ᠤᠰᠤᠨ ᠳᠤ ᠵᠢᠪᠬᠦ ᠠᠴᠠ ᠰᠡᠷᠭᠡᠢᠯᠡᠬᠦ ᠡᠳᠡᠭᠡᠷ ᠮᠡᠳᠡᠯᠭᠡ ᠶᠢ ᠬᠡᠤᠬᠡᠳ ᠤᠳ ᠲᠤ ᠬᠡᠯᠡᠵᠦ ᠥᠭᠬᠦ ᠬᠡᠷᠡᠭᠲᠡᠶ
ᠨᠡᠶᠢᠲᠡᠯᠡᠭᠰᠡᠨ ᠴᠠᠭ᠄
2020/12/12
     ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠣᠯᠭ᠎ᠠ ᠶᠢᠨ ᠬᠡᠤᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠨᠡᠶᠢᠲᠡᠯᠡᠭᠰᠡᠨ ︽ᠳᠡᠯᠡᠬᠡᠶ ᠶᠢᠨ ᠬᠡᠤᠬᠡᠳ ᠤᠨ ᠬᠤᠤᠷᠳᠤᠯ ᠭᠡᠮᠲᠦᠯ ᠢ ᠰᠡᠷᠭᠡᠶᠢᠯᠡᠬᠦ ᠮᠡᠳᠡᠭᠦᠯᠦᠯᠲᠡ︾ ᠠᠴᠠ ᠦᠵᠡᠪᠡᠯ᠂ ᠪᠦᠬᠦ ᠪᠥᠮᠪᠥᠷᠴᠡᠭ ᠲᠤ ᠡᠳᠦᠷ ᠪᠦᠷᠢ ᠪᠠᠷᠤᠭ 480 ᠬᠡᠦᠬᠡᠳ ᠤᠰᠤᠨ ᠳᠤ ᠵᠢᠪᠴᠦ ᠦᠬᠦᠵᠣ ᠪᠠᠶᠢᠭ᠎ᠠ ᠠᠵᠠᠢ᠃ ᠡᠶᠢᠮᠤ  ᠠᠴᠠ ᠣᠰᠣᠨ ᠳᠤ ᠵᠢᠪᠬᠦ ᠠᠴᠠ ᠰᠡᠷᠬᠡᠶᠢᠯᠡᠬᠦ ᠲᠣᠣᠷᠠᠬᠢ ᠮᠡᠳᠡᠯᠭᠡ ᠶᠢ ᠡᠷᠬᠡᠪᠰᠢ ᠬᠡᠦᠬᠡᠳ ᠲᠡᠭᠡᠨ ᠮᠡᠳᠡᠭᠦᠯᠬᠦ ᠬᠡᠷᠡᠭᠲᠡᠢ᠃      12 ᠮᠢᠨᠦ᠋ᠲ ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ      ᠪᠡᠭᠡᠵᠢᠩ ᠤᠨ ᠬᠡᠤᠬᠡᠳ ᠤᠨ ᠡᠮᠨᠡᠯᠭᠡ ᠶᠢᠨ ᠬᠤᠷᠢᠶᠠᠨ ᠤ ᠱᠦᠨ ᠢ ᠡᠮᠡᠭᠲᠡᠶᠢᠴᠤᠳ ᠬᠡᠤᠬᠡᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠭᠠᠳᠠᠷ ᠰᠠᠯᠠᠭᠠᠨ ᠤ ᠭᠤᠤᠯ ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠬᠥᠮᠦᠨ ᠤᠰᠤᠨ ᠳᠤ ᠵᠢᠪᠪᠦᠭᠰᠡᠨ ᠤ ᠳᠠᠷᠠᠭ᠎ᠠ ᠶᠡᠭᠡ ᠬᠡᠮᠵᠢᠶᠡᠨ ᠤ ᠤᠰᠤ ᠪᠢᠳᠡᠨ ᠤ ᠠᠮᠢᠰᠬᠤᠯ ᠤᠨ ᠵᠠᠮ ᠢ ᠬᠦᠨᠳᠦ ᠨᠣᠴᠢᠲᠠᠢ ᠪᠦᠭᠯᠡᠵᠥ᠂ ᠠᠭᠤᠰᠬᠢᠨ ᠤ ᠬᠦᠴᠢᠯᠲᠥ᠋ᠷᠥᠭᠴᠢ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠶᠢᠨ ᠰᠣᠯᠢᠯᠴᠠᠭ᠎ᠠ ᠳᠤ ᠬᠠᠷᠰᠢ ᠰᠠᠭᠠᠳ ᠤᠴᠠᠷᠠᠭᠤᠯᠵᠦ ᠠᠮᠢᠰᠬᠤᠯ ᠪᠥᠭᠯᠡᠷᠡᠳᠡᠭ︔ ᠡᠭᠦᠨ ᠠᠴᠠ ᠭᠠᠳᠠᠨ᠎ᠠ᠂ ᠶᠡᠭᠡ ᠬᠡᠮᠵᠢᠶᠡᠨ ᠤ ᠤᠰᠤ ᠪᠠ ᠪᠣᠰᠣᠳ ᠪᠣᠳᠠᠰ ᠬᠥᠮᠦᠨ ᠤ ᠬᠤᠭᠤᠯᠠᠶ ᠳᠤ ᠣᠷᠣᠬᠤ ᠦᠶᠡᠰ ᠲᠥᠪᠣᠩᠬᠡᠶ ᠳᠤ ᠰᠡᠳᠦᠯᠲᠡ ᠥᠭᠴᠦ ᠵᠠᠩᠭᠢᠷᠠᠬᠤ ᠴᠢᠨᠠᠭᠰᠢᠯᠠᠪᠠᠯ ᠵᠢᠷᠦᠬᠡᠨ ᠤ ᠯᠤᠭᠰᠢᠯᠲᠠ ᠶᠢ ᠵᠣᠭᠰᠣᠭᠠᠳᠠᠭ᠃ ᠡᠨᠡ ᠬᠤᠶᠠᠷ ᠪᠠᠶᠢᠳᠠᠯ ᠨᠢ ᠴᠥᠮ ᠬᠥᠮᠦᠨ ᠢ ᠦᠬᠦᠭᠦᠯᠳᠡᠭ ᠶᠤᠮ᠃ ᠶᠡᠷᠦ ᠳᠡᠭᠡᠨ ᠬᠦᠮᠣᠨ ᠤ ᠪᠡᠶ᠎ᠡ ᠮᠠᠬᠠᠪᠣᠳ 4 ᠮᠢᠨᠦ᠋ᠲ ᠠᠴᠠ 6 ᠮᠢᠨᠦ᠋ᠲ ᠬᠦᠴᠢᠯᠲᠥ᠋ᠷᠥᠭᠴᠢ ᠳᠤᠲᠠᠪᠠᠯ ᠲᠠᠷᠢᠬᠢᠨ ᠤ ᠮᠡᠳᠡᠷᠡᠯ ᠤᠨ ᠡᠰ ᠲᠤ ᠡᠪᠡᠳᠴᠢᠨ ᠤ ᠬᠤᠪᠢᠷᠠᠯᠲᠠ ᠡᠬᠦᠰᠴᠣ᠂ 12 ᠮᠢᠨᠦ᠋ᠲ ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ ᠪᠠᠶᠢᠳᠠᠭ᠃      ᠤᠰᠤᠨ ᠳᠤ ᠤᠨᠠᠪᠠᠯ ᠥᠪᠡᠷ ᠢ ᠪᠠᠨ ᠢᠩᠭᠢᠵᠦ ᠠᠪᠤᠷᠠᠭᠠᠷᠠᠶ      ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠤᠰᠤᠨ ᠤ ᠠᠶᠤᠯᠲᠠᠶ ᠣᠷᠣᠨ ᠢ ᠬᠡᠷᠬᠢᠨ ᠢᠯᠭᠠᠨ ᠲᠠᠨᠢᠬᠤ ᠶᠢ ᠪᠢᠳᠡ ᠬᠡᠤᠬᠡᠳ ᠲᠤ ᠵᠢᠭᠠᠵᠤ ᠥᠭᠬᠦ ᠬᠡᠷᠡᠭᠲᠡᠶ᠃ ᠵᠢᠩᠬᠢᠨᠢ ᠤᠮᠪᠠᠯᠲᠠ ᠶᠢᠨ ᠭᠠᠵᠠᠷ ︵ᠠᠮᠤᠷ ᠢ ᠬᠠᠮᠠᠭᠠᠯᠠᠭᠴᠢ ᠪᠠ ᠤᠰᠤᠨ ᠤ ᠭᠦᠨ ᠭᠦᠢᠬᠡᠨ ᠤ ᠢᠯᠡᠷᠬᠡᠶᠢᠯᠡᠭᠴᠢ ᠪᠠᠶᠢᠬᠤ ᠬᠡᠷᠡᠭᠲᠡᠢ︶ ᠠᠴᠠ ᠪᠤᠰᠤᠳ ᠠᠮᠤᠷ ᠢ ᠬᠠᠮᠠᠭᠠᠯᠠᠬᠤ ᠬᠦᠮᠣᠨ ᠪᠠᠶᠢᠬᠤ ᠦᠬᠡᠢ ᠪᠠ ᠠᠮᠤᠷ ᠲᠦᠪᠰᠢᠨ ᠤ ᠲᠥᠬᠦᠭᠡᠷᠦᠮᠵᠢ ᠦᠬᠡᠢ ᠪᠠᠶᠢᠳᠠᠯ ᠳᠣᠣᠷ᠎ᠠ ᠴᠥᠭᠦᠷᠥᠮ᠂ ᠭᠤᠣᠯ ᠮᠥᠷᠡᠨ᠂ ᠳᠠᠯᠠᠢ ᠶᠢᠨ ᠤᠰᠤᠨ ᠳᠤ ᠣᠴᠢᠵᠤ ᠤᠰᠤ ᠨᠠᠭᠠᠳᠴᠤ ᠪᠣᠯᠬᠤ ᠦᠬᠡᠢ᠃ ᠴᠢᠨᠠᠭᠰᠢᠯᠠᠪᠠᠯ ᠭᠡᠷ ᠤᠨ ᠪᠡᠶ᠎ᠡ ᠤᠬᠢᠶᠠᠬᠤ ᠰᠠᠪᠠ ᠨᠢ ᠬᠦᠷᠲᠡᠯ᠎ᠡ ᠤᠰᠤᠨ ᠳᠤ ᠵᠢᠪᠬᠦ ᠠᠶᠤᠯ ᠲᠠᠢ ᠭᠡᠳᠡᠭ ᠢ ᠬᠡᠤᠬᠡᠳ ᠲᠡᠭᠡᠨ ᠬᠡᠯᠡᠵᠦ ᠦᠭᠬᠦ ᠬᠡᠷᠡᠭᠲᠡᠢ ᠭᠡᠪᠡ᠃      ᠡᠭᠦᠨ ᠤ ᠬᠠᠮᠲᠤ᠂ ᠬᠡᠦᠬᠡᠳ ᠲᠤ ᠵᠥᠪ ᠣᠨᠣᠪᠴᠢᠲᠠᠢ ᠥᠪᠡᠷ ᠢ ᠪᠠᠨ ᠠᠪᠤᠷᠠᠬᠤ ᠠᠷᠭ᠎ᠠ ᠶᠢ ᠡᠵᠡᠮᠰᠢᠭᠦᠯᠬᠦ ᠬᠡᠷᠡᠭᠲᠡᠢ᠃ ᠵᠢᠱᠢᠶᠡᠯᠡᠪᠡᠯ᠂ ᠤᠰᠤᠨ ᠳᠤ ᠤᠮᠪᠠᠭ᠋ᠤ ᠦᠶ᠎ᠡ ᠳᠤ ᠬᠦᠯ ᠤᠨ ᠪᠤᠯᠴᠢᠩ ᠤᠨ ᠰᠢᠷᠪᠥᠰᠥ ᠲᠠᠲᠠᠬᠤ ᠪᠠᠶᠢᠳᠠᠯ ᠭᠠᠷᠳᠠᠭ᠃ ᠡᠨᠡ ᠦᠶ᠎ᠡ ᠳᠤ ᠰᠢᠷᠪᠥᠰᠥ ᠲᠠᠲᠠᠭᠰᠠᠨ ᠬᠥᠯ ᠤᠨ ᠬᠤᠷᠤᠭᠤ ᠶᠢ ᠭᠠᠷ ᠢᠶᠠᠷ ᠢᠶᠠᠨ ᠠᠳᠬᠤᠵᠤ᠂ ᠳᠡᠭᠡᠭᠰᠢ ᠲᠠᠲᠠᠬᠤ ᠶᠢᠨ ᠬᠠᠮᠲᠤ ᠰᠢᠷᠪᠥᠰᠥ ᠲᠠᠲᠠᠭᠰᠠᠨ ᠬᠥᠯ ᠢᠶᠠᠨ ᠰᠤᠩᠭᠠᠵᠤ ᠪᠣᠯᠤᠨ᠎ᠠ᠃ ᠨᠥᠭᠦᠭᠡ ᠭᠠᠷ ᠢᠶᠠᠷ ᠢᠶᠠᠨ ᠤᠰᠤ ᠰᠡᠯᠢᠵᠦ᠂ ᠬᠥᠯ ᠢᠶᠠᠷ ᠢᠶᠠᠨ ᠤᠰᠤ ᠭᠢᠰᠬᠢᠵᠦ᠂ ᠪᠡᠶ᠎ᠡ ᠪᠠᠨ ᠬᠦᠪᠪᠤᠭᠦᠯᠦᠨ᠎ᠡ᠃      ᠡᠭᠦᠨ ᠠᠴᠠ ᠭᠠᠳᠠᠨ᠎ᠠ᠂ ᠤᠮᠪᠠᠵᠤ ᠴᠢᠳᠠᠬᠤ ᠦᠭᠡᠢ ᠬᠥᠮᠦᠨ ᠵᠣᠯ ᠪᠤᠰᠤ ᠪᠠᠷ ᠤᠰᠤᠨ ᠳᠤ ᠣᠨᠠᠪᠠᠯ᠂ ᠡᠩ ᠲᠡᠷᠢᠭᠦᠨ ᠳᠤ ᠯᠠᠪᠳᠠᠭᠤᠨ ᠲᠣᠭᠲᠠᠭᠤᠨ ᠪᠠᠶᠢᠵᠤ᠂ ᠪᠡᠶ᠎ᠡ ᠪᠠᠨ ᠳᠡᠭᠡᠭᠰᠢ ᠬᠠᠨᠳᠣᠭᠤᠯᠣᠨ᠂ ᠲᠣᠯᠣᠭᠠᠢ ᠪᠠᠨ ᠠᠷᠤᠨᠰᠢ ᠪᠠᠨ ᠬᠡᠳᠦ᠋ᠢᠵᠦ᠂ ᠠᠮᠠ ᠬᠠᠮᠠᠷ ᠢᠶᠠᠨ ᠠᠯᠢ ᠴᠢᠳᠠᠬᠤ ᠪᠠᠷ ᠤᠰᠤᠨ ᠳᠡᠭᠡᠷ᠎ᠡ ᠭᠠᠷᠭᠠᠵᠤ᠂ ᠴᠢᠳᠠᠬᠤ ᠶᠢᠨ ᠬᠢᠷᠢ ᠪᠠᠷ ᠪᠡᠶ᠎ᠡ ᠪᠠᠨ ᠣᠰᠣᠨ ᠳᠤ ᠵᠢᠪᠪᠦᠭᠦᠯᠬᠦ ᠦᠭᠡᠢ ᠪᠠᠶᠢᠵᠣ᠂ ᠪᠡᠶ᠎ᠡ ᠲᠡᠭᠡᠷᠡᠬᠢ ᠬᠦᠨᠳᠦ ᠶᠠᠭᠤᠮ᠎ᠠ ᠪᠠᠨ ᠲᠠᠶᠠᠭᠳᠠᠨ᠂ ᠭᠠᠷ ᠢᠶᠠᠨ ᠤᠰᠤᠨ ᠲᠣᠳᠣᠷ᠎ᠠ ᠪᠠᠶᠢᠯᠭᠠᠬᠤ ᠬᠡᠷᠡᠭᠲᠡᠢ᠂ ᠳᠡᠭᠡᠭᠰᠢ ᠡᠷᠭᠦᠵᠦ ᠪᠣᠯᠬᠤ ᠦᠭᠡᠢ᠂ ᠬᠡᠲᠦᠷᠬᠡᠶ ᠲᠡᠯᠴᠢᠯᠡᠬᠦ ᠠᠴᠠ ᠵᠠᠶᠢᠯᠠᠰᠬᠢᠵᠦ᠂ ᠠᠪᠤᠷᠠᠨ ᠲᠤᠰᠠᠯᠠᠬᠤ ᠶᠢ ᠬᠦᠯᠢᠶᠡᠨ᠎ᠡ᠃      ᠤᠰᠤᠨ ᠳᠤ ᠵᠢᠪᠪᠦᠭᠰᠡᠨ ᠬᠦᠮᠣᠨ ᠢ ᠠᠪᠤᠷᠠᠨ ᠲᠤᠰᠠᠯᠠᠬᠤ ᠳᠠᠭᠠᠨ ᠪᠣᠯᠭᠤᠮᠵᠢᠲᠠᠶ ᠪᠠᠶᠢᠬᠤ ᠬᠡᠷᠡᠭᠲᠡᠶ      ᠬᠡᠷᠪᠡ ᠬᠠᠵᠠᠭᠤ ᠳᠤ ᠴᠢᠨᠢ ᠬᠡᠦᠬᠡᠳ ᠤᠰᠤᠨ ᠳᠤ ᠤᠨᠠᠪᠠᠯ ᠬᠡᠷᠬᠢᠨ ᠵᠥᠪ ᠠᠪᠤᠷᠠᠯᠲᠠ ᠬᠢᠬᠦ ᠪᠤᠢ︖ ᠡᠮᠴᠢ ᠵᠣ᠋ ᠯᠢᠨ ᠱᠧᠩ ᠰᠠᠨᠠᠭᠤᠯᠬᠤ ᠳᠠᠭᠠᠨ᠂ ᠤᠰᠤᠨ ᠳᠤ ᠵᠢᠪᠪᠦᠭᠰᠡᠨ ᠬᠦᠮᠣᠨ ᠢ ᠠᠪᠤᠷᠠᠬᠤ ᠳᠠᠭᠠᠨ ᠴᠢᠳᠠᠯ ᠤᠨ ᠬᠢᠷᠢ  ᠪᠠᠷ ᠢᠶᠠᠨ ᠠᠪᠤᠷᠠᠬᠤ ᠬᠡᠷᠡᠭᠲᠡᠢ᠂ ᠰᠣᠬᠤᠷ ᠪᠠᠯᠠᠶ ᠪᠠᠷ ᠣᠰᠣᠨ ᠳᠤ ᠤᠷᠤᠵᠦ ᠠᠪᠤᠷᠠᠨ ᠲᠣᠰᠠᠯᠠᠵᠣ ᠪᠣᠯᠬᠤ ᠦᠭᠡᠢ᠃ ᠠᠪᠤᠷᠠᠭᠴᠢ ᠨᠢ ᠨᠠᠩ ᠣᠯᠠᠨ ᠬᠥᠮᠦᠨ ᠢ ᠳᠠᠭᠤᠳᠠᠨ ᠢᠷᠡᠭᠦᠯᠵᠦ᠂ ᠠᠪᠤᠷᠠᠨ ᠲᠤᠰᠠᠯᠠᠬᠤ ᠠᠵᠢᠯ ᠳᠤ ᠬᠠᠮᠵᠢᠭᠤᠯᠬᠤ ᠬᠡᠷᠡᠭᠲᠡᠶ᠂ ᠡᠭᠦᠨ ᠤ ᠬᠠᠮᠲᠤ ᠤᠰᠤᠨ ᠤ ᠬᠦᠪᠡᠭᠡᠨ ᠳᠡᠭᠡᠷ᠎ᠡ ᠠᠴᠠ ᠳᠡᠭᠡᠰᠦ᠂ ᠤᠷᠲᠤ ᠬᠤᠯᠤᠰᠤ᠂ ᠮᠣᠳᠣᠨ ᠬᠠᠪᠲᠠᠰᠤ ᠵᠡᠷᠭᠡ ᠪᠠᠷ ᠤᠰᠤᠨ ᠳᠤ ᠵᠢᠪᠪᠦᠭᠰᠡᠨ ᠬᠦᠮᠣᠨ ᠢ ᠲᠠᠳᠠᠵᠣ ᠬᠦᠪᠡᠭᠡᠨ ᠳᠡᠭᠡᠷ᠎ᠡ ᠭᠠᠷᠭᠠᠭᠠᠳ ᠠᠪᠣᠷᠠᠵᠣ ᠪᠣᠯᠣᠨ᠎ᠠ᠃ ᠬᠡᠷᠪᠡ ᠤᠰᠤᠨ ᠳᠤ ᠵᠢᠪᠪᠦᠭᠰᠡᠨ ᠬᠥᠮᠦᠨ ᠤ ᠪᠠᠶᠢᠳᠠᠯ ᠪᠠᠴᠢᠮ ᠪᠠᠶᠢᠪᠠᠯ᠂ ᠳᠠᠷᠤᠶ ᠲᠦᠷᠭᠡᠨ 120 ᠲᠦᠷᠭᠡᠨ ᠠᠪᠤᠷᠠᠬᠤ ᠤᠲᠠᠰᠤ ᠠᠪᠬᠤ ᠬᠡᠷᠡᠭᠲᠡᠶ᠃      ᠤᠰᠤᠨ ᠳᠤ ᠵᠢᠪᠪᠦᠭᠰᠡᠨ ᠬᠦᠮᠣᠨ ᠤ ᠣᠷᠴᠢᠨ ᠲᠣᠭᠤᠷᠢᠨ ᠠᠮᠤᠷ ᠲᠦᠪᠰᠢᠨ ᠭᠡᠰᠡᠨ ᠢ ᠨᠤᠲᠠᠯᠠᠭᠰᠠᠨ ᠤ ᠳᠠᠷᠠᠭ᠎ᠠ ᠰᠠᠶ᠋ᠢ ᠤᠰᠤᠨ ᠳᠤ ᠣᠷᠣᠵᠤ ᠠᠪᠤᠷᠠᠨ ᠲᠣᠰᠠᠯᠠᠵᠣ ᠪᠣᠯᠣᠨ᠎ᠠ᠃ ᠠᠪᠤᠷᠠᠯᠲᠠ ᠬᠢᠭᠰᠡᠳ ᠤᠰᠤᠨ ᠳᠤ ᠵᠢᠪᠪᠦᠭᠰᠡᠨ ᠬᠥᠮᠦᠨ ᠤ ᠠᠷᠤ ᠲᠠᠯ᠎ᠠ ᠠᠴᠠ ᠨᠢ ᠡᠷᠭᠦᠵᠦ᠂ ᠲᠣᠯᠣᠭᠠᠢ ᠶᠢ ᠨᠢ ᠲᠤᠯᠵᠤ᠂ ᠠᠮᠢᠰᠬᠤᠵᠤ ᠴᠢᠳᠠᠬᠤ ᠶᠢ ᠪᠠᠲᠤᠯᠠᠵᠤ᠂ ᠬᠦᠪᠡᠭᠡᠨ ᠳᠡᠭᠡᠷ᠎ᠡ ᠲᠠᠲᠠᠵᠦ ᠭᠠᠷᠭᠠᠨ᠎ᠠ᠃ ᠲᠦᠷᠭᠡᠨ ᠠᠪᠤᠷᠠᠯᠲᠠ ᠶᠢᠨ ᠬᠥᠮᠦᠰ ᠬᠦᠷᠴᠦ ᠢᠷᠡᠬᠦ ᠠᠴᠠ ᠡᠮᠦᠨ᠎ᠡ᠂ ᠤᠰᠤᠨ ᠳᠤ ᠵᠢᠪᠪᠦᠭᠰᠡᠨ ᠬᠥᠮᠦᠨ ᠢ ᠲᠡᠭᠰᠢᠬᠡᠨ ᠭᠠᠵᠠᠷ ᠳᠡᠭᠡᠷ᠎ᠡ ᠭᠡᠪᠲᠡᠭᠦᠯᠵᠦ᠂ ᠠᠮᠠᠨ ᠤ ᠬᠥᠨᠳᠡᠶ᠂ ᠬᠠᠮᠠᠷ ᠤᠨ ᠰᠠᠮᠰᠠ ᠳᠤ ᠣᠷᠣᠭᠰᠠᠨ ᠪᠣᠳᠠᠰ ︵ᠵᠢᠱᠢᠶᠡᠯᠡᠪᠡᠯ ᠯᠠᠭ ᠰᠢᠪᠡᠷ᠂ ᠪᠤᠵᠠᠷ ᠡᠪᠡᠰᠦ ᠵᠡᠷᠭᠡ︶ ᠢ ᠲᠦᠷᠭᠡᠨ ᠴᠡᠪᠡᠷᠯᠡᠨ ᠠᠷᠢᠯᠭᠠᠬᠤ ᠬᠡᠷᠡᠭᠲᠡᠶ᠃ ᠤᠰᠤᠨ ᠳᠤ ᠵᠢᠪᠪᠦᠭᠰᠡᠨ ᠬᠥᠮᠦᠨ ᠤ ᠲᠣᠯᠣᠭᠠᠶ ᠶᠢ ᠬᠠᠵᠠᠶᠢᠯᠭᠠᠵᠤ᠂ ᠵᠠᠯᠬᠢᠭᠰᠠᠨ ᠤᠰᠤ ᠶᠢ ᠨᠢ ᠠᠮᠠ ᠪᠠᠷ ᠨᠢ ᠤᠷᠤᠰᠬᠠᠨ ᠭᠠᠷᠭᠠᠵᠤ᠂ ᠳᠠᠬᠢᠨ ᠲᠣᠯᠣᠭᠠᠶ ᠶᠢ ᠨᠢ ᠲᠡᠭᠡᠭᠡᠰᠢ ᠪᠠᠨ ᠬᠠᠨᠳᠣᠭᠤᠯᠣᠨ᠎ᠠ᠃ ᠳᠠᠷᠠᠭ᠎ᠠ ᠨᠢ᠂ ᠤᠰᠤᠨ ᠳᠤ ᠵᠢᠪᠪᠦᠭᠰᠡᠨ ᠬᠥᠮᠦᠨ ᠤ ᠤᠬᠠᠭᠠᠨ ᠮᠡᠳᠡᠷᠡᠯ ᠪᠠ ᠠᠮᠢᠰᠬᠤᠭ᠎ᠠ ᠶᠢ ᠲᠦᠷᠭᠡᠨ ᠮᠠᠭᠠᠳᠯᠠᠨ᠎ᠠ ᠃ ᠬᠡᠷᠪᠡ ᠮᠡᠳᠡᠷᠡᠯ ᠦᠭᠡᠢ ᠪᠤᠶᠤ ᠠᠮᠢᠰᠬᠤᠯ ᠦᠭᠡᠢ ᠪᠣᠯ ᠳᠠᠷᠦ᠋ᠢᠬᠠᠨ ᠵᠢᠷᠦᠬᠡ ᠠᠭᠤᠰᠭᠢ ᠶᠢ ᠰᠡᠷᠭᠦᠭᠡᠬᠦ ᠠᠪᠣᠷᠠᠯᠳᠠ ᠬᠢᠨ᠎ᠡ᠂ ᠬᠠᠷᠢᠨ ᠤᠰᠤ ᠭᠠᠷᠠᠭᠠᠬᠤ ᠶᠢ ᠶᠠᠭᠠᠷᠠᠵᠤ ᠪᠣᠯᠬᠤ ᠦᠭᠡᠢ᠂ ᠤᠴᠢᠷ ᠨᠢ ᠤᠰᠤᠨ ᠳᠤ ᠵᠢᠪᠬᠦ ᠦᠶ᠎ᠡ ᠳᠤ ᠬᠡᠳᠦᠨ ᠮᠢᠨᠦ᠋ᠲ ᠤᠨ ᠳᠣᠲᠣᠷ᠎ᠠ ᠤᠰᠤᠨ ᠳᠤ ᠵᠢᠪᠪᠦᠭᠰᠡᠨ ᠬᠥᠮᠦᠨ ᠤ ᠲᠥᠪᠣᠩᠬᠡᠶ ᠶᠢᠨ ᠠᠪᠴᠢᠯᠲᠠ ᠠᠴᠠ ᠪᠣᠯᠵᠣ᠂ ᠤᠰᠤ ᠨᠢ ᠬᠤᠭᠤᠯᠠᠢ ᠪᠠᠷ ᠳᠡᠮᠵᠢᠨ ᠠᠭᠤᠰᠬᠢᠨ ᠳᠤ ᠣᠷᠣᠳᠠᠭ ᠥᠬᠡᠶ᠃ ᠡᠨᠡ ᠦᠶ᠎ᠡ ᠳᠤ ᠠᠭᠤᠰᠬᠢᠨ ᠳᠤ ᠳᠡᠮᠡᠶ ᠤᠰᠤ ᠪᠠᠶᠢᠬᠤ ᠥᠬᠡᠶ᠃ ᠤᠰᠤ ᠶᠢ ᠭᠠᠷᠠᠭᠠᠬᠤ ᠶᠠᠪᠤᠴᠠ ᠳᠤ ᠬᠤᠳᠣᠭᠤᠳᠣᠨ ᠳᠣᠲᠣᠷᠠᠬᠢ ᠪᠣᠳᠠᠰ ᠢ ᠠᠮᠠᠷᠬᠠᠨ ᠭᠠᠳᠠᠭᠰᠢᠯᠠᠭᠤᠯᠵᠤ᠂ ᠭᠡᠳᠡᠷᠭᠡᠨ ᠠᠮᠢᠰᠬᠤᠯ ᠪᠦᠲᠡᠬᠦ ᠠᠶᠤᠯ ᠢ ᠨᠡᠮᠡᠭᠳᠡᠭᠦᠯᠳᠡᠭ᠃ http://mgl.huhhot.gov.cn/am/2020/7/14/U_54096_340656.html?pid=10023
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号