ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠥᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠨᠢ ᠠᠷᠠᠳ ᠣᠯᠠᠨ ᠤ ᠡᠮ ᠬᠡᠷᠡᠭᠯᠡᠬᠦ ᠳᠠᠷᠤᠭᠠᠰᠤ ᠶᠢ ᠬᠥᠩᠭᠡᠷᠡᠭᠦᠯᠪᠡ
ᠨᠡᠶᠢᠲᠡᠯᠡᠭᠰᠡᠨ ᠴᠠᠭ᠄
2020/12/12
      ᠦᠪᠤᠷ  ᠮᠤᠩᠭᠤᠯ   ᠤᠨ  ᠡᠳᠤᠷ   ᠤᠨ  ᠰᠣᠨᠢᠨ ᠤ  ᠮᠡᠳᠡᠭᠡ  ︵ᠰᠤᠷᠪᠤᠯᠵᠢᠯᠠᠭᠴᠢ  ᠾᠦᠸᠧ ᠰᠢᠶᠤᠤ ᠴᠢᠩ︶      ᠰᠤᠷᠪᠤᠯᠵᠢᠯᠠᠭᠴᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ ᠡᠴᠠ‌ᠤᠢᠢᠯᠠᠭᠠᠭᠰᠠᠨ ᠢᠶᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ  ᠪᠠᠷᠢᠮᠵᠢᠶ᠎ᠠ ᠶᠢᠨ ᠲᠤᠷᠰᠢᠯᠲᠠ ᠶᠢ ᠬᠡᠷᠡᠭᠵᠢᠭᠦᠯᠦᠭᠰᠡᠨ ᠨᠢᠭᠡ  ᠵᠢᠯ ᠤᠨ ᠲᠤᠷᠰᠢ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ  ᠮᠥᠩᠭᠦ ᠵᠢᠨ‌‍ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠦᠳᠦᠮᠵᠢᠲᠡᠢ ᠳᠡᠭᠡᠭᠰᠢᠯᠡᠭᠦᠯᠵᠦ᠂  ᠠᠷᠠᠳ ᠣᠯᠠᠨ ᠤ  ᠡᠮ  ᠬᠡᠷᠡᠭᠯᠡᠬᠦ  ᠳᠠᠷᠤᠭᠠᠰᠤ ᠶᠢ ᠬᠥᠩᠭᠡᠷᠡᠭᠦᠯᠪᠡ᠃              ᠦᠨᠳᠦᠰᠦᠨ  ᠡᠮ  ᠡᠮᠨᠡᠯᠭᠡ ᠶᠢᠨ  ᠳᠠᠭᠠᠳᠬᠠᠯ ᠤᠨ  ᠡᠮ ᠤᠨ  ᠵᠦᠢᠯ ᠤᠨ  ᠲᠣᠭᠠᠴᠠᠭ᠎ᠠ   ᠬᠢᠬᠦ ᠪᠠᠷᠢᠮᠵᠢᠶ᠎ᠠ ᠵᠢᠨ‌‍ᠲ᠋ᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠦᠪᠤᠷ ᠮᠤᠩᠭᠤᠯ ᠣᠷᠣᠨ ᠤ ᠠᠩᠬᠠᠳᠠᠭᠴᠢ ᠪᠦᠯᠦᠭ ᠡᠮᠴᠢᠯᠡᠭᠡᠨ ᠳᠤ ᠬᠡᠷᠡᠭᠯᠡᠬᠦ  ᠬᠡᠮᠵᠢᠶ᠎ᠡ ᠨᠢ  ᠨᠡᠯᠢᠶᠡᠳ  ᠶᠡᠭᠡ  ᠪᠤᠶᠤ  ᠬᠡᠷᠡᠭᠯᠡᠬᠦ  ᠬᠡᠪᠴᠢᠶ᠎ᠡ ᠨᠢ  ᠨᠡᠯᠢᠶᠡᠳ  ᠥᠷᠭᠡᠨ᠂  ᠵᠠᠬ᠎ᠠ   ᠳᠡᠯᠭᠡᠭᠦᠷ ‍ᠤᠨ‌ᠥᠷᠢᠰᠥᠯᠳᠦᠭᠡᠨ ᠨᠡᠯᠢᠶᠡᠳ ᠴᠢᠩᠭ᠎ᠠ ᠱᠡᠹᠽᠥᠯᠡᠨ ︵CEFAZOLIN︶  ᠲᠠᠷᠢᠯᠭ᠎ᠠ ᠵᠢᠨ‌ᠡᠮ᠂  ᠾᠯᠣᠷᠲᠤ  ᠨᠠᠲᠷᠢ ᠵᠢᠨ‌‍ᠲ᠋ᠠᠷᠢᠯᠭ᠎ᠠ ᠶᠢᠨ ᠡᠮ ᠪᠣᠯᠤᠨ ᠦᠵᠦᠮ ᠤᠨ ᠰᠢᠬᠢᠷ ᠤᠨ ᠲᠠᠷᠢᠯᠭ᠎ᠠ ᠶᠢᠨ ᠡᠮ ᠵᠡᠷᠭᠡ 3 ᠵᠥᠢᠯ ᠤᠨ ᠡᠮ ᠤᠨ 8 ᠬᠡᠪ ᠪᠠᠷᠢᠮᠵᠢᠶ᠎ᠠ ᠶᠢ ᠰᠣᠩᠭᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠣᠭᠲᠠᠭᠠᠵᠤ᠂ ᠶᠡᠬᠡᠩᠬᠢ  ᠲᠤᠭᠠᠨ   ᠤ  ᠣᠯᠠᠨ‌‍ᠲ᠋ᠦ᠋ᠮᠡᠨ ᠳᠤ ᠥᠭᠡᠷᠡᠴᠢᠯᠡᠯᠲᠡ ᠶᠢᠨ ᠠᠰᠢᠭ ᠲᠤᠰᠠ ᠶᠢ ᠬᠦᠷᠲᠡᠭᠡᠬᠦ ᠶᠢ ᠦᠨᠡᠨᠬᠦ  ᠪᠠᠲᠤᠯᠠᠪᠠ᠃  ᠡᠮᠴᠢᠯᠡᠭᠡᠨ ᠤ  ᠳᠠᠭᠠᠳᠬᠠᠯ ᠤᠨ ᠳ᠋ᠦᠩᠨᠡᠨ ᠪᠤᠳᠤᠬᠤ ᠲᠠᠯ᠎ᠠ ᠪᠠᠷ᠂ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠦᠨ᠎ᠡ ᠬᠠᠩᠰᠢ ᠨᠢ  ᠳᠥᠯᠥᠬᠦ  ᠪᠠᠷᠢᠮᠵᠢᠶ᠎ᠠ ᠠᠴᠠ ᠳᠣᠤᠷ᠎ᠠ ᠪᠠᠶᠢᠬᠤ ᠡᠮ ᠤᠨ ᠵᠥᠢᠯ ᠢ ᠡᠪᠡᠳᠴᠢᠲᠡᠨ ᠪᠣᠳᠠᠲᠠᠶ ᠦᠨ᠎ᠡ ᠬᠠᠩᠰᠢ ᠪᠠᠷ ᠳᠥᠯᠥᠨ᠎ᠡ︔ ᠬᠡᠷᠡᠭᠯᠡᠬᠦ ᠦᠨ᠎ᠡ  ᠬᠠᠩᠰᠢ ᠨᠢ‌‍ᠲ᠋ᠣᠭᠠᠴᠠᠭ᠎ᠠ ᠬᠢᠬᠦ ᠪᠠᠷᠢᠮᠵᠢᠶ᠎ᠠ ᠠᠴᠠ ᠥᠨᠳᠥᠷ ᠡᠮ ᠤᠨ ᠵᠥᠢᠯ ᠢ ᠡᠪᠡᠳᠴᠢᠲᠡᠨ ᠡᠮ ᠡᠮᠨᠡᠯᠭᠡ ᠶᠢᠨ ᠳᠠᠭᠠᠳᠬᠠᠯ ᠤᠨ  ᠲᠣᠭᠠᠴᠠᠭ᠎ᠠ ᠬᠢᠬᠦ ᠪᠠᠷᠢᠮᠵᠢᠶ᠎ᠠ ᠶᠣᠰᠣᠭᠠᠷ ᠥᠭᠴᠦ᠂ ᠲᠣᠭᠠᠴᠠᠭ᠎ᠠ ᠬᠢᠬᠦ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠡᠮᠴᠢᠯᠡᠭᠡᠨ ᠤ ᠪᠠᠶᠢᠭᠤᠯᠤᠮᠵᠢ‌ᠥᠪᠡᠷ ᠢᠶᠠᠨ ᠲᠦᠯᠦᠨ᠎ᠡ᠃ ᠡᠭᠦᠨ ᠤ ᠬᠠᠮᠲᠤ ᠬᠢᠨᠠᠨ  ᠬᠡᠮᠵᠢᠵᠦ  ᠬᠢᠨᠠᠨ  ᠬᠠᠮᠢᠶᠠᠷᠬᠤ  ᠠᠵᠢᠯ ᠢ  ᠳᠠᠭᠠᠵᠤ᠂  ᠲᠤᠷᠰᠢᠯᠲᠠ ᠵᠢᠨ‌‍ᠲ᠋ᠥ᠋ᠷᠥ ᠶᠢᠨ ᠪᠤᠲᠤᠯᠭ᠎ᠠ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠲᠤᠭᠲᠠᠭᠠᠪᠠ᠃              ᠨᠢᠭᠡ  ᠵᠢᠯ ᠤᠨ ᠲᠤᠷᠰᠢ᠂  ᠪᠥᠬᠦ  ᠣᠷᠣᠨ ᠤ 14  ᠨᠢᠭᠡᠳᠦᠯᠲᠡᠶ ᠲᠦᠯᠦᠪᠯᠡᠭᠰᠡᠨ ᠭᠠᠵᠠᠷ ᠣᠷᠣᠨ  ᠴᠥᠮ ᠲᠤᠷᠰᠢᠯᠲᠠ ᠶᠢᠨ ᠴᠢᠭ᠋ ᠤᠨ ᠡᠮ ᠤᠨ ᠵᠥᠢᠯ   ᠢ  ᠬᠤᠳᠠᠯᠳᠤᠨ ᠠᠪᠴᠤ  ᠬᠡᠷᠡᠭᠯᠡᠭᠡᠳ᠂  ᠵᠢᠯ ᠤᠨ ᠬᠤᠳᠠᠯᠳᠤᠨ ᠠᠪᠤᠭᠰᠠᠨ‌ᠵᠣᠭᠤᠰ ᠤᠨ ᠲᠤᠭ᠎ᠠ ᠨᠡᠶᠢᠲᠡ 18724.52 ᠲᠦᠮᠡᠨ ᠲᠥᠭᠦᠷᠢᠭ ᠲᠤ  ᠬᠦᠷᠴᠦ᠂  ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20347.2 ᠲᠦᠮᠡᠨ ᠲᠥᠭᠦᠷᠢᠭ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ  52.08% ᠪᠠᠭᠤᠷᠠᠪᠠ︔ ᠵᠢᠯ ᠤᠨ ᠬᠤᠳᠠᠯᠳᠤᠨ ᠠᠪᠤᠭᠰᠠᠨ ᠬᠡᠮᠵᠢᠶ᠎ᠡ ᠨᠡᠶᠢᠲᠡ 6716.8 ᠲᠦᠮᠡᠨ ᠰᠢᠷᠬᠡᠭ  ᠪᠠᠶᠢᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1920.21 ᠲᠦᠮᠡ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ  22.23% ᠪᠠᠭᠤᠷᠠᠪᠠ︔ ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠪᠦᠷᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ  ᠨᠡᠶᠢᠲᠡ2234.94  ᠲᠦᠮᠡᠨ ᠲᠥᠭᠦᠷᠢᠭ  ᠪᠠᠶᠢᠨ᠎ᠠ᠃  ᠵᠢᠯ ᠤᠨ ᠬᠤᠳᠠᠯᠳᠤᠨ ᠠᠪᠬᠤ ᠵᠣᠭᠤᠰ ᠤᠨ ᠲᠤᠭ᠎ᠠ ᠢᠯᠡᠳᠲᠡ ᠳᠣᠷᠣᠭᠰᠢᠯᠠᠵᠤ᠂ ᠡᠪᠡᠳᠴᠢᠲᠡᠨ ᠤ ᠡᠮ ᠤᠨ ᠵᠠᠷᠤᠳᠠᠯ   ᠤᠨ ᠳᠠᠷᠤᠭᠠᠰᠤ ᠶᠢ ᠪᠦᠲᠦᠮᠵᠢᠲᠡᠶ  ᠬᠥᠩᠭᠡᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ ᠶᠡᠬᠡᠪᠡᠷ  ᠪᠠᠭᠠᠰᠬᠠᠪᠠ᠃ ᠡᠭᠦᠨ ᠤ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ  ᠵᠠᠷᠤᠳᠠᠯ  ᠲᠤᠰᠢᠶᠠᠬᠤ  ᠪᠠᠷᠢᠮᠵᠢᠶ᠎ᠠ ᠶᠢ ᠬᠡᠷᠡᠭᠵᠢᠭᠦᠯᠦᠭᠰᠡᠨ ᠤ  ᠰᠡᠭᠦᠯᠡᠷ᠂ ᠠᠳᠠᠯᠢ ᠲᠥᠷᠥᠯ ᠤᠨ ᠡᠮ ᠤᠨ ᠳᠣᠲᠣᠷ᠎ᠠ ᠂ ᠠᠷᠠᠯᠵᠢᠶᠠᠨ ᠤ ᠨᠢᠭᠡᠴᠡ ᠶᠢᠨ ᠦᠨᠡᠲᠡᠢ ᠡᠮ ᠢ ᠬᠤᠳᠠᠯᠳᠤᠨ ᠠᠪᠬᠤ ᠬᠡᠮᠵᠢᠶ᠎ᠡ ᠢᠯᠡᠳᠲᠡ ᠪᠠᠭᠤᠷᠠᠵᠦ᠂ ᠶᠠᠰᠤ ᠴᠢᠨᠠᠷ ᠪᠣᠯᠤᠨ ᠬᠠᠩᠭᠠᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠮᠴᠢᠯᠡᠭᠡᠨ ᠤ ᠪᠠᠶᠢᠭᠤᠯᠤᠮᠵᠢ ᠪᠣᠯᠤᠨ ᠡᠪᠡᠳᠴᠢᠲᠡᠨ ᠡᠮ   ᠢ ᠵᠦᠶ ᠵᠣᠬᠢᠰᠲᠠᠶ ᠬᠡᠷᠡᠭᠯᠡᠬᠦ ᠳᠠᠳᠬᠠᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠡᠮ ᠤᠨ ᠵᠥᠢᠯ ᠤᠨ ᠦᠨ᠎ᠡ  ᠬᠠᠩᠰᠢ ᠶᠢᠨ  ᠵᠦᠶ ᠵᠤᠬᠢᠰᠵᠢᠯ ᠢ ᠠᠬᠢᠭᠤᠯᠪᠠ᠃http://mongol.people.com.cn/15827527.html
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号