︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠭᠦᠳᠡᠨ ᠡᠮᠨᠡᠯᠭᠡ ᠶᠢᠨ ᠣᠨᠴᠠᠭᠠᠢ ᠡᠮ ᠢ ᠬᠡᠷᠡᠭᠯᠡᠬᠦ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/12
ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠬᠦᠨᠳᠦ ᠣᠨᠴᠠ ᠶᠡᠭᠡ ᠡᠪᠡᠳᠴᠢᠲᠡᠨ ᠤ ᠡᠮ ᠬᠡᠷᠡᠭᠯᠡᠬᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠬᠦ᠂ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠠᠷᠪᠢᠯᠠᠬᠤ᠂ ᠡᠮᠴᠢᠯᠡᠭᠡᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠪᠠᠲᠤᠯᠠᠬᠤ ᠶᠢᠨ ᠲᠤᠰᠠᠲᠠ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠢ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠣᠨᠴᠠᠭᠠᠢ ᠡᠮ ᠢ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ︹ 2020 ︺ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠮᠡᠳᠡᠭᠳᠡᠯ ᠢ ᠲᠣᠭᠲᠠᠭᠠᠪᠠ᠃ᠬᠤᠶᠠᠷ᠂ ᠭᠤᠤᠯ ᠠᠭᠤᠯᠭ᠎ᠠ      ︵ᠨᠢᠭᠡ︶ ᠡᠮ ᠬᠡᠷᠡᠭᠯᠡᠬᠦ ᠭᠤᠶᠤᠴᠢᠯᠠᠯ᠃ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠣᠨᠣᠰᠢᠯᠠᠬᠤ ᠪᠠᠷ ᠳᠠᠮᠵᠢᠭᠠᠳ ᠡᠭᠦᠳᠡᠨ ᠡᠮᠨᠡᠯᠭᠡ ᠶᠢᠨ ᠣᠨᠴᠠᠭᠠᠢ ᠡᠮ ᠢ ᠬᠡᠷᠡᠭᠯᠡᠵᠦ ᠡᠮᠨᠡᠨ ᠵᠠᠰᠠᠬᠤ ᠴᠢᠬᠤᠯᠠᠲᠠᠶ ᠪᠣᠯ ᠡᠷᠬᠡᠪᠰᠢ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠨ᠂ ᠬᠠᠮᠢᠶ᠎ᠠ ᠪᠦᠬᠦᠢ ᠡᠪᠡᠳᠴᠢᠨ ᠤ ᠥᠩᠭᠡᠷᠡᠯᠲᠡ ᠶᠢᠨ ᠮᠠᠲ᠋ᠧᠷᠢᠶᠠᠯ ᠢ ᠬᠠᠩᠭᠠᠵᠤ᠂ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ ᠶᠢ ᠲᠠᠭᠯᠠᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠨᠢᠭᠡ ᠵᠢᠯ ᠤᠨ ᠡᠭᠦᠳᠡᠨ ᠡᠮᠨᠡᠯᠭᠡ ᠶᠢᠨ ᠣᠨᠴᠠᠭᠠᠢ ᠡᠮ ᠢ ᠬᠡᠷᠡᠭᠯᠡᠬᠦ  ᠬᠠᠷᠠᠭᠠᠯᠵᠠᠯ ᠢ ᠬᠦᠷᠲᠡᠵᠦ ᠪᠣᠯᠤᠨ᠎ᠠ᠃      ︵ᠬᠤᠶᠠᠷ︶ ᠴᠡᠭ ᠲᠣᠭᠲᠠᠭᠠᠨ ᠰᠣᠩᠭᠤᠬᠤ᠃ ᠳᠠᠭᠠᠳᠬᠠᠯ ᠳᠤ ᠣᠷᠤᠭᠰᠠᠨ ᠡᠪᠡᠳᠴᠢᠲᠡᠨ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠭᠠᠳ ᠵᠥᠪᠰᠢᠶᠡᠷᠡᠭᠰᠡᠨ ᠤ ᠳᠠᠷᠠᠭ᠎ᠠ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠭᠤᠶᠤᠴᠢᠯᠠᠯ ᠤᠨ ᠬᠦᠰᠦᠨᠦᠭ ᠢᠶᠠᠷ ᠢᠶᠠᠨ ᠠᠯᠢ ᠨᠢᠭᠡᠨ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠦᠨ ᠡᠮ ᠠᠪᠴᠤ ᠪᠣᠯᠤᠨ᠎ᠠ᠃      ︵ᠭᠤᠷᠪᠠ︶ ᠡᠪᠡᠳᠴᠢᠨ ᠦᠵᠡᠭᠦᠯᠬᠦ ᠬᠠᠮᠢᠶᠠᠷᠤᠯᠲᠠ᠃ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠨᠴᠠᠭᠠᠢ ᠡᠮ ᠬᠡᠷᠡᠭᠯᠡᠬᠦ ᠬᠠᠷᠢᠭᠤᠴᠠᠯᠭᠠᠲᠤ ᠡᠮᠴᠢ ᠶᠢ ᠲᠣᠭᠲᠠᠭᠠᠵᠤ ᠂ ᠴᠡᠭ ᠲᠣᠭᠲᠠᠭᠠᠭᠰᠠᠨ ᠡᠮ ᠤᠨ ᠳᠡᠯᠭᠡᠭᠦᠷ ᠨᠢ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠪᠡᠶ᠎ᠡ ᠶᠢᠨ ᠭᠠᠷᠤᠯ ᠢ  ᠬᠢᠨᠠᠮᠠᠭᠠᠢ ᠬᠠᠷᠭᠤᠭᠤᠯᠵᠤ᠂ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ︵ᠳᠥᠷᠪᠡ︶ ᠠᠵᠢᠯ ᠤᠨ ᠱᠠᠭᠠᠷᠳᠠᠯᠭ᠎ᠠ᠃ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ ᠡᠮ ᠢ ︽2019 ᠣᠨ ᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠡᠯᠡᠯᠴᠡᠭᠡᠷ ᠤᠨ ᠡᠮ ᠤᠨ ᠵᠦᠢᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ ︹ 2019 ︺ 73 ᠳ᠋ᠤᠭᠠᠷ ᠲᠣᠭᠠᠲᠤ︶ ᠳᠤ ᠲᠣᠭᠲᠠᠭᠠᠭᠰᠠᠨ ᠲᠣᠬᠢᠷᠠᠬᠤ ᠡᠪᠡᠳᠴᠢᠨ᠂ ᠲᠣᠭᠠᠴᠠᠭ᠎ᠠ ᠬᠢᠬᠦ ᠪᠠᠷᠢᠮᠵᠢᠶ᠎ᠠ ᠵᠢᠴᠢ ᠡᠮ ᠤᠨ ᠵᠦᠢᠯ ᠢ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠲᠤ ᠲᠣᠭᠲᠠᠭᠠᠭᠰᠠᠨ ᠬᠡᠷᠡᠭᠯᠡᠬᠦ ᠬᠡᠮᠵᠢᠶ᠎ᠡ ᠶᠢ ᠴᠢᠩᠭ᠎ᠠ ᠦᠨᠳᠦᠰᠦᠯᠡᠨ ᠥᠭᠬᠦ ᠬᠡᠷᠡᠭᠲᠡᠶ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号