ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠰᠠᠶᠢᠳᠤᠷ ᠬᠠᠮᠠᠭᠠᠯᠠᠬᠤ ᠲᠤᠯᠤᠭᠠᠨ ᠠᠷᠭ᠎ᠠ
ᠨᠡᠶᠢᠲᠡᠯᠡᠭᠰᠡᠨ ᠴᠠᠭ᠄
2020/12/12
     ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ  ᠴᠢᠩᠭᠠᠷᠠᠭᠤᠯᠵᠦ᠂ ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ ᠲᠦᠷᠢᠮ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠲᠠ᠂ ︽ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ︵ᠲᠤᠭ᠎ᠠ ᠪᠠᠷᠢᠮᠲᠠ︶ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ ᠪᠠᠩᠭᠢ ᠶᠢᠨ ᠲᠦᠷᠢᠮ ᠲᠤᠭᠲᠠᠭᠠᠯ ᠠᠵᠢᠯ ᠤᠨ ᠲᠦᠯᠦᠪᠯᠡᠭᠡ ᠳᠤ ᠤᠷᠤᠭᠤᠯᠵᠦ᠂ ︽ᠲᠤᠮᠳᠠᠳᠤ ᠤᠯᠤᠰ ᠤᠨ ᠠᠷᠠᠳ ᠤᠨ ᠪᠠᠩᠭᠢ ᠶᠢᠨ ᠮᠦ᠋ᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠡᠷᠡᠭᠵᠢᠭᠦᠯᠬᠦ ᠠᠷᠭ᠎ᠠ︾ ᠶᠢ 11 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ ᠠᠷᠭ᠎ᠠ ᠨᠢ ᠤᠤᠯ ᠤᠨ ᠪᠠᠶᠢᠭᠰᠠᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠲᠦᠷᠢᠮ  ᠤᠨ ᠰᠠᠭᠤᠷᠢᠨ ᠳᠡᠭᠡᠷ᠎ᠡ᠂ ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ᠂ ᠬᠡᠷᠡᠭᠯᠡᠬᠦ᠂ ᠬᠠᠮᠢᠶᠠᠷᠬᠤ᠂ ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃ ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠳᠤ ᠶᠡᠷᠤᠳᠡᠭᠡᠨ ᠬᠤᠪᠢ ᠬᠦᠮᠤᠨ ᠤ ᠪᠡᠶ᠎ᠡ ᠶᠢᠨ ᠭᠠᠷᠤᠯ ᠤᠨ ᠰᠤᠷᠠᠭ ᠵᠠᠩᠭᠢ ᠂ ᠡᠳ᠋ ᠬᠦᠷᠦᠩᠭᠡ ᠶᠢᠨ ᠰᠤᠷᠠᠭ ᠵᠠᠩᠭᠢ᠂ ᠳᠠᠩᠰᠨ ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ ᠵᠠᠩᠭᠢ᠂ ᠮᠦᠩᠭᠦᠨ ᠭᠦᠢᠯᠭᠡᠭᠡᠨ ᠤ ᠰᠤᠯᠢᠯᠴᠠᠭᠠᠨ ᠤ ᠰᠤᠷᠠᠭ ᠵᠠᠩᠭᠢ ᠪᠤᠯᠤᠨ ᠬᠤᠪᠢ ᠬᠦᠮᠤᠨ ᠤ ᠪᠤᠰᠤᠳ ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ ᠴᠢᠬᠤᠯᠠ ᠰᠤᠷᠠᠭ ᠵᠠᠩᠭᠢ ᠯᠡᠪᠡᠷᠡᠬᠦ ᠳᠤ ᠬᠦᠷᠪᠡᠯ ᠮᠦᠩᠭᠦᠨ ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ ᠪᠤᠯᠤᠨ ᠭᠡᠷ ᠪᠦᠯᠢ᠂ ᠰᠠᠳᠤᠨ ᠲᠦᠷᠦᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠵᠦ ᠮᠡᠳᠡᠨ᠎ᠡ᠃ ᠡᠶᠢᠮᠤ ᠶᠢᠨ ᠲᠤᠯᠠᠳᠠ᠂ ᠬᠤᠪᠢ ᠬᠦᠮᠤᠨ ᠤ ᠮᠦ᠋ᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠳᠤ ᠲᠤᠤᠷᠠᠬᠢ ᠲᠤᠯᠤᠭᠠᠨ ᠲᠠᠯ᠎ᠠ ᠶᠢ ᠭᠤᠤᠯᠳᠠᠯᠭ᠎ᠠ ᠲᠠᠢ ᠡᠵᠡᠮᠳᠡᠬᠦ ᠪᠤᠯᠪᠠ ᠦᠦ ᠭᠡᠵᠦ ᠲᠦᠪ ᠪᠠᠩᠭᠢ ᠰᠠᠨᠠᠭᠤᠯᠵᠦ ᠪᠠᠶᠢᠨ᠎ᠠ᠄      ᠨᠢᠭᠡ ᠳᠤ ᠪᠡᠶ᠎ᠡ ᠶᠢᠨ ᠦᠨᠡᠮᠯᠡᠯ᠂ ᠪᠠᠩᠭᠢ ᠶᠢᠨ ᠺᠠᠷᠲ᠂ ᠪᠠᠩᠭᠢ ᠶᠢᠨ ᠳᠠᠩᠰᠠ ᠵᠡᠷᠭᠡ ᠪᠠᠨ ᠰᠠᠶᠢᠳᠤᠷ ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ︔      ᠬᠤᠶᠠᠷ ᠲᠤ ᠮᠦᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠦᠷᠦᠩᠭᠡ ᠶᠢᠨ ᠪᠠᠶᠢᠳᠠᠯ ᠵᠡᠷᠭᠡ ᠦᠨᠳᠦᠰᠦᠨ ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠤ ᠭᠠᠳᠠᠨ᠎ᠠ ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠲᠤᠷ᠎ᠠ ᠪᠠᠷ ᠢᠶᠠᠨ ᠦᠯᠡᠳᠡᠭᠡᠵᠦ ᠪᠤᠯᠬᠤ ᠦᠭᠡᠢ︔      ᠭᠤᠷᠪᠠ ᠳᠤ ᠮᠦᠩᠭᠦᠨ ᠭᠦᠢᠯᠭᠡᠭᠡᠨ ᠤ ᠶᠠᠪᠤᠳᠠᠯ ᠢ ᠠᠯᠢ ᠪᠤᠯᠬᠤ ᠶᠢᠨ ᠲᠤᠲᠤᠷ ᠦᠪᠡᠷ ᠢᠶᠠᠨ ᠭᠦᠢᠴᠡᠳᠭᠡᠬᠦ ᠬᠡᠷᠡᠭᠲᠡᠢ᠂ ᠲᠠᠨᠢᠯ ᠪᠤᠰᠤ ᠬᠦᠮᠤᠨ ᠪᠤᠶᠤ ᠵᠠᠭᠤᠴᠢ ᠶᠢ ᠨᠠᠶᠢᠳᠠᠵᠦ ᠪᠤᠯᠬᠤ ᠦᠭᠡᠢ᠂ ᠬᠤᠪᠢ ᠬᠦᠮᠤᠨ ᠤ ᠰᠤᠷᠠᠭ ᠵᠠᠩᠭᠢ ᠬᠤᠯᠠᠭᠠᠶᠢᠯᠠᠭᠳᠠᠬᠤ ᠠᠴᠠ ᠪᠤᠯᠭᠤᠮᠵᠢᠯᠠᠬᠤ ᠬᠡᠷᠡᠭᠲᠡᠢ︔      ᠲᠦᠷᠪᠡ ᠳᠤ ᠦᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠥᠢᠯ ᠤᠨ ᠲᠤᠬᠠᠶᠢᠯᠠᠭᠰᠠᠨ ᠠᠵᠢᠯ ᠭᠦᠢᠴᠡᠳᠭᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠤᠷᠢᠯᠭ᠎ᠠ ᠪᠠᠨ ᠲᠤᠲᠤᠷᠬᠠᠶᠢᠯᠠᠬᠤ ᠬᠡᠷᠡᠭᠲᠡᠢ︔      ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠤᠭᠤᠰ ᠠᠪᠤᠭᠰᠠᠨ ᠭᠡᠷᠡᠴᠢ᠂ ᠢᠲᠡᠭᠡᠮᠵᠢ  ᠶᠢᠨ ᠺᠠᠷᠲ ᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ ᠲᠠᠷᠤᠢ ᠳᠤᠨᠢ ᠦᠭᠡᠶᠢᠭᠢᠬᠦ ᠴᠢᠬᠤᠯᠠᠲᠠᠢ ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠦ ᠭᠡᠭᠡᠵᠦ ᠪᠤᠯᠬᠤ ᠦᠭᠡᠢ︔      ᠵᠢᠷᠭᠤᠭ᠎ᠠ ᠳᠤ ᠢᠷᠡᠯ ᠨᠢ ᠲᠤᠳᠤ ᠦᠭᠡᠢ ᠭᠠᠷ ᠤᠲᠠᠰᠤᠨ ᠤ ᠴᠢᠬᠢᠮ ᠴᠢᠮᠡᠭᠡ᠂ ᠰᠢᠤᠳᠠᠨ ᠭᠤᠪᠢᠭᠤᠯᠭ᠎ᠠ ᠪᠤᠯᠤᠨ ᠲᠤᠲᠤᠷᠬᠠᠢ ᠪᠤᠰᠤ ᠬᠤᠯᠪᠤᠭᠠᠰᠤ ᠶᠢ ᠲᠤᠷᠠᠪᠠᠷ ᠢᠶᠠᠨ ᠲᠤᠪᠰᠢᠵᠦ ᠪᠤᠯᠬᠤ ᠦᠭᠡᠢ᠂ ᠢᠷᠡᠯ ᠨᠢ ᠲᠤᠲᠤ ᠦᠭᠡᠢ ᠮᠡᠷᠭᠡᠨ ᠴᠤᠬᠤᠷ ᠢ ᠪᠢᠲᠡᠬᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ ᠨᠢᠭᠤᠴᠠ ᠨᠤᠮᠧᠷ ᠦᠭᠡᠢ WiFi ᠶᠢ ᠬᠢᠴᠢᠶᠡᠵᠦ ᠬᠡᠷᠡᠭᠯᠡᠬᠦ ᠬᠡᠷᠡᠭᠲᠡᠢ︔ ᠲᠤᠯᠤᠭ᠎ᠠ ᠳᠤ ᠦᠪᠡᠷ ᠤᠨ ᠴᠢᠨᠢ ᠮᠦᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ ᠳᠠᠷᠦ᠋ᠢᠬᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠦ ᠡᠷᠭᠡ ᠪᠠᠨ ᠬᠠᠮᠠᠭᠠᠯᠠᠬᠤ ᠬᠡᠷᠡᠭᠲᠡᠢ᠃      ᠠᠷᠠᠳ ᠤᠨ ᠡᠳᠤᠷ ᠤᠨ ᠰᠤᠨᠢᠨ ᠤ ᠰᠤᠷᠪᠤᠯᠵᠢᠯᠠᠭᠴᠢ ᠡᠦ ᠴᠢᠦ ᠢᠤᠢ      http://mongol.people.com.cn/15830739.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号