ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠠᠵᠢᠯ ᠢ ᠠᠬᠢᠭᠤᠯᠤᠶ᠎ᠠ
ᠨᠡᠶᠢᠲᠡᠯᠡᠭᠰᠡᠨ ᠴᠠᠭ᠄
2020/12/16
ᠰᠤᠷᠪᠤᠯᠵᠢᠯᠠᠭᠰᠠᠨ ᠴᠠᠭ᠄ 2020 ᠣᠨ ᠤ 8  ᠳ᠋ᠤᠭᠠᠷ ᠰᠠᠷ᠎ᠠᠵᠣᠴᠢᠨ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠷᠦᠩᠲᠣᠪᠴᠢ ᠲᠠᠨᠢᠯᠴᠠᠭᠤᠯᠭ᠎ᠠ᠄ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠶ ᠲᠤᠬᠢᠷᠠᠭᠤᠯᠤᠯᠳᠠ‌‍ᠶᠢ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠰᠢᠯᠢᠳᠡᠭᠵᠢᠭᠦᠯᠬᠦ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠡᠮᠴᠢᠯᠡᠭᠡᠨ ᠤ ᠦᠢᠡᠯᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠲᠤᠬᠢᠷᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠯᠢ ᠷᠦᠩ ᠢ ᠤᠷᠢᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠬᠢᠬᠦ ᠲᠤᠬᠠᠶ ᠬᠠᠮᠢᠶ᠎ᠠ ᠪᠥᠬᠦᠶ ᠠᠰᠠᠭᠤᠳᠠᠯ ᠢ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠤᠯᠢᠯᠴᠠᠬᠤ ᠪᠤᠯᠤᠯ᠎ᠠ᠃ ᠯᠢ ᠲᠣᠪᠴᠢᠶᠠᠨ  ᠲᠠᠷᠤᠭ᠎ᠠ ᠂ ᠲᠠᠨ ᠢ ᠪᠠᠶᠠᠷᠯᠠᠨ ᠤᠭᠲᠤᠵᠤ ᠪᠠᠶᠢᠨ᠎ᠠ︕ᠵᠣᠴᠢᠨ ︵ᠯᠢ ᠲᠣᠪᠴᠢᠶᠠᠨ ᠳᠠᠷᠤᠭ᠎ᠠ︶᠄      ᠬᠥᠲᠥᠯᠥᠭᠴᠢ ᠰᠠᠶᠢᠨ ᠤᠤ︖᠂ ᠰᠦᠯᠵᠢᠶᠡᠨ ᠤ ᠠᠨᠳᠠ ᠨᠠᠷ ᠰᠠᠶᠢᠨ ᠤᠤ︕ ᠠᠳᠡ ᠤᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ᠬᠥᠲᠥᠯᠥᠭᠴᠢ᠄      ᠯᠢ ᠲᠣᠪᠴᠢᠶᠠᠨ ᠳᠠᠷᠤᠭ᠎ᠠ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠦᠳᠡᠯᠦᠩᠭᠦᠢ ᠪᠠᠷ ᠳᠣᠭᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ ᠢ ᠨᠡᠶᠢᠲᠡᠯᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠤᠤ︖ᠯᠢ ᠲᠣᠪᠴᠢᠶᠠᠨ ᠳᠠᠷᠤᠭ᠎ᠠ᠄      ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠪᠠ ︽ᠣᠳᠣᠬᠠᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ︾ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠮᠠᠨ ᠤ ᠲᠣᠪᠴᠢᠶ᠎ᠠ ᠡᠮᠴᠢᠯᠡᠭᠡᠨ ᠤ ᠦᠢᠡᠯᠴᠢᠯᠡᠭᠡᠨ ᠤ ᠦᠨ᠎ᠡ ᠬᠠᠩᠰᠢ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠵᠢᠭᠦᠯᠬᠦ ᠰᠠᠨᠠᠯ ᠢ ᠲᠣᠭᠲᠠᠭᠠᠪᠠ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ︽ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠥᠭᠡᠷᠡᠴᠢᠯᠡᠬᠦ ᠲᠤᠬᠠᠶ ᠮᠡᠳᠡᠭᠳᠡᠯ︾ ᠤᠨ ᠲᠣᠭᠲᠠᠭᠠᠯ ᠶᠣᠰᠣᠭᠠᠷ᠂ ᠡᠮᠴᠢᠯᠡᠭᠡᠨ ᠤ ᠥᠷᠲᠡᠭ ᠢᠶᠠᠷ ᠤᠳᠤᠷᠢᠳᠤᠮᠵᠢ ᠪᠣᠯᠭᠠᠵᠤ᠂ ᠥᠪᠡᠷ ᠤᠨ ᠥᠷᠲᠡᠭ ᠢᠶᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨᠴᠢ ᠠᠷᠭ᠎ᠠ ᠳᠤ ᠲᠦᠰᠢᠭᠯᠡᠨ᠂ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠲᠣᠬᠢᠷᠠᠭᠤᠯᠬᠤ᠂ ᠳᠡᠭᠡᠭᠰᠢᠯᠡᠯᠲᠡ ᠲᠠᠢ ᠪᠠᠭᠤᠷᠠᠯᠳᠠ ᠲᠠᠢ᠂ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ︾ ᠵᠠᠷᠴᠢᠮ ᠶᠣᠰᠣᠭᠠᠷ᠂ ᠲᠡᠭᠡᠳᠦ ᠳᠣᠣᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ ᠪᠠ ᠰᠠᠯᠠᠭ᠎ᠠ ᠮᠥᠴᠢᠷ ᠤᠨ ᠬᠠᠮᠲᠤᠪᠠᠷ ᠵᠠᠰᠠᠬᠤ ᠶᠢ ᠴᠢᠩᠭᠠᠳᠬᠠᠵᠦ᠂ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠲᠠᠪᠠᠭᠤᠯᠢᠭ ᠢ ᠭᠦᠢᠴᠡᠳ ᠪᠠᠳᠠᠷᠠᠭᠤᠯᠵᠦ᠂  ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂  ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠰᠢᠯᠢᠳᠡᠭᠵᠢᠭᠦᠯᠦᠨ᠂ ᠠᠷᠠᠳ ᠣᠯᠠᠨ ᠳᠤ ᠨᠠᠩ ᠦᠨ᠎ᠡ ᠥᠷᠲᠡᠭ ᠲᠠᠢ᠂ ᠨᠠᠩ ᠥᠨᠳᠥᠷ ᠦᠷ᠎ᠡ ᠪᠦᠲᠦᠮᠵᠢ ᠲᠠᠢ ᠡᠮᠴᠢᠯᠡᠭᠡᠨ ᠤ ᠦᠢᠯᠡᠴᠢᠯᠡᠭᠡᠨ ᠬᠠᠩᠭᠠᠬᠤ ᠶᠢᠨ ᠲᠦᠯᠦᠭᠡ ᠶᠤᠮ᠃ᠬᠥᠲᠥᠯᠥᠭᠴᠢ᠄      ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠲᠤᠭᠳᠠᠴᠠ ᠳᠤ ᠭᠤᠤᠯᠳᠠᠭᠤ ᠠᠯᠢ ᠬᠡᠳᠦᠨ ᠲᠠᠯ᠎ᠠ ᠶᠢᠨ ᠠᠭᠤᠯᠭ᠎ᠠ ᠶᠢ ᠪᠠᠭᠲᠠᠭᠠᠬᠤ ᠪᠣᠶ︖ᠵᠣᠴᠢᠨ ︵ᠯᠢ ᠲᠣᠪᠴᠢᠶᠠᠨ ᠳᠠᠷᠤᠭ᠎ᠠ︶᠄      ᠭᠤᠤᠯᠳᠠᠭᠤ ᠦᠨ᠎ᠡ ᠲᠣᠬᠢᠷᠠᠭᠤᠯᠬᠤ ᠠᠷᠭ᠎ᠠ ᠵᠠᠮ ᠢ ᠨᠢᠭᠡᠳᠦᠯᠲᠡᠶ ᠵᠢᠷᠤᠮᠵᠢᠭᠤᠯᠬᠤ᠂ ᠡᠬᠢᠯᠡᠭᠦᠯᠬᠦ ᠨᠥᠬᠦᠴᠡᠯ ᠢ ᠶᠡᠷᠦᠩᠬᠡᠶᠢᠯᠡᠨ ᠲᠣᠬᠢᠷᠠᠭᠤᠯᠬᠤ᠂ ᠦᠨ᠎ᠡ ᠲᠣᠬᠢᠷᠠᠭᠤᠯᠬᠤ ᠦᠨᠡᠯᠡᠨ ᠵᠢᠱᠢᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ᠂ ᠦᠨ᠎ᠡ ᠲᠣᠬᠢᠷᠠᠭᠤᠯᠬᠤ ᠣᠷᠣᠨ ᠵᠠᠶ ᠶᠢ ᠵᠦᠶ ᠵᠤᠬᠢᠰᠳᠠᠢ ᠲᠥᠰᠦᠭᠡᠯᠡᠨ ᠪᠣᠳᠣᠬᠤ᠂ ᠦᠨ᠎ᠡ ᠲᠣᠬᠢᠷᠠᠭᠤᠯᠬᠤ ᠲᠥᠷᠥᠯ ᠵᠦᠢᠯ ᠢ ᠰᠢᠯᠢᠳᠡᠭᠵᠢᠭᠦᠯᠦᠨ ᠰᠣᠩᠭᠤᠬᠤ᠂ ᠦᠨ᠎ᠡ ᠲᠣᠬᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠵᠡᠷᠭᠡ ᠬᠡᠳᠦᠨ ᠲᠠᠯ᠎ᠠ ᠶᠢᠨ ᠠᠭᠤᠯᠭ᠎ᠠ ᠪᠠᠭᠲᠠᠭᠠᠨ᠎ᠠ᠃ᠬᠥᠲᠥᠯᠥᠭᠴᠢ᠄      ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠡᠬᠢᠯᠡᠭᠦᠯᠬᠦ ᠶᠢᠨ ᠨᠥᠬᠦᠴᠡᠯ ᠨᠢ ᠶᠠᠭᠤ ᠪᠣᠶ︖ᠵᠣᠴᠢᠨ ︵ᠯᠢ ᠲᠣᠪᠴᠢᠶᠠᠨ ᠳᠠᠷᠤᠭ᠎ᠠ︶᠄      ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠳᠤ ᠦᠨ᠎ᠡ ᠬᠠᠩᠰᠢ ᠶᠢ ᠳᠡᠭᠡᠭᠰᠢᠯᠡᠭᠦᠯᠬᠦ ᠪᠠ ᠪᠠᠭᠤᠷᠠᠭᠤᠯᠬᠤ ᠬᠤᠶᠠᠷ ᠵᠦᠢᠯ ᠤᠨ ᠠᠷᠭ᠎ᠠ ᠮᠠᠶ᠋ᠢᠭ ᠢ ᠪᠠᠭᠲᠠᠭᠠᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠪᠠᠭᠤᠷᠠᠭᠤᠯᠬᠤ ᠳᠤ ᠣᠳᠣ ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠳᠤ ᠢᠯᠡᠷᠬᠡᠶ ᠵᠦᠶ ᠵᠣᠬᠢᠰ ᠦᠭᠡᠶ ᠬᠦᠴᠦᠨ ᠵᠦᠢᠯ ᠣᠷᠣᠰᠢᠵᠤ ᠪᠠᠶᠢᠬᠤ ᠪᠠᠷ ᠤᠷᠢᠲᠠᠯ ᠪᠣᠯᠭᠠᠵᠤ᠂ ᠡᠮᠴᠢᠯᠡᠭᠡᠨ ᠤ ᠪᠠᠶᠢᠭᠤᠯᠤᠮᠵᠢ ᠠᠴᠠ ᠰᠠᠨᠠᠭᠠᠴᠢᠯᠠᠭ᠎ᠠ ᠠᠴᠠ ᠪᠠᠨ ᠵᠦᠶ ᠵᠣᠬᠢᠰ ᠥᠬᠡᠶ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠪᠠᠭᠤᠷᠠᠭᠤᠯᠬᠤ ᠪᠠᠷ ᠭᠤᠶᠤᠴᠢᠯᠠᠬᠤ ᠶᠢ ᠵᠣᠷᠢᠭᠵᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠳᠡᠭᠡᠭᠰᠢᠯᠡᠭᠦᠯᠬᠦ ᠳᠤ ᠲᠤᠰ ᠭᠠᠵᠠᠷ ᠣᠷᠣᠨ ᠤ ᠳᠡᠭᠡᠷ᠎ᠡ ᠨᠢᠭᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ᠂ ᠡᠮᠴᠢᠯᠡᠭᠡᠨ ᠤ  ᠪᠠᠳᠤᠯᠠᠭ᠎ᠠ ᠶᠢᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠦᠷᠢ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ᠂ ᠡᠮᠴᠢᠯᠡᠭᠡᠨ ᠤ ᠦᠢᠯᠡᠴᠢᠯᠡᠭᠡᠨ ᠤ ᠥᠪᠡᠷ ᠤᠨ ᠥᠷᠲᠡᠭ ᠤᠨ ᠬᠤᠪᠢᠷᠠᠯᠲᠠ ᠵᠡᠷᠭᠡ ᠣᠯᠠᠨ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠶ᠃ ᠵᠠᠷᠴᠢᠮ ᠳᠡᠭᠡᠷ᠎ᠡ ᠪᠠᠨ᠂ ᠨᠠᠭᠠᠳᠤ ᠵᠠᠬ᠎ᠠ ᠳᠠᠭᠠᠨ ᠳᠣᠤᠷᠠᠬᠢ ᠮᠡᠲᠦ ᠨᠥᠬᠦᠴᠡᠯ ᠢ ᠬᠠᠮᠲᠤ ᠳᠤᠨᠢ ᠬᠠᠩᠭᠠᠪᠠᠯ ᠰᠠᠶ᠋ᠢ ᠭᠠᠵᠠᠷ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠳᠡᠭᠡᠭᠰᠢᠯᠡᠭᠦᠯᠬᠦ ᠠᠵᠢᠯ ᠢ ᠡᠬᠢᠯᠡᠭᠦᠯᠵᠦ ᠪᠣᠯᠤᠨ᠎ᠠ᠃ ᠢᠵᠢ ᠪᠦᠷᠢᠳᠦᠭᠦᠯᠬᠦ ᠡᠮᠴᠢᠯᠡᠭᠡᠨ ᠤ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠬᠡᠷᠡᠭᠵᠢᠭᠦᠯᠬᠦ ᠲᠤᠰᠬᠠᠶ ᠵᠦᠢᠯ ᠤᠨ ᠲᠣᠬᠢᠷᠠᠭᠤᠯᠤᠯᠲᠠ᠂ ᠲᠣᠭᠲᠠᠭᠠᠭᠰᠠᠨ ᠰᠠᠭᠤᠷᠢ ᠲᠣᠭᠠᠨ ᠳᠣᠲᠣᠷ᠎ᠠ ᠳᠡᠭᠡᠭᠰᠢᠯᠡᠭᠦᠯᠵᠦ ᠪᠠᠭᠤᠷᠠᠭᠤᠯᠬᠤ ᠶᠢ ᠤᠶᠠᠯᠳᠤᠭᠤᠯᠤᠨ ᠲᠣᠬᠢᠷᠠᠭᠤᠯᠤᠯᠲᠠ ᠬᠢᠬᠦ ᠵᠢᠴᠢ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ᠂ ᠦᠨ᠎ᠡ ᠬᠠᠩᠰᠢ ᠶᠢᠨ ᠵᠥᠷᠢᠴᠡᠯ ᠲᠤᠪᠤᠶᠢᠮ᠎ᠠ ᠲᠥᠷᠥᠯ ᠵᠦᠢᠯ ᠳᠤ ᠣᠨᠴᠠ ᠵᠠᠷᠢᠮ ᠲᠤᠬᠢᠷᠠᠭᠤᠯᠤᠯᠳᠠ ᠬᠢᠬᠦ ᠶᠢ ᠪᠠᠭᠲᠠᠭᠠᠬᠤ ᠦᠭᠡᠢ᠃      1᠂ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠳᠠᠯ ᠤᠨ ᠨᠡᠮᠡᠭᠳᠡᠯ ᠤᠨ ᠬᠡᠮᠵᠢᠶ᠎ᠡ ᠨᠢ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠦᠷᠳᠡᠭ ᠤᠨ ᠨᠡᠮᠡᠭᠳᠡᠯ ᠤᠨ ᠬᠡᠮᠵᠢᠶ᠎ᠡ ᠠᠴᠠ ᠳᠣᠤᠷ᠎ᠠ ᠪᠠᠶᠢᠬᠤ︔      2᠂ ᠡᠮᠴᠢᠯᠡᠭᠡ ᠶᠢᠨ ᠪᠠᠳᠤᠯᠠᠭ᠎ᠠ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠮᠦᠩᠭᠦ ᠶᠢ ᠳᠥᠯᠥᠵᠦ ᠪᠣᠯᠬᠤ ᠰᠠᠷ᠎ᠠ ᠶᠢᠨ ᠲᠤᠭ᠎ᠠ ᠨᠢ 9 ᠰᠠᠷ᠎ᠠ ᠠᠴᠠ ᠳᠤᠲᠠᠭᠤ ᠪᠠᠶᠢᠵᠤ ᠪᠣᠯᠬᠤ ᠥᠬᠡᠶ︔      3᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠪᠠᠳᠤᠯᠠᠭ᠎ᠠ ᠶᠢᠨ ᠤᠳᠠᠭ᠎ᠠ ᠪᠦᠷᠢ ᠶᠢᠨ ᠲᠤᠮᠳᠠᠴᠢ ᠵᠠᠷᠤᠳᠠᠯ ᠨᠢ ᠪᠥᠬᠦ ᠣᠷᠣᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠪᠠᠳᠤᠯᠠᠭ᠎ᠠ ᠶᠢᠨ ᠤᠳᠠᠭ᠎ᠠ ᠪᠦᠷᠢ ᠶᠢᠨ ᠳᠤᠮᠳᠠᠴᠢ ᠵᠠᠷᠤᠳᠠᠯ ᠤᠨ ᠲᠤᠭ᠎ᠠ ᠠᠴᠠ ᠳᠣᠤᠷ᠎ᠠ ᠪᠠᠶᠢᠬᠤ︔      4. ᠦᠨ᠎ᠡ ᠬᠠᠩᠰᠢ ᠶᠢ ᠲᠣᠬᠢᠷᠠᠭᠤᠯᠬᠤ ᠳᠠᠭᠠᠨ ᠡᠪᠡᠳᠴᠢᠲᠡᠨ ᠤ ᠬᠤᠪᠢ ᠬᠥᠮᠦᠨ ᠤ ᠡᠮ ᠡᠮᠨᠡᠯᠭᠡ ᠶᠢᠨ ᠵᠠᠷᠤᠳᠠᠯ ‍ᠤᠨ‌‍ᠲ᠋ᠠᠷᠤᠭᠠᠰᠦ ᠶᠢ ᠨᠡᠮᠡᠭᠳᠡᠭᠦᠯᠬᠦ ᠦᠭᠡᠢ ᠪᠠᠶᠢᠬᠤ᠃ᠬᠥᠲᠥᠯᠥᠭᠴᠢ᠄      ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠠᠵᠢᠯ ᠤᠨ ᠬᠠᠷᠠᠯᠲᠠ ᠶᠢ ᠲᠠᠨᠢᠯᠴᠠᠭᠤᠯᠤᠭᠠᠳ ᠥᠭᠭᠦᠨ᠎ᠡ ᠤᠤ︖ᠵᠣᠴᠢᠨ ︵ᠯᠢ ᠲᠣᠪᠴᠢᠶᠠᠨ ᠳᠠᠷᠤᠭ᠎ᠠ︶᠄      2022 ᠣᠨ ᠤ ᠡᠴᠦᠰ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠨᠢᠭᠡᠳᠦᠯᠳᠡᠢ ᠵᠢᠯᠣᠭᠤᠳᠤᠭᠰᠠᠨ᠂ ᠡᠯ᠎ᠡ ᠠᠶᠢᠮᠠᠭ ᠬᠤᠲᠠ ᠵᠣᠬᠢᠶᠠᠨ ᠪᠠᠶᠢᠭᠤᠯᠤᠨ ᠠᠬᠢᠭᠤᠯᠤᠭᠰᠠᠨ᠂ ᠲᠤᠷᠰᠢᠯᠲᠠ ᠶᠢᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠭᠰᠡᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠠᠩᠬ᠎ᠠ ᠠᠯᠬᠤᠮ ᠪᠠᠶᠢᠭᠤᠯᠤᠨ᠎ᠠ᠃ 2025 ᠣᠨ ᠪᠣᠯᠬᠤ ᠳᠤ᠂ ᠲᠣᠭᠲᠠᠴᠠ ᠨᠢ ᠰᠢᠨᠵᠢᠯᠡᠬᠦ ᠤᠬᠠᠭᠠᠨᠴᠢ᠂ ᠭᠠᠵᠠᠷ ᠣᠷᠣᠨ ᠲᠡᠩᠴᠡᠭᠦᠷᠢᠲᠡᠢ᠂ ᠪᠦᠲᠦᠴᠡ ᠨᠢ ᠰᠢᠯᠢᠳᠡᠭᠵᠢᠭᠰᠡᠨ᠂ ᠦᠨ᠎ᠡ ᠬᠠᠩᠰᠢ ᠵᠦᠢ ᠵᠣᠬᠢᠰᠲᠠᠢ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠢ ᠬᠠᠮᠢᠶᠠᠷᠤᠯᠳᠠ ᠶᠢᠨ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ᠬᠥᠲᠥᠯᠥᠭᠴᠢ᠄      ᠵᠠ᠂ ᠯᠢ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠥᠷᠭᠡᠨ ᠤᠯᠠᠨ ᠰᠦᠯᠵᠢᠶᠡᠨ ᠠᠨᠳᠠ ᠨᠠᠷ ᠤᠨ ᠲᠣᠰ ᠤᠳᠠᠭᠠᠨ ᠤ ᠫᠷᠤᠭ᠍ᠷᠠᠮ ᠢ ᠭᠥᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠳᠠᠢ ᠵᠣᠯᠭᠠᠶ᠎ᠠ︕
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号