ᠰᠢᠨᠬᠤᠸᠠ ᠬᠤᠷᠢᠶᠠᠨ ᠤ ᠵᠧᠨ᠋ᠸᠧᠠ ᠶᠢᠨ 12 ᠰᠠᠷ᠎ᠠ ᠶᠢᠨ 9 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠯᠢᠦ ᠴᠢᠦᠶ︶ | ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ 9 ᠤ ᠡᠳᠦᠷ ᠨᠡᠶᠢᠲᠡᠯᠡᠭᠰᠡᠨ | ᠮᠡᠳᠡᠭᠦᠯᠦᠯᠲᠡ ᠠᠴᠠ ᠦᠵᠡᠪᠡᠯ᠂ ᠥᠩᠭᠡᠷᠡᠭᠰᠡᠨ 20 ᠵᠢᠯ ᠤᠨ ᠪᠦᠬᠦ ᠪᠥᠮᠪᠥᠷᠴᠡᠭ ᠤᠨ ᠠᠷᠪᠠᠨ ᠶᠡᠭᠡ ᠦᠬᠦᠯ ᠤᠨ | ᠰᠢᠯᠲᠠᠭᠠᠨ ᠤ ᠳᠤᠮᠳᠠ᠂ ᠬᠠᠯᠳᠠᠪᠤᠷᠢᠲᠤ ᠪᠤᠰᠤ ᠡᠪᠡᠳᠴᠢᠨ 7 ᠶᠢ ᠡᠵᠡᠯᠡᠵᠦ᠂ ᠵᠢᠷᠦᠬᠡᠨ ᠡᠪᠡᠳᠴᠢᠨ ᠮᠥᠨ ᠯᠡ ︽ | ᠲᠡᠷᠢᠭᠦᠨ ᠶᠠᠷᠭᠠᠴᠢᠨ︾ ᠤ ᠪᠠᠶᠢᠷᠢ ᠳᠤ ᠪᠠᠶᠢᠷᠢᠯᠠᠨ᠂ ᠰᠢᠬᠢᠷ ᠰᠢᠵᠢᠩ ᠡᠪᠡᠳᠴᠢᠨ ᠪᠠ ᠮᠡᠨᠡᠭ ᠡᠪᠡᠳᠴᠢᠨ ᠡᠮᠦᠨ᠎ᠡ | ᠠᠷᠪᠠ ᠳᠤ ᠣᠷᠣᠪᠠ᠃ | ︽2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ ᠦᠨᠡᠯᠡᠯᠲᠡ︾ ᠭᠡᠬᠦ ᠡᠨᠡ ᠬᠦ | ᠮᠡᠳᠡᠭᠦᠯᠦᠯᠲᠡ ᠨᠢ 2000 ᠣᠨ ᠠᠴᠠ 2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠤᠭ᠎ᠠ | ᠪᠠᠷᠢᠮᠲᠠ ᠶᠢ ᠬᠠᠮᠤᠷᠴᠠᠶ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠠᠯᠳᠠᠪᠤᠷᠢᠲᠤ ᠪᠤᠰᠤ ᠴᠢᠨᠠᠷᠲᠠᠶ | ᠡᠪᠡᠳᠴᠢᠨ ᠣᠳᠣᠬᠠᠨ ᠳᠤ ᠪᠥᠬᠦ ᠳᠡᠯᠡᠬᠡᠶ ᠶᠢᠨ ᠠᠷᠪᠠᠨ ᠶᠡᠭᠡ ᠦᠬᠦᠯ ᠤᠨ ᠰᠢᠯᠲᠠᠭᠠᠨ ᠤ ᠳᠣᠲᠣᠷ᠎ᠠ 7 ᠶᠢ ᠡᠵᠡᠯᠡᠵᠦ | ᠪᠠᠶᠢᠨ᠎ᠠ᠂ ᠡᠭᠦᠨ ᠠᠴᠠ ᠡᠮᠦᠨ᠎ᠡ ᠵᠥᠪᠬᠡᠨ 4 ᠶᠢ ᠡᠵᠡᠯᠡᠵᠦ ᠪᠠᠶᠢᠵᠠᠢ᠃ ᠡᠭᠦᠨ ᠳᠤ᠂ ᠵᠢᠷᠦᠬᠡᠨ ᠡᠪᠡᠳᠴᠢᠨ ᠨᠢ | ᠥᠩᠭᠡᠷᠡᠭᠰᠡᠨ 20 ᠵᠢᠯ ᠳᠤ ᠶᠡᠷᠦ ᠨᠢ ︽ᠲᠡᠷᠢᠭᠦᠨ ᠶᠠᠷᠭᠠᠴᠢᠨ︾ ᠪᠣᠯᠣᠭᠰᠠᠭᠠᠷ ᠢᠷᠡᠵᠦ᠂ ᠣᠳᠣᠬᠠᠨ ᠳᠤ ᠵᠢᠷᠦᠬᠡᠨ | ᠡᠪᠡᠳᠴᠢᠨ ᠢᠶᠠᠷ ᠥᠭᠦᠭᠰᠡᠨ ᠬᠥᠮᠦᠨ ᠤ ᠲᠤᠭ᠎ᠠ ᠨᠢ ᠪᠦᠬᠦ ᠥᠭᠦᠭᠰᠡᠨ ᠬᠥᠮᠦᠨ ᠤ ᠲᠣᠭᠠᠨ ᠤ 16% ᠶᠢ ᠡᠵᠡᠯᠡᠵᠦ | ᠪᠠᠶᠢᠨ᠎ᠠ᠃ | 2000 ᠣᠨ ᠠᠴᠠ ᠨᠠᠰᠢ᠂ ᠵᠢᠷᠦᠬᠡᠨ ᠡᠪᠡᠳᠴᠢᠨ ᠢᠶᠠᠷ ᠦᠬᠦᠭᠰᠡᠨ ᠬᠥᠮᠦᠨ ᠤ ᠲᠤᠭ᠎ᠠ 200 ᠭᠠᠷᠤᠶ | ᠲᠦᠮᠡ ᠨᠡᠮᠡᠭᠳᠡᠨ᠂ ᠡᠭᠦᠨ ᠤ ᠳᠣᠲᠣᠷᠠᠬᠢ ᠬᠠᠭᠠᠰ ᠠᠴᠠ ᠳᠡᠭᠡᠭᠰᠢ ᠨᠢ ᠳᠡᠯᠡᠬᠡᠶ ᠶᠢᠨ ᠡᠷᠡᠭᠦᠯ ᠬᠠᠮᠠᠭᠠᠯᠠᠯ ᠤᠨ | ᠵᠣᠬᠢᠶᠠᠨ ᠪᠠᠶᠢᠭᠤᠯᠤᠯᠲᠠ ᠶᠢᠨ ᠪᠠᠷᠠᠭᠤᠨ ᠨᠣᠮᠣᠬᠠᠨ ᠳᠠᠯᠠᠶ ᠶᠢᠨ ᠣᠷᠣᠨ ᠳᠤ ᠡᠭᠦᠰᠴᠦ᠂ ᠧᠦ᠋ᠷᠣᠫᠠ ᠲᠢᠪ ᠤᠨ | ᠣᠷᠣᠨ ᠪᠦᠰᠡ ᠶᠢᠨ ᠵᠢᠷᠦᠬᠡᠨ ᠡᠪᠡᠳᠴᠢᠨ ᠡᠭᠦᠰᠬᠦ ᠨᠣᠷᠮ᠎ᠠ ᠨᠢ ᠬᠠᠷᠢᠴᠠᠩᠭᠤᠶ ᠪᠠᠷ ᠳᠣᠷᠣᠭᠰᠢᠯᠠᠵᠠᠶ᠃ | ᠠᠷᠽᠾᠠᠶᠢᠮᠤᠷ ᠡᠪᠡᠳᠴᠢᠨ ᠪᠣᠯᠤᠨ ᠪᠤᠰᠤᠳ ᠬᠡᠯᠪᠡᠷᠢ ᠶᠢᠨ ᠮᠡᠨᠡᠭ ᠡᠪᠡᠳᠴᠢᠨ ᠪᠦᠬᠦ ᠪᠥᠮᠪᠥᠷᠴᠡᠭ ᠤᠨ ᠠᠷᠪᠠᠨ ᠶᠡᠭᠡ | ᠦᠬᠦᠯ ᠤᠨ ᠰᠢᠯᠲᠠᠭᠠᠨ ᠤ ᠡᠩᠨᠡᠭᠡᠨ ᠳᠤ ᠣᠷᠣᠵᠤ᠂ 2019 ᠣᠨ ᠳᠤ ᠳᠡᠯᠡᠬᠡᠶ ᠶᠢᠨ ᠡᠷᠡᠭᠦᠯ ᠬᠠᠮᠠᠭᠠᠯᠠᠯ ᠤᠨ | ᠵᠣᠬᠢᠶᠠᠨ ᠪᠠᠶᠢᠭᠤᠯᠤᠯᠲᠠ ᠶᠢᠨ ᠠᠮᠧᠷᠢᠺᠠ ᠲᠢᠪ ᠤᠨ ᠣᠷᠣᠨ ᠪᠦᠰᠡ ᠪᠠ ᠧᠦ᠋ᠷᠣᠫᠠ ᠲᠢᠪ ᠤᠨ ᠣᠷᠣᠨ ᠪᠦᠰᠡ ᠳᠤ | ᠴᠥᠮ ᠭᠤᠷᠪᠠᠳᠤᠭᠠᠷ ᠲᠤ ᠵᠢᠭᠰᠠᠭᠠᠭᠳᠠᠪᠠ᠃ ᠪᠦᠬᠦ ᠳᠡᠯᠡᠬᠡᠶ ᠶᠢᠨ ᠬᠡᠪᠴᠢᠶᠡᠨ ᠳᠤ᠂ ᠡᠨᠡ ᠲᠥᠷᠥᠯ ᠤᠨ | ᠡᠪᠡᠳᠴᠢᠨ ᠢᠶᠠᠷ ᠥᠭᠦᠭᠰᠡᠨ ᠬᠥᠮᠦᠰ ᠤᠨ ᠳᠣᠲᠣᠷ᠎ᠠ ᠡᠮᠡᠭᠲᠡᠶᠢᠴᠦᠳ 65% ᠶᠢ ᠡᠵᠡᠯᠡᠨ᠎ᠡ᠃ | 2000 ᠣᠨ ᠠᠴᠠ 2019 ᠣᠨ ᠪᠣᠯᠲᠠᠯ᠎ᠠ᠂ ᠪᠦᠬᠦ ᠪᠥᠮᠪᠥᠷᠴᠡᠭ ᠤᠨ ᠰᠢᠬᠢᠷ ᠰᠢᠵᠢᠩ ᠡᠪᠡᠳᠴᠢᠨ ᠠᠴᠠ | ᠪᠣᠯᠵᠤ ᠦᠬᠦᠭᠰᠡᠨ ᠬᠦᠮᠦᠨ ᠤ ᠲᠤᠭ᠎ᠠ 70% ᠪᠠᠷ ᠨᠡᠮᠡᠭᠳᠡᠵᠦ᠂ ᠡᠭᠦᠨ ᠤ ᠳᠣᠲᠣᠷ᠎ᠠ ᠰᠢᠬᠢᠷ ᠰᠢᠵᠢᠩ | ᠡᠪᠡᠳᠴᠢᠨ ᠢᠶᠠᠷ ᠦᠬᠦᠭᠰᠡᠨ ᠡᠷᠡᠭᠲᠡᠶ ᠬᠥᠮᠦᠨ ᠤ ᠲᠤᠭ᠎ᠠ 80% ᠪᠠᠷ ᠨᠡᠮᠡᠭᠳᠡᠪᠡ᠃ ᠳᠡᠯᠡᠬᠡᠶ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠵᠡᠭᠦᠨ ᠭᠠᠵᠠᠷ ᠤᠨ ᠳᠤᠮᠳᠠᠳᠤ ᠲᠠᠩᠭᠢᠰ ᠤᠨ ᠣᠷᠣᠨ ᠤ ᠰᠢᠬᠢᠷ | ᠰᠢᠵᠢᠩ ᠡᠪᠡᠳᠴᠢᠨ ᠢᠶᠠᠷ ᠦᠬᠦᠭᠰᠡᠨ ᠬᠥᠮᠦᠨ ᠤ ᠲᠤᠭ᠎ᠠ ᠨᠢᠭᠡ ᠲᠠᠬᠢᠨ ᠠᠴᠠ ᠳᠡᠭᠡᠭᠰᠢ ᠨᠡᠮᠡᠭᠳᠡᠵᠦ᠂ ᠳᠡᠯᠡᠬᠡᠢ ᠶᠢᠨ | ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠤᠢ ᠪᠦᠬᠦᠢ ᠣᠷᠣᠨ ᠪᠦᠰᠡ ᠶᠢᠨ ᠳᠣᠲᠣᠷ᠎ᠠ ᠨᠡᠮᠡᠭᠳᠡᠯ ᠨᠢ | ᠬᠠᠮᠤᠭ ᠤᠨ ᠶᠡᠭᠡ ᠭᠠᠵᠠᠷ ᠣᠷᠣᠨ ᠪᠣᠯᠣᠨ᠎ᠠ᠃ | ᠮᠡᠳᠡᠭᠦᠯᠦᠯᠲᠡ ᠳᠤ ᠪᠠᠰᠠ ᠣᠯᠵᠤ ᠮᠡᠳᠡᠭᠰᠡᠨ ᠨᠢ᠂ ᠥᠩᠭᠡᠷᠡᠭᠰᠡᠨ 20 ᠵᠢᠯ ᠳᠤ ᠬᠥᠮᠦᠨ ᠲᠥᠷᠥᠯᠬᠢᠲᠡᠨ ᠤ | ᠨᠠᠰᠤᠨ ᠬᠤᠲᠤᠭ ᠤᠷᠲᠤ ᠪᠣᠯᠵᠠᠢ᠃ 2019 ᠣᠨ ᠤ ᠬᠥᠮᠦᠨ ᠲᠥᠷᠥᠯᠬᠢᠲᠡᠨ ᠤ ᠵᠢᠱᠢᠭᠰᠡᠨ ᠨᠠᠰᠤᠨ ᠬᠤᠲᠤᠭ | 2000 ᠣᠨ ᠤ ᠬᠢ ᠲᠠᠢ ᠬᠠᠷᠢᠴᠠᠭᠤᠯᠪᠠᠯ 6 ᠨᠠᠰᠤ ᠭᠠᠷᠤᠢ ᠤᠷᠲᠤᠳᠴᠤ᠂ ᠪᠦᠬᠦ ᠪᠥᠮᠪᠥᠷᠴᠡᠭ ᠤᠨ ᠳᠤᠮᠳᠠᠴᠢ | ᠨᠠᠰᠤᠨ ᠬᠤᠲᠤᠭ 2000 ᠣᠨ ᠳᠤ 67 ᠨᠠᠰᠤ ᠪᠠᠶᠢᠭᠰᠠᠨ ᠠᠴᠠ 2019 ᠣᠨ ᠪᠣᠯᠬᠤ ᠳᠤ 73 ᠨᠠᠰᠤᠨ ᠠᠴᠠ | ᠳᠡᠭᠡᠭᠰᠢ ᠪᠤᠯᠵᠤ ᠳᠡᠭᠡᠭᠰᠢᠯᠡᠵᠡᠢ᠃ ᠡᠭᠦᠨ ᠠᠴᠠ ᠭᠠᠳᠠᠨ᠎ᠠ᠂ ᠵᠡᠮᠳᠡᠭᠴᠦᠳ ᠤᠨ ᠲᠤᠭ᠎ᠠ ᠨᠡᠮᠡᠭᠳᠡᠬᠦ ᠬᠠᠨᠳᠤᠰᠢ ᠲᠠᠢ | ᠪᠠᠶᠢᠨ᠎ᠠ᠃ 2000 ᠣᠨ ᠤ ᠬᠢ ᠲᠠᠢ ᠬᠠᠷᠢᠴᠠᠭᠤᠯᠪᠠᠯ᠂ 2019 ᠣᠨ ᠳᠤ ᠵᠢᠷᠦᠬᠡᠨ ᠡᠪᠡᠳᠴᠢᠨ᠂ ᠰᠢᠬᠢᠷ | ᠰᠢᠵᠢᠩ ᠡᠪᠡᠳᠴᠢᠨ᠂ ᠰᠠ ᠡᠪᠡᠳᠴᠢᠨ᠂ ᠠᠭᠤᠰᠬᠢᠨ ᠥᠮᠡᠨ ᠪᠠ ᠤᠵᠢᠭ ᠴᠢᠨᠠᠷᠲᠠᠶ ᠲᠦᠭᠵᠢᠷᠡᠯ ᠤᠨ ᠴᠢᠨᠠᠷᠲᠠᠶ | ᠠᠭᠤᠰᠬᠢᠨ ᠡᠪᠡᠳᠴᠢᠨ ᠵᠡᠷᠭᠡ ᠠᠴᠠ ᠪᠣᠯᠵᠣ ᠡᠷᠡᠭᠦᠯ ᠴᠢᠭᠢᠷᠠᠭ ᠠᠮᠢ ᠠᠮᠢᠳᠤᠷᠠᠯ ᠢᠶᠠᠨ ᠠᠯᠳᠠᠭᠰᠠᠨ ᠬᠥᠮᠦᠨ ᠤ | ᠲᠤᠭ᠎ᠠ 1 ᠳ᠋ᠦᠩᠰᠢᠭᠤᠷ ᠰᠢᠬᠠᠮ ᠪᠣᠯᠵᠠᠢ᠃ | ᠮᠡᠳᠡᠭᠦᠯᠦᠯᠲᠡ ᠳᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠰᠢᠬᠢᠷ ᠰᠢᠵᠢᠩ | ᠡᠪᠡᠳᠴᠢᠨ ᠪᠠ ᠤᠵᠢᠭ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ ᠶᠢ | ᠡᠷᠬᠡᠪᠰᠢ ᠪᠥᠬᠦ ᠳᠡᠯᠡᠬᠡᠶ ᠶᠢᠨ ᠬᠡᠪᠴᠢᠶᠡᠨ ᠳᠤ ᠴᠢᠩᠭᠠᠳᠬᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠃ | ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠠᠵᠢᠯᠯᠠᠭᠴᠢ ᠲᠠᠨᠳᠧᠰᠠᠢ | ᠬᠡᠯᠡᠭᠰᠡᠨ ᠨᠢ᠂ ︽ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠬᠤ | ᠪᠠ ᠡᠮᠨᠡᠨ ᠵᠠᠰᠠᠬᠤ ᠶᠢ ᠦᠳᠲᠡᠷ ᠲᠦᠷᠭᠡᠨ ᠴᠢᠩᠭᠠᠳᠬᠠᠬᠤ ᠴᠢᠬᠤᠯᠠᠲᠠᠶ᠂ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠡᠷᠬᠡ ᠲᠡᠭᠰᠢ ᠪᠠᠷ ᠶᠡᠭᠡ ᠪᠠᠷ ᠰᠠᠶᠢᠵᠢᠷᠠᠭᠤᠯᠬᠤ ᠬᠡᠷᠡᠭᠲᠡᠶ︾ | ᠭᠡᠯᠡ᠃ ᠲᠡᠷᠡ᠄ ︽ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠢ ᠡᠰᠡᠷᠭᠦᠴᠡᠬᠦ ᠠᠴᠠ ᠪᠥᠬᠦ ᠳᠡᠯᠡᠬᠡᠶ ᠶᠢᠨ ᠶᠡᠭᠡ | ᠲᠠᠬᠤᠯ ᠡᠪᠡᠳᠴᠢᠨ ᠢ ᠬᠠᠮᠢᠶᠠᠷᠬᠤ ᠬᠦᠷᠲᠡᠯ᠎ᠡ᠂ ᠬᠦᠴᠦᠨ ᠲᠤᠷᠪᠢᠯᠢᠭ ᠠᠩᠬᠠᠨ ᠤ ᠱᠠᠲᠤᠨ ᠤ ᠡᠷᠡᠭᠦᠯ ᠬᠠᠮᠠᠭᠠᠯᠠᠯ | ᠡᠷᠡᠭᠦᠯᠵᠢᠯ ᠨᠢ ᠠᠯᠢᠪᠠ ᠪᠦᠬᠦᠨ ᠤ ᠰᠠᠭᠤᠷᠢ ᠪᠣᠯᠬᠤ ᠨᠢ ᠢᠯᠡᠷᠬᠡᠶ︾ ᠭᠡᠵᠡᠢ᠃ | http://mongol.people.com.cn/15832334.html |