ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷ ᠲᠠᠢ᠂ ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠥᠷᠢᠯᠡᠶ᠎ᠡ
ᠨᠡᠶᠢᠲᠡᠯᠡᠭᠰᠡᠨ ᠴᠠᠭ᠄
2020/12/17
     ᠰᠤᠷᠪᠤᠯᠵᠢᠯᠠᠨ ᠶᠠᠷᠢᠯᠴᠠᠭᠰᠠᠨ ᠴᠠᠭ᠄ 2015 ᠣᠨ ᠤ 2 ᠳ᠋ᠤᠭᠠᠷ ᠰᠠᠷ᠎ᠠ ᠶᠢᠨ 13 ᠤ ᠡᠳᠥᠷ ᠤᠨ ᠦᠳᠡ ᠶᠢᠨ ᠬᠤᠶᠢᠨᠠᠬᠢ 3᠄ 30 ᠴᠠᠭ ᠲᠤ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠦᠪᠡᠷᠳᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ ᠬᠤ᠋ ᠸᠧᠨ ᠢ      ᠰᠦᠯᠵᠢᠶᠡᠨ ᠠᠨᠳᠠ ᠨᠠᠷ ᠡ᠂ ᠰᠠᠶᠢᠨ ᠪᠠᠶᠢᠵᠠᠭᠠᠨ᠎ᠠ ᠤᠤ︕ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠶᠡᠷᠥᠩᠬᠡᠶᠢᠯᠡᠭᠰᠡᠨ ᠫᠤᠷᠲ᠋ᠧᠯ ᠰᠠᠶᠢᠲ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠫᠷᠤᠭ᠍ᠷᠠᠮ ᠢ ᠬᠦᠯᠢᠶᠡᠨ ᠠᠪᠴᠦ ᠰᠣᠨᠢᠷᠬᠠᠬᠤ ᠶᠢ ᠤᠭᠲᠤᠵᠦ ᠪᠠᠶᠢᠨ᠎ᠠ᠃ ᠦᠨᠥᠳᠥᠷ ᠪᠢᠳᠡ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ ᠤᠨ ᠳᠡᠳ᠋ ᠡᠷᠬᠢᠯᠡᠭᠴᠢ ᠬᠤ᠋ ᠸᠧᠨ ᠢ ᠶᠢ ᠤᠷᠢᠵᠦ ︽ᠳᠤᠮᠳᠠᠳᠦ ᠤᠯᠤᠰ · ᠦᠪᠥᠷ ᠮᠣᠩᠭᠤᠯ︾ ᠰᠦᠯᠵᠢᠶᠡᠨ ᠳᠡᠭᠡᠷ᠎ᠡ ᠣᠯᠠᠨ ᠲᠠᠢ ᠰᠣᠯᠢᠯᠴᠠᠭ᠎ᠠ ᠬᠢᠯᠭᠡᠬᠦ ᠶᠢᠨ ᠬᠠᠮᠲᠦ ᠰᠦᠯᠵᠢᠶᠡᠨ ᠠᠨᠳᠠ ᠨᠠᠷ ᠤᠨ ᠠᠰᠠᠭᠤᠭᠰᠠᠨ ᠳᠤ ᠬᠠᠷᠢᠭᠤᠯᠲᠠ ᠦᠭᠬᠦ ᠪᠣᠯᠤᠨ᠎ᠠ᠂ ᠬᠤ᠋ ᠡᠷᠬᠢᠯᠡᠭᠴᠢ ᠲᠠ ᠰᠠᠶᠢᠨ ᠪᠠᠶᠢᠨ᠎ᠠ ᠤᠤ᠂ ︽ᠳᠤᠮᠳᠠᠳᠦ ᠤᠯᠤᠰ · ᠦᠪᠥᠷ ᠮᠣᠩᠭᠤᠯ︾ ᠰᠦᠯᠵᠢᠶ᠎ᠡ ᠲᠠᠨ ᠢ ᠪᠠᠶᠠᠷᠯᠠᠨ ᠤᠭᠲᠤᠵᠦ ᠪᠠᠶᠢᠨ᠎ᠠ︕      ᠬᠤ᠋ ᠸᠧᠨ ᠢ᠄ ᠬᠦᠲᠥᠯᠥᠭᠴᠢ ᠲᠠ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠰᠢᠶᠠᠨ ᠤ ᠱᠠᠲᠥᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠲᠤᠬᠠᠢ ᠰᠡᠳᠥᠪ ᠢᠶᠠᠷ ᠠᠳᠡ ᠲᠠ ᠣᠯᠠᠨ ᠲᠠᠢ ᠰᠣᠯᠢᠯᠴᠠᠭ᠎ᠠ ᠬᠢᠬᠦ ᠪᠣᠯᠣᠭᠰᠠᠨ ᠳᠤ ᠲᠣᠩ ᠪᠠᠶᠠᠷᠲᠠᠢ ᠪᠠᠶᠢᠨ᠎ᠠ᠃ ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠦᠯᠥᠪᠯᠡᠭᠡᠲᠦ ᠦᠷᠡᠵᠢᠯ ᠤᠨ ᠠᠵᠢᠯ ᠦᠢᠯᠡᠰ ᠤᠨ ᠦᠭᠡᠷᠡᠴᠢᠯᠡᠯᠲᠡ ᠬᠦᠭᠵᠢᠯᠲᠡ ᠶᠢ ᠶᠡᠷᠦ ᠠᠴᠠ ᠠᠩᠬᠠᠷᠴᠦ ᠳᠡᠮᠵᠢᠭᠰᠡᠭᠡᠷ ᠢᠷᠡᠭᠰᠡᠨ ᠰᠦᠯᠵᠢᠶᠡᠨ ᠠᠨᠳᠠ ᠨᠠᠷ ᠲᠤ ᠲᠠᠯᠠᠷᠬᠠᠵᠦ ᠪᠠᠶᠢᠨ᠎ᠠ᠃      ᠬᠦᠲᠥᠯᠥᠭᠴᠢ᠄ ᠬᠤ᠋ ᠡᠷᠬᠢᠯᠡᠭᠴᠢ ᠡ᠂ ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠠᠯᠢ ᠦᠶ᠎ᠡ ᠠᠴᠠ ᠡᠬᠢᠯᠡᠭᠦᠯᠥᠭᠰᠡᠨ ᠪᠣᠢ᠂ ᠬᠡᠳᠥᠢ ᠶᠡᠭᠡ ᠬᠡᠪᠴᠢᠶᠡᠨ ᠳᠤ ᠦᠷᠨᠢᠭᠦᠯᠵᠦ ᠪᠠᠶᠢᠭ᠎ᠠ ᠪᠣᠢ︖      ᠬᠤ᠋ ᠸᠧᠨ ᠢ᠄      ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ 2012 ᠣᠨ ᠤ 5 ᠳ᠋ᠤᠭᠠᠷ ᠰᠠᠷ᠎ᠠ ᠳᠤ ᠡᠬᠢᠯᠡᠭᠦᠯᠥᠭᠰᠡᠨ᠃      ᠡᠬᠢᠯᠡᠯᠲᠡ ᠶᠢᠨ ᠱᠠᠲᠦ ᠦᠶ᠎ᠡ ᠳᠤ᠂ ᠡᠯ᠎ᠡ ᠭᠠᠵᠠᠷ ᠤᠳ ᠡᠮ ᠢᠶᠠᠷ ᠡᠮᠨᠡᠯᠭᠡ ᠳᠤ ᠨᠦᠬᠦᠪᠥᠷᠢ ᠣᠷᠣᠭᠤᠯᠵᠦ ᠪᠠᠶᠢᠭ᠎ᠠ ᠶᠢ ᠦᠭᠡᠶᠢᠰᠭᠡᠬᠦ᠂ ᠠᠵᠢᠯᠲᠠᠨ ᠤ ᠶᠠᠪᠤᠳᠠᠯ ᠬᠤᠪᠢᠶᠠᠷᠢᠯᠠᠯᠲᠠ ᠶᠢᠨ ᠳᠦᠷᠢᠮ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠶᠢᠨ ᠡᠷᠬᠡᠲᠡᠨ ᠠᠴᠠ ᠵᠠᠰᠠᠬᠤ ᠪᠦᠲᠥᠴᠡ ᠪᠠᠶᠢᠭᠤᠯᠬᠤ᠂ ᠡᠮᠨᠡᠯᠭᠡ ᠶᠢᠨ ᠬᠤᠷᠢᠶᠠᠨ ᠤ ᠲᠣᠲᠤᠭᠠᠳᠦ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠢᠳᠡᠪᠬᠢᠲᠠᠢ ᠬᠠᠶᠢᠨ ᠰᠦᠪᠡᠭᠴᠢᠯᠡᠯᠲᠡ ᠬᠢᠪᠡ᠃ 2014 ᠣᠨ ᠳᠤ᠂ ᠪᠢᠳᠡ ᠤᠯᠤᠰ ᠤᠨ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ ᠵᠡᠷᠭᠡ ᠲᠠᠪᠤᠨ ᠶᠠᠮᠤᠨ ᠵᠦᠪᠯᠡᠯ ᠤᠨ ︽ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠲᠤᠬᠠᠢ ᠰᠠᠨᠠᠯ︾ ᠢ ᠦᠨᠳᠥᠰᠥᠯᠡᠨ᠂ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤ ᠵᠦᠪᠯᠡᠯ᠂ ᠡᠳ᠋ ᠤᠨ ᠵᠠᠰᠠᠭ ᠵᠡᠷᠭᠡ 5 ᠰᠠᠯᠠᠭ᠎ᠠ ᠮᠦᠴᠢᠷ ᠬᠠᠮᠲᠤᠷᠠᠨ ︽ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠵᠦ᠂ ᠮᠠᠨ ᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠬᠠᠷᠠᠯᠲᠠ ᠪᠠ ᠡᠭᠦᠷᠭᠡ ᠶᠢ ᠣᠯᠠᠨ ᠨᠢᠭᠡ ᠠᠯᠬᠤᠮ ᠲᠣᠳᠤᠷᠬᠠᠶᠢᠯᠠᠪᠠ᠃ ᠮᠠᠨ ᠤ ᠣᠷᠣᠨ ᠨᠢ ᠤᠯᠤᠰ ᠠᠴᠠ ᠲᠣᠭᠲᠠᠭᠠᠭᠰᠠᠨ 15 ᠲᠤᠷᠰᠢᠯᠲᠠ ᠶᠢᠨ ᠬᠤᠰᠢᠭᠤ ᠰᠢᠶᠠᠨ ᠤ ᠰᠠᠭᠤᠷᠢᠨ ᠳᠡᠭᠡᠷ᠎ᠡ ᠪᠠᠰᠠ ᠦᠪᠡᠷᠳᠡᠭᠡᠨ ᠵᠠᠰᠠᠬᠤ ᠣᠷᠣᠨ ᠤ ᠱᠠᠲᠤᠨ ᠤ 25 ᠲᠤᠷᠰᠢᠯᠲᠠ ᠶᠢᠨ ᠴᠢᠭ᠋ ᠢ ᠨᠡᠮᠡᠵᠦ᠂ ᠤᠯᠤᠰ ᠪᠣᠯᠣᠨ ᠦᠪᠡᠷᠳᠡᠭᠡᠨ ᠵᠠᠰᠠᠬᠤ ᠣᠷᠣᠨ ᠤ ᠲᠤᠷᠰᠢᠯᠲᠠ ᠶᠢᠨ ᠬᠤᠰᠢᠭᠤ ᠰᠢᠶᠠᠨ ᠤ ᠶᠡᠷᠥᠩᠬᠡᠢ ᠲᠤᠭ᠎ᠠ ᠶᠢ 40 ᠳᠤ ᠬᠦᠷᠥᠭᠦᠯᠥᠭᠡᠳ᠂ ᠪᠦᠬᠦ ᠣᠷᠣᠨ ᠤ ᠬᠠᠭᠠᠰ ᠠᠴᠠ ᠳᠡᠭᠡᠭᠰᠢᠬᠢ ᠬᠤᠰᠢᠭᠤ ᠰᠢᠶᠠᠨ ᠢ ᠬᠠᠮᠤᠷᠤᠭᠤᠯᠪᠠ᠃      ᠬᠦᠲᠥᠯᠥᠭᠴᠢ᠄ ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠠᠮᠠᠷ ᠶᠠᠮᠠᠷ ᠰᠢᠨ᠎ᠡ ᠠᠬᠢᠴᠠ ᠲᠠᠢ ᠪᠣᠯᠪᠠ︖      ᠬᠤ᠋ ᠸᠧᠨ ᠢ᠄      ᠦᠩᠭᠡᠷᠡᠭᠰᠡᠨ ᠨᠢᠭᠡ ᠵᠢᠯ ᠳᠤ᠂ ᠡᠩ ᠲᠡᠷᠢᠭᠦᠨ ᠳᠤ ᠳᠡᠭᠡᠳᠦ ᠵᠡᠷᠭᠡᠯᠡᠯ ᠤᠨ ᠵᠢᠷᠤᠭ ᠲᠦᠯᠥᠪᠯᠡᠭᠡ ᠬᠢᠬᠦ ᠶᠢ ᠴᠢᠩᠭᠠᠷᠠᠭᠤᠯᠤᠨ᠂ ᠠᠯᠢ ᠣᠯᠠᠨ ᠲᠦᠭᠦᠷ ᠲᠦᠷᠦ ᠶᠢᠨ ᠪᠣᠳᠤᠯᠭ᠎ᠠ᠂ ᠪᠢᠴᠢᠭ ᠮᠠᠲ᠋ᠧᠷᠢᠶᠠᠯ ᠤᠳ ᠢ ᠨᠡᠶᠢᠲᠡᠯᠡᠪᠡ᠃ ᠵᠢᠱᠢᠶᠡᠯᠡᠪᠡᠯ᠂ ᠡᠮ ᠤᠨ ᠵᠦᠢᠯ ᠳᠤ ᠦᠨ᠎ᠡ ᠨᠡᠮᠡᠬᠦ ᠶᠢ ᠦᠭᠡᠶᠢᠰᠭᠡᠬᠦ᠂ ᠰᠢᠨᠵᠢᠯᠡᠬᠦ ᠤᠬᠠᠭᠠᠨᠴᠢ ᠨᠦᠬᠦᠪᠥᠷᠢᠯᠡᠬᠦ ᠲᠣᠭᠲᠠᠴᠠ ᠪᠠᠶᠢᠭᠤᠯᠬᠤ ᠲᠠᠯ᠎ᠠ ᠪᠠᠷ᠂ ᠦᠪᠡᠷᠳᠡᠭᠡᠨ ᠵᠠᠰᠠᠬᠤ ᠣᠷᠣᠨ ︽ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠲᠤᠷᠰᠢᠯᠲᠠ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠰᠠᠨᠠᠯ︾᠂ ︽ᠵᠠᠰᠠᠭ ᠤᠨ ᠣᠷᠳᠤᠨ ᠠᠴᠠ ᠡᠷᠡᠭᠦᠯ ᠬᠠᠮᠠᠭᠠᠯᠠᠯ ᠳᠤ ᠣᠷᠣᠭᠤᠯᠤᠯᠲᠠ ᠣᠷᠣᠭᠤᠯᠬᠤ ᠲᠦᠷᠦ ᠶᠢᠨ ᠪᠣᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ︾ ᠢ ᠨᠡᠶᠢᠲᠡᠯᠡᠪᠡ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠬᠤᠳᠠᠯᠳᠤᠨ ᠠᠪᠬᠤ ᠲᠣᠭᠲᠠᠴᠠ ᠶᠢᠨ ᠲᠠᠯ᠎ᠠ ᠪᠠᠷ᠂ ︽ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠩᠭᠤ ᠬᠡᠷᠡᠭᠯᠡᠬᠦ ᠬᠢᠮᠳᠠ ᠡᠮ ᠤᠨ ᠵᠦᠢᠯ ᠬᠤᠳᠠᠯᠳᠤᠨ ᠠᠪᠬᠤ ᠲᠦᠰᠥᠯ︾᠂ ︽ᠦᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠦᠷᠲᠡᠭ ᠶᠡᠬᠡᠲᠠᠢ ᠵᠠᠷᠤᠴᠠᠭᠤᠯᠬᠤ ᠮᠠᠲ᠋ᠧᠷᠢᠶᠠᠯ ᠢ ᠢᠯᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾᠂ ︽ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠲᠤᠬᠠᠢ ᠦᠪᠥᠷ ᠮᠣᠩᠭᠤᠯ ᠤᠨ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠵᠦᠪᠯᠡᠯ ᠤᠨ ᠮᠡᠳᠡᠭᠳᠡᠯ︾ ᠵᠡᠷᠭᠡ ᠶᠢ ᠨᠡᠶᠢᠲᠡᠯᠡᠪᠡ︔ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠠᠯ᠎ᠠ ᠪᠠᠷ᠂ ︽ᠪᠦᠬᠦ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠲᠠᠨ ᠤ ᠶᠠᠪᠤᠳᠠᠯ ᠬᠤᠪᠢᠶᠠᠷᠢᠯᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯᠤᠭᠤᠳᠬᠤ ᠰᠠᠨᠠᠯ︾ ᠢ ᠨᠡᠶᠢᠲᠡᠯᠡᠪᠡ᠃ ᠡᠳᠡᠭᠡᠷ ᠲᠦᠷᠦ ᠶᠢᠨ ᠪᠣᠳᠤᠯᠭ᠎ᠠ ᠶᠢᠨ ᠪᠢᠴᠢᠭ ᠮᠠᠲ᠋ᠧᠷᠢᠶᠠᠯ ᠤᠳ ᠢ ᠨᠡᠶᠢᠲᠡᠯᠡᠭᠰᠡᠨ ᠶᠠᠪᠤᠳᠠᠯ ᠨᠢ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠳᠤ ᠲᠦᠷᠦ ᠶᠢᠨ ᠪᠣᠳᠤᠯᠭ᠎ᠠ ᠶᠢᠨ ᠦᠨᠳᠥᠰᠥᠯᠡᠯ ᠬᠠᠩᠭᠠᠭᠰᠠᠨ ᠪᠦᠭᠡᠳ ᠦᠭᠡᠷᠡᠴᠢᠯᠡᠯᠲᠡ ᠶᠢᠨ ᠴᠢᠭᠯᠡᠯ ᠢ ᠲᠣᠳᠤᠷᠬᠠᠢ ᠵᠢᠭᠠᠵᠦ ᠦᠭᠭᠦᠭᠰᠡᠨ ᠪᠠᠶᠢᠨ᠎ᠠ᠃      ᠬᠤ᠋ ᠸᠧᠨ ᠢ᠄      ᠳᠠᠷᠠᠭᠠᠯᠠᠪᠠᠯ ᠲᠦᠷᠦ ᠶᠢᠨ ᠪᠣᠳᠤᠯᠭ᠎ᠠ᠂ ᠠᠷᠭ᠎ᠠ ᠬᠡᠮᠵᠢᠶ᠎ᠡ ᠶᠢᠨ ᠨᠠᠶᠢᠳᠠᠪᠥᠷᠢᠵᠢᠭᠤᠯᠤᠯᠲᠠ ᠶᠢ ᠴᠢᠩᠭᠠᠷᠠᠭᠤᠯᠤᠭᠰᠠᠨ ᠠᠴᠠ ᠦᠭᠡᠷᠡᠴᠢᠯᠡᠯᠲᠡ ᠶᠢᠨ ᠠᠵᠢᠯ ᠢᠳᠡᠪᠬᠢᠲᠠᠢ ᠠᠬᠢᠴᠠ ᠲᠠᠢ  ᠪᠣᠯᠪᠠ᠃ ᠣᠳᠣᠬᠠᠨ ᠳᠤ᠂ ᠪᠦᠬᠦ ᠣᠷᠣᠨ ᠤ ᠬᠤᠰᠢᠭᠤ ᠰᠢᠶᠠᠨ ᠤ ᠱᠠᠲᠤᠨ ᠤ 67 ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠰᠢᠨᠵᠢᠯᠡᠬᠦ ᠤᠬᠠᠭᠠᠨᠴᠢ ᠪᠠᠷ ᠲᠦᠰᠥᠭᠡᠯᠡᠨ ᠪᠣᠳᠤᠭᠰᠠᠨ ᠰᠠᠭᠤᠷᠢᠨ ᠳᠡᠭᠡᠷ᠎ᠡ᠂ ᠡᠮ ᠤᠨ ᠵᠦᠢᠯ ᠳᠤ ᠦᠨ᠎ᠡ ᠨᠡᠮᠡᠬᠦ ᠶᠢ ᠪᠦᠬᠦᠨ ᠢᠶᠠᠷ ᠢᠶᠠᠨ ᠦᠭᠡᠶᠢᠰᠭᠡᠵᠦ᠂ ᠡᠭᠦᠨ ᠠᠴᠠ ᠪᠣᠯᠵᠦ ᠪᠠᠭᠠᠰᠤᠭᠰᠠᠨ ᠣᠷᠣᠯᠭ᠎ᠠ ᠶᠢ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡᠨ ᠤ ᠦᠨ᠎ᠡ ᠬᠠᠩᠰᠢ ᠳᠤ ᠲᠤᠬᠢᠷᠠᠭᠤᠯᠤᠯᠲᠠ ᠬᠢᠬᠦ᠂ ᠵᠠᠰᠠᠭ ᠤᠨ ᠣᠷᠳᠤᠨ ᠤ ᠣᠷᠣᠭᠤᠯᠤᠯᠲᠠ ᠶᠢ ᠨᠡᠮᠡᠭᠳᠡᠭᠦᠯᠬᠦ ᠪᠠ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠬᠤ᠂ ᠠᠵᠢᠯᠯᠠᠭᠠᠨ ᠤ ᠦᠪᠡᠷ ᠤᠨ ᠦᠷᠲᠡᠭ ᠢ ᠠᠷᠪᠢᠯᠠᠬᠤ ᠵᠡᠷᠭᠡ ᠪᠠᠷ ᠳᠠᠮᠵᠢᠭᠤᠯᠤᠨ ᠣᠯᠠᠨ ᠲᠠᠯ᠎ᠠ ᠶᠢᠨ ᠬᠢᠨ ᠬᠠᠮᠲᠥᠪᠡᠷ ᠡᠭᠦᠷᠭᠡᠯᠡᠬᠦ ᠪᠣᠯᠭᠠᠪᠠ︔ ᠪᠠᠶᠢᠩᠭᠤ ᠬᠡᠷᠡᠭᠯᠡᠬᠦ ᠬᠢᠮᠳᠠ ᠡᠮ ᠤᠨ ᠵᠦᠢᠯ ᠤᠨ ᠨᠡᠷ᠎ᠡ ᠮᠡᠳᠡᠭᠦᠯᠥᠨ ᠬᠤᠳᠠᠯᠳᠤᠨ ᠠᠪᠬᠤ ᠠᠵᠢᠯ ᠢ ᠡᠬᠢᠯᠡᠭᠦᠯᠵᠦ᠂ ᠦᠢᠯᠡᠳᠪᠥᠷᠢᠯᠡᠬᠦ ᠠᠵᠦ ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠦ ᠠᠬᠤᠶᠢᠯᠠᠯ ᠳᠤ ᠬᠢᠨᠠᠨ ᠰᠢᠯᠭᠠᠯᠲᠠ ᠬᠢᠵᠦ ᠪᠤᠴᠠᠭᠠᠵᠦ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠥᠨ᠂ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠡᠮ ᠤᠨ ᠵᠦᠢᠯ ᠢ ᠬᠡᠷᠡᠭᠯᠡᠬᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ︔ ᠣᠷᠳᠤᠰ ᠤᠨ ᠵᠠᠭᠦᠨᠭᠠᠷ ᠬᠤᠰᠢᠭᠤ᠂ ᠳᠠᠯᠠᠳ ᠬᠤᠰᠢᠭᠤ᠂ ᠦᠤᠰᠢᠨ ᠬᠤᠰᠢᠭᠤ᠂ ᠡᠵᠡᠨᠬᠤᠷᠤᠭ᠎ᠠ ᠬᠤᠰᠢᠭᠤ ᠪᠣᠯᠣᠨ ᠣᠲᠤᠭ ᠬᠤᠰᠢᠭᠤ᠂ ᠪᠤᠭᠤᠲᠦ ᠬᠤᠲᠠ ᠶᠢᠨ ᠲᠦᠮᠡᠳ ᠪᠠᠷᠠᠭᠤᠨ ᠬᠤᠰᠢᠭᠤ᠂ ᠮᠠᠨᠵᠤᠤᠷ ᠬᠤᠲᠠ ᠵᠡᠷᠭᠡ ᠲᠤᠷᠰᠢᠯᠲᠠ ᠶᠢᠨ ᠴᠢᠭ᠋ ᠤᠨ ᠭᠠᠵᠠᠷ ᠣᠷᠣᠨ ᠨᠤᠭᠤᠳ ᠡᠮᠨᠡᠯᠭᠡ ᠶᠢᠨ ᠬᠤᠷᠢᠶᠠᠨ ᠤ ᠳᠠᠷᠤᠭ᠎ᠠ ᠶᠢᠨ ᠲᠤᠰᠢᠶᠠᠯ ᠤᠨ ᠬᠤᠭᠤᠴᠠᠭᠠᠨ ᠤ ᠬᠠᠷᠠᠯᠲᠠᠲᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠰᠢᠢᠳᠪᠥᠷᠢᠲᠦ ᠪᠣᠳᠤᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠶᠢᠨ ᠬᠠᠷᠢᠯᠴᠠᠨ ᠬᠢᠵᠠᠭᠠᠷᠯᠠᠭᠰᠠᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠣᠢ ᠪᠣᠯᠭᠠᠭᠰᠠᠨ ᠪᠠᠶᠢᠨ᠎ᠠ︔ ᠮᠠᠨᠵᠤᠤᠷ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠵᠠᠯᠠᠨ ᠠᠶᠢᠯ ᠬᠤᠲᠠ ᠵᠡᠷᠭᠡ ᠬᠤᠰᠢᠭᠤ ᠰᠢᠶᠠᠨ ᠨᠦᠭᠦᠳ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠰᠢᠶᠠᠩ ᠪᠠᠯᠭᠠᠰᠦ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠢᠭᠡᠳ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠤᠶᠠᠷ ᠲᠠᠯ᠎ᠠ ᠪᠠᠷ ᠢᠶᠠᠨ ᠰᠢᠯᠵᠢᠭᠦᠯᠥᠨ ᠣᠨᠣᠰᠢᠯᠠᠬᠤ ᠠᠵᠢᠯ ᠦᠷᠨᠢᠭᠦᠯᠬᠦ ᠶᠠᠪᠤᠳᠠᠯ ᠢ ᠬᠠᠶᠢᠨ ᠰᠦᠪᠡᠭᠴᠢᠯᠡᠭᠰᠡᠨ ᠪᠠᠶᠢᠨ᠎ᠠ︔ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠪᠠᠶᠢᠭᠤᠯᠤᠮᠵᠢ ᠳᠤ ᠡᠮᠨᠡᠭᠦᠯᠥᠭᠰᠡᠨ ᠤ ᠳᠠᠩᠰᠠ ᠲᠠᠶᠢᠯᠬᠤ ᠬᠠᠷᠢᠴᠠᠯ ᠢ 10%~20% ᠪᠠᠷ ᠳᠡᠭᠡᠭᠰᠢᠯᠡᠭᠦᠯᠵᠦ᠂ ᠳᠠᠩᠰᠠ ᠲᠠᠶᠢᠯᠬᠤ ᠶᠢᠨ ᠡᠬᠢᠯᠡᠵᠦ ᠵᠠᠷᠤᠴᠠᠭᠤᠯᠬᠤ ᠱᠤᠭᠤᠮ ᠢ 20%~50% ᠪᠠᠷ ᠪᠠᠭᠤᠷᠠᠭᠤᠯᠪᠠ︔ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠤᠯᠠᠮᠵᠢᠯᠠᠯᠲᠦ ᠵᠠᠰᠠᠬᠤ ᠠᠷᠭ᠎ᠠ ᠶᠢ ᠡᠮᠨᠡᠯᠭᠡ ᠳᠤ ᠰᠠᠭᠤᠭᠰᠠᠨ ᠤ ᠳᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ︔ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢᠨ 387 ᠲᠦᠷᠥᠯ ᠵᠦᠢᠯ ᠤᠨ ᠦᠨ᠎ᠡ ᠬᠠᠩᠰᠢ ᠶᠢ ᠵᠣᠬᠢᠶᠠᠨ ᠪᠠᠶᠢᠭᠤᠯᠤᠨ ᠲᠣᠬᠢᠷᠠᠭᠤᠯᠵᠦ᠂ ᠰᠢᠨ᠎ᠡ ᠦᠨ᠎ᠡ ᠬᠠᠩᠰᠢ ᠶᠢᠨ ᠪᠠᠷᠢᠮᠵᠢᠶ᠎ᠠ ᠶᠢ 2014 ᠣᠨ ᠤ 8 ᠳ᠋ᠤᠭᠠᠷ ᠰᠠᠷ᠎ᠠ ᠶᠢᠨ 1 ᠤ ᠡᠳᠥᠷ ᠠᠴᠠ ᠨᠢᠭᠡᠨᠲᠡ ᠵᠢᠩᠬᠢᠨᠢ ᠪᠠᠷ ᠡᠬᠢᠯᠡᠵᠦ ᠬᠡᠷᠡᠭᠵᠢᠭᠦᠯᠪᠡ᠃      ᠬᠦᠲᠥᠯᠥᠭᠴᠢ᠄ ᠦᠭᠡᠷᠡᠴᠢᠯᠡᠯᠲᠡ ᠶᠢᠨ ᠣᠯᠣᠭᠰᠠᠨ ᠭᠤᠣᠯ ᠪᠣᠯᠬᠤ ᠠᠮᠵᠢᠯᠲᠠ ᠶᠢ ᠲᠠ ᠪᠢᠳᠡᠨ ᠳᠤ ᠲᠣᠭᠠᠴᠢᠵᠦ ᠦᠭᠭᠦᠨ᠎ᠡ ᠤᠤ︖      ᠬᠤ᠋ ᠸᠧᠨ ᠢ᠄      ᠦᠭᠡᠷᠡᠴᠢᠯᠡᠯᠲᠡ ᠦᠨᠡᠬᠡᠷ ᠵᠣᠬᠢᠬᠤ ᠠᠮᠵᠢᠯᠲᠠ ᠣᠯᠪᠠ᠃ ᠵᠢᠱᠢᠶᠡᠯᠡᠪᠡᠯ᠂ 2014 ᠣᠨ ᠤ 12 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠣᠨᠣᠰᠢᠯᠠᠭᠤᠯᠤᠨ ᠡᠮᠨᠡᠭᠦᠯᠥᠭᠰᠡᠨ ᠬᠦᠮᠥᠨ ᠤᠳᠠᠭ᠎ᠠ ᠪᠠᠷᠤᠭ 3500 ᠲᠦᠮᠡᠨ ᠬᠦᠮᠥᠨ᠂ ᠡᠮᠨᠡᠯᠭᠡ ᠳᠤ ᠣᠷᠣᠭᠰᠠᠨ ᠬᠦᠮᠥᠨ ᠤᠳᠠᠭ᠎ᠠ ᠨᠢ 205 ᠲᠦᠮᠡᠨ ᠬᠦᠮᠥᠨ ᠪᠠᠶᠢᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠭᠡ ᠡᠮᠴᠢ ᠨᠠᠷ ᠡᠳᠥᠷ ᠲᠤ ᠳᠤᠮᠳᠠᠴᠢ ᠪᠠᠷ 5.6 ᠬᠦᠮᠥᠨ ᠤᠳᠠᠭ᠎ᠠ ᠪᠠ ᠡᠳᠥᠷ ᠲᠤ 2.4 ᠣᠷᠣ ᠡᠮᠨᠡᠯᠭᠡ ᠳᠤ ᠰᠠᠭᠤᠯᠭᠠᠨ ᠣᠨᠣᠰᠢᠯᠠᠨ ᠡᠮᠨᠡᠵᠦ ᠪᠠᠶᠢᠬᠤ ᠪᠦᠭᠡᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠣᠷᠣ ᠶᠢᠨ ᠬᠡᠷᠡᠭᠯᠡᠯᠲᠡ ᠶᠢᠨ ᠨᠣᠷᠮ᠎ᠠ 76% ᠣᠷᠴᠢᠮ ᠪᠠᠶᠢᠵᠦ᠂ ᠴᠦᠮ ᠦᠩᠭᠡᠷᠡᠭᠰᠡᠨ ᠤ ᠬᠢ ᠠᠴᠠ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠮ ᠤᠨ ᠵᠠᠷᠤᠳᠠᠯ 42% ᠢ ᠡᠵᠡᠯᠡᠵᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠴᠢᠭ᠋ ᠤᠨ 0.5 ᠪᠠᠷ ᠪᠠᠭᠤᠷᠠᠪᠠ︔ ᠡᠮᠨᠡᠯᠭᠡ ᠶᠢᠨ ᠬᠤᠷᠢᠶᠠᠨ ᠳᠤ ᠰᠠᠭᠤᠭᠰᠠᠨ ᠤ ᠡᠮ ᠤᠨ ᠵᠠᠷᠤᠳᠠᠯ 43% ᠶᠢ ᠡᠵᠡᠯᠡᠵᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠴᠢᠭ᠋ ᠤᠨ 0.6 ᠪᠠᠷ ᠪᠠᠭᠤᠷᠠᠪᠠ᠃ ᠦᠨᠳᠥᠰᠥᠨ ᠱᠠᠲᠤᠨ ᠤ ᠣᠯᠠᠨ ᠲᠦᠮᠡᠨ ᠤ ᠬᠦᠷᠲᠡᠵᠦ ᠪᠦᠬᠦᠢ ᠦᠭᠡᠷᠡᠴᠢᠯᠡᠯᠲᠡ ᠶᠢᠨ ᠠᠰᠢᠭ ᠲᠤᠰᠠ ᠨᠢ ᠬᠠᠰᠢ ᠯᠠ ᠡᠬᠢᠯᠡᠯᠲᠡ ᠳᠡᠭᠡᠨ ᠪᠠᠶᠢᠭ᠎ᠠ ᠪᠦᠭᠡᠳ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠭᠦᠨᠵᠡᠭᠡᠶᠢᠷᠡᠬᠦ ᠶᠢ ᠳᠠᠭᠠᠯᠳᠤᠭᠤᠯᠤᠨ᠂ ᠦᠭᠡᠷᠡᠴᠢᠯᠡᠯᠲᠡ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠲᠠᠯᠪᠢᠵᠦ ᠭᠠᠷᠭᠠᠬᠤ ᠲᠤᠯᠠ᠂ ᠠᠷᠠᠳ ᠣᠯᠠᠨ ᠨᠡᠩ ᠢᠯᠡᠭᠦᠦ ᠪᠤᠳᠠᠲᠦ ᠠᠰᠢᠭ ᠣᠯᠬᠤ ᠶᠤᠮ᠃      ᠬᠦᠲᠥᠯᠥᠭᠴᠢ᠄ ᠲᠡᠭᠡᠪᠡᠯ᠂ ᠦᠪᠡᠷᠳᠡᠭᠡᠨ ᠵᠠᠰᠠᠬᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠠᠬᠢᠴᠠ ᠳᠤ ᠭᠤᠣᠯᠳᠠᠭᠤ ᠶᠠᠮᠠᠷ ᠬᠦᠴᠢᠷᠳᠡᠯ ᠲᠤᠯᠭᠠᠷᠠᠭᠰᠠᠨ ᠪᠣᠢ︖      ᠬᠤ᠋ ᠸᠧᠨ ᠢ᠄      ᠣᠳᠣᠬᠠᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠪᠡᠷᠬᠡ ᠶᠢ ᠲᠤᠭᠤᠯᠬᠤ᠂ ᠬᠦᠴᠢᠷ ᠠᠰᠠᠭᠤᠳᠠᠯ ᠢ ᠰᠢᠢᠳᠪᠥᠷᠢᠯᠡᠬᠦ ᠬᠤᠭᠤᠴᠠᠭᠠᠨ ᠳᠤ ᠣᠷᠣᠯ᠎ᠠ ᠭᠡᠵᠦ ᠬᠡᠯᠡᠵᠦ ᠪᠣᠯᠤᠨ᠎ᠠ᠂ ᠬᠦᠴᠢᠷ ᠬᠠᠰᠢᠯᠠ ᠲᠣᠩ ᠠᠷᠪᠢᠨ ᠪᠠᠶᠢᠨ᠎ᠠ᠂ ᠬᠡᠳᠦ᠋ᠢᠪᠡᠷ ᠮᠠᠨ ᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠵᠣᠬᠢᠬᠤ ᠠᠬᠢᠴᠠ ᠲᠠᠢ ᠪᠣᠯᠣᠭᠰᠠᠨ ᠪᠣᠯᠪᠠᠴᠦ ᠦᠭᠡᠷᠡᠴᠢᠯᠡᠯᠲᠡ ᠶᠢᠨ ᠬᠠᠷᠠᠯᠲᠠ ᠶᠢᠨ ᠱᠠᠭᠠᠷᠳᠠᠯᠭ᠎ᠠ ᠵᠢᠴᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ᠂ ᠪᠠᠰᠠ ᠵᠣᠬᠢᠬᠤ ᠵᠦᠷᠢᠶ᠎ᠡ ᠲᠠᠢ ᠪᠠᠶᠢᠭ᠎ᠠ ᠪᠦᠭᠡᠳ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠲᠦᠷᠦ ᠶᠢᠨ ᠪᠣᠳᠤᠯᠭ᠎ᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠦ ᠴᠢᠨᠠᠷ᠂ ᠬᠠᠮᠲᠤᠷᠠᠯᠲᠦ ᠴᠢᠨᠠᠷ ᠢ ᠴᠢᠩᠭᠠᠳᠬᠠᠬᠤ ᠬᠡᠷᠡᠭᠲᠡᠢ ᠪᠠᠶᠢᠨ᠎ᠠ᠃ ᠦᠭᠡᠷᠡᠴᠢᠯᠡᠯᠲᠡ ᠶᠢᠨ ᠪᠠᠶᠢᠳᠠᠯ ᠠᠴᠠ ᠠᠪᠴᠦ ᠦᠵᠡᠪᠡᠯ᠂ ᠮᠠᠨ ᠤ ᠣᠷᠣᠨ ᠮᠦᠨᠬᠦ ᠠᠩᠬᠠᠨ ᠤ ᠱᠠᠲᠦ ᠦᠶ᠎ᠡ ᠳᠡᠭᠡᠨ ᠣᠷᠣᠰᠢᠵᠦ ᠪᠠᠶᠢᠭ᠎ᠠ ᠪᠦᠭᠡᠳ ᠮᠠᠰᠢ ᠣᠯᠠᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠪᠠᠶᠢᠨ᠎ᠠ᠃ ᠵᠢᠱᠢᠶᠡᠯᠡᠪᠡᠯ᠂ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠡᠳ᠋ ᠤᠨ ᠵᠠᠰᠠᠭ ᠤᠨ ᠲᠤᠰᠠᠯᠠᠮᠵᠢ ᠶᠢᠨ ᠲᠠᠯ᠎ᠠ ᠪᠠᠷ᠂ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠲᠠᠯ᠎ᠠ ᠪᠠᠷ ᠬᠠᠮᠢᠶ᠎ᠠ ᠪᠦᠬᠦᠢ ᠲᠦᠭᠦᠷ ᠲᠦᠷᠦ ᠶᠢᠨ ᠪᠣᠳᠤᠯᠭ᠎ᠠ ᠶᠢ ᠲᠦᠷᠭᠡᠬᠡᠨ ᠨᠡᠶᠢᠲᠡᠯᠡᠵᠦ᠂ ᠲᠡᠭᠦᠯᠳᠡᠷᠵᠢᠭᠦᠯᠬᠦ ᠶᠢᠨ ᠬᠠᠮᠲᠦ ᠨᠠᠶᠢᠳᠠᠪᠥᠷᠢᠵᠢᠭᠤᠯᠬᠤ ᠴᠢᠬᠤᠯᠠᠲᠠᠢ ᠪᠠᠶᠢᠭ᠎ᠠ ᠨᠢ ᠮᠠᠨ ᠤ ᠣᠶᠢᠷ᠎ᠠ ᠶᠢᠨ ᠬᠤᠭᠤᠴᠠᠭᠠᠨ ᠤ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠪᠣᠯᠵᠦ ᠪᠠᠶᠢᠭ᠎ᠠ ᠲᠤᠯᠠ᠂ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠣᠷᠣᠨ ᠪᠠᠶᠢᠷᠢ ᠳᠤᠨᠢ ᠬᠦᠷᠥᠭᠦᠯᠬᠦ᠂ ᠡᠳ᠋ ᠤᠨ ᠵᠠᠰᠠᠭ ᠤᠨ ᠲᠤᠰᠠᠯᠠᠮᠵᠢ ᠶᠢ ᠣᠷᠣᠨ ᠪᠠᠶᠢᠷᠢ ᠳᠤᠨᠢ ᠬᠦᠷᠥᠭᠦᠯᠬᠦ᠂ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠶᠢ ᠣᠷᠣᠨ ᠪᠠᠶᠢᠷᠢ ᠳᠤᠨᠢ ᠬᠦᠷᠥᠭᠦᠯᠬᠦ ︽ᠭᠤᠷᠪᠠ ᠶᠢ ᠣᠷᠣᠨ ᠪᠠᠶᠢᠷᠢ ᠳᠤᠨᠢ ᠬᠦᠷᠥᠭᠦᠯᠬᠦ︾ ᠶᠢ ᠴᠢᠷᠮᠠᠶᠢᠵᠦ ᠪᠠᠶᠢᠭᠠᠳ ᠲᠦᠷᠭᠡᠬᠡᠨ ᠭᠦᠢᠴᠡᠳᠭᠡᠬᠦ ᠬᠡᠷᠡᠭᠲᠡᠢ ᠪᠠᠶᠢᠨ᠎ᠠ᠃      ᠬᠦᠲᠥᠯᠥᠭᠴᠢ᠄ ᠡᠨᠡᠬᠦ ︽ᠭᠤᠷᠪᠠ ᠶᠢ ᠣᠷᠣᠨ ᠪᠠᠶᠢᠷᠢ ᠳᠤᠨᠢ ᠬᠦᠷᠥᠭᠦᠯᠬᠦ︾ ᠶᠢ ᠬᠡᠷᠬᠢᠨ ᠲᠠᠶᠢᠯᠪᠥᠷᠢᠯᠠᠬᠤ ᠪᠣᠢ᠂ ᠲᠠ ᠮᠠᠨ ᠳᠤ ᠶᠠᠷᠢᠭᠠᠳ ᠦᠭᠭᠦᠨ᠎ᠡ ᠤᠤ︖      ᠬᠤ᠋ ᠸᠧᠨ ᠢ᠄      ︽ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠣᠷᠣᠨ ᠪᠠᠶᠢᠷᠢ ᠳᠤᠨᠢ ᠬᠦᠷᠥᠭᠦᠯᠬᠦ︾ ᠭᠡᠰᠡᠨ ᠨᠢ ᠪᠣᠯ ︽ᠶᠡᠷᠥᠩᠬᠡᠢ ᠬᠡᠮᠵᠢᠶ᠎ᠡ ᠶᠢ ᠡᠵᠡᠮᠳᠡᠬᠦ᠂ ᠪᠦᠲᠥᠴᠡ ᠶᠢ ᠲᠣᠬᠢᠷᠠᠭᠤᠯᠬᠤ᠂ ᠦᠰᠥᠯᠲᠡ ᠲᠠᠢ ᠪᠠᠭᠤᠷᠠᠯᠲᠠ ᠲᠠᠢ ᠪᠠᠶᠢᠯᠭᠠᠵᠦ᠂ ᠠᠯᠬᠤᠮ ᠠᠯᠬᠤᠮ ᠢᠶᠠᠷ ᠣᠷᠣᠨ ᠪᠠᠶᠢᠷᠢ ᠳᠤᠨᠢ ᠬᠦᠷᠥᠭᠦᠯᠬᠦ︾ ᠵᠠᠷᠴᠢᠮ ᠤᠨ ᠶᠣᠰᠤᠭᠠᠷ᠂ ᠡᠮ ᠤᠨ ᠦᠨ᠎ᠡ ᠳᠤ ᠨᠡᠮᠡᠬᠦ ᠬᠡᠰᠡᠭ ᠢ ᠦᠭᠡᠶᠢᠰᠭᠡᠨ᠂ ᠲᠣᠮᠦ ᠬᠡᠯᠪᠡᠷᠢ ᠶᠢᠨ ᠲᠦᠬᠦᠭᠡᠷᠥᠮᠵᠢ ᠪᠠᠷ ᠪᠠᠶᠢᠴᠠᠭᠠᠵᠦ ᠵᠠᠰᠠᠬᠤ ᠪᠠ ᠰᠢᠯᠭᠠᠨ ᠪᠠᠶᠢᠴᠠᠭᠠᠬᠤ ᠦᠨ᠎ᠡ ᠬᠠᠩᠰᠢ ᠶᠢ ᠪᠠᠭᠤᠷᠠᠭᠤᠯᠵᠦ᠂ ᠣᠨᠣᠰᠢᠯᠠᠨ ᠡᠮᠨᠡᠬᠦ᠂ ᠮᠡᠰᠡ ᠵᠠᠰᠠᠯ ᠬᠢᠬᠦ᠂ ᠰᠤᠪᠢᠯᠠᠬᠤ᠂ ᠣᠷᠣ ᠪᠣᠯᠣᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠶᠢᠨ ᠬᠠᠮᠲᠦ ᠠᠯᠬᠤᠮ ᠠᠯᠬᠤᠮ ᠢᠶᠠᠷ ᠰᠢᠯᠤᠭᠤᠳᠬᠠᠬᠤ ᠶᠠᠪᠤᠳᠠᠯ ᠪᠣᠯᠤᠨ᠎ᠠ᠃ ᠣᠳᠣᠬᠠᠨ ᠳᠤ᠂ ᠮᠠᠨ ᠤ ᠣᠷᠣᠨ ᠤ ᠡᠮᠴᠢ ᠶᠢᠨ ᠬᠠᠩᠭᠠᠵᠦ ᠪᠦᠬᠦᠢ ᠦᠢᠯᠡᠴᠢᠯᠡᠭᠡᠨ ᠤ ᠦᠨ᠎ᠡ ᠬᠠᠩᠰᠢ ᠢᠯᠡᠷᠬᠡᠢ ᠳᠣᠣᠷ᠎ᠠ ᠪᠠᠶᠢᠵᠦ᠂ ᠦᠢᠯᠡᠴᠢᠯᠡᠭᠡᠨ ᠤ ᠦᠨ᠎ᠡ ᠬᠠᠩᠰᠢ ᠶᠢ ᠨᠢ ᠲᠣᠬᠢᠷᠠᠭᠤᠯᠬᠤ ᠶᠠᠪᠤᠳᠠᠯ ᠭᠡᠳ ᠰᠠᠶ᠋ᠢ ᠡᠬᠢᠯᠡᠵᠦ᠂ ᠲᠣᠭᠲᠠᠭᠠᠭᠰᠠᠨ ᠦᠨ᠎ᠡ ᠬᠠᠩᠰᠢ ᠲᠣᠬᠢᠷᠠᠭᠤᠯᠬᠤ ᠬᠡᠮᠵᠢᠶ᠎ᠡ ᠶᠣᠰᠤᠭᠠᠷ ᠪᠣᠯ ᠵᠠᠷᠢᠮ ᠭᠠᠵᠠᠷ ᠤᠳ ᠤᠨ ᠨᠦᠬᠦᠪᠥᠷᠢᠯᠡᠬᠦ ᠨᠢ ᠪᠠᠰᠠ ᠬᠦᠷᠥᠯᠴᠡᠬᠦ ᠦᠭᠡᠢ ᠪᠠᠶᠢᠨ᠎ᠠ᠃ ᠪᠢᠳᠡ ᠶᠠᠭ ᠤᠯᠠᠮ ᠨᠢᠭᠡ ᠠᠯᠬᠤᠮ ᠪᠠᠶᠢᠴᠠᠭᠠᠨ ᠰᠤᠳᠤᠯᠵᠦ᠂ ᠲᠣᠬᠢᠷᠠᠭᠤᠯᠬᠤ ᠰᠠᠨᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠠᠪᠤᠳᠠᠯ ᠢ ᠴᠢᠷᠮᠠᠶᠢᠨ ᠲᠦᠯᠬᠢᠨ ᠠᠬᠢᠭᠤᠯᠵᠦ᠂ ᠦᠨ᠎ᠡ ᠬᠠᠩᠰᠢ ᠬᠢᠨᠠᠨ ᠵᠦᠪᠰᠢᠶᠡᠷᠡᠬᠦ᠂ ᠲᠣᠬᠢᠷᠠᠭᠤᠯᠬᠤ ᠡᠷᠬᠡ ᠮᠡᠳᠡᠯ ᠢ ᠠᠶᠢᠮᠠᠭ ᠬᠤᠲᠠ ᠪᠣᠯᠣᠨ ᠬᠤᠰᠢᠭᠤ ᠰᠢᠶᠠᠨ ᠳᠤ ᠪᠠᠭᠤᠯᠭᠠᠵᠦ᠂ ᠰᠢᠨᠵᠢᠯᠡᠬᠦ ᠤᠬᠠᠭᠠᠨᠴᠢ ᠪᠠᠷ ᠲᠦᠰᠥᠭᠡᠯᠡᠨ ᠪᠣᠳᠣᠵᠦ᠂ ᠵᠦᠢ ᠵᠣᠬᠢᠰᠲᠠᠢ ᠲᠣᠬᠢᠷᠠᠭᠤᠯᠤᠨ᠂ ᠲᠣᠬᠢᠷᠠᠭᠤᠯᠤᠭᠰᠠᠨ ᠤ ᠳᠠᠷᠠᠭᠠᠬᠢ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠡᠮᠴᠢᠯᠡᠭᠡᠨ ᠤ ᠠᠵᠢᠯᠲᠠᠳ ᠤᠨ ᠮᠡᠷᠭᠡᠵᠢᠯ ᠤᠨ ᠬᠦᠳᠡᠯᠮᠥᠷᠢ ᠦᠢᠯᠡᠴᠢᠯᠡᠭᠡᠨ ᠤ ᠦᠷᠲᠡᠭ ᠢ ᠬᠠᠷᠠᠭᠤᠯᠬᠤ ᠪᠣᠯᠭᠠᠨ᠂ ᠡᠮᠴᠢ ᠨᠠᠷ ᠢ ᠨᠡᠷ᠎ᠡ ᠬᠦᠨᠳᠦ ᠲᠠᠢ ᠠᠵᠢᠯᠯᠠᠭᠤᠯᠬᠤ ᠪᠣᠯᠤᠨ᠎ᠠ᠃ ︽ᠡᠳ᠋ ᠤᠨ ᠵᠠᠰᠠᠭ ᠠᠴᠠ ᠨᠦᠬᠦᠪᠥᠷᠢᠯᠡᠬᠦ ᠶᠢ ᠤᠷᠣᠨ ᠪᠠᠶᠢᠷᠢ ᠳᠤᠨᠢ ᠬᠦᠷᠥᠭᠦᠯᠬᠦ︾ ᠭᠡᠰᠡᠨ ᠨᠢ ᠪᠣᠯ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠳᠤ ᠦᠨ᠎ᠡ ᠨᠡᠮᠡᠬᠦ ᠶᠢ ᠦᠭᠡᠶᠢᠰᠭᠡᠭᠰᠡᠨ ᠠᠴᠠ ᠪᠣᠯᠣᠭᠰᠠᠨ ᠤ ᠬᠠᠰᠤᠭᠳᠠᠭᠰᠠᠨ ᠵᠦᠢ ᠵᠣᠬᠢᠰᠲᠠᠢ ᠣᠷᠣᠯᠭ᠎ᠠ ᠳᠤ ᠡᠳ᠋ ᠤᠨ ᠵᠠᠰᠠᠭ ᠠᠴᠠ ᠲᠤᠰᠠᠯᠠᠬᠤ ᠶᠢ ᠬᠡᠯᠡᠵᠦ ᠪᠠᠶᠢᠭ᠎ᠠ ᠪᠦᠭᠡᠳ ᠦᠪᠡᠷᠳᠡᠭᠡᠨ ᠵᠠᠰᠠᠬᠤ ᠣᠷᠣᠨ ᠪᠤᠳᠠᠲᠠᠢ ᠨᠦᠬᠦᠪᠥᠷᠢᠯᠡᠬᠦ ᠠᠷᠭ᠎ᠠ ᠶᠢ ᠲᠦᠷᠭᠡᠬᠡᠨ ᠨᠡᠶᠢᠲᠡᠯᠡᠵᠦ᠂ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠲᠠ ᠪᠣᠯᠣᠨ ᠬᠤᠰᠢᠭᠤ ᠰᠢᠶᠠᠨ ᠭᠤᠷᠪᠠᠨ ᠱᠠᠲᠤᠨ ᠤ ᠡᠳ᠋ ᠤᠨ ᠵᠠᠰᠠᠭ ᠬᠤᠪᠢᠳᠠᠨ ᠡᠭᠦᠷᠭᠡᠯᠡᠬᠦ ᠬᠠᠷᠢᠴᠠᠯ ᠢ ᠲᠣᠳᠤᠷᠬᠠᠶᠢᠯᠠᠬᠤ ᠬᠡᠷᠡᠭᠲᠡᠢ᠃ ᠡᠯ᠎ᠡ ᠭᠠᠵᠠᠷ ᠤᠳ ᠨᠦᠬᠦᠪᠥᠷᠢᠯᠡᠬᠦ ᠠᠷᠭ᠎ᠠ ᠶᠢ ᠦᠨᠳᠥᠰᠥᠯᠡᠨ᠂ ᠵᠠᠷᠤᠯᠭ᠎ᠠ ᠶᠢᠨ ᠪᠦᠲᠥᠴᠡ ᠳᠡᠭᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠲᠤᠰᠠᠯᠠᠬᠤ ᠪᠡᠯᠡ ᠮᠦᠩᠭᠦ ᠶᠢ ᠣᠷᠣᠨ ᠪᠠᠶᠢᠷᠢ ᠳᠤᠨᠢ ᠬᠦᠷᠥᠭᠦᠯᠥᠨ᠂ ᠡᠮᠨᠡᠯᠭᠡ ᠶᠢᠨ ᠬᠤᠷᠢᠶᠠᠨ ᠤ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠢ᠃ ︽ᠡᠮᠨᠡᠯᠭᠡ ᠶᠢᠨ ᠳᠠᠩᠰᠠ ᠲᠠᠶᠢᠯᠬᠤ ᠶᠢ ᠣᠷᠣᠨ ᠪᠠᠶᠢᠷᠢ ᠳᠤᠨᠢ ᠬᠦᠷᠥᠭᠦᠯᠬᠦ︾ ᠭᠡᠰᠡᠨ ᠨᠢ ᠪᠣᠯ ᠬᠤᠲᠠ ᠪᠠᠯᠭᠠᠰᠦ ᠶᠢᠨ ᠠᠵᠢᠯᠲᠠᠨ ᠠᠵᠢᠯᠴᠢᠨ᠂ ᠡᠰᠡᠭᠦᠯ᠎ᠡ ᠬᠤᠲᠠ ᠪᠠᠯᠭᠠᠰᠦ ᠶᠢᠨ ᠰᠠᠭᠤᠭᠠᠯᠢ ᠠᠷᠠᠳ᠂ ᠲᠠᠷᠢᠶᠠᠴᠢᠨ ᠮᠠᠯᠴᠢᠨ ᠭᠡᠰᠡᠨ ᠦᠭᠡᠢ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠤᠭᠰᠠᠨ ᠤ ᠳᠠᠷᠠᠭ᠎ᠠ᠂ ᠦᠨ᠎ᠡ ᠬᠠᠩᠰᠢ ᠲᠣᠬᠢᠷᠠᠭᠤᠯᠤᠭᠠᠳ ᠨᠡᠮᠡᠭᠳᠡᠭᠰᠡᠨ ᠡᠨᠡᠬᠦ ᠬᠡᠰᠡᠭ ᠵᠠᠷᠤᠳᠠᠯ ᠢ ᠴᠦᠮ ᠡᠮᠨᠡᠯᠭᠡ ᠶᠢᠨ ᠳᠠᠭᠠᠳᠬᠠᠯ ᠳᠤ ᠲᠠᠯᠪᠢᠨ ᠳᠠᠩᠰᠠ ᠲᠠᠶᠢᠯᠵᠦ᠂ ᠡᠮᠨᠡᠯᠭᠡ ᠶᠢᠨ ᠬᠤᠷᠢᠶᠠᠨ ᠤ ᠬᠡᠪ ᠤᠨ ᠶᠣᠰᠤᠨ ᠤ ᠵᠠᠷᠤᠳᠠᠯ ᠢ ᠡᠵᠡᠯᠡᠨ ᠬᠡᠷᠡᠭᠯᠡᠬᠦ ᠮᠦᠷᠲᠡᠭᠡᠨ ᠪᠠᠰᠠ ᠠᠷᠠᠳ ᠣᠯᠠᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠥᠭᠰᠡᠨ ᠤ ᠡᠭᠦᠷᠭᠡᠯᠡᠯ ᠢ ᠨᠡᠮᠡᠭᠳᠡᠭᠦᠯᠬᠦ ᠦᠭᠡᠢ ᠪᠠᠷ ᠬᠠᠷᠢᠨ ᠡᠮᠨᠡᠯᠭᠡ ᠶᠢᠨ ᠳᠠᠭᠠᠳᠬᠠᠯ ᠤᠨ ᠪᠡᠯᠡ ᠮᠦᠩᠭᠦ ᠠᠴᠠ ᠡᠭᠦᠷᠭᠡᠯᠡᠬᠦ ᠪᠣᠯᠤᠨ᠎ᠠ᠃ ᠣᠳᠣ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ᠪᠦᠬᠦᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠮᠠᠰᠢ ᠴᠢᠬᠤᠯᠠᠴᠢᠯᠠᠨ ᠦᠵᠡᠵᠦ ᠪᠠᠶᠢᠭ᠎ᠠ ᠪᠦᠭᠡᠳ ᠦᠭᠡᠷᠡᠴᠢᠯᠡᠯᠲᠡ ᠶᠢᠨ ᠲᠦᠷᠦ ᠶᠢᠨ ᠪᠣᠳᠤᠯᠭ᠎ᠠ ᠶᠢᠨ ᠢᠵᠢ ᠪᠦᠷᠢᠳᠥᠭᠦᠯᠥᠯᠲᠡ ᠶᠢ ᠣᠷᠣᠨ ᠪᠠᠶᠢᠷᠢ ᠳᠤᠨᠢ ᠬᠦᠷᠥᠭᠦᠯᠬᠦ ᠶᠠᠪᠤᠳᠠᠯ ᠲᠡᠳᠡᠨ ᠳᠤ ᠬᠠᠮᠤᠭ ᠠᠴᠠ ᠪᠠᠴᠢᠮ ᠬᠡᠷᠡᠭᠴᠡᠭᠡ ᠲᠠᠢ ᠪᠠᠶᠢᠵᠦ᠂ ︽ᠭᠤᠷᠪᠠ ᠶᠢ ᠣᠷᠣᠨ ᠪᠠᠶᠢᠷᠢ ᠳᠤᠨᠢ ᠬᠦᠷᠥᠭᠦᠯᠬᠦ︾ ᠨᠢ ᠪᠤᠰᠤᠳ ᠡᠯ᠎ᠡ ᠵᠦᠢᠯ ᠤᠨ ᠦᠭᠡᠷᠡᠴᠢᠯᠡᠯᠲᠡ ᠶᠢᠨ ᠠᠵᠢᠯ ᠢ ᠤᠷᠤᠭᠰᠢᠲᠠᠢ ᠲᠦᠯᠬᠢᠨ ᠠᠬᠢᠭᠤᠯᠬᠤ ᠳᠤ ᠠᠰᠢᠭᠲᠠᠢ ᠪᠠᠶᠢᠨ᠎ᠠ᠃ ᠬᠡᠷᠪᠡ ︽ᠭᠤᠷᠪᠠ ᠶᠢ ᠣᠷᠣᠨ ᠪᠠᠶᠢᠷᠢ ᠳᠤᠨᠢ ᠬᠦᠷᠥᠭᠦᠯᠬᠦ︾ ᠠᠰᠠᠭᠤᠳᠠᠯ ᠢ ᠰᠢᠢᠳᠪᠥᠷᠢᠯᠡᠴᠢᠪᠡᠯ᠂ ᠬᠤᠰᠢᠭᠤ ᠰᠢᠶᠠᠨ ᠤ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢᠨ ᠠᠬᠢᠴᠠ ᠶᠡᠬᠡᠬᠡᠨ ᠲᠦᠷᠭᠡᠳᠬᠦ ᠶᠢᠨ ᠤᠯᠠᠮ ᠢᠶᠠᠷ ᠠᠷᠠᠳ ᠣᠯᠠᠨ ᠤ ︽ᠡᠪᠡᠳᠴᠢᠨ ᠦᠵᠡᠭᠦᠯᠬᠦ ᠳᠤ ᠬᠦᠴᠢᠷ︾᠂ ︽ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠠᠰᠭᠤᠳᠠᠯ ᠢ ᠰᠢᠢᠳᠪᠥᠷᠢᠯᠡᠬᠦ ᠶᠠᠪᠤᠳᠠᠯ ᠠᠯᠬᠤᠮ ᠠᠯᠬᠤᠮ ᠢᠶᠠᠷ ᠨᠠᠮᠳᠠᠵᠦ᠂ ᠡᠴᠥᠰ ᠲᠡᠭᠡᠨ ᠠᠷᠠᠳ ᠣᠯᠠᠨ ᠡᠪᠡᠳᠴᠢᠨ ᠵᠶᠠᠨ ᠦᠵᠡᠭᠦᠯᠵᠦ ᠳᠡᠶᠢᠯᠥᠨ᠂ ᠡᠪᠡᠳᠴᠢᠨ ᠢᠶᠠᠨ ᠰᠠᠶᠢᠲᠤᠷ ᠦᠵᠡᠭᠦᠯᠬᠦ ᠪᠣᠯᠤᠨ᠎ᠠ᠃      ᠬᠦᠲᠥᠯᠥᠭᠴᠢ᠄ ᠲᠡᠭᠡᠪᠡᠯ ᠠᠷᠠᠳ ᠣᠯᠠᠨ ᠡᠪᠡᠳᠴᠢᠨ ᠢᠶᠠᠨ ᠦᠵᠡᠭᠦᠯᠬᠦ ᠳᠤ ᠴᠣᠬᠤᠮ ᠳᠠᠭᠠᠨ ᠶᠠᠭᠤᠨ ᠠᠴᠠ ᠪᠣᠯᠤᠭᠠᠳ ︽ᠬᠦᠴᠢᠷ︾ ᠪᠠᠶᠢᠭ᠎ᠠ ᠪᠣᠢ᠂ ᠶᠠᠭᠤᠨ ᠠᠴᠠ ᠪᠣᠯᠤᠭᠠᠳ ︽ᠦᠨᠡᠲᠡᠢ︾ ᠪᠠᠶᠢᠭ᠎ᠠ ᠪᠣᠢ᠂ ᠡᠭᠦᠨ ᠠᠴᠠ ᠭᠠᠳᠠᠨ᠎ᠠ᠂ ᠠᠷᠠᠳ ᠣᠯᠠᠨ ᠪᠠᠰᠠ ᠶᠠᠭᠤᠨ ᠳᠤ ᠰᠡᠳᠭᠢᠯ ᠲᠠᠯᠪᠢᠵᠦ ᠪᠠᠶᠢᠭ᠎ᠠ ᠪᠣᠢ︖      ᠬᠤ᠋ ᠸᠧᠨ ᠢ᠄      ᠦᠩᠭᠡᠷᠡᠭᠰᠡᠨ ᠳᠤ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠨᠡᠯᠢᠶᠡᠳ ᠪᠠᠴᠢᠮ ᠪᠠᠶᠢᠵᠦ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠦᠷᠥᠭᠡ ᠨᠡᠶᠢᠳᠡᠮᠵᠢᠭᠡᠳᠥᠢ ᠮᠦᠷᠲᠡᠭᠡᠨ ᠨᠦᠬᠦᠴᠡᠯ ᠨᠢ ᠮᠠᠰᠢ ᠪᠦᠳᠥᠭᠦᠯᠢᠭ᠂ ᠰᠢᠶᠠᠩ ᠪᠠᠯᠭᠠᠰᠦ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠯ᠎ᠠ ᠴᠦ ᠭᠡᠰᠡᠨ ᠪᠦᠷᠢᠨᠰᠢᠭᠡᠳᠥᠢ ᠲᠤᠯᠠ᠂ ᠠᠷᠠᠳ ᠣᠯᠠᠨ ᠡᠪᠡᠳᠴᠢᠨ ᠢᠶᠠᠨ ᠦᠵᠡᠭᠦᠯᠬᠦ ᠳᠤ ᠡᠮᠴᠢ ᠪᠤᠶᠤ ᠡᠮᠨᠡᠯᠭᠡ ᠶᠢᠨ ᠬᠤᠷᠢᠶ᠎ᠠ ᠣᠯᠳᠠᠬᠤ ᠦᠭᠡᠢ᠂ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠬᠤᠮᠰᠠᠳᠠᠵᠦ ᠪᠠᠶᠢᠭᠰᠠᠨ ᠪᠣᠯᠬᠤᠷ ︽ᠬᠦᠴᠢᠷ︾ ᠪᠠᠶᠢᠭᠰᠠᠨ ᠪᠠᠶᠢᠨ᠎ᠠ᠃ ᠰᠢᠨ᠎ᠡ ᠨᠢᠭᠡᠨ ᠡᠭᠡᠯᠵᠢ ᠶᠢᠨ ᠡᠮ ᠡᠮᠨᠡᠯᠭᠡ ᠡᠷᠡᠭᠢᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠠᠴᠠ ᠨᠠᠰᠢ᠂ ︽ᠦᠨᠳᠥᠰᠥᠨ ᠵᠦᠢᠯ ᠢ ᠪᠠᠲᠤᠯᠠᠬᠤ᠂ ᠦᠨᠳᠥᠰᠥᠨ ᠱᠠᠲᠦ ᠶᠢ ᠬᠦᠴᠥᠷᠬᠡᠭᠵᠢᠭᠦᠯᠬᠦ᠂ ᠲᠣᠭᠲᠠᠴᠠ ᠪᠠᠶᠢᠭᠤᠯᠬᠤ︾ ᠪᠠᠷ ᠳᠠᠮᠵᠢᠭᠤᠯᠤᠨ᠂ ᠦᠨᠳᠥᠰᠥᠨ ᠱᠠᠲᠦ ᠠᠯᠬᠤᠮ ᠠᠯᠬᠤᠮ ᠢᠶᠠᠷ ᠬᠦᠴᠥᠷᠬᠡᠭᠵᠢᠵᠦ ᠢᠷᠡᠪᠡ᠂ ᠣᠳᠣ ᠭᠠᠴᠠᠭ᠎ᠠ ᠲᠣᠰᠬᠤᠨ ᠨᠢᠭᠡᠪᠥᠷᠢ ᠳᠤ ᠴᠦᠮ ᠡᠷᠡᠭᠦᠯ ᠬᠠᠮᠠᠭᠠᠯᠠᠯ ᠤᠨ ᠦᠷᠥᠭᠡ ᠲᠠᠢ᠂ ᠰᠢᠶᠠᠩ ᠪᠠᠯᠭᠠᠰᠦ ᠨᠢᠭᠡᠪᠥᠷᠢ ᠳᠤ ᠠᠳᠠᠭ ᠲᠠᠭᠠᠨ ᠨᠢᠭᠡ ᠡᠷᠡᠭᠦᠯ ᠬᠠᠮᠠᠭᠠᠯᠠᠯ ᠤᠨ ᠬᠤᠷᠢᠶ᠎ᠠ ᠲᠠᠢ᠂ ᠬᠤᠰᠢᠭᠤ ᠰᠢᠶᠠᠨ ᠨᠢᠭᠡᠪᠥᠷᠢ ᠳᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠠᠳᠠᠭ ᠲᠠᠭᠠᠨ ᠬᠤᠶᠠᠷ ᠪᠠᠶᠢᠵᠦ᠂ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠶᠢᠨ ᠲᠠᠯ᠎ᠠ ᠠᠴᠠ ᠠᠪᠴᠦ ᠦᠵᠡᠪᠡᠯ᠂ ᠣᠯᠠᠨ ᠲᠦᠮᠡᠨ ᠤ ᠡᠪᠡᠳᠴᠢᠨ ᠢᠶᠠᠨ ᠦᠵᠡᠭᠦᠯᠬᠦ ᠳᠤ ᠬᠦᠴᠢᠷ ᠪᠠᠶᠢᠬᠤ ᠠᠰᠠᠭᠤᠳᠠᠯ ᠢ ᠦᠨᠳᠥᠰᠥᠨ ᠳᠡᠭᠡᠨ ᠰᠢᠢᠳᠪᠥᠷᠢᠯᠡᠪᠡ᠃ ᠭᠡᠪᠡᠴᠦ ᠡᠪᠡᠳᠴᠢᠨ ᠦᠵᠡᠭᠦᠯᠵᠦ ᠪᠠᠶᠢᠭ᠎ᠠ ᠬᠦᠮᠥᠰ ᠠᠴᠠ ᠠᠪᠴᠦ ᠦᠵᠡᠪᠡᠯ᠂ ᠣᠯᠠᠨ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠪᠣᠯᠣᠨ ᠡᠮᠴᠢᠯᠡᠭᠡ ᠶᠢᠨ ᠦᠢᠯᠡᠴᠢᠯᠡᠭᠡᠨ ᠤ ᠬᠡᠷᠡᠭᠴᠡᠭᠡ ᠶᠢᠨ ᠳᠡᠭᠡᠭᠰᠢᠯᠡᠬᠦ ᠶᠢ ᠳᠠᠭᠠᠯᠳᠤᠨ᠂ ᠴᠦᠭᠡᠨ ᠪᠣᠰᠦ ᠡᠪᠡᠳᠴᠢᠲᠡᠨ ᠬᠠᠷᠢᠨ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠣᠴᠢᠵᠦ ᠪᠠᠶᠢᠬᠤ ᠠᠴᠠ ᠪᠣᠯᠤᠭᠠᠳ ᠰᠢᠶᠠᠩ ᠪᠠᠯᠭᠠᠰᠦ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠰᠠ ᠬᠡᠰᠡᠭ ᠵᠠᠷᠢᠮ ᠬᠤᠰᠢᠭᠤ ᠰᠢᠶᠠᠨ ᠤ ᠡᠮᠨᠡᠯᠭᠡ ᠶᠢᠨ ᠬᠤᠷᠢᠶᠠᠨ ᠳᠤ ᠡᠮᠴᠢ ᠨᠠᠷ ᠡᠳᠥᠷ ᠪᠦᠷᠢ ᠡᠪᠡᠳᠴᠢᠲᠡᠨ ᠢ ᠬᠦᠯᠢᠶᠡᠬᠦ ᠦᠵᠡᠭᠳᠡᠯ ᠭᠠᠷᠴᠦ᠂ ︽ᠡᠪᠡᠳᠴᠢᠨ ᠦᠵᠡᠭᠦᠯᠬᠦ ᠬᠦᠴᠢᠷ︾ ᠪᠠᠶᠢᠭᠰᠠᠨ ᠶᠠᠪᠤᠳᠠᠯ ᠳᠤ ᠰᠢᠨ᠎ᠡ ᠬᠤᠪᠢᠷᠠᠯᠲᠠ ᠭᠠᠷᠪᠠ᠂ ᠡᠨᠡ ᠨᠢ ᠪᠤᠳᠠᠲᠠᠢ ᠬᠤᠶᠠᠷ ᠲᠠᠯ᠎ᠠ ᠪᠠᠷ ᠢᠯᠡᠷᠡᠵᠦ ᠪᠣᠢ᠄       ᠨᠢᠭᠡ ᠳᠤ᠂ ᠶᠡᠭᠡ ᠡᠮᠨᠡᠯᠭᠡ ᠶᠢᠨ ᠬᠤᠷᠢᠶᠠᠨ ᠤ ᠲᠦᠬᠦᠭᠡᠷᠥᠮᠵᠢ ᠨᠢ ᠲᠡᠷᠢᠭᠦᠨ ᠤ᠂ ᠦᠢᠯᠡᠴᠢᠯᠡᠬᠦ ᠴᠢᠳᠠᠪᠥᠷᠢ ᠨᠢ ᠴᠢᠩᠭ᠎ᠠ ᠪᠣᠯᠬᠤᠷ ᠬᠦᠮᠥᠨ ᠠᠷᠪᠢᠳᠤᠭᠠᠳ ᠵᠣᠪᠠᠯᠠᠩ ᠪᠣᠯᠵᠦ᠂ ᠶᠡᠷᠦ ᠠᠴᠠ ᠳ᠋ᠤᠭᠠᠷ ᠣᠯᠬᠤ ᠳᠤ ᠬᠦᠴᠢᠷ ᠪᠠᠶᠢᠵᠦ᠂ ᠡᠪᠡᠳᠴᠢᠨ ᠦᠵᠡᠭᠦᠯᠬᠦ᠂ ᠪᠠᠶᠢᠴᠠᠭᠠᠯᠭᠠᠬᠤ ᠳᠤ ᠮᠦᠷᠯᠡᠭᠡᠳ ᠤᠳᠠᠭᠠᠨ ᠴᠠᠭ ᠢᠶᠠᠷ ᠬᠦᠯᠢᠶᠡᠬᠦ ᠴᠢᠬᠤᠯᠠᠲᠠᠢ ᠪᠦᠭᠡᠳ ᠨᠡᠷᠡᠲᠠᠢ ᠲᠤᠰᠬᠠᠢ ᠮᠡᠷᠭᠡᠵᠢᠲᠡᠨ ᠢᠶᠠᠷ ᠡᠪᠡᠳᠴᠢᠨ ᠦᠵᠡᠭᠦᠯᠬᠦ ᠳᠤ ᠨᠡᠩ ᠪᠡᠷᠬᠡ ᠪᠠᠶᠢᠳᠠᠭ︔      ᠬᠤᠶᠠᠷ ᠲᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠬᠡᠪᠴᠢᠶ᠎ᠡ ᠨᠢ ᠶᠡᠭᠡ ᠂ ᠠᠵᠢᠯᠯᠠᠭᠠᠨ ᠤ ᠦᠪᠡᠷ ᠤᠨ ᠦᠷᠲᠡᠭ ᠨᠢ ᠦᠨᠳᠥᠷ᠂ ᠵᠠᠷᠤᠳᠠᠯ ᠬᠤᠷᠢᠶᠠᠬᠤ ᠨᠢ ᠶᠡᠭᠡ ᠪᠣᠯᠬᠤᠷ᠂ ᠶᠡᠬᠡᠩᠬᠢ ᠲᠣᠭᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠠᠪᠴᠦ ᠬᠡᠯᠡᠪᠡᠯ᠂ ︽ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠶᠢ ᠪᠡᠶ᠎ᠡ ᠪᠠᠷ ᠢᠶᠠᠨ ᠦᠩᠭᠡᠷᠡᠭᠡᠭᠡᠳ᠂ ᠬᠡᠳᠦ᠋ᠢᠪᠡᠷ ᠡᠮᠨᠡᠯᠭᠡ ᠶᠢᠨ ᠳᠠᠭᠠᠳᠬᠠᠯ ᠳᠤ ᠳᠠᠩᠰᠠ ᠲᠠᠶᠢᠯᠤᠭᠰᠠᠨ ᠤ ᠳᠠᠷᠠᠭ᠎ᠠ᠂ ᠡᠪᠡᠳᠴᠢᠲᠡᠨ ᠪᠠᠰᠠ ᠡᠮᠴᠢᠯᠡᠭᠡᠨ ᠤ ᠵᠣᠬᠢᠬᠤ ᠵᠠᠷᠤᠳᠠᠯ ᠢ ᠡᠭᠦᠷᠭᠡᠯᠡᠬᠦ ᠬᠡᠷᠡᠭᠲᠡᠢ ᠲᠤᠯᠠ᠂ ᠡᠭᠦᠨ ᠠᠴᠠ ᠪᠣᠯᠤᠭᠠᠳ ᠪᠠᠰᠠ ᠨᠦᠭᠦᠭᠡ ᠨᠢᠭᠡ ᠲᠠᠯ᠎ᠠ ᠶᠢᠨ ᠡᠪᠡᠳᠴᠢᠨ ᠦᠵᠡᠭᠦᠯᠬᠦ ᠳᠤ ᠬᠦᠴᠢᠷ ᠪᠠᠶᠢᠬᠤ ᠳᠤ ᠬᠦᠷᠥᠭᠦᠯᠵᠦ ᠪᠠᠶᠢᠨ᠎ᠠ᠃ ᠡᠶᠢᠮᠦ ᠠᠴᠠ᠂ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠦᠨᠡᠲᠠᠢ ᠪᠠᠶᠢᠬᠤ ᠰᠢᠨ᠎ᠡ ᠠᠰᠠᠭᠤᠳᠠᠯ ᠢ ᠰᠢᠢᠳᠪᠥᠷᠢᠯᠡᠬᠦ ᠳᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠴᠢᠳᠠᠪᠥᠷᠢᠲᠠᠨ ᠬᠦᠮᠥᠵᠢᠭᠦᠯᠵᠦ᠂ ᠴᠢᠳᠠᠪᠥᠷᠢᠲᠠᠨ ᠣᠷᠣᠭᠤᠯᠵᠦ ᠢᠷᠡᠨ ᠂ ᠴᠢᠳᠠᠪᠥᠷᠢᠲᠠᠨ ᠦᠯᠡᠳᠡᠭᠡᠨ ᠠᠪᠴᠦ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠦᠭᠡᠯᠡᠨ ᠪᠤᠳᠠᠲᠦ ᠬᠦᠴᠥᠨ ᠢ ᠶᠡᠬᠡᠪᠡᠷ ᠳᠡᠭᠡᠭᠰᠢᠯᠡᠭᠦᠯᠬᠦ ᠨᠢ ᠪᠠᠰᠠᠴᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠨ᠎ᠠ᠃ ᠲᠡᠭᠡᠪᠡᠯ ᠪᠠᠰᠠ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠲᠠᠯ᠎ᠠ ᠪᠠᠷ᠂ ᠠᠵᠢᠯ ᠢᠶᠠᠨ ᠦᠷᠭᠦᠯᠵᠢᠯᠡᠨ ᠪᠤᠳᠠᠲᠠᠢ ᠬᠢᠵᠦ᠂ ᠠᠷᠠᠳ ᠣᠯᠠᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠳᠤᠨᠢ ᠠᠯᠢ ᠪᠣᠯᠬᠤᠶᠢᠴᠠ ᠲᠦᠬᠦᠮ ᠬᠠᠩᠭᠠᠬᠤ ᠬᠡᠷᠡᠭᠲᠡᠢ ᠪᠠᠶᠢᠨ᠎ᠠ᠃ ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠴᠢᠳᠠᠪᠥᠷᠢ ᠪᠠᠨ ᠳᠡᠭᠡᠭᠰᠢᠯᠡᠭᠦᠯᠥᠨ᠂ ᠦᠢᠯᠡᠴᠢᠯᠡᠬᠦ ᠣᠪᠣᠷ ᠢᠶᠠᠨ ᠬᠠᠯᠠᠨ ᠰᠠᠶᠢᠵᠢᠷᠠᠭᠤᠯᠵᠦ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠬᠤ ᠨᠢ ᠮᠦᠨᠴᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢᠨ ᠬᠠᠷᠠᠯᠲᠠ ᠪᠣᠯᠤᠨ᠎ᠠ᠃ ᠡᠳᠡᠭᠡᠷ ᠪᠣᠯ ᠠᠷᠠᠳ ᠣᠯᠠᠨ ᠤ ᠮᠠᠰᠢ ᠰᠡᠳᠭᠢᠯ ᠲᠠᠯᠪᠢᠵᠦ ᠪᠠᠶᠢᠭ᠎ᠠ ᠶᠠᠪᠤᠳᠠᠯ ᠪᠣᠯᠤᠨ᠎ᠠ᠃      ᠬᠦᠲᠥᠯᠥᠭᠴᠢ᠄ ᠮᠠᠨ ᠤ ᠣᠷᠣᠨ ᠤ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠳᠠᠷᠠᠭ᠎ᠠ ᠠᠯᠬᠤᠮ ᠳᠤ ᠪᠠᠰᠠ ᠶᠠᠮᠠᠷ ᠶᠠᠮᠠᠷ ᠠᠵᠢᠯ ᠢ ᠰᠠᠶᠢᠲᠤᠷ ᠠᠳᠬᠤᠬᠤ ᠬᠡᠷᠡᠭᠲᠡᠢ ᠪᠤᠢ︖      ᠬᠤ᠋ ᠸᠧᠨ ᠢ᠄ ᠡᠨᠡ ᠵᠢᠯ᠂ ᠮᠠᠨ ᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠤᠯᠤᠰ ᠤᠨ ᠱᠠᠭᠠᠷᠳᠠᠯᠭ᠎ᠠ ᠶᠢ ᠦᠨᠳᠥᠰᠥᠯᠡᠨ ᠪᠦᠬᠦ ᠲᠠᠯ᠎ᠠ ᠪᠠᠷ ᠳᠡᠯᠭᠡᠷᠡᠭᠦᠯᠬᠦ ᠲᠤᠯᠠ᠂ ᠴᠠᠭ ᠨᠡᠯᠢᠶᠡᠳ ᠪᠠᠴᠢᠮ ᠪᠠᠶᠢᠵᠦ᠂ ᠨᠢᠭᠡᠲᠥᠯᠲᠡᠢ ᠲᠦᠯᠥᠪᠯᠡᠨ ᠠᠬᠢᠭᠤᠯᠬᠤ ᠴᠢᠬᠤᠯᠠᠲᠠᠢ ᠭᠤᠣᠯᠳᠠᠯᠭ᠎ᠠ ᠲᠠᠢ ᠡᠭᠦᠷᠭᠡ ᠪᠠᠰᠠ ᠮᠠᠰᠢ ᠠᠷᠪᠢᠨ᠂ ᠮᠠᠰᠢ ᠨᠦᠰᠡᠷ ᠬᠦᠨᠳᠦ ᠪᠣᠯᠬᠤᠷ᠂ ᠲᠦᠯᠬᠢᠨ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠬᠦ ᠴᠢᠬᠤᠯᠠᠲᠠᠢ ᠪᠠᠶᠢᠵᠦ᠂ ᠳᠣᠣᠷᠠᠬᠢ ᠬᠡᠳᠥᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ᠄       ᠨᠢᠭᠡ ᠳᠤ᠂ ᠰᠢᠶᠠᠨ ᠤ ᠬᠡᠪᠴᠢᠶᠡᠨ ᠤ ᠡᠮᠨᠡᠯᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠬᠦ ᠲᠠᠯ᠎ᠠ ᠪᠠᠷ᠂ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠳᠠᠮᠵᠢ ᠶᠢᠨ ᠣᠷᠣᠨ ᠪᠠᠶᠢᠷᠢ ᠶᠢ ᠤᠯᠠᠮ ᠨᠢᠭᠡ ᠠᠯᠬᠤᠮ ᠲᠣᠳᠤᠷᠬᠠᠶᠢᠯᠠᠨ᠂ ᠦᠨᠳᠥᠰᠥᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠲᠠᠯ᠎ᠠ ᠶᠢᠨ ᠬᠠᠷᠢᠭᠤᠴᠴᠠᠯᠭ᠎ᠠ ᠪᠠᠨ ᠭᠦᠢᠴᠡᠳᠭᠡᠬᠦ ᠶᠢ ᠨᠢ ᠲᠦᠯᠬᠢᠨ ᠠᠬᠢᠭᠤᠯᠤᠨ᠎ᠠ᠃      ᠬᠤᠶᠠᠷ ᠲᠤ᠂ ᠬᠠᠮᠢᠶᠠᠷᠤᠯᠲᠠ ᠶᠢᠨ ᠪᠠᠶᠢᠭᠤᠯᠤᠯ ᠢ ᠦᠭᠡᠷᠡᠴᠢᠯᠡᠬᠦ ᠲᠠᠯ᠎ᠠ ᠪᠠᠷ᠂ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠮᠵᠢᠯᠲᠠ ᠪᠦᠲᠥᠮᠵᠢ ᠶᠢ ᠬᠢᠨᠠᠨ ᠰᠢᠯᠭᠠᠬᠤ ᠠᠷᠭ᠎ᠠ ᠶᠢ ᠲᠣᠭᠲᠠᠭᠠᠨ᠂ ᠴᠢᠳᠠᠮᠵᠢ ᠶᠢᠨ ᠣᠷᠣᠨ ᠪᠠᠶᠢᠷᠢ᠂ ᠨᠡᠶᠢᠲᠡ ᠶᠢᠨ ᠠᠰᠠᠷᠠᠮᠵᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ᠂ ᠵᠠᠷᠤᠳᠠᠯ ᠢ ᠬᠢᠵᠠᠭᠠᠷᠯᠠᠬᠤ᠂ ᠠᠵᠢᠯᠯᠠᠭᠠᠨ ᠤ ᠦᠷ᠎ᠡ ᠪᠦᠲᠥᠮᠵᠢ ᠪᠠ ᠨᠡᠶᠢᠭᠡᠮ ᠤᠨ ᠬᠢᠨ ᠤ ᠬᠠᠨᠤᠮᠵᠢ ᠶᠢᠨ ᠬᠡᠮᠵᠢᠶ᠎ᠡ ᠵᠡᠷᠭᠡ ᠬᠢᠨᠠᠨ ᠰᠢᠯᠭᠠᠬᠤ ᠭᠦᠢᠴᠡᠳᠭᠡᠬᠦ ᠲᠤᠭ᠎ᠠ ᠶᠢ ᠲᠣᠪᠤᠶᠢᠯᠭᠠᠨ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠮᠵᠢᠯᠲᠠ ᠪᠦᠲᠥᠮᠵᠢ ᠶᠢ ᠬᠢᠨᠠᠨ ᠰᠢᠯᠭᠠᠬᠤ ᠵᠢᠴᠢ ᠬᠤᠷᠢᠶᠠᠨ ᠳᠠᠷᠤᠭ᠎ᠠ ᠶᠢᠨ ᠣᠨ ᠤ ᠪᠠ ᠲᠤᠰᠢᠶᠠᠯ ᠤᠨ ᠬᠤᠭᠤᠴᠠᠭᠠᠨ ᠤ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ ᠦᠷᠨᠢᠭᠦᠯᠥᠨ᠎ᠡ︔ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠨᠠᠶᠢᠳᠠᠪᠥᠷᠢᠵᠢᠭᠤᠯᠵᠦ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠵᠠᠰᠠᠭ ᠵᠠᠬᠢᠷᠭᠠᠨᠴᠢᠯᠠᠬᠤ ᠶᠢ ᠲᠦᠯᠬᠢᠨ ᠠᠬᠢᠭᠤᠯᠵᠦ᠂ ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠨ ᠤ ᠲᠡᠰ ᠢ ᠠᠯᠬᠤᠮ ᠠᠯᠬᠤᠮ ᠢᠶᠠᠷ ᠦᠭᠡᠶᠢᠰᠭᠡᠨ᠎ᠡ᠃      ᠬᠤ᠋ ᠸᠧᠨ ᠢ᠄       ᠭᠤᠷᠪᠠ ᠳᠤ᠂ ᠡᠮ ᠤᠨ ᠵᠦᠢᠯ ᠬᠠᠩᠭᠠᠬᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠬᠦ ᠲᠠᠯ᠎ᠠ ᠪᠠᠷ᠂ ᠲᠣᠭᠲᠠᠭᠠᠭᠰᠠᠨ ᠡᠮ ᠤᠨ ᠵᠦᠢᠯ ᠢ ᠳᠠᠭᠠᠭᠠᠴᠢᠯᠠᠯᠲᠠ ᠣᠯᠣᠭᠰᠠᠨ ᠦᠢᠯᠡᠳᠪᠥᠷᠢᠯᠡᠬᠦ ᠠᠵᠦ ᠠᠬᠤᠶᠢᠯᠠᠯ ᠠᠴᠠ ᠰᠢᠭᠤᠳ ᠲᠣᠬᠢᠷᠠᠭᠤᠯᠤᠨ ᠬᠦᠷᠭᠡᠬᠦ ᠪᠤᠶᠤ ᠲᠣᠬᠢᠷᠠᠭᠤᠯᠤᠨ ᠬᠦᠷᠭᠡᠬᠦ ᠴᠢᠳᠠᠪᠥᠷᠢ ᠲᠠᠢ ᠡᠵᠡᠩᠨᠡᠯᠲᠡ ᠶᠢᠨ ᠠᠵᠦ ᠠᠬᠤᠶᠢᠯᠠᠯ ᠳᠤ ᠦᠪᠡᠷ ᠢᠶᠠᠨ ᠨᠠᠶᠢᠳᠠᠵᠦ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠲᠣᠬᠢᠷᠠᠭᠤᠯᠤᠨ ᠬᠦᠷᠭᠡᠯᠡᠭᠡᠵᠦ ᠪᠣᠯᠬᠤ ᠪᠦᠭᠡᠳ ᠵᠠᠪᠰᠠᠷ ᠤᠨ ᠭᠤᠭᠴᠤᠭ᠎ᠠ ᠶᠢ ᠪᠠᠭᠠᠰᠬᠠᠨ᠎ᠠ᠃ ᠠᠭᠯᠠᠭ ᠪᠤᠶᠢᠳᠠ᠂ ᠵᠠᠮ ᠬᠠᠷᠢᠯᠴᠠᠭ᠎ᠠ ᠲᠦᠬᠦᠮ ᠦᠭᠡᠢ ᠭᠠᠵᠠᠷ ᠣᠷᠣᠨ ᠤ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠶᠠᠪᠤᠳᠠᠯ ᠢ ᠡᠯ᠎ᠡ ᠱᠠᠲᠤᠨ ᠤ ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠠᠴᠠ ᠬᠤᠯᠠ ᠣᠶᠢᠷ᠎ᠠ ᠶᠢ ᠨᠢ ᠤᠶᠠᠯᠳᠤᠭᠤᠯᠬᠤ ᠂ ᠬᠤᠲᠠ ᠬᠦᠳᠡᠭᠡ ᠶᠢ ᠬᠠᠮᠲᠤᠷᠠᠯᠴᠠᠭᠤᠯᠬᠤ ᠵᠠᠷᠴᠢᠮ ᠤᠨ ᠶᠣᠰᠤᠭᠠᠷ᠂ ᠲᠣᠬᠢᠷᠠᠭᠤᠯᠤᠨ ᠬᠦᠷᠭᠡᠬᠦ ᠶᠢᠨ ᠲᠦᠪᠯᠡᠷᠡᠴᠡ ᠶᠢ ᠨᠢ ᠳᠡᠭᠡᠭᠰᠢᠯᠡᠭᠦᠯᠥᠨ᠂ ᠰᠢᠶᠠᠨ ᠰᠢᠶᠠᠩ ᠲᠣᠰᠬᠤᠨ ᠢ ᠨᠢᠭᠡ ᠴᠣᠭᠴᠠᠵᠢᠭᠤᠯᠤᠨ ᠲᠣᠬᠢᠷᠠᠭᠤᠯᠤᠨ ᠬᠦᠷᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠥᠨ᠎ᠡ᠃      ᠳᠦᠷᠪᠡ ᠳᠤ᠂ ᠡᠮᠨᠡᠯᠭᠡ ᠶᠢᠨ ᠳᠠᠭᠠᠳᠬᠠᠯ ᠤᠨ ᠵᠠᠷᠤᠴᠠᠭᠤᠯᠭ᠎ᠠ ᠶᠢᠨ ᠳᠦᠷᠢᠮ ᠢ ᠦᠭᠡᠷᠡᠴᠢᠯᠡᠬᠦ ᠲᠠᠯ᠎ᠠ ᠪᠠᠷ᠂ ᠡᠪᠡᠳᠴᠢᠨ ᠤ ᠲᠦᠷᠥᠯ ᠢᠶᠠᠷ ᠨᠢ ᠵᠠᠷᠤᠳᠠᠯ ᠦᠭᠬᠦ ᠪᠠᠷ ᠭᠤᠣᠯ ᠪᠣᠯᠭᠠᠨ᠂ ᠬᠦᠮᠥᠨ ᠢᠶᠠᠷ ᠨᠢ᠂ ᠣᠷᠣ ᠪᠠ ᠡᠳᠥᠷ ᠢᠶᠠᠷ ᠨᠢ ᠵᠡᠷᠭᠡ ᠨᠡᠶᠢᠯᠡᠮᠡᠯ ᠮᠠᠶ᠋ᠢᠭ ᠤᠨ ᠵᠠᠷᠤᠳᠠᠯ ᠦᠭᠬᠦ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠦᠷᠭᠦᠯᠵᠢᠯᠡᠨ ᠶᠠᠪᠤᠭᠤᠯᠬᠤ ᠬᠡᠷᠡᠭᠲᠡᠢ᠃ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠴᠢᠩᠭᠠᠳᠬᠠᠨ᠂ ᠣᠨᠣᠰᠢᠯᠠᠨ ᠡᠮᠨᠡᠬᠦ ᠡᠪᠡᠳᠴᠢᠨ ᠤ ᠲᠦᠷᠥᠯ ᠤᠨ ᠬᠡᠪᠴᠢᠶ᠎ᠡ ᠶᠢ ᠲᠣᠳᠤᠷᠬᠠᠶᠢᠯᠠᠵᠦ᠂ ᠲᠣᠬᠢᠷᠠᠬᠤ ᠡᠮᠴᠢᠯᠡᠭᠡᠨ ᠤ ᠠᠷᠭ᠎ᠠ ᠵᠠᠮ᠂ ᠵᠤᠷ ᠢ ᠬᠠᠮᠲᠤᠷᠠᠭᠤᠯᠤᠨ ᠣᠨᠣᠰᠢᠯᠠᠨ ᠡᠮᠨᠡᠬᠦ ᠵᠢᠷᠤᠮᠵᠢᠯ ᠢ ᠪᠠᠶᠢᠭᠤᠯᠤᠨ᠎ᠠ᠃      ᠲᠠᠪᠤ ᠳᠤ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠬᠤᠷᠢᠶᠠᠨ ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠥᠷᠢᠵᠢᠭᠤᠯᠤᠨ᠂ ᠬᠤᠷᠢᠶᠠᠨ ᠳᠠᠷᠤᠭ᠎ᠠ ᠶᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠦᠷᠢᠮ ᠪᠠᠶᠢᠭᠤᠯᠤᠨ᠂ ᠬᠤᠷᠢᠶᠠᠨ ᠳᠠᠷᠤᠭ᠎ᠠ ᠶᠢ ᠲᠤᠰᠬᠠᠢ ᠠᠵᠢᠯ ᠤᠨ ᠪᠣᠯᠭᠠᠬᠤ ᠪᠠ ᠲᠤᠰᠬᠠᠶᠢᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠬᠤᠷᠢᠶᠠᠨ ᠳᠠᠷᠤᠭ᠎ᠠ ᠶᠢᠨ ᠣᠷᠣᠯᠭ᠎ᠠ ᠶᠢ ᠡᠮᠨᠡᠯᠭᠡ ᠶᠢᠨ ᠬᠤᠷᠢᠶᠠᠨ ᠤ ᠠᠵᠦ ᠠᠬᠤᠢ ᠶᠢᠨ ᠣᠷᠣᠯᠭ᠎ᠠ ᠯᠤᠭ᠎ᠠ ᠰᠢᠭᠤᠳ ᠬᠤᠯᠪᠤᠭᠳᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ︔ ᠡᠮᠨᠡᠯᠭᠡ ᠶᠢᠨ ᠠᠵᠢᠯᠲᠠᠳ ᠢ ᠦᠨᠡᠯᠡᠬᠦ ᠳᠦᠷᠢᠮ ᠢ ᠲᠡᠭᠦᠯᠳᠡᠷᠵᠢᠭᠦᠯᠥᠨ᠂ ᠮᠡᠷᠭᠡᠵᠢᠯ ᠤᠨ ᠴᠢᠳᠠᠪᠥᠷᠢ ᠪᠠ ᠦᠢᠯᠡᠴᠢᠯᠡᠭᠡᠨ ᠤ ᠶᠠᠰᠦ ᠴᠢᠨᠠᠷ ᠤᠨ ᠬᠢᠨᠠᠨ ᠰᠢᠯᠭᠠᠬᠤ ᠶᠢ ᠲᠣᠪᠤᠶᠢᠯᠭᠠᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠡᠮᠨᠡᠯᠭᠡ ᠶᠢᠨ ᠠᠵᠢᠯᠲᠠᠳ ᠢ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠤᠯᠠ ᠳᠡᠪᠰᠢᠭᠦᠯᠬᠦ᠂ ᠬᠤᠪᠢ ᠬᠦᠮᠥᠨ ᠤ ᠴᠠᠯᠢᠩ ᠬᠦᠯᠥᠰᠦ ᠯᠦᠭᠡ ᠨᠢ ᠬᠤᠯᠪᠤᠭᠳᠠᠭᠤᠯᠵᠦ᠂ ︽ᠡᠮ ᠢ ᠬᠡᠲᠥᠷᠡᠲᠡᠯ᠎ᠡ ᠬᠡᠷᠡᠭᠯᠡᠬᠦ︾᠂ ︽ᠬᠡᠲᠥᠷᠡᠲᠡᠯ᠎ᠡ ᠡᠮᠨᠡᠨ ᠵᠠᠰᠠᠬᠤ︾ ᠵᠡᠷᠭᠡ ᠠᠰᠠᠭᠤᠳᠠᠯ ᠢ ᠰᠢᠢᠳᠪᠥᠷᠢᠯᠡᠬᠦ ᠶᠠᠪᠤᠳᠠᠯ ᠢ ᠠᠬᠢᠭᠤᠯᠤᠨ᠂ ᠡᠮᠨᠡᠯᠭᠡ ᠶᠢᠨ ᠠᠵᠢᠯᠲᠠᠳ ᠤᠨ ᠠᠵᠢᠯ ᠤᠨ ᠢᠳᠡᠪᠬᠢᠵᠢᠯ ᠢ ᠨᠢ ᠭᠦᠢᠴᠡᠳ ᠳᠠᠶᠢᠴᠢᠯᠠᠨ᠎ᠠ᠃      ᠵᠢᠷᠭᠤᠭ᠎ᠠ ᠳᠤ᠂ ᠳᠡᠭᠡᠳᠦ ᠱᠠᠲᠦ ᠪᠠ ᠳᠣᠣᠷᠠᠲᠦ ᠱᠠᠲᠦ ᠪᠠᠷ ᠢᠶᠠᠨ ᠬᠠᠮᠲᠤᠷᠠᠨ ᠬᠦᠳᠡᠯᠥᠯᠴᠡᠬᠦ ᠶᠢ ᠴᠢᠩᠭᠠᠳᠬᠠᠬᠤ ᠲᠠᠯ᠎ᠠ ᠪᠠᠷ᠂ ᠱᠠᠲᠦ ᠬᠤᠪᠢᠶᠠᠨ ᠣᠨᠣᠰᠢᠯᠠᠨ ᠡᠮᠨᠡᠬᠦ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠵᠦ ᠂ ᠰᠢᠶᠠᠨ᠂ ᠰᠢᠶᠠᠩ᠂ ᠲᠣᠰᠬᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢᠨ ᠣᠷᠣᠨ ᠪᠠᠶᠢᠷᠢ ᠪᠠ ᠦᠢᠯᠡᠴᠢᠯᠡᠭᠡᠨ ᠤ ᠴᠢᠳᠠᠪᠥᠷᠢ ᠶᠢᠨ ᠲᠣᠭᠤᠷᠢᠨ ᠳᠤ᠂ ᠡᠯ᠎ᠡ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠭᠤᠣᠯ ᠡᠪᠡᠳᠴᠢᠨ ᠤ ᠲᠦᠷᠥᠯ ᠢ ᠲᠣᠭᠲᠠᠭᠠᠨ᠂ ᠡᠮᠨᠡᠯᠭᠡ ᠳᠤ ᠣᠷᠣᠬᠤ ᠭᠠᠷᠬᠤ ᠪᠠ ᠰᠢᠯᠵᠢᠭᠦᠯᠥᠨ ᠣᠨᠣᠰᠢᠯᠠᠬᠤ ᠪᠠᠷᠢᠮᠵᠢᠶ᠎ᠠ ᠶᠢ ᠲᠣᠳᠤᠷᠬᠠᠶᠢᠯᠠᠵᠦ᠂ ᠦᠨᠳᠥᠰᠥᠨ ᠱᠠᠲᠦ ᠠᠩᠬ᠎ᠠ ᠣᠨᠣᠰᠢᠯᠠᠬᠤ᠂ ᠬᠤᠶᠠᠷ ᠲᠠᠯ᠎ᠠ ᠪᠠᠷ ᠢᠶᠠᠨ ᠰᠢᠯᠵᠢᠭᠦᠯᠥᠨ ᠣᠨᠣᠰᠢᠯᠠᠬᠤ᠂ ᠲᠦᠷᠭᠡᠨ ᠴᠢᠨᠠᠷᠲᠠᠢ ᠪᠠ ᠤᠳᠠᠭᠠᠨ ᠴᠢᠨᠠᠷᠲᠠᠢ ᠡᠪᠡᠳᠴᠢᠨ ᠢ ᠬᠤᠪᠢᠶᠠᠨ ᠵᠠᠰᠠᠬᠤ᠂ ᠳᠡᠭᠡᠳᠦ ᠱᠠᠲᠦ ᠪᠠ ᠳᠣᠣᠷᠠᠲᠦ ᠱᠠᠲᠦ ᠪᠠᠷ ᠢᠶᠠᠨ ᠬᠠᠮᠲᠤᠷᠠᠨ ᠬᠦᠳᠡᠯᠥᠯᠴᠡᠭᠰᠡᠨ ᠣᠨᠣᠰᠢᠯᠠᠨ ᠡᠮᠨᠡᠬᠦ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃      ᠳᠣᠯᠤᠭ᠎ᠠ ᠳᠤ᠂ ᠵᠣᠬᠢᠶᠠᠨ ᠪᠠᠶᠢᠭᠤᠯᠤᠨ ᠶᠠᠪᠤᠭᠳᠠᠭᠤᠯᠬᠤ ᠲᠠᠯ᠎ᠠ ᠪᠠᠷ᠂ ᠡᠭᠦᠷᠭᠡ ᠬᠤᠪᠢᠶᠠᠷᠢᠯᠠᠭᠰᠠᠨ ᠲᠦᠰᠥᠯ ᠢ ᠴᠢᠩᠭ᠎ᠠ ᠨᠠᠶᠢᠳᠠᠪᠥᠷᠢᠵᠢᠭᠤᠯᠵᠦ᠂ ᠰᠠᠯᠠᠭ᠎ᠠ ᠮᠦᠴᠢᠷ ᠤᠨ ᠬᠤᠭᠤᠷᠣᠨᠳᠦ ᠶᠢᠨ ᠬᠠᠮᠲᠤᠷᠠᠨ ᠬᠠᠮᠵᠢᠯᠴᠠᠬᠤ ᠶᠢ ᠴᠢᠩᠭᠠᠳᠬᠠᠨ᠂ ᠦᠭᠡᠷᠡᠴᠢᠯᠡᠯᠲᠡ ᠶᠢᠨ ᠨᠡᠶᠢᠯᠡᠮᠡᠯ ᠬᠦᠴᠥᠨ ᠢ ᠪᠣᠢ ᠪᠣᠯᠭᠠᠬᠤ ᠬᠡᠷᠡᠭᠲᠡᠢ︔ ᠬᠢᠨᠠᠨ ᠵᠢᠯᠤᠭᠤᠳᠴᠦ ᠪᠠᠶᠢᠴᠠᠭᠠᠬᠤ ᠶᠢ ᠴᠠᠭ ᠬᠤᠭᠤᠴᠠᠭᠠᠨ ᠳᠤᠨᠢ ᠲᠣᠬᠢᠷᠠᠭᠤᠯᠤᠨ ᠦᠷᠨᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠣᠯᠵᠦ ᠮᠡᠳᠡᠬᠦ ᠪᠠ ᠰᠢᠢᠳᠪᠥᠷᠢᠯᠡᠨ᠂ ᠨᠡᠶᠢᠲᠡᠯᠢᠭ ᠵᠢᠱᠢᠶ᠎ᠡ ᠪᠣᠢ ᠪᠣᠯᠭᠠᠨ ᠳᠡᠯᠭᠡᠷᠡᠭᠦᠯᠬᠦ ᠬᠡᠷᠡᠭᠲᠡᠢ︔ ᠡᠯ᠎ᠡ ᠭᠠᠵᠠᠷ ᠤᠨ ᠬᠢᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠮᠵᠢᠯᠲᠠ ᠪᠦᠲᠥᠮᠵᠢ ᠶᠢ ᠬᠢᠨᠠᠨ ᠰᠢᠯᠭᠠᠬᠤ ᠠᠭᠤᠯᠭ᠎ᠠ ᠳᠠᠭᠠᠨ ᠣᠷᠣᠭᠤᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠬᠢᠨᠠᠨ ᠰᠢᠯᠭᠠᠵᠦ ᠦᠨᠡᠯᠡᠬᠦ ᠶᠠᠪᠤᠳᠠᠯ ᠢ ᠴᠢᠩᠭᠠᠷᠠᠭᠤᠯᠬᠤ ᠶᠢ ᠢᠳᠡᠪᠬᠢᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ ᠶᠡᠷᠥᠩᠬᠡᠢ ᠳᠤᠨᠢ ᠠᠪᠴᠦ ᠬᠡᠯᠡᠪᠡᠯ᠂ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠪᠣᠯ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠶᠡᠭᠡ ᠪᠦᠭᠡᠳ ᠪᠤᠳᠤᠯᠢᠶᠠᠨ ᠲᠠᠢ ᠢᠨᠵᠧᠨᠧᠷᠢᠩ ᠪᠣᠯᠬᠤ ᠲᠤᠯᠠ᠂ ᠦᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠬᠤ ᠳᠤ ᠣᠯᠠᠨ ᠲᠠᠯ᠎ᠠ ᠪᠠᠷ ᠵᠡᠷᠭᠡ ᠳᠤᠨᠢ ᠶᠠᠪᠤᠭᠳᠠᠭᠤᠯᠵᠦ᠂ ᠦᠭᠡᠷᠡᠴᠢᠯᠡᠯᠲᠡ ᠶᠢᠨ ᠠᠷᠭ᠎ᠠ ᠪᠠᠷᠢᠯ ᠨᠢ ᠡᠮᠨᠡᠯᠭᠡ ᠶᠢᠨ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠬᠤ ᠬᠡᠷᠡᠭᠲᠡᠢ ᠮᠦᠷᠲᠡᠭᠡᠨ ᠪᠠᠰᠠ ᠡᠮᠨᠡᠯᠭᠡ ᠶᠢᠨ ᠠᠵᠢᠯᠲᠠᠳ ᠤᠨ ᠢᠳᠡᠪᠬᠢᠵᠢᠯ ᠢ ᠳᠠᠶᠢᠴᠢᠯᠠᠵᠦ᠂ ᠪᠠᠰᠠ ᠡᠮᠨᠡᠯᠭᠡ ᠶᠢᠨ ᠬᠤᠷᠢᠶᠠᠨ ᠤ ᠬᠦᠭᠵᠢᠯᠲᠡ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠬᠡᠷᠡᠭᠲᠡᠢ᠃ ᠪᠢᠲᠡ ᠰᠤᠳᠤᠯᠤᠯᠲᠠ ᠬᠢᠬᠦ ᠪᠠᠨ ᠴᠢᠩᠭᠠᠳᠬᠠᠨ᠂ ᠴᠦᠬᠦᠷᠡᠯ ᠦᠭᠡᠢ ᠴᠢᠷᠮᠠᠶᠢᠵᠦ᠂ ᠦᠭᠡᠷᠡᠴᠢᠯᠡᠯᠲᠡ ᠶᠢᠨ ᠬᠠᠷᠠᠯᠲᠠ ᠶᠢᠨ ᠱᠠᠭᠠᠷᠳᠠᠯᠭ᠎ᠠ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠨ᠎ᠠ᠃ ᠬᠦᠲᠥᠯᠥᠭᠴᠢ᠄ ᠲᠠᠨ ᠤ ᠶᠠᠷᠢᠭᠰᠠᠨ ᠲᠣᠩ ᠮᠠᠭᠲᠠᠭᠤᠰᠢᠲᠠᠢ ᠪᠠᠶᠢᠨ᠎ᠠ᠃ ᠦᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠬᠤ ᠡᠳᠡᠭᠡᠷ ᠠᠷᠭ᠎ᠠ ᠬᠡᠮᠵᠢᠶ᠎ᠡ ᠨᠦᠭᠦᠳ ᠦᠨᠡᠬᠡᠷ ᠪᠤᠲᠠᠲᠠᠢ ᠮᠦᠷᠲᠡᠭᠡᠨ ᠲᠤᠰᠠᠲᠠᠢ᠃      ᠰᠦᠯᠵᠢᠶᠡᠨ ᠤ ᠠᠨᠳᠠ ᠴᠡᠩᠬᠡᠷ ᠣᠭᠲᠠᠷᠭᠤᠢ ᠴᠠᠭᠠᠨ ᠡᠭᠦᠯᠡ᠄      ᠬᠦᠮᠥᠰ ᠤᠨ ᠬᠦᠰᠡᠵᠦ ᠪᠠᠶᠢᠭᠰᠠᠨ ᠢ ᠬᠤ᠋ ᠡᠷᠬᠢᠯᠡᠭᠴᠢ ᠲᠠ ᠦᠨᠡᠬᠡᠷ ᠶᠠᠷᠢᠵᠦ ᠭᠠᠷᠭᠠᠯ᠎ᠠ᠂ ᠠᠷᠠᠳ ᠣᠯᠠᠨ ᠤ ︽ᠡᠪᠡᠳᠴᠢᠨ ᠢᠶᠠᠨ ᠦᠵᠡᠭᠦᠯᠬᠦ ᠳᠤ ᠬᠦᠴᠢᠷ ᠪᠠᠶᠢᠬᠤ᠂ ᠦᠨᠡᠲᠡᠢ ᠪᠠᠶᠢᠬᠤ︾ ᠠᠰᠠᠭᠤᠳᠠᠯ ᠠᠯᠬᠤᠮ ᠠᠯᠬᠤᠮ ᠢᠶᠠᠷ ᠰᠢᠢᠳᠪᠥᠷᠢᠯᠡᠭᠳᠡᠬᠦ ᠶᠤᠮ ᠪᠠᠶᠢᠨ᠎ᠠ᠃      ᠬᠦᠲᠥᠯᠥᠭᠴᠢ᠄ ᠴᠠᠭ ᠤᠨ ᠬᠠᠷᠠᠭ᠎ᠠ ᠠᠴᠠ ᠪᠣᠯᠤᠭᠠᠳ ᠦᠨᠥᠳᠥᠷ ᠤᠨ ᠰᠤᠷᠪᠤᠯᠵᠢᠯᠠᠨ ᠶᠠᠷᠢᠯᠴᠠᠬᠤ ᠪᠠᠨ ᠠᠳᠡ ᠬᠦᠷᠭᠡᠶ᠎ᠡ᠃ ᠬᠤ᠋ ᠡᠷᠬᠢᠯᠡᠭᠴᠢ ᠶᠠᠭᠠᠷᠠᠤ ᠪᠠᠶᠢᠲᠠᠯ᠎ᠠ ᠪᠠᠨ ᠮᠠᠨ ᠤ ᠰᠦᠯᠵᠢᠶᠡᠨ ᠳᠡᠭᠡᠷ᠎ᠡ ᠰᠤᠷᠪᠤᠯᠵᠢᠯᠠᠬᠤ ᠫᠷᠤᠭ᠍ᠷᠠᠮ ᠳᠤ ᠮᠣᠷᠢᠯᠠᠨ ᠰᠠᠭᠠᠲᠠᠭᠰᠠᠨ ᠳᠤ ᠲᠠᠯᠠᠷᠬᠠᠵᠦ ᠪᠠᠶᠢᠬᠤ ᠶᠢᠨ ᠵᠡᠷᠭᠡᠴᠡᠪᠡᠷ ᠰᠦᠯᠵᠢᠶᠡᠨ ᠠᠨᠳᠠ ᠨᠠᠷ ᠤᠨ ᠢᠳᠡᠪᠬᠢᠲᠠᠢ ᠣᠷᠣᠯᠴᠠᠵᠦ ᠠᠰᠠᠭᠤᠯᠲᠠ ᠠᠰᠠᠭᠤᠭᠰᠠᠨ ᠳᠤ ᠲᠠᠯᠠᠷᠬᠠᠵᠦ ᠪᠠᠶᠢᠨ᠎ᠠ᠂ ᠦᠨᠥᠳᠥᠷ ᠤᠨ ᠰᠤᠷᠪᠤᠯᠵᠢᠯᠠᠨ ᠶᠠᠷᠢᠯᠴᠠᠬᠤ ᠠᠳᠡ ᠬᠦᠷᠥᠭᠡᠳ ᠳᠠᠭᠤᠰᠪᠠ᠂ ᠳᠠᠷᠠᠭᠠᠴᠢ ᠶᠢᠨ ᠫᠷᠤᠭ᠍ᠷᠠᠮ ᠳᠤ ᠵᠣᠯᠭᠠᠶ᠎ᠠ᠃
 
ᠢᠷᠡᠯᠲᠡ᠄ ᠥᠪᠦᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号