤᠮ ᠣᠶᠢᠯᠠᠭᠠᠵᠤ ᠂ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠢᠲᠡᠭᠡᠯ ᠵᠣᠷᠢᠭ ᠢ ᠪᠤᠢ ᠪᠣᠯᠭᠠᠪᠠ᠃       ᠶᠢᠨ ᠮᠠᠨ ᠢ ᠬᠤᠷᠠᠯ ᠳᠡᠭᠡᠷ᠎ᠡ ᠳ᠋ᠦᠩᠨᠡᠯᠲᠡ ᠬᠢᠬᠦ ᠳᠡᠭᠡᠨ᠂ ᠲᠤᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠮᠠᠨ ᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠶ ᠵᠢᠭᠠᠵᠤ᠂ ᠬᠠᠷᠠᠯᠲᠠ ᠶᠢ ᠲᠤᠭᠳᠠᠭᠠᠵᠤ᠂ ᠪᠥᠬᠦ ᠣᠷᠣᠨ ᠤ ᠣᠷᠣᠨ ᠪᠦᠰᠡ ᠶᠢᠨ ᠴᠡᠭ ᠤᠨ ᠠᠷᠭ᠎ᠠ ᠶᠢᠨ ᠶᠡᠷᠦᠩᠬᠡᠶ ᠲᠣᠭᠠᠨ ᠤ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠰᠦᠢᠳᠭᠡᠯ ᠲᠤᠰᠢᠶᠠᠬᠤ ᠥᠭᠡᠷᠡᠴᠢᠯᠡᠯᠲᠡ ᠶᠢᠨ ᠶᠡᠭᠡ ᠬᠥᠰᠢᠭᠡ ᠶᠢ ᠰᠡᠬᠦᠪᠡ᠃ ᠲᠡᠷᠡ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠨᠥᠬᠦᠳ ︽ᠭᠠᠪᠢᠶ᠎ᠠ ᠪᠠᠶᠢᠭᠤᠯᠬᠤ ᠨᠢ ᠮᠢᠨᠦ ᠲᠥᠯᠥᠭᠡ ᠪᠢᠰᠢ︾ ᠭᠡᠬᠦ ᠣᠶᠤᠨ ᠰᠠᠨᠠᠭᠠᠨ ᠤ ᠠᠬᠤᠶ ᠪᠠᠶᠢᠳᠠᠯ ᠪᠠ ︽ᠠᠵᠢᠯ ᠪᠦᠳᠦᠪᠡᠯ ᠯᠠᠪᠲᠠᠶ ᠮᠢᠨᠦ ᠭᠠᠪᠢᠶ᠎ᠠ ᠪᠠᠶᠢᠨ᠎ᠠ︾ ᠭᠡᠬᠦ ᠲᠡᠤᠬᠡᠨ ᠡᠭᠦᠷᠭᠡᠯᠡᠯ ᠢᠶᠠᠷ ᠰᠡᠳᠬᠢᠯ ᠲᠠᠯᠪᠢᠨ ᠢᠯᠡᠭᠦᠬᠡᠨ ᠪᠣᠳᠣᠯᠬᠢᠯᠠᠵᠤ᠂ ᠢᠳᠡᠷᠡᠭᠦᠨ ᠠᠵᠢᠯᠯᠠᠵᠤ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠰᠦᠢᠳᠭᠡᠯ ᠲᠤᠰᠢᠶᠠᠬᠤ ᠠᠵᠢᠯ ᠢ ᠪᠣᠳᠠᠲᠠᠶ ᠨᠠᠷᠢᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠠᠶᠢᠭᠤᠯᠬᠤ ᠪᠠᠷ ᠳᠠᠮᠵᠢᠨ᠂ ᠮᠠᠨ ᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠪᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号