ᠥᠪᠥᠷ ᠮᠣᠩᠭᠤᠯ ᠪᠤᠯᠤᠨ ᠨᠢᠩᠰᠢᠶᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠤᠰᠤᠯᠠᠯ ᠬᠢᠪᠠ
ᠨᠡᠶᠢᠲᠡᠯᠡᠭᠰᠡᠨ ᠴᠠᠭ᠄
2020/12/12
     ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠶᠢ ᠲᠦᠷᠭᠡᠳᠬᠡᠨ ᠠᠬᠢᠭᠤᠯᠵᠦ᠂ ᠠᠷᠠᠳ ᠤᠯᠠᠨ ᠤ ᠡᠮᠴᠢᠯᠡᠭᠡᠨ ᠤ ᠦᠨᠳᠦᠰᠦᠨ ᠳᠠᠭᠠᠳᠬᠠᠯ ᠤᠨ ᠡᠷᠬᠡ ᠠᠰᠢᠭ ᠢ ᠨᠡᠩ ᠰᠠᠶᠢᠲᠤᠷ ᠪᠠᠲᠤᠯᠠᠵᠤ᠂ ᠣᠨᠳᠣᠤ ᠭᠠᠵᠠᠷ ᠲᠤ ᠳ᠋ᠦᠩᠨᠡᠨ ᠪᠤᠳᠤᠬᠤ ᠶᠢ ᠨᠡᠩ ᠳᠥᠭᠦᠮ ᠳᠥᠲᠡ ᠵᠢᠷᠤᠮᠵᠢᠯ ᠲᠠᠢ ᠪᠤᠯᠭᠠᠬᠤ ᠶᠢᠨ ᠲᠦᠯᠦᠭᠡ᠂ ᠡᠮᠦᠨᠡᠬᠢ ᠬᠤᠭᠤᠴᠠᠭᠠᠨ ᠤ ᠶᠡᠭᠡ ᠬᠡᠮᠵᠢᠶᠡᠨ ᠤ ᠪᠡᠯᠡᠳᠬᠡᠯ ᠪᠠ ᠰᠢᠯᠭᠠᠯᠲᠠ ᠶᠢᠨ ᠠᠵᠢᠯ ᠢᠶᠠᠷ ᠳᠡᠮᠵᠢᠨ᠂ 12  ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠲᠠᠢ ᠥᠪᠥᠷ ᠮᠣᠩᠭᠤᠯ — ᠨᠢᠩᠰᠢᠶᠠ ᠶᠢᠨ ᠣᠨᠳᠣᠤ ᠭᠠᠵᠠᠷ ᠲᠤ ᠡᠮᠨᠡᠭᠦᠯᠬᠦ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠬᠠᠮᠲᠤᠷᠠᠯᠴᠠᠭᠠᠨ ᠤ ᠵᠥᠪᠯᠡᠯᠴᠡᠭᠡᠷ ᠲᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ  ᠶᠢᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠲᠡᠳ᠋ ᠳᠠᠷᠤᠭ᠎ᠠ ᠬᠤᠤ ᠮᠧᠩ ᠤᠨ ᠲᠦᠷᠦᠭᠦᠯᠦᠭᠰᠡᠨ᠂ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ᠤᠨ ᠲᠡᠳ᠋ ᠡᠷᠬᠢᠯᠡᠭᠴᠢ ᠬᠠᠨ ᠯᠢ ᠫᠢᠩ ᠵᠢᠴᠢ ᠦᠬᠠᠶ ᠬᠤᠲᠠ᠂ ᠠᠯᠠᠱᠠ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠢᠶᠠᠷ ᠪᠦᠷᠢᠯᠳᠦᠭᠰᠡᠨ ᠪᠦᠯᠬᠦᠮ᠂ ᠢᠷᠭᠠᠢ ᠬᠤᠲᠠ ᠳᠤ ᠬᠦᠷᠴᠦ ᠵᠦᠪᠯᠡᠯᠴᠡᠭᠡᠷ ᠤᠨ ᠭᠡᠷ᠎ᠡ ᠲᠣᠭᠲᠠᠪᠠ᠃ ᠨᠢᠩᠰᠢᠶᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠢᠶᠧ ᠵᠢᠴᠢ ᠢᠷᠭᠠᠢ ᠬᠤᠲᠠ᠂ ᠱᠢ ᠽᠦᠶ ᠱᠠᠨ ᠬᠤᠲᠠ ᠵᠡᠷᠭᠡ ᠬᠤᠲᠠ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
     ᠶᠣᠰᠣᠯᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠤᠶᠠᠷ ᠮᠤᠵᠢ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠣᠯᠢᠯᠴᠠᠭ᠎ᠠ ᠬᠢᠵᠡᠶ᠃ ᠬᠤᠶᠠᠷ ᠮᠤᠵᠢ ᠣᠷᠣᠨ   ᠨᠢ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠦᠷᠢᠵᠢᠭᠤᠯᠤᠯᠳᠠ ᠶᠢ ᠬᠦᠴᠦᠲᠡᠶ ᠪᠤᠳᠠᠳᠠᠶᠢᠵᠢᠭᠤᠯᠵᠤ᠂ ᠨᠠᠮ ᠤᠨ ᠲᠥᠪ ᠬᠤᠷᠢᠶᠠᠨ ᠤ ᠨᠠᠨᠳᠢᠨ ᠬᠦᠰᠡᠯ᠂ ᠠᠷᠠᠳ ᠣᠯᠠᠨ ᠤ ᠬᠠᠯᠠᠭᠤᠨ ᠡᠷᠡᠮᠡᠯᠵᠡᠯ ᠢ ᠪᠤᠳᠠᠳᠠᠢ ᠨᠠᠶᠢᠳᠠᠪᠤᠷᠢᠵᠢᠭᠤᠯᠬᠤ ᠪᠣᠯᠤᠨ᠎ᠠ᠃ ᠡᠨᠡ ᠤᠳᠠᠭᠠᠨ ᠤ ᠬᠠᠮᠲᠤᠷᠠᠯᠴᠠᠭ᠎ᠠ ᠨᠢ ᠬᠠᠷᠢᠯᠴᠠᠨ ᠰᠣᠯᠢᠯᠴᠠᠬᠤ ᠶᠢ ᠲᠦᠢᠯ ᠤᠨ ᠶᠡᠭᠡ ᠪᠠᠷ ᠠᠬᠢᠭᠤᠯᠵᠤ᠂ ᠬᠤᠶᠠᠷ ᠭᠠᠵᠠᠷ ᠤᠨ ᠣᠨᠳᠣᠤ ᠭᠠᠵᠠᠷ ᠲᠤ ᠡᠮᠨᠡᠭᠦᠯᠦᠭᠰᠡᠨ ᠬᠥᠮᠦᠰ ᠤᠨ ᠡᠮᠴᠢᠯᠡᠭᠡ ᠶᠢᠨ ᠪᠠᠳᠤᠯᠠᠭ᠎ᠠ ᠶᠢᠨ ᠳ᠋ᠦᠩᠨᠡᠨ ᠪᠤᠳᠤᠬᠤ ᠳᠤ ᠲᠥᠬᠦᠮ ᠪᠤᠯᠭᠠᠭᠰᠠᠨ ᠪᠠᠶᠢᠨ᠎ᠠ᠃ ᠬᠤᠶᠠᠷ ᠮᠣᠵᠢ ᠣᠷᠣᠨ ᠨᠢ ᠮᠣᠵᠢ ᠠᠯᠤᠰᠯᠠᠨ ᠣᠨᠳᠣᠤ ᠭᠠᠵᠠᠷ ᠡᠮᠨᠡᠭᠦᠯᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠣᠳᠣᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠡᠭᠦᠳᠡᠨ ᠡᠮᠨᠡᠯᠭᠡ ᠶᠢᠨ ᠵᠠᠷᠤᠳᠠᠯ ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠶᠢ ᠢᠳᠡᠪᠬᠢᠲᠡᠢ ᠠᠬᠢᠭᠤᠯᠵᠤ᠂ ᠣᠨᠳᠣᠤ ᠭᠠᠵᠠᠷ ᠡᠮᠨᠡᠭᠦᠯᠦᠭᠰᠡᠨ ᠢ ᠰᠢᠭᠤᠳ ᠳ᠋ᠦᠩᠨᠡᠨ ᠪᠣᠳᠣᠬᠤ ᠨᠢ ᠬᠤᠶᠠᠷ ᠭᠠᠵᠠᠷ ᠤᠨ ᠴᠢᠳᠠᠪᠤᠷᠢᠲᠠᠨ ᠢ ᠬᠠᠷᠢᠯᠴᠠᠨ ᠲᠠᠲᠠᠬᠤ ᠬᠥᠮᠦᠰ ᠤᠨ ᠰᠢᠯᠵᠢᠯᠲᠡ ᠶᠢ ᠠᠬᠢᠭᠤᠯᠬᠤ ᠴᠢᠬᠤᠯᠠ ᠰᠠᠭᠤᠷᠢ ᠪᠤᠯᠤᠭᠰᠠᠨ ᠠᠴᠠ ᠨᠢᠭᠡ ᠨᠢᠭᠡᠨ ᠤ ᠪᠠᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ  ᠪᠤᠯᠤᠨ᠎ᠠ ᠭᠡᠵᠦ ᠬᠤᠶᠠᠷ ᠲᠠᠯ᠎ᠠ ᠪᠠᠷ ᠢᠶᠠᠨ ᠢᠯᠡᠷᠬᠡᠶᠢᠯᠡᠪᠡ᠃
     ᠡᠨᠡ ᠤᠳᠠᠭᠠᠨ ᠤ ᠥᠪᠥᠷ ᠮᠣᠩᠭᠤᠯ ᠪᠣᠯᠤᠨ ᠨᠢᠩᠰᠢᠶᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠣᠳᠣᠬᠤ ᠬᠠᠮᠵᠢᠯᠴᠠᠭᠠᠨ ᠤ ᠵᠦᠪᠯᠡᠯᠴᠡᠭᠡᠷ ᠲᠤᠭᠳᠠᠭᠰᠠᠨ ᠨᠢ᠂  ᠬᠤᠶᠠᠷ ᠮᠣᠵᠢ ᠣᠷᠣᠨ ᠤ ᠬᠠᠮᠵᠢᠯᠴᠠᠭ᠎ᠠ ᠨᠢᠭᠡᠨᠲᠡ ᠮᠥᠨ ᠴᠢᠨᠠᠷ ᠤᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠳᠠᠷᠠᠭ᠎ᠠ ᠠᠯᠬᠤᠮ ᠳᠤ ᠬᠤᠶᠠᠷ ᠲᠠᠯ᠎ᠠ ᠪᠠᠷ ᠢᠶᠠᠨ ᠰᠢᠨ᠎ᠡ ᠡᠬᠢᠯᠡᠯᠳᠡ ᠶᠢᠨ ᠴᠡᠭ ᠳᠡᠭᠡᠷ᠎ᠡ ᠵᠣᠭᠰᠣᠵᠤ᠂ ᠪᠦᠬᠦ ᠤᠯᠤᠰ ᠤᠨ ᠣᠨᠳᠣᠤ ᠭᠠᠵᠠᠷ ᠡᠪᠡᠳᠴᠢᠨ ᠦᠵᠡᠭᠦᠯᠬᠦ ᠲᠠᠪᠴᠠᠩ ᠪᠣᠯᠤᠨ ᠡᠮᠴᠢᠯᠡᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠣᠳᠣᠬᠤ ᠶᠢ ᠨᠡᠩ ᠶᠡᠭᠡ ᠬᠡᠪᠴᠢᠶ᠎ᠡ ᠪᠠᠷ ᠪᠡᠶᠡᠯᠡᠭᠦᠯᠵᠦ᠂ ᠤᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠬᠦ ᠪᠤᠯᠤᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号