ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ | ᠡᠪᠡᠳᠴᠢᠨ ᠳᠤ ᠨᠡᠷᠪᠡᠭᠳᠡᠬᠦ ᠡᠪᠡᠳᠴᠢᠳᠠᠨ ᠤ ᠨᠣᠷᠮ᠎ᠠ ᠤᠯᠠᠮ ᠠᠴᠠ ᠤᠯᠠᠮ ᠥᠨᠳᠥᠷ ᠪᠣᠯᠵᠣ᠂ ᠡᠪᠡᠳᠴᠢᠯᠡᠬᠦ | ᠨᠠᠰᠤ ᠨᠢ ᠴᠤ ᠤᠯᠠᠮ ᠠᠴᠠ ᠤᠯᠠᠮ ᠵᠠᠯᠠᠭᠤᠵᠢᠵᠤ ᠪᠠᠶᠢᠨ᠎ᠠ᠃ ᠲᠢᠲᠢᠮᠯᠢᠭ ᠰᠤᠳᠠᠯ ᠤᠨ ᠴᠢᠰᠤᠨ ᠰᠤᠳᠠᠯ ᠬᠦᠨᠳᠦ | ᠬᠡᠴᠡᠭᠦᠦ ᠨᠠᠷᠢᠰᠬᠤ ᠳᠤ ᠬᠦᠷᠪᠡᠯ᠂ ᠲᠤᠯᠤᠬᠴᠢ ᠲᠠᠯᠪᠢᠪᠡᠯ ᠴᠢᠰᠤᠨ ᠰᠤᠳᠠᠯ ᠢ ᠨᠡᠪᠲᠡᠷᠡᠭᠦᠯᠵᠦ ᠴᠢᠰᠤᠨ ᠤ | ᠬᠠᠨᠭ᠍ᠭᠠᠯᠳᠠ ᠶᠢ ᠰᠠᠶᠢᠵᠢᠷᠠᠭᠤᠯᠵᠤ᠂ ᠶᠠᠭ ᠲᠦᠭᠵᠢᠷᠡᠭᠰᠡᠨ ᠭᠤᠤᠯ ᠤᠨ ᠤᠰᠤ ᠶᠢ ᠨᠡᠪᠳᠡᠷᠡᠭᠦᠯᠵᠦ᠂ ᠤᠰᠤᠨ | ᠤᠷᠤᠰᠬᠠᠯ ᠢ ᠤᠤᠯ ᠤᠨ ᠬᠢ ᠰᠠᠭᠠᠳ ᠥᠬᠡᠶ ᠨᠡᠪᠲᠡᠷᠡᠭᠦᠯᠬᠦ ᠰᠢᠭ ᠪᠤᠯᠳᠠᠭ᠃ ᠭᠡᠪᠡᠴᠦ ᠴᠢᠰᠤᠨ ᠰᠤᠳᠠᠯ ᠶᠠᠮᠠᠷ | ᠬᠡᠮᠵᠢᠶᠡᠨ ᠳᠤ ᠬᠦᠷᠲᠡᠯ᠎ᠡ ᠲᠦᠭᠵᠢᠷᠡᠪᠡᠯ ᠰᠠᠶ᠋ᠢ ᠲᠤᠯᠤᠬᠴᠢ ᠲᠠᠯᠪᠢᠬᠤ ᠴᠢᠬᠤᠯᠠᠳᠠᠢ ᠪᠤᠢ︖ | ᠣᠳᠣᠬᠠᠨ ᠳᠤ᠂ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠢ ᠵᠠᠰᠠᠬᠤ ᠠᠷᠭ᠎ᠠ ᠭᠤᠤᠯᠳᠠᠭᠤ | ᠭᠤᠷᠪᠠᠨ ᠵᠦᠢᠯ ᠪᠠᠶᠢᠳᠠᠭ᠄ ᠡᠮ ᠢᠶᠠᠷ ᠵᠠᠰᠠᠬᠤ᠂ ᠭᠤᠤᠷᠰᠤᠨ ᠲᠤᠯᠤᠬᠴᠢ ᠲᠠᠯᠪᠢᠬᠤ ᠪᠠ ᠲᠢᠲᠢᠮᠯᠢᠭ ᠯᠤᠬᠰᠢᠭᠤᠨ | ᠰᠤᠳᠠᠯ ᠳᠤ ᠬᠦᠬᠦᠷᠭᠡ ᠮᠠᠶ᠋ᠢᠭ ᠤᠨ ᠲᠤᠯᠤᠬᠴᠢ ᠲᠠᠯᠪᠢᠬᠤ ᠪᠤᠯᠤᠨ᠎ᠠ᠃ ᠬᠡᠷᠪᠡ ᠲᠦᠷᠭᠡᠨ ᠴᠢᠨᠠᠷᠲᠠᠶ ᠲᠢᠲᠢᠮᠯᠢᠭ | ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ᠂ ᠵᠢᠱᠢᠶᠡᠯᠡᠪᠡᠯ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ | ᠲᠦᠭᠵᠢᠷᠡᠯ ᠤᠨ ᠡᠪᠡᠳᠴᠢᠨ ᠢ ᠡᠮᠨᠡᠨ ᠵᠠᠰᠠᠬᠤ ᠶᠢᠨ ᠵᠠᠩᠭᠢᠯᠠᠭ᠎ᠠ ᠨᠢ ᠳᠠᠷᠤᠶ ᠲᠦᠭᠵᠢᠷᠡᠭᠰᠡᠨ ᠲᠢᠲᠢᠮᠯᠢᠭ ᠯᠤᠭᠰᠢᠭᠤᠨ | ᠰᠤᠳᠠᠯ ᠢ ᠲᠦᠷᠭᠡᠨ ᠨᠡᠪᠳᠡᠷᠡᠬᠦᠯᠬᠦ ᠴᠢᠬᠤᠯᠠᠳᠠᠢ ᠲᠤᠯᠠ ᠭᠤᠤᠷᠰᠤᠨ ᠲᠤᠯᠤᠬᠴᠢ ᠲᠠᠯᠪᠢᠬᠤ ᠪᠣᠯ ᠲᠡᠷᠢᠭᠦᠨ | ᠰᠣᠩᠭᠤᠯᠲᠠ ᠪᠣᠯᠤᠨ᠎ᠠ︔ | ᠲᠣᠭᠲᠠᠪᠤᠷᠢᠲᠠᠶ ᠴᠢᠨᠠᠷᠳᠠᠢ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠢ ᠪᠣᠯ ᠦᠨᠡᠯᠡᠬᠦ | ᠪᠠᠷᠢᠮᠵᠢᠶ᠎ᠠ ᠨᠢ ᠵᠢᠭᠠᠬᠠᠨ ᠪᠤᠳᠤᠯᠢᠶᠠᠨᠲᠠᠶ ᠪᠠᠶᠢᠳᠠᠭ᠃ ᠡᠩ ᠤᠨ ᠪᠠᠶᠢᠳᠠᠯ ᠲᠤᠤᠷ᠎ᠠ᠂ ᠡᠮᠴᠢ ᠭᠤᠣᠯᠳᠠᠭᠤ ᠳᠣᠣᠷᠠᠬᠢ | ᠪᠠᠶᠢᠳᠠᠯ ᠠᠴᠠ ᠭᠤᠤᠷᠰᠤᠨ ᠲᠤᠯᠤᠬᠴᠢ ᠪᠠ ᠬᠦᠬᠦᠷᠭᠡ ᠮᠠᠶ᠋ᠢᠭ ᠤᠨ ᠲᠤᠯᠤᠬᠴᠢ ᠲᠠᠯᠪᠢᠬᠤ ᠡᠰᠡᠬᠦ ᠶᠢ ᠪᠦᠬᠦ | ᠲᠠᠯ᠎ᠠ ᠪᠠᠷ ᠪᠣᠳᠣᠯᠬᠢᠯᠠᠳᠠᠬ᠄ | 1᠂ ᠲᠢᠲᠢᠮᠯᠢᠭ ᠯᠤᠬᠰᠢᠭᠤᠨ ᠰᠤᠳᠠᠯ ᠢ ᠰᠡᠭᠦᠳᠡᠷᠯᠡᠬᠦ ᠳᠤ ᠡᠪᠡᠳᠴᠢᠲᠡᠨ ᠤ ᠲᠢᠲᠢᠮᠯᠢᠭ ᠯᠤᠬᠰᠢᠭᠤᠨ | ᠰᠤᠳᠠᠯ ᠨᠢ ᠲᠦᠢᠯ ᠤᠨ ᠬᠦᠨᠳᠦ ᠭᠡᠴᠡᠭᠦᠦ ᠨᠠᠷᠢᠰᠤᠬᠰᠠᠨ᠂ ᠳᠠᠷᠤᠢ ᠳ᠋ᠢᠶᠠᠮᠧᠳ᠋ᠷ ᠨᠢ 2 . 5 ᠮᠢᠯᠢᠮᠧᠳ᠋ᠷ ᠤᠨ | ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 90 % ᠠᠴᠠ ᠬᠡᠲᠦᠷᠡᠭᠰᠡᠨ ᠪᠠᠶᠢᠪᠠᠯ᠂ | ᠥᠴᠦᠬᠡᠨ ᠴᠦ ᠲᠠᠲᠠᠭᠠᠯᠵᠠᠯ ᠦᠭᠡᠢ ᠪᠠᠷ ᠲᠤᠯᠤᠬᠴᠢ ᠲᠠᠯᠪᠢᠵᠦ ᠪᠣᠯᠤᠨ᠎ᠠ᠃ | 2᠂ ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 50 % ᠠᠴᠠ ᠳᠣᠷᠤᠬᠰᠢ | ᠪᠠᠶᠢᠬᠤ ᠳᠤ ᠬᠦᠷᠪᠡᠯ᠂ ᠡᠪᠡᠳᠴᠢᠲᠡᠨ ᠳᠤ ᠤᠨᠴᠠ ᠢᠯᠡᠷᠬᠡᠢ ᠰᠢᠨᠵᠢ ᠢᠯᠡᠷᠡᠯ ᠭᠠᠷᠳᠠᠭ ᠦᠭᠡᠢ᠂ ᠡᠨᠡ ᠦᠶ᠎ᠡ ᠳᠤ | ᠶᠡᠷᠦ ᠳᠡᠭᠡᠨ ᠲᠤᠯᠤᠬᠴᠢ ᠲᠠᠯᠪᠢᠬᠤ ᠴᠢᠬᠤᠯᠠ ᠦᠭᠡᠢ᠂ ᠭᠡᠪᠡᠴᠦ ᠨᠠᠷᠢᠰᠤᠯ ᠤᠨ ᠬᠤᠪᠢᠷᠠᠯᠲᠠ ᠶᠢᠨ ᠪᠠᠶᠢᠳᠠᠯ ᠢ | ᠪᠠᠶᠢᠡᠭᠭᠤ ᠠᠵᠢᠬᠯᠠᠬᠤ ᠬᠡᠷᠡᠭᠳᠡᠢ᠃ | 3᠂ ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 70 % ᠣᠷᠴᠢᠮ ᠪᠠᠶᠢᠬᠤ ᠳᠤ | ᠬᠦᠷᠪᠡᠯ᠂ ᠡᠪᠡᠳᠴᠢᠲᠡᠨ ᠤ ᠵᠢᠷᠦᠬᠡᠨ ᠪᠤᠯᠴᠢᠩ ᠤᠨ ᠴᠢᠰᠤ ᠳᠤᠲᠠᠬᠤ ᠪᠠᠶᠢᠳᠠᠯ ᠢ ᠰᠠᠶᠢᠳᠤᠷ ᠤᠶᠢᠯᠠᠭᠠᠬᠤ ᠬᠡᠷᠡᠭᠲᠡᠢ᠃ | ᠴᠢᠰᠤᠨ ᠰᠤᠳᠠᠯ ᠤᠨ ᠶᠡᠭᠡ ᠪᠠᠭ᠎ᠠ ᠵᠢᠴᠢ ᠡᠪᠡᠳᠴᠢᠨ ᠤ ᠪᠠᠶᠢᠳᠠᠯ ᠤᠨ ᠬᠤᠪᠢᠷᠠᠯᠲᠠ ᠲᠠᠢ ᠤᠶᠠᠯᠳᠤᠭᠤᠯᠤᠨ ᠡᠮᠨᠡᠬᠦ | ᠬᠡᠷᠡᠭᠳᠡᠢ᠂ ᠬᠡᠷᠪᠡ ᠡᠪᠡᠳᠴᠢᠲᠡᠨ ᠳᠤ ᠦᠷᠭᠦᠯᠵᠢ ᠵᠢᠷᠦᠬᠡ ᠪᠠᠵᠠᠯᠠᠨ ᠡᠪᠡᠳᠬᠦ ᠰᠢᠨᠵᠢ ᠢᠯᠡᠷᠡᠯ ᠭᠠᠷᠬᠤ ᠦᠶ᠎ᠡ ᠳᠤ᠂ | ᠵᠢᠷᠦᠬᠡᠨ ᠤ ᠯᠤᠭᠰᠢᠯᠲᠠ ᠶᠢᠨ ᠵᠢᠷᠤᠭ ᠬᠢᠬᠦ᠂ ᠬᠥᠳᠡᠯᠭᠡᠭᠡᠨ ᠤ ᠳᠠᠭᠠᠭᠠᠴᠠ ᠶᠢᠨ ᠲᠤᠷᠰᠢᠯᠲᠠ ᠬᠢᠬᠦ ᠪᠤᠶᠤ ᠲᠢᠲᠢᠮᠯᠢᠭ | ᠯᠤᠬᠰᠢᠭᠤᠨ ᠰᠤᠳᠠᠯ ᠢ ᠨᠢ ᠰᠡᠭᠦᠳᠡᠷᠯᠡᠬᠦ ᠳᠡᠭᠡᠨ ᠳᠠᠮᠵᠢᠭᠤᠯᠬᠤ ᠭᠤᠤᠷᠰᠤᠨ ᠳᠣᠲᠣᠷᠠᠬᠢ ᠳᠠᠷᠤᠯᠲᠠ ᠶᠢᠨ | ᠬᠤᠪᠢᠷᠠᠯᠲᠠ ᠵᠡᠷᠭᠡ ᠶᠢ ᠰᠢᠭᠤᠳ ᠬᠡᠮᠵᠢᠬᠦ ᠳᠤ ᠬᠦᠷᠪᠡᠯ᠂ ᠴᠦᠮ ᠢᠯᠡᠷᠬᠡᠢ ᠵᠢᠷᠦᠬᠡᠨ ᠪᠤᠯᠴᠢᠩ ᠤᠨ ᠴᠢᠰᠤ ᠳᠤᠲᠠᠬᠤ | ᠪᠠᠶᠢᠳᠠᠯ ᠲᠠᠢ ᠪᠠᠶᠢᠳᠠᠭ᠂ ᠡᠨᠡ ᠦᠶ᠎ᠡ ᠳᠤ ᠲᠤᠯᠤᠬᠴᠢ ᠲᠠᠯᠪᠢᠪᠡᠯ ᠵᠤᠬᠢᠨ᠎ᠡ᠃ | 4᠂ ᠴᠢᠰᠤᠨ ᠰᠤᠳᠠᠯ ᠲᠦᠭᠵᠢᠷᠡᠬᠦ ᠨᠢ ᠭᠤᠷᠪᠠᠨ ᠰᠠᠯᠪᠤᠷᠢ ᠰᠤᠳᠠᠯ ︵ᠡᠮᠦᠨ᠎ᠡ ᠲᠠᠯ᠎ᠠ ᠶᠢᠨ ᠪᠠᠭᠤᠬᠤ | ᠰᠠᠯᠪᠤᠷᠢ ᠰᠤᠳᠠᠯ᠂ ᠡᠷᠭᠢᠯᠳᠤᠬᠦ ᠰᠠᠯᠪᠤᠷᠢ ᠰᠤᠳᠠᠯ ᠪᠠ ᠪᠠᠷᠠᠭᠤᠨ ᠲᠢᠲᠢᠮ︶ ᠤᠨ ᠤᠶᠢᠷᠠᠯᠴᠠᠭ᠎ᠠ ᠳᠤᠮᠳᠠ ᠬᠡᠰᠡᠭ ᠢᠶᠠᠷ | ᠡᠪᠡᠳᠴᠢᠨ ᠡᠭᠦᠰᠳᠡᠭ᠂ ᠬᠤᠶᠢᠰᠢᠳᠠ ᠶᠢᠨ ᠨᠥᠯᠥᠭᠡᠯᠠᠯ ᠤᠨ ᠬᠡᠪᠴᠢᠶ᠎ᠡ ᠨᠢ ᠨᠡᠯᠢᠶᠡᠳ ᠶᠡᠭᠡ ᠤᠴᠢᠷ ᠠᠴᠠ | ᠲᠤᠯᠤᠬᠴᠢ ᠲᠠᠯᠪᠢᠬᠤ ᠶᠢ ᠪᠣᠳᠣᠯᠬᠢᠯᠠᠬᠤ ᠬᠡᠷᠡᠭᠲᠡᠢ᠃ | http://mongol.people.com.cn/15831781.html |