ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠨ ᠡᠵᠡᠮᠳᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/12
     ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ ᠬᠤᠤ ᠮᠧᠩ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠦ᠂ ᠪᠠᠲᠤᠯᠠᠭ᠎ᠠ ᠶᠢᠨ ᠲᠣᠪᠴᠢᠶ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠳᠠᠨ ᠯᠢᠦ ᠵᠢᠶᠦ᠋ᠨ᠂ ᠹᠧᠩ ᠱᠠᠨ᠂ ᠲᠣᠪᠴᠢᠶ᠎ᠠ ᠶᠢᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠳᠤᠭᠤᠶᠢᠯᠠᠩ ᠤᠨ ᠶᠦᠸᠧ ᠹᠧᠩ᠂ ᠪᠠᠲᠤ ᠵᠢᠴᠢ ᠪᠡᠭᠡᠵᠢᠩ ᠤᠨ ᠶᠦᠩ ᠶᠢᠦ ᠵᠠᠰᠠᠭ ᠤᠨ ᠶᠠᠪᠤᠳᠠᠯ ᠤᠨ ᠵᠥᠭᠡᠯᠡᠨ ᠲᠣᠨᠤᠭ ᠤᠨ   ᠬᠤᠪᠢ ᠣᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠳᠡᠳ᠋ ᠶᠡᠷᠦᠩᠬᠡᠶ ᠵᠠᠬᠢᠷᠤᠭᠴᠢ ᠸᠠᠩ ᠭᠤᠸᠠᠩ ᠾᠦᠢ᠂ ᠲᠤᠰᠠᠯᠠᠬᠤ ᠶᠡᠷᠦᠩᠬᠡᠶ ᠵᠠᠬᠢᠷᠤᠭᠴᠢ ᠰᠦᠨ ᠳ᠋ᠧ ᠬᠤᠩ᠂ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠦᠩ ᠵᠢᠶᠠᠨ ᠵᠥᠩ ᠵᠡᠷᠭᠡ ᠠᠷᠪᠠ ᠭᠠᠷᠤᠶ ᠬᠥᠮᠦᠨ ᠬᠤᠷᠠᠯ ᠳᠤ ᠣᠷᠣᠯᠴᠠᠵᠠᠶ᠃      ᠬᠤᠷᠠᠯ ᠢ ᠰᠠᠭᠤᠷᠢ ᠮᠥᠩᠭᠦ ᠶᠢᠨ ᠬᠠᠮᠢᠶᠠᠷᠤᠯᠳᠠ ᠶᠢᠨ ᠭᠠᠵᠠᠷ ᠤᠨ ᠬᠠᠷᠢᠭᠤᠴᠠᠯᠭᠠᠲᠠᠨ ᠯᠢᠦ ᠵᠢᠶᠦ᠋ᠨ ᠡᠷᠬᠢᠯᠡᠵᠦ᠂ ᠬᠤᠷᠠᠯ ᠳᠡᠭᠡᠷ᠎ᠡ ᠪᠡᠭᠡᠵᠢᠩ ᠤᠨ ᠶᠦᠩ ᠶᠢᠦ ᠵᠠᠰᠠᠭ ᠤᠨ ᠶᠠᠪᠤᠳᠠᠯ ᠤᠨ ᠵᠥᠭᠡᠯᠡᠨ ᠲᠣᠨᠤᠭ ᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠬᠤ᠋ ᠴᠦᠨ ᠰᠢᠤᠸᠠᠢ ᠢᠨᠵᠧᠨᠧᠷᠢᠭᠴᠢ ᠠᠴᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠨ ᠡᠵᠡᠮᠳᠡᠬᠦ ᠲᠠᠪᠴᠠᠩ ᠤᠨ ᠪᠥᠲᠥᠭᠡᠨ ᠪᠠᠶᠢᠭᠤᠯᠤᠯᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠳᠤ ᠦᠵᠡᠭᠦᠯᠬᠦ ᠢᠳᠡᠪᠬᠢ ᠨᠥᠯᠥᠭᠡ᠂ ᠰᠠᠭᠤᠷᠢ ᠮᠥᠩᠭᠦ ᠶᠢᠨ ᠬᠠᠮᠢᠶᠠᠷᠤᠨ ᠡᠵᠡᠮᠳᠡᠬᠦ ᠰᠢᠰᠲ᠋ᠧᠮ ᠤᠨ ᠢᠷᠡᠭᠡᠳᠦᠶ ᠶᠢᠨ ᠰᠤᠳᠤᠯᠤᠨ ᠨᠡᠭᠡᠭᠡᠬᠦ ᠴᠢᠭᠯᠡᠯ ᠢᠶᠠᠷ ᠭᠤᠤᠯ ᠰᠡᠳᠦᠪ ᠪᠣᠯᠭᠠᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠨ ᠡᠵᠡᠮᠳᠡᠬᠦ ᠲᠠᠪᠴᠠᠩ ᠤᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠳᠤ ᠪᠣᠯᠤᠮᠵᠢᠲᠤ ᠴᠢᠨᠠᠷᠲᠠᠶ ᠰᠠᠨᠠᠯ ᠬᠠᠩᠭᠠᠪᠠ᠃        ᠬᠠᠷᠢᠭᠤ ᠮᠡᠳᠡᠭᠦᠯᠦᠯᠲᠡ ᠶᠢ ᠰᠣᠨᠣᠰᠴᠤ ᠪᠠᠷᠠᠭᠰᠠᠨ ᠤ ᠳᠠᠷᠠᠭ᠎ᠠ᠂ ᠲᠣᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠬᠤᠤ ᠮᠧᠩ ᠨᠥᠬᠦᠷ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ᠂ ᠡᠮᠴᠢᠯᠡᠭᠡᠨ ᠤ ᠪᠠᠲᠤᠯᠠᠭ᠎ᠠ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠠᠷᠠᠳ ᠣᠯᠠᠨ ᠤ ᠵᠣᠪᠠᠨᠢᠯ ᠢ ᠰᠢᠢᠳᠪᠦᠷᠢᠯᠡᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠭᠦᠯᠬᠦ ᠦᠨᠳᠦᠰᠦᠨ ᠴᠢᠨᠠᠷᠲᠠᠶ ᠳᠦᠷᠢᠮ ᠤᠨ ᠲᠣᠬᠢᠷᠠᠭᠤᠯᠤᠯᠲᠠ ᠪᠣᠯᠤᠨ᠎ᠠ᠃ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ︽ᠰᠠᠭᠤᠷᠢ︾ ᠮᠥᠨ᠃ 2018 ᠣᠨ ᠤ 11 ᠰᠠᠷ᠎ᠠ ᠳᠤ᠂ ᠥᠪᠥᠷ ᠮᠣᠩᠭᠤᠯ ᠤᠨ  ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠵᠤ᠂ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠨᠠᠩ ᠰᠠᠶᠢᠨ ᠪᠠᠲᠤᠯᠠᠬᠤ ᠴᠠᠭ ᠦᠶ᠎ᠡ ᠶᠢᠨ ᠬᠤᠪᠢᠰᠤᠯᠲᠠ ᠪᠤᠯᠵᠠᠢ᠂ ᠡᠨᠡ ᠨᠢ ᠰᠠᠯᠠᠭ᠎ᠠ ᠮᠥᠴᠢᠷ ᠤᠨ ᠬᠤᠭᠤᠷᠣᠨᠳᠣᠬᠢ ᠬᠤᠷᠭᠤᠭᠤᠬᠤ ᠶᠢ ᠠᠷᠢᠯᠭᠠᠭᠰᠠᠨ ᠢᠶᠠᠷ ᠪᠠᠷᠠᠬᠤ ᠦᠭᠡᠢ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠨᠡᠶᠢᠯᠡᠯ ᠪᠠ ᠰᠢᠯᠢᠳᠡᠭᠵᠢᠭᠦᠯᠬᠦ ᠠᠯᠬᠤᠴᠠ ᠶᠢ ᠲᠦᠷᠭᠡᠳᠭᠡᠵᠦ᠂ ᠵᠠᠰᠠᠭ ᠵᠠᠬᠢᠷᠭᠠᠨ ᠤ ᠥᠪᠡᠷ ᠤᠨ ᠥᠷᠲᠡᠭ ᠪᠣᠯᠤᠨ ᠲᠤᠬᠠᠶᠢᠯᠠᠭᠰᠠᠨ ᠠᠵᠢᠯ ᠤᠨ ᠭᠠᠷᠳᠠᠨ ᠬᠢᠬᠦ ᠥᠪᠡᠷ ᠤᠨ ᠥᠷᠲᠡᠭ ᠢ ᠲᠦᠢᠯ ᠤᠨ ᠶᠡᠭᠡ ᠪᠠᠷ ᠠᠷᠪᠢᠯᠠᠭᠰᠠᠨ ᠪᠥᠭᠡᠳ ᠪᠠᠰᠠ ᠡᠮ ᠡᠮᠨᠡᠯᠭᠡ ᠶᠢᠨ ᠦᠨ᠎ᠡ ᠬᠠᠩᠰᠢ ᠪᠣᠯᠤᠨ ᠡᠮᠴᠢᠯᠡᠭᠡᠨ ᠤ ᠠᠵᠢᠯᠠᠯᠭ᠎ᠠ ᠶᠢ ᠨᠡᠩ ᠪᠦᠲᠦᠮᠵᠢᠲᠡᠶ ᠰᠢᠭᠤᠳ ᠬᠠᠮᠢᠶᠠᠷᠤᠨ ᠵᠠᠰᠠᠬᠤ ᠶᠢ ᠪᠡᠶᠡᠯᠡᠭᠦᠯᠦᠭᠰᠡᠨ ᠪᠠᠶᠢᠨ᠎ᠠ᠃ ᠰᠢᠨ᠎ᠡ ᠴᠠᠭ ᠦᠶ᠎ᠡ ᠳᠤ  ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠲᠡᠭᠡᠭᠰᠢᠯᠡᠭᠦᠯᠬᠦ ᠪᠠ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ  ᠡᠮᠴᠢᠯᠡᠭᠡᠨ ᠤ ᠪᠠᠲᠤᠯᠠᠭ᠎ᠠ ᠪᠠ ᠡᠷᠡᠭᠦᠯ ᠮᠡᠨᠳᠦ ᠠᠵᠠ ᠵᠢᠷᠭᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠬᠠᠩᠭᠠᠵᠠᠶ᠃ ᠲᠡᠷᠡ᠂ ᠰᠠᠭᠤᠷᠢ ᠮᠥᠩᠭᠦ ᠪᠣᠯ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠂ ᠰᠠᠭᠤᠷᠢ ᠮᠥᠩᠭᠦ ᠶᠢᠨ ᠠᠮᠤᠷ ᠲᠦᠪᠰᠢᠨ ᠪᠣᠯ ᠡᠮᠴᠢᠯᠡᠭᠡᠨ ᠤ ᠪᠠᠳᠤᠯᠠᠭ᠎ᠠ ᠶᠢᠨ ᠠᠵᠢᠯ ᠤᠨ ᠳᠠᠭᠠᠭᠠᠮᠠᠭᠠᠶ ᠬᠦᠭᠵᠢᠯᠳᠡ ᠶᠢᠨ ᠴᠢᠬᠤᠯᠠ ᠪᠠᠲᠤᠯᠭ᠎ᠠ ᠪᠣᠯᠤᠨ᠎ᠠ᠃ ᠡᠷᠬᠡᠪᠰᠢ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠰᠠᠭᠤᠷᠢ ᠮᠥᠩᠭᠦᠨ ᠤ ᠬᠡᠷᠡᠭᠯᠡᠯᠲᠡ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠵᠦ᠂ ᠬᠢᠵᠠᠭᠠᠷᠲᠠᠶ ᠰᠠᠭᠤᠷᠢ ᠮᠥᠩᠭᠦ ᠶᠢ ᠬᠠᠮᠤᠭ ᠤᠨ ᠶᠡᠭᠡ ᠦᠢᠯᠡᠳᠦᠯ ᠴᠢᠳᠠᠪᠤᠷᠢ ᠪᠠᠳᠠᠷᠠᠭᠤᠯᠵᠤ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠨᠢᠭᠡᠪᠦᠷᠢ ᠳᠤ ᠴᠥᠮ ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠬᠦᠷᠲᠡᠭᠡᠨ᠎ᠡ᠃ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠠᠯᠬᠤᠴᠠ ᠶᠢ ᠤᠯᠠᠮ ᠨᠢᠭᠡ ᠠᠯᠬᠤᠮ  ᠭᠦᠨᠵᠡᠭᠡᠶᠢᠷᠡᠭᠦᠯᠦᠨ᠂ ᠲᠣᠭᠠᠴᠢᠯᠠᠯᠲᠠ ᠪᠠᠷ ᠠᠵᠠ ᠲᠣᠬᠢᠶᠠᠯ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠰᠠᠭᠤᠷᠢ ᠮᠥᠩᠭᠦ ᠶᠢᠨ ᠠᠮᠤᠷ ᠲᠦᠪᠰᠢᠨ ᠥᠨᠳᠥᠷ ᠪᠦᠳᠦᠮᠵᠢᠳᠡᠢ ᠠᠵᠢᠯᠯᠠᠭᠠᠨ ᠢ ᠦᠨᠡᠨᠬᠦ ᠪᠠᠲᠤᠯᠠᠨ᠎ᠠ ᠭᠡᠪᠡ᠃      ᠬᠤᠷᠠᠯ ᠳᠡᠭᠡᠷ᠎ᠡ ᠲᠣᠪᠴᠢᠶᠠᠨ ᠤ ᠮᠡᠳᠡᠭᠡ ᠵᠠᠩᠭᠢᠵᠢᠯᠲᠠ ᠶᠢᠨ ᠠᠵᠢᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠶᠦᠸᠧ ᠹᠧᠩ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠰᠠᠭᠤᠷᠢ ᠮᠥᠩᠭᠦ ᠶᠢᠨ ᠬᠠᠮᠢᠶᠠᠷᠤᠨ ᠡᠵᠡᠮᠳᠡᠬᠦ ᠲᠠᠪᠴᠠᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠵᠦ᠂ ᠨᠢᠭᠡᠳᠦᠯᠲᠡᠶ ᠵᠢᠷᠤᠭᠯᠠᠨ  ᠲᠦᠰᠦᠪᠯᠡᠵᠦ᠂ ᠪᠦᠬᠦ ᠤᠯᠤᠰ ᠤᠨ ᠪᠠᠷᠢᠮᠵᠢᠶ᠎ᠠ ᠵᠢᠷᠤᠮᠵᠢᠯ ᠤᠨ ᠰᠢᠰᠲ᠋ᠧᠮᠵᠢ ᠶᠢ ᠲᠤᠭᠤᠰᠢᠯᠠᠭᠤᠯᠤᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠠᠴᠠ ᠲᠥᠪᠯᠡᠷᠡᠭᠦᠯᠦᠨ ᠪᠠᠶᠢᠷᠢᠯᠠᠭᠤᠯᠵᠤ᠂ ᠲᠤᠭ᠎ᠠ ᠪᠠᠷᠢᠮᠲᠠ ᠶᠢ ᠪᠦᠬᠦ ᠣᠷᠣᠨ ᠳᠤ ᠲᠦᠪᠯᠡᠷᠡᠭᠦᠯᠦᠨ᠎ᠡ ᠭᠡᠵᠡᠢ᠃      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠨ ᠡᠵᠡᠮᠳᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯᠯᠠᠭᠠᠨ ᠢᠶᠠᠷ ᠳᠠᠮᠵᠢᠨ᠂ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠲᠣᠭᠠᠴᠠᠭ᠎ᠠ ᠂ ᠬᠢᠨᠠᠯᠲᠠ ᠬᠠᠮᠢᠶᠠᠷᠤᠯᠲᠠ᠂ ᠮᠡᠳᠡᠭᠦᠯᠦᠯᠲᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠪᠠ ᠲᠤᠬᠠᠶᠢᠯᠠᠭᠰᠠᠨ ᠠᠵᠢᠯ ᠤᠨ ᠡᠳ᠋ ᠤᠨ ᠶᠠᠪᠤᠳᠠᠯ ᠬᠠᠷᠢᠯᠴᠠᠨ  ᠬᠤᠯᠪᠤᠭᠳᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠡᠯ᠎ᠡ ᠲᠣᠮᠣ ᠬᠡᠰᠡᠭ ᠤᠨ ᠰᠢᠰᠲ᠋ᠧᠮ ᠤᠨ ᠴᠢᠳᠠᠮᠵᠢ ᠨᠢ ᠬᠦᠴᠦᠷᠬᠡᠭ ᠶᠡᠭᠡ ᠪᠠᠶᠢᠵᠤ᠂ ᠪᠥᠬᠦ ᠣᠷᠣᠨ ᠤ ᠰᠠᠭᠤᠷᠢ ᠮᠦᠩᠭᠦᠨ ᠤ ᠡᠳ᠋ ᠤᠨ ᠶᠠᠪᠤᠳᠠᠯ ᠤᠨ ᠲᠣᠭᠠᠵᠢᠭᠤᠯᠬᠤ ᠪᠠᠶᠢᠭᠤᠯᠤᠯᠲᠠ ᠶᠢ ᠪᠦᠲᠦᠮᠵᠢᠲᠡᠶ ᠲᠦᠷᠭᠡᠳᠬᠡᠪᠡ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠨ ᠡᠵᠡᠮᠳᠡᠬᠦ ᠲᠠᠪᠴᠠᠩ ᠨᠢ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡ ᠂ ᠬᠤᠳᠠᠯᠳᠤᠭᠠᠨ ᠤ ᠳᠠᠭᠠᠳᠬᠠᠯ᠂  ᠡᠮᠴᠢᠯᠡᠭᠡᠨ ᠤ ᠪᠠᠶᠢᠭᠤᠯᠤᠮᠵᠢ ᠲᠠᠢ ᠬᠥᠨᠳᠡᠯᠡᠨ ᠢᠶᠠᠷ ᠬᠤᠯᠪᠣᠯᠳᠤᠵᠤ᠂ ᠤᠯᠤᠰ ᠤᠨ ᠡᠮᠴᠢᠯᠡᠭᠡᠨ ᠤ  ᠪᠠᠲᠤᠯᠠᠭ᠎ᠠ ᠶᠢᠨ ᠲᠣᠪᠴᠢᠶ᠎ᠠ ᠵᠢᠴᠢ ᠪᠦᠬᠦ ᠣᠷᠣᠨ ᠤ ᠨᠢᠭᠡᠳᠦᠯᠲᠡᠶ ᠲᠥᠯᠥᠪᠯᠡᠬᠦ ᠪᠣᠢ ᠪᠦᠬᠦᠢ ᠭᠠᠵᠠᠷ ᠣᠷᠣᠨ ᠢ ᠬᠠᠮᠤᠷᠴᠤ᠂ ᠰᠠᠭᠤᠷᠢ ᠮᠥᠩᠭᠦᠨ ᠤ ᠪᠠᠲᠤ ᠪᠠᠬᠢ ᠲᠤᠭ᠎ᠠ ᠪᠠᠷᠢᠮᠲᠠ ᠶᠢᠨ ᠪᠠᠬᠢᠯᠡᠯᠲᠡ ᠶᠢ ᠪᠤᠢ ᠪᠣᠯᠭᠠᠵᠤ᠂ ᠣᠶᠤᠨᠴᠢ ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠬᠦ ᠶᠢᠨ ᠤᠯᠠᠮ ᠠᠴᠠ ᠡᠮ ᠡᠮᠨᠡᠯᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号