ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠵᠤ ︽ᠡᠷᠡᠭᠦᠯ ᠡᠩᠬᠡ ᠥᠪᠥᠷ ᠮᠣᠩᠭᠤᠯ︾ ᠢ ᠪᠦᠲᠦᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠣᠯᠭᠤᠶ᠎ᠠ
ᠨᠡᠶᠢᠲᠡᠯᠡᠭᠰᠡᠨ ᠴᠠᠭ᠄
2020/12/17
     ᠰᠤᠷᠪᠤᠯᠵᠢᠯᠠᠭᠰᠠᠨ ᠴᠠᠭ᠄ 2018 ᠣᠨ ᠤ 12 ᠳ᠋ᠤᠭᠠᠷ ᠰᠠᠷ᠎ᠠ ᠶᠢᠨ 27 ᠤ ᠡᠳᠦᠷ ᠤᠨ 10 ᠴᠠᠭ      ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ ᠤ ᠰᠣᠶᠣᠯ ᠤᠨ ᠴᠢᠬᠤᠯᠠ ᠬᠤᠪᠣᠷ ᠦᠨᠡᠲᠦ ᠡᠷᠳᠡᠨᠢᠰ ᠪᠣᠯᠬᠤ ᠪᠠᠷ ᠪᠠᠷᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠠᠨᠠᠭᠠᠬᠤ ᠤᠬᠠᠭᠠᠨ ᠤ ᠡᠷᠳᠡᠨᠢᠰ ᠤᠨ ᠬᠥᠮᠥᠷᠭᠡ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠪᠡ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ ᠢ ᠤᠷᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠡᠷᠬᠢᠨ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠤᠭᠰᠠᠨ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ ᠢ ᠤᠷᠢᠵᠤ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠂ ᠹᠦ᠋ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃      ᠹᠦ᠋ ᠷᠦᠢ ᠹᠧᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃      ᠬᠥᠲᠥᠯᠥᠭᠴᠢ᠄ ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ ᠤ ᠰᠣᠶᠣᠯ ᠤᠨ ᠴᠢᠬᠤᠯᠠ ᠬᠤᠪᠣᠷ ᠦᠨᠡᠲᠦ ᠡᠷᠳᠡᠨᠢᠰ ᠪᠣᠯᠬᠤ ᠪᠠᠷ ᠪᠠᠷᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠠᠨᠠᠭᠠᠬᠤ ᠤᠬᠠᠭᠠᠨ ᠤ ᠡᠷᠳᠡᠨᠢᠰ ᠤᠨ ᠬᠥᠮᠥᠷᠭᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢ ᠬᠥᠭᠵᠢᠭᠦᠯᠬᠦ ᠶᠢ ᠬᠡᠷᠡᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠣᠢ︖      ᠹᠦ᠋ ᠷᠦᠢ ᠹᠧᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠪᠡ᠃ ᠱᠦᠵᠢ ᠯᠢ ᠵᠢᠢ ᠡᠾᠧᠩ ᠴᠢᠬᠤᠯᠠᠴᠢᠯᠠᠬᠤ ᠳᠤ ᠪᠠᠨ᠂ ᠦᠨᠳᠦᠰᠦᠲᠡᠨ ᠤ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠤᠨ᠂ ᠶᠡᠭᠡ ᠬᠦᠴᠦ ᠵᠠᠷᠤᠴᠠᠭᠤᠯᠤᠨ ᠮᠣᠩᠭᠤᠯ ᠡᠮ ᠡᠮᠨᠡᠯᠭᠡ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠮᠣᠩᠭᠤᠯ ᠡᠮ ᠡᠮᠨᠡᠯᠭᠡ ᠶᠢ ᠪᠦᠬᠦ ᠤᠯᠤᠰ ᠲᠤ ᠳᠡᠯᠭᠡᠷᠡᠭᠦᠯᠦᠨ᠂ ᠳᠡᠯᠡᠬᠡᠢ ᠶᠢᠨ ᠬᠡᠪᠴᠢᠶᠡᠨ ᠳᠤ ᠳᠡᠯᠭᠡᠷᠡᠭᠦᠯᠵᠦ᠂ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠭᠦᠯᠬᠦ ᠬᠡᠷᠡᠭᠲᠡᠢ ᠭᠡᠵᠡᠢ᠃      ᠨᠢᠭᠡ ᠳᠤ᠂ ᠮᠣᠩᠭᠤᠯ ᠡᠮ ᠡᠮᠨᠡᠯᠭᠡ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠪᠠ ᠲᠣᠭᠲᠠᠴᠠ ᠶᠢ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠠᠴᠠ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠭᠦᠨᠵᠡᠭᠡᠢ ᠨᠠᠶᠢᠳᠠᠪᠤᠷᠢᠵᠢᠭᠤᠯᠤᠨ᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠳᠦᠷᠢᠮ︾ ᠢ ᠶᠡᠭᠡ ᠪᠠᠷ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠳᠣᠯᠣᠭᠠᠨ ᠠᠵᠤ ᠦᠢᠯᠡᠰ ᠤᠨ ᠨᠢᠭᠡ ᠪᠣᠯᠭᠠᠵᠤ᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠪᠠ ᠠᠬᠢᠭᠤᠯᠬᠤ ᠲᠣᠭᠲᠠᠭᠠᠯ︾᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2016 — 2030 ᠣᠨ︶︾᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠡᠷᠡᠭᠦᠯ ᠢᠶᠠᠷ ᠦᠢᠯᠡᠴᠢᠯᠡᠭᠦᠯᠦᠨ ᠬᠥᠭᠵᠢᠭᠦᠯᠬᠦ ᠲᠥᠯᠥᠪᠵᠢᠭᠦᠯᠭᠡ ︵2016 — 2020 ᠣᠨ︶︾᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠤᠨ ︿13 · 5﹀ ᠶᠢᠨ ᠬᠥᠭᠵᠢᠯᠲᠡ ᠶᠢᠨ ᠲᠥᠯᠥᠪᠵᠢᠭᠦᠯᠭᠡ︾᠂ ︽ᠮᠣᠩᠭᠤᠯ ᠡᠮ ᠤᠨ ᠮᠠᠲ᠋ᠧᠷᠢᠶᠠᠯ ᠬᠢᠲᠠᠳ ᠡᠮ ᠤᠨ ᠮᠠᠲ᠋ᠧᠷᠢᠶᠠᠯ ᠢ ᠬᠠᠮᠠᠭᠠᠯᠠᠬᠤ ᠪᠠ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ ︵2017 — 2025 ᠣᠨ︶︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠣᠨᠴᠠᠭᠠᠶᠢᠯᠠᠨ 2018 ᠣᠨ ᠳᠤ ︽ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ︵2017 — 2025 ᠣᠨ︶︾ ᠶᠢ ᠳᠤᠷᠠᠳᠤᠨ ᠭᠠᠷᠭᠠᠵᠤ᠂ ᠬᠥᠭᠵᠢᠯᠲᠡ ᠶᠢᠨ ᠬᠠᠷᠠᠯᠲᠠ ᠪᠠ ᠠᠵᠢᠯ ᠤᠨ ᠡᠭᠦᠷᠭᠡ ᠶᠢ ᠲᠣᠳᠣᠷᠬᠠᠶᠢᠯᠠᠨ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠳᠤ ᠬᠦᠴᠦᠨ ᠪᠦᠬᠦᠢ ᠪᠠᠲᠤᠯᠠᠭ᠎ᠠ ᠬᠠᠩᠭᠠᠵᠠᠢ᠃      ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠵᠠᠷᠤᠳᠠᠯ ᠤᠨ ᠣᠷᠣᠭᠤᠯᠤᠯᠲᠠ ᠶᠢ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠨ᠂ ᠮᠣᠩᠭᠤᠯ ᠡᠮ ᠡᠮᠨᠡᠯᠭᠡ ᠶᠢ ᠬᠥᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠤᠨ᠂ 12 ᠠᠶᠢᠮᠠᠭ ᠬᠤᠲᠠ ᠳᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠵᠤ᠂ ᠣᠯᠠᠩᠬᠢ ᠲᠣᠭᠠᠨ ᠤ ᠬᠤᠰᠢᠭᠤ ᠰᠢᠶᠠᠨ ᠠᠴᠠ ᠫᠠᠶᠢᠰᠠ ᠨᠡᠮᠡᠨ ᠡᠯᠭᠦᠵᠦ᠂ ᠲᠤᠰᠬᠠᠢ ᠬᠥᠮᠥᠨ ᠲᠣᠬᠢᠷᠠᠭᠤᠯᠤᠨ ᠬᠠᠮᠢᠶᠠᠷᠤᠭᠤᠯᠵᠤ᠂ ᠮᠣᠩᠭᠤᠯ ᠡᠮ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠨᠡᠮᠡᠭᠳᠡᠭᠦᠯᠦᠨ᠂ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠵᠦ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠠᠵᠢᠯᠲᠠᠳ ᠤᠨ ᠵᠠᠷᠤᠳᠠᠯ ᠢ ᠭᠦᠢᠴᠡᠳ ᠬᠠᠩᠭᠠᠬᠤ ᠶᠢ ᠪᠠᠲᠤᠯᠠᠵᠤ᠂ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ᠂ ᠴᠢᠳᠠᠪᠤᠷᠢᠲᠠᠨ ᠤ ᠬᠥᠮᠥᠵᠢᠭᠦᠯᠦᠯ᠂ ᠡᠷᠳᠡᠮ ᠰᠢᠨᠵᠢᠯᠡᠭᠡᠨ ᠤ ᠤᠯᠠᠮᠵᠢᠯᠠᠯ ᠵᠢᠴᠢ ᠮᠣᠩᠭᠤᠯ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠪᠡ᠃ ︽12 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠠᠴᠠ ᠨᠡᠶᠢᠲᠡ 50.4 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠵᠢᠯ ᠤᠨ ᠳᠤᠮᠳᠠᠴᠢ ᠥᠰᠦᠯᠲᠡ  ᠨᠢ 11.1% ᠳᠤ ᠬᠦᠷᠴᠡᠢ᠃      ᠹᠦ᠋ ᠷᠦᠢ ᠹᠧᠩ᠄      ᠭᠤᠷᠪᠠ ᠳᠤ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠪᠡ᠃ ᠮᠣᠩᠭᠤᠯ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠡᠮᠴᠢᠯᠡᠭᠡ ᠶᠢᠨ ᠳᠠᠭᠠᠳᠬᠠᠯ ᠤᠨ ᠳᠠᠩᠰᠠ ᠲᠠᠶᠢᠯᠬᠤ ᠲᠠᠯ᠎ᠠ ᠪᠠᠷ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠮᠣᠩᠭᠤᠯ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠶᠢᠨ ᠨᠠᠶᠢᠷᠠᠯᠭ᠎ᠠ ᠪᠠ ᠤᠤᠭᠤᠬᠤ ᠡᠮ ᠲᠤ ᠦᠨ᠎ᠡ ᠨᠡᠮᠡᠬᠦ ᠶᠢ ᠪᠠᠲᠤᠯᠠᠨ ᠦᠯᠡᠳᠡᠭᠡᠵᠦ᠂ ᠲᠣᠭᠲᠠᠭᠠᠯ ᠳᠤ ᠨᠡᠶᠢᠴᠡᠭᠰᠡᠨ ᠮᠣᠩᠭᠤᠯ ᠡᠮ ᠪᠠ ᠮᠣᠩᠭᠤᠯ ᠡᠮᠨᠡᠯᠭᠡ ᠶᠢᠨ ᠤᠯᠠᠮᠵᠢᠯᠠᠯᠲᠤ ᠣᠨᠣᠰᠢᠯᠠᠯᠲᠠ ᠵᠠᠰᠠᠯᠲᠠ ᠶᠢᠨ ᠮᠡᠷᠭᠡᠵᠢᠯ ᠦᠢᠯᠡᠴᠢᠯᠡᠭᠡ ᠶᠢ ᠡᠮᠴᠢᠯᠡᠭᠡ ᠶᠢᠨ ᠳᠠᠭᠠᠳᠬᠠᠯ ᠤᠨ ᠣᠯᠭᠤᠬᠤ ᠬᠡᠪᠴᠢᠶᠡᠨ ᠳᠤ ᠣᠷᠣᠭᠤᠯᠤᠨ᠂ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠮᠡᠷᠭᠡᠵᠢᠯ ᠤᠨ ᠦᠨ᠎ᠡ ᠳᠤ ᠲᠣᠬᠢᠷᠠᠭᠤᠯᠤᠯᠲᠠ ᠬᠢᠪᠡ᠃ 27 ᠮᠣᠩᠭᠤᠯ ᠡᠮ ᠤᠨ ᠵᠦᠢᠯᠡᠰ ᠢ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠭᠠᠷᠴᠠᠭ ᠲᠤ ᠣᠷᠣᠭᠤᠯᠤᠨ᠂ ᠪᠦᠬᠦ ᠮᠣᠩᠭᠤᠯ ᠪᠡᠯᠡᠨ ᠡᠮ ᠪᠠ ᠮᠣᠩᠭᠤᠯ ᠡᠮ ᠤᠨ ᠨᠠᠶᠢᠷᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠭᠠᠷᠴᠠᠭ ᠲᠤ ᠣᠷᠣᠭᠤᠯᠵᠠᠢ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠬᠡᠪᠴᠢᠶᠡᠨ ᠳᠤ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠠᠭᠤᠯᠭ᠎ᠠ ᠶᠢ ᠣᠷᠣᠭᠤᠯᠪᠠ᠃ ᠠᠯᠪᠠᠨ ᠠᠴᠠ ᠡᠷᠬᠢᠯᠡᠭᠰᠡᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠴᠠᠯᠢᠩ ᠣᠯᠭᠤᠮᠵᠢ ᠶᠢᠨ ᠥᠭᠡᠷᠡᠴᠢᠯᠡᠯᠲᠡ ᠪᠠ ᠠᠵᠢᠯ ᠤᠨ ᠦᠷ᠎ᠡ ᠪᠦᠲᠦᠮᠵᠢ ᠶᠢᠨ ᠰᠢᠯᠭᠠᠯᠲᠠ ᠬᠢᠨᠠᠯᠲᠠ ᠳᠤ᠂ ᠮᠣᠩᠭᠤᠯ ᠡᠮ ᠡᠮᠨᠡᠯᠭᠡ ᠶᠢ ᠤᠷᠢᠳ ᠢᠶᠠᠷ ᠬᠡᠷᠡᠭᠯᠡᠵᠦ ᠣᠨᠣᠰᠢᠯᠠᠨ ᠵᠠᠰᠠᠬᠤ ᠠᠵᠢᠯ ᠤᠨ ᠪᠠᠶᠢᠷᠢ ᠪᠠ ᠠᠵᠢᠯᠲᠠᠳ ᠲᠤ ᠬᠠᠷᠠᠭᠠᠯᠵᠠᠯ ᠦᠵᠡᠭᠦᠯᠪᠡ᠃ ᠤᠯᠤᠰ ᠤᠨ ᠮᠣᠩᠭᠤᠯ ᠡᠮᠴᠢ ᠶᠢᠨ ᠬᠢᠷᠢ ᠭᠡᠮ ᠤᠨ ᠰᠢᠯᠭᠠᠯᠲᠠ ᠶᠢ ᠵᠡᠷᠭᠡ ᠪᠠᠷ ᠠᠬᠢᠭᠤᠯᠤᠨ᠂ ᠮᠡᠷᠭᠡᠵᠢᠯ ᠤᠨ ᠴᠣᠯᠠ ᠰᠢᠯᠭᠠᠷᠠᠭᠤᠯᠬᠤ ᠦᠶ᠎ᠡ ᠳᠤ ᠮᠣᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯ ᠳᠤ ᠬᠠᠷᠠᠭᠠᠯᠵᠠᠯ ᠦᠵᠡᠭᠦᠯᠵᠦ᠂ ᠮᠣᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠳ ᠢ ᠰᠢᠯᠭᠠᠨ ᠡᠯᠰᠡᠬᠦ ᠦᠶ᠎ᠡ ᠳᠤ ᠨᠡᠷ᠎ᠡ ᠮᠡᠳᠡᠭᠦᠯᠬᠦ ᠬᠠᠷᠢᠴᠠᠯ ᠤᠨ ᠬᠢᠵᠠᠭᠠᠷᠯᠠᠯ ᠢ ᠬᠦᠴᠦᠨ ᠦᠭᠡᠢ ᠪᠣᠯᠭᠠᠬᠤ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠡᠮᠬᠢ ᠵᠢᠷᠤᠮ ᠲᠠᠢ ᠬᠥᠭᠵᠢᠬᠦ ᠶᠢ ᠪᠠᠲᠤᠯᠠᠵᠠᠢ᠃      ᠬᠥᠲᠥᠯᠥᠭᠴᠢ᠄ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠪᠣᠯ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠰᠠᠭᠤᠷᠢ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮᠨᠡᠯᠭᠡ ᠤ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠪᠠ ᠦᠢᠯᠡᠴᠢᠯᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖      ᠹᠦ᠋ ᠷᠦᠢ ᠹᠧᠩ᠄      ᠨᠢᠭᠡ ᠳᠤ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠪᠦᠷᠢᠨᠰᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠲᠣᠬᠢᠷᠠᠭᠤᠯᠬᠤ ᠪᠠᠷᠢᠮᠵᠢᠶ᠎ᠠ ᠪᠠ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠪᠠᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠪᠦᠰᠡ ᠳᠤ ᠠᠳᠠᠭ ᠲᠤ ᠪᠠᠨ ᠨᠢᠭᠡ ᠰᠠᠭᠤᠷᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠲᠣᠬᠢᠷᠠᠭᠤᠯᠵᠤ᠂ ᠪᠦᠬᠦ ᠣᠷᠣᠨ ᠤ ᠮᠣᠩᠭᠤᠯ ᠬᠢᠲᠠᠳ ᠡᠮᠨᠡᠯᠭᠡ ᠶᠢᠨ ᠣᠷᠣ ᠶᠢᠨ ᠲᠤᠭ᠎ᠠ ᠶᠢ ᠮᠢᠩᠭᠠᠨ ᠬᠥᠮᠥᠨ ᠠᠮᠠ ᠪᠦᠷᠢ ᠳᠤ ᠨᠢᠭᠡ ᠣᠷᠣ ᠠᠴᠠ ᠳᠡᠭᠡᠭᠰᠢ ᠪᠠᠶᠢᠯᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠪᠦᠬᠦ ᠣᠷᠣᠨ ᠳᠤ ᠣᠳᠣ ᠳᠤ ᠪᠠᠨ ᠮᠣᠩᠭᠤᠯ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠡᠶᠢᠲᠡ 103 ᠰᠠᠭᠤᠷᠢ ᠪᠠᠶᠢᠵᠤ᠂ ᠲᠡᠭᠦᠨ ᠤ ᠳᠣᠲᠣᠷ᠎ᠠ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 19 ᠰᠠᠭᠤᠷᠢ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 54 ᠰᠠᠭᠤᠷᠢ ᠪᠣᠢ᠃ ᠪᠦᠬᠦ ᠣᠷᠣᠨ ᠤ ᠮᠣᠩᠭᠤᠯ ᠬᠢᠲᠠᠳ ᠡᠮᠨᠡᠯᠭᠡ ᠶᠢᠨ ᠮᠢᠩᠭᠠᠨ ᠬᠥᠮᠥᠨ ᠠᠮᠠ ᠪᠦᠷᠢ ᠶᠢᠨ ᠣᠷᠣ ᠶᠢᠨ ᠲᠤᠭ᠎ᠠ ᠨᠢ 0.92᠂ ᠠᠵᠢᠯ ᠡᠷᠬᠢᠯᠡᠵᠦ ᠪᠠᠶᠢᠭ᠎ᠠ ᠡᠮᠴᠢ ᠶᠢᠨ ᠲᠤᠭ᠎ᠠ 0.51 ᠬᠥᠮᠥᠨ ᠪᠠᠶᠢᠵᠤ᠂ 2017 ᠣᠨ ᠤ ᠣᠨᠣᠰᠢᠯᠠᠨ ᠡᠮᠴᠢᠯᠡᠭᠰᠡᠨ ᠬᠡᠮᠵᠢᠶ᠎ᠡ ᠨᠢ 1090.3 ᠲᠦᠮᠡᠨ ᠬᠥᠮᠥᠨ ᠤᠳᠠᠭ᠎ᠠ ᠳᠤ ᠬᠦᠷᠴᠡᠢ᠃ ᠰᠢᠨ᠎ᠡ ᠪᠠᠷ ᠪᠠᠶᠢᠭᠤᠯᠤᠭᠰᠠᠨ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠨᠡᠶᠢᠭᠡᠮ ᠤᠨ ᠦᠷ᠎ᠡ ᠠᠰᠢᠭ ᠨᠢ ᠢᠯᠡᠷᠬᠡᠢ ᠪᠠᠶᠢᠵᠤ᠂ ᠪᠦᠬᠦ ᠤᠯᠤᠰ᠂ ᠴᠢᠨᠠᠭᠰᠢᠯᠠᠭᠠᠳ ᠮᠣᠩᠭᠤᠯ ᠤᠯᠤᠰ ᠵᠡᠷᠭᠡ ᠬᠡᠰᠡᠭ ᠤᠯᠤᠰ ᠪᠠ ᠭᠠᠵᠠᠷ ᠣᠷᠣᠨ ᠳᠤ ᠵᠣᠬᠢᠬᠤ ᠨᠥᠯᠥᠭᠡᠯᠡᠬᠦ ᠬᠦᠴᠦᠨ ᠲᠠᠢ ᠪᠣᠯᠪᠠ᠃ ᠦᠨᠳᠦᠰᠦᠨ ᠱᠠᠲᠤᠨ ᠤ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠠᠶᠢᠮᠠᠭ ᠬᠤᠲᠠ ᠶᠢᠨ ᠳᠡᠰ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ ᠭᠤᠣᠯᠯᠠᠭᠴᠢ ᠬᠦᠴᠦᠨ ᠪᠣᠯᠭᠠᠵᠤ᠂ ᠬᠤᠰᠢᠭᠤ ᠰᠢᠶᠠᠨ ᠤ ᠳᠡᠰ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ ᠰᠠᠭᠤᠷᠢ ᠪᠣᠯᠭᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠪᠠᠷ ᠲᠣᠣᠷ ᠰᠦᠯᠵᠢᠶᠡᠨ ᠤ ᠰᠠᠭᠤᠷᠢ ᠪᠣᠯᠭᠠᠵᠤ᠂ ᠪᠤᠰᠤᠳ ᠡᠯ᠎ᠡ ᠲᠥᠷᠥᠯ ᠤᠨ ᠡᠮᠴᠢᠯᠡᠭᠡ ᠶᠢᠨ ᠪᠠᠶᠢᠭᠤᠯᠤᠮᠵᠢ ᠶᠢᠨ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠪᠠᠷ ᠨᠥᠬᠦᠪᠦᠷᠢ ᠪᠣᠯᠭᠠᠭᠰᠠᠨ ᠡᠮᠴᠢᠯᠡᠭᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠪᠦᠷᠢᠯᠳᠦᠭᠦᠯᠵᠡᠢ᠃      ᠬᠤᠶᠠᠷ ᠲᠤ᠂ ᠴᠢᠳᠠᠪᠤᠷᠢᠲᠠᠨ ᠤ ᠡᠩᠨᠡᠭᠡ ᠶᠢ ᠪᠠᠲᠤᠳᠬᠠᠪᠠ᠃ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠥᠵᠢᠯ᠂ ᠪᠠᠭᠰᠢ ᠵᠠᠯᠭᠠᠮᠵᠢᠯᠠᠬᠤ ᠰᠤᠷᠭᠠᠨ ᠬᠥᠮᠥᠵᠢᠯ᠂ ᠦᠷᠭᠦᠯᠵᠢᠯᠡᠯ ᠰᠤᠷᠭᠠᠨ ᠬᠥᠮᠥᠵᠢᠯ ᠪᠠ ᠠᠵᠢᠯ ᠤᠨ ᠪᠠᠶᠢᠷᠢ ᠳᠡᠭᠡᠷᠡᠬᠢ ᠪᠣᠯᠪᠠᠰᠤᠷᠠᠭᠤᠯᠤᠯ ᠢ ᠬᠠᠷᠢᠯᠴᠠᠨ ᠤᠶᠠᠯᠳᠤᠭᠤᠯᠤᠭᠰᠠᠨ ᠬᠥᠮᠥᠵᠢᠭᠦᠯᠦᠯ ᠤᠨ ᠵᠠᠭᠪᠤᠷ ᠢ ᠪᠠᠷᠢᠮᠲᠠᠯᠠᠨ ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠮᠣᠩᠭᠤᠯ ᠡᠮᠨᠡᠯᠭᠡ᠂ ᠮᠣᠩᠭᠤᠯ ᠡᠮ᠂ ᠮᠣᠩᠭᠤᠯ ᠰᠤᠪᠢᠯᠠᠯᠲᠠ ᠶᠢᠨ ᠲᠤᠰᠬᠠᠢ ᠮᠡᠷᠭᠡᠵᠢᠯ ᠤᠨ ᠦᠨᠳᠦᠰᠦᠨ ᠠᠩᠭᠢ᠂ ᠠᠰᠫᠢᠷᠠᠨᠲ᠂ ᠳ᠋ᠣᠺᠲ᠋ᠣᠷ ᠤᠨ ᠰᠤᠷᠭᠠᠨ ᠬᠥᠮᠥᠵᠢᠯ ᠢ ᠨᠡᠭᠡᠭᠡᠨ ᠡᠷᠬᠢᠯᠡᠵᠦ᠂ ᠰᠤᠷᠭᠠᠭᠤᠯᠢ ᠳᠤ ᠰᠠᠭᠤᠭ᠎ᠠ ᠰᠤᠷᠤᠭᠴᠢ ᠶᠢᠨ ᠲᠤᠭ᠎ᠠ ᠨᠡᠶᠢᠲᠡ 4000 ᠭᠠᠷᠤᠢ ᠬᠥᠮᠥᠨ ᠪᠠᠶᠢᠨ᠎ᠠ᠃ ᠤᠯᠤᠰ ᠤᠨ ᠨᠡᠷᠡᠲᠦ ᠠᠬᠠᠮᠠᠳ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠲᠤᠰᠬᠠᠢ ᠮᠡᠷᠭᠡᠵᠢᠯᠲᠡᠳ ᠤᠨ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠠᠵᠢᠯ ᠤᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠠᠴᠠ ᠬᠤᠶᠠᠷ ᠪᠦᠯᠦᠭ ᠡᠷᠳᠡᠮ ᠰᠢᠨᠵᠢᠯᠡᠭᠡᠨ ᠢ ᠵᠠᠯᠭᠠᠮᠵᠢᠯᠠᠬᠤ ᠠᠵᠢᠯ ᠢ ᠥᠷᠨᠢᠭᠦᠯᠦᠨ᠂ 2088 ᠲᠦᠮᠡᠨ ᠲᠥᠭᠦᠷᠢᠭ ᠵᠠᠷᠤᠴᠠᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ 378 ᠠᠬᠠᠮᠠᠳ ᠲᠤᠰᠬᠠᠢ ᠮᠡᠷᠭᠡᠵᠢᠯᠲᠡᠨ ᠢ ᠰᠢᠯᠭᠠᠷᠠᠭᠤᠯᠤᠨ ᠰᠣᠩᠭᠤᠵᠤ ᠱᠠᠪᠢ ᠳᠠᠭᠠᠭᠤᠯᠤᠨ ᠦᠢᠯᠡᠰ ᠵᠠᠯᠭᠠᠮᠵᠢᠯᠠᠬᠤ ᠠᠵᠢᠯᠯᠠᠭ᠎ᠠ ᠥᠷᠨᠢᠭᠦᠯᠪᠡ᠃ ᠮᠣᠩᠭᠤᠯ ᠡᠮᠨᠡᠯᠭᠡ ᠶᠢᠨ ᠡᠪᠡᠳᠴᠢᠲᠡᠨ ᠢ ᠰᠠᠬᠢᠨ ᠡᠮᠨᠡᠬᠦ ᠶᠡᠭᠡ ᠡᠮᠴᠢ᠂ ᠪᠦᠬᠦ ᠰᠠᠯᠭᠠᠨ ᠤ ᠶᠡᠭᠡ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠢ ᠬᠡᠷᠡᠭᠵᠢᠭᠦᠯᠦᠨ᠂ ᠮᠣᠩᠭᠤᠯ ᠡᠮ ᠡᠮᠨᠡᠯᠭᠡ ᠶᠢᠨ ᠰᠤᠷᠭᠠᠨ ᠬᠥᠮᠥᠵᠢᠯ ᠤᠨ ᠪᠦᠷᠢᠨ ᠪᠦᠲᠦᠨ ᠰᠢᠰᠲ᠋ᠧᠮᠵᠢ ᠶᠢ ᠨᠢᠭᠡᠨᠲᠡ ᠪᠦᠷᠢᠯᠳᠦᠭᠦᠯᠪᠡ᠃ ᠡᠭᠦᠨ ᠳᠤ᠂ ︽ᠬᠢᠲᠠᠳ ᠠᠨᠠᠭᠠᠬᠤ ᠤᠬᠠᠭᠠᠨ ᠤ ᠶᠡᠭᠡ ᠪᠠᠭᠰᠢ︾ 3 ᠬᠥᠮᠥᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠷᠡᠲᠦ ᠮᠣᠩᠭᠤᠯ ᠡᠮᠴᠢ 114 ᠬᠥᠮᠥᠨ ᠪᠠᠶᠢᠨ᠎ᠠ︔ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠢ ᠰᠢᠯᠭᠠᠷᠠᠭᠤᠯᠬᠤ ᠢᠨᠵᠧᠨᠧᠷᠢᠩ ᠢᠶᠠᠷ ᠳᠠᠮᠵᠢᠭᠤᠯᠤᠨ᠂ ᠬᠢᠴᠢᠶᠡᠯ ᠰᠢᠨᠵᠢᠯᠡᠭᠡᠨ ᠤ ᠳᠠᠭᠠᠭᠤᠯᠤᠭᠴᠢ᠂ ᠡᠷᠳᠡᠮ ᠰᠢᠨᠵᠢᠯᠡᠭᠡᠨ ᠤ ᠨᠢᠷᠤᠭᠤᠪᠴᠢ ᠬᠦᠴᠦᠨ 40 ᠭᠠᠷᠤᠢ ᠬᠥᠮᠥᠨ ᠢ ᠣᠷᠣᠭᠤᠯᠤᠨ ᠠᠪᠴᠢᠷᠠᠵᠠᠢ᠃      ᠹᠦ᠋ ᠷᠦᠢ ᠹᠧᠩ᠄      ᠭᠤᠷᠪᠠ ᠳᠤ᠂ ᠣᠨᠴᠠᠯᠢᠭᠲᠤ ᠳᠠᠪᠠᠭᠤᠯᠢᠭ ᠢ ᠬᠠᠮᠠᠭᠠᠯᠠᠨ ᠪᠠᠳᠠᠷᠠᠭᠤᠯᠪᠠ᠃ ᠥᠪᠡᠷᠲᠡᠭᠡᠨ ᠵᠠᠰᠠᠬᠤ  ᠣᠷᠣᠨ ᠠᠴᠠ ᠮᠣᠩᠭᠤᠯ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠵᠤ᠂ ᠲᠥᠪ ᠠᠴᠠ ᠣᠷᠣᠭᠤᠯᠤᠭᠰᠠᠨ 17 ᠳ᠋ᠦᠩᠰᠢᠭᠤᠷ ᠭᠠᠷᠤᠢ ᠲᠥᠭᠦᠷᠢᠭ ᠢ ᠴᠢᠷᠮᠠᠶᠢᠨ ᠣᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ 3 ᠰᠠᠭᠤᠷᠢ᠂ ᠠᠶᠢᠮᠠᠭ ᠬᠤᠲᠠ ᠶᠢᠨ ᠳᠡᠰ ᠤᠨ 8 ᠰᠠᠭᠤᠷᠢ᠂ ᠬᠤᠰᠢᠭᠤ ᠰᠢᠶᠠᠨ ᠤ ᠳᠡᠰ ᠤᠨ 81 ᠰᠠᠭᠤᠷᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠪᠠᠶᠢᠭᠤᠯᠤᠯᠲᠠ ᠶᠢ ᠪᠡᠶᠡᠯᠡᠭᠦᠯᠪᠡ᠃ ᠮᠣᠩᠭᠤᠯ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠠᠶᠢᠭᠤᠯᠤᠯᠲᠠ ᠪᠠ ᠮᠣᠩᠭᠤᠯ ᠡᠮ ᠤᠨ ᠨᠠᠶᠢᠷᠠᠯᠭ᠎ᠠ ᠶᠢᠨ ᠲᠠᠰᠤᠭ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠤᠯᠤᠰ ᠤᠨ ᠡᠮᠴᠢᠯᠡᠭᠡᠨ ᠤ ᠭᠤᠣᠯᠳᠠᠯᠭ᠎ᠠ ᠲᠠᠢ 9 ᠲᠤᠰᠬᠠᠢ ᠰᠠᠯᠠᠭ᠎ᠠ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽12 · 5︾ ᠶᠢᠨ ᠭᠤᠣᠯᠳᠠᠯᠭ᠎ᠠ ᠲᠠᠢ ᠰᠠᠯᠠᠭ᠎ᠠ ᠪᠣᠯᠬᠤ 15 ᠲᠤᠰᠬᠠᠢ ᠰᠠᠯᠠᠭ᠎ᠠ ᠪᠠ 8 ᠲᠤᠰᠬᠠᠢ ᠰᠠᠯᠠᠭ᠎ᠠ ᠪᠠᠷ ᠬᠥᠮᠥᠵᠢᠭᠦᠯᠦᠨ ᠪᠤᠶᠢᠵᠢᠭᠤᠯᠬᠤ ᠲᠥᠷᠥᠯ ᠵᠦᠢᠯ ᠪᠣᠯᠭᠠᠪᠠ᠃ ᠪᠦᠬᠦ ᠣᠷᠣᠨ ᠳᠤ ᠪᠠᠷᠢᠮᠵᠢᠶᠠᠵᠢᠭᠤᠯᠤᠭᠰᠠᠨ ᠮᠣᠩᠭᠤᠯ ᠡᠮ ᠤᠨ ᠨᠠᠶᠢᠷᠠᠯᠭ᠎ᠠ ᠶᠢᠨ 54 ᠲᠠᠰᠤᠭ ᠪᠠᠶᠢᠵᠤ᠂ ᠦᠢᠯᠡᠳᠪᠦᠷᠢᠯᠡᠭᠰᠡᠨ ᠮᠣᠩᠭᠤᠯ ᠡᠮ ᠤᠨ ᠨᠠᠶᠢᠷᠠᠯᠭ᠎ᠠ ᠶᠢᠨ ᠲᠥᠷᠥᠯ ᠵᠦᠢᠯ ᠨᠢ 800 ᠭᠠᠷᠤᠢ ᠵᠦᠢᠯ ᠳᠤ ᠬᠦᠷᠪᠡ᠃ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ᠂ ᠡᠷᠡᠭᠦᠯ ᠮᠡᠨᠳᠦ᠂ ᠡᠷᠡᠭᠦᠯᠵᠢᠯ ᠤᠨ ᠲᠥᠷᠥᠯ ᠵᠦᠢᠯ ᠢ ᠥᠷᠭᠡᠨ ᠢᠶᠠᠷ ᠥᠷᠨᠢᠭᠦᠯᠦᠨ᠂ ᠮᠣᠩᠭᠤᠯ ᠡᠮ ᠡᠮᠨᠡᠯᠭᠡ ᠬᠢᠭᠡᠳ ᠨᠠᠰᠤᠵᠢᠯ᠂ ᠵᠢᠭᠤᠯᠴᠢᠯᠠᠯ ᠢ ᠬᠠᠷᠢᠯᠴᠠᠨ ᠤᠶᠠᠯᠳᠤᠭᠤᠯᠵᠤ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡ ᠶᠢᠨ ᠬᠡᠪᠴᠢᠶ᠎ᠡ ᠶᠢ ᠨᠢ ᠲᠠᠰᠤᠷᠠᠯᠲᠠ ᠦᠭᠡᠢ ᠥᠷᠭᠡᠳᠬᠡᠵᠡᠢ᠃      ᠬᠥᠲᠥᠯᠥᠭᠴᠢ᠄ ᠮᠣᠩᠭᠤᠯ ᠡᠮ ᠡᠮᠨᠡᠯᠭᠡ ᠪᠣᠯ ᠮᠠᠨ ᠤ ᠣᠷᠣᠨ ᠤ ᠠᠵᠤ ᠠᠬᠤᠢ ᠶᠢᠨ ᠰᠢᠨ᠎ᠡ ᠥᠰᠦᠯᠲᠡ ᠶᠢᠨ ᠴᠡᠭ ᠪᠠᠶᠢᠵᠤ᠂ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ ᠪᠠᠶᠢᠳᠠᠭ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠮᠣᠩᠭᠤᠯ ᠡᠮ ᠡᠮᠨᠡᠯᠭᠡ ᠶᠢᠨ ᠠᠵᠤ ᠦᠢᠯᠡᠰ ᠢ ︽ᠳᠣᠯᠣᠭᠠᠨ ᠰᠦᠯᠵᠢᠶ᠎ᠡ ᠳᠣᠯᠣᠭᠠᠨ ᠦᠢᠯᠡᠰ ᠳᠣᠯᠣᠭᠠᠨ ᠰᠢᠨ᠎ᠡ︾ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠣᠷᠣᠭᠤᠯᠪᠠ᠃ ᠲᠡᠭᠡᠪᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢᠨ ᠰᠤᠳᠤᠯᠤᠯᠲᠠ ᠬᠢᠵᠦ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠶᠢ ᠬᠡᠷᠬᠢᠨ ᠲᠦᠷᠭᠡᠳᠬᠡᠭᠰᠡᠨ ᠪᠣᠢ︖      ᠹᠦ᠋ ᠷᠦᠢ ᠹᠧᠩ᠄      ᠨᠢᠭᠡ ᠳᠤ᠂ ᠮᠣᠩᠭᠤᠯ ᠡᠮ ᠡᠮᠨᠡᠯᠭᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠪᠡ᠃ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠵᠢᠯ ᠪᠦᠷᠢ 500 ᠲᠦᠮᠡᠨ ᠲᠥᠭᠦᠷᠢᠭ ᠤᠨ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ︽ᠮᠣᠩᠭᠤᠯ ᠡᠮᠨᠡᠯᠭᠡ ᠶᠢᠨ ᠡᠪᠡᠳᠴᠢᠨ ᠡᠮᠭᠡᠭ ᠢ ᠣᠨᠣᠰᠢᠯᠠᠬᠤ ᠡᠮᠴᠢᠯ ᠤᠨ ᠲᠤᠰᠠ ᠶᠢᠨ ᠪᠠᠷᠢᠮᠵᠢᠶ᠎ᠠ︾᠂ ︽ᠥᠪᠥᠷ ᠮᠣᠩᠭᠤᠯ ᠤᠨ ᠮᠣᠩᠭᠤᠯ ᠡᠮ ᠤᠨ ᠨᠠᠶᠢᠷᠠᠯᠭ᠎ᠠ ᠶᠢᠨ ᠵᠢᠷᠤᠮᠵᠢᠯ︾᠂ ︽ᠥᠪᠥᠷ ᠮᠣᠩᠭᠤᠯ ᠤᠨ ᠮᠣᠩᠭᠤᠯ ᠡᠮ ᠤᠨ ᠮᠠᠲ᠋ᠧᠷᠢᠶᠠᠯ ᠢ ᠨᠣᠮᠣᠬᠠᠳᠬᠠᠬᠤ ᠵᠢᠷᠤᠮᠵᠢᠯ︾᠂ ︽ᠥᠪᠥᠷ ᠮᠣᠩᠭᠤᠯ ᠤᠨ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶ᠎ᠠ ︵ᠨᠡᠮᠡᠨ ᠨᠥᠬᠦᠪᠦᠷᠢᠯᠡᠭᠰᠡᠨ ᠳᠡᠪᠲᠡᠷ︶︾ ᠵᠡᠷᠭᠡ ᠮᠣᠩᠭᠤᠯ ᠡᠮᠨᠡᠯᠭᠡ ᠪᠤᠶᠤ ᠮᠣᠩᠭᠤᠯ ᠡᠮ ᠤᠨ 14 ᠪᠣᠳᠢ ᠪᠠᠷᠢᠮᠵᠢᠶ᠎ᠠ ᠶᠢ ᠰᠤᠳᠤᠯᠤᠨ ᠬᠡᠪᠯᠡᠭᠦᠯᠵᠦ᠂ ᠨᠢᠭᠡᠨᠲᠡ ᠠᠵᠢᠯ ᠲᠥᠷᠥᠯ ᠤᠨ ᠳᠣᠲᠣᠭᠠᠳᠤ ᠳᠤ ᠪᠠᠨ ᠳᠡᠯᠭᠡᠷᠡᠭᠦᠯᠦᠨ ᠬᠡᠷᠡᠭᠯᠡᠪᠡ᠃ ︽ᠮᠣᠩᠭᠤᠯ ᠡᠮᠨᠡᠯᠭᠡ ᠶᠢᠨ ᠤᠯᠠᠮᠵᠢᠯᠠᠯᠲᠤ ᠶᠠᠰᠤ ᠪᠠᠷᠢᠬᠤ ᠮᠡᠷᠭᠡᠵᠢᠯ ᠤᠨ ᠠᠵᠢᠯᠯᠠᠭᠤᠯᠬᠤ ᠵᠢᠷᠤᠮᠵᠢᠯ︾᠂ ︽ᠥᠪᠥᠷ ᠮᠣᠩᠭᠤᠯ ᠤᠨ ᠮᠣᠩᠭᠤᠯ ᠡᠮ ᠤᠨ ᠮᠠᠲ᠋ᠧᠷᠢᠶᠠᠯ ᠢ ᠨᠣᠮᠣᠬᠠᠳᠬᠠᠬᠤ ᠵᠢᠷᠤᠮᠵᠢᠯ ︵2017 ᠣᠨ ᠤ ᠬᠡᠪᠯᠡᠯ︶︾ ᠵᠡᠷᠭᠡ ᠶᠢᠨ ᠰᠤᠳᠤᠯᠤᠨ ᠲᠣᠭᠲᠠᠭᠠᠬᠤ ᠠᠵᠢᠯ ᠨᠢ ᠤᠷᠤᠭᠰᠢᠲᠠᠢ ᠶᠠᠪᠤᠭᠳᠠᠵᠤ ᠪᠠᠶᠢᠨ᠎ᠠ᠃ ᠮᠣᠩᠭᠤᠯ ᠡᠮ ᠡᠮᠨᠡᠯᠭᠡ ᠪᠠᠷ ᠵᠢᠷᠦᠬᠡ ᠬᠠᠳᠬᠤᠯᠠᠵᠤ ᠡᠪᠡᠳᠬᠦ᠂ ᠦᠬᠡᠷ ᠢᠯᠢᠳᠦ ᠵᠡᠷᠭᠡ 200 ᠭᠠᠷᠤᠢ ᠡᠪᠡᠳᠴᠢᠨ ᠤ ᠵᠦᠢᠯ ᠢ ᠡᠮᠴᠢᠯᠡᠨ ᠵᠠᠰᠠᠬᠤ ᠵᠦᠭᠯᠡᠭᠦᠷ ᠢ ᠲᠣᠭᠲᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠮᠣᠩᠭᠤᠯ ᠡᠮ ᠤᠨ 285 ᠵᠦᠢᠯ ᠤᠨ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠭᠰᠠᠨ ᠪᠠ ᠵᠠᠰᠠᠯᠲᠠ ᠣᠷᠣᠭᠤᠯᠵᠤ᠂ ᠪᠠᠰᠠ 209 ᠵᠦᠢᠯ ᠢ ᠨᠢ ᠶᠠᠭ ᠰᠠᠶᠢᠬᠠᠨ ᠲᠣᠭᠲᠠᠭᠠᠵᠤ ᠪᠠᠶᠢᠨ᠎ᠠ᠃      ᠬᠤᠶᠠᠷ ᠲᠤ᠂ ᠮᠣᠩᠭᠤᠯ ᠡᠮ ᠡᠮᠨᠡᠯᠭᠡ ᠶᠢᠨ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠲᠦᠷᠭᠡᠳᠬᠡᠪᠡ᠃ ᠤᠯᠤᠰ ᠤᠨ ᠳᠡᠰ ᠤᠨ ᠭᠤᠣᠯᠳᠠᠯᠭ᠎ᠠ ᠲᠠᠢ ᠬᠢᠴᠢᠶᠡᠯ ᠲᠥᠷᠥᠯ 12᠂ ᠥᠪᠡᠷᠲᠡᠭᠡᠨ ᠵᠠᠰᠠᠬᠤ ᠣᠷᠣᠨ ᠤ ᠲᠦᠷᠦᠭᠦᠯᠡᠭᠴᠢ ᠭᠤᠣᠯᠳᠠᠯᠭ᠎ᠠ ᠲᠠᠢ ᠬᠢᠴᠢᠶᠡᠯ ᠲᠥᠷᠥᠯ 29᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠰᠤᠳᠤᠯᠤᠨ ᠬᠥᠭᠵᠢᠭᠦᠯᠬᠦ ᠲᠥᠪ 24 ᠪᠠᠶᠢᠨ᠎ᠠ᠃ ᠮᠣᠩᠭᠤᠯ ᠡᠮ ᠡᠮᠨᠡᠯᠭᠡ ᠪᠠᠷ ᠶᠠᠰᠤᠨ ᠤ ᠦᠶ᠎ᠡ ᠭᠡᠰᠢᠭᠦᠨ ᠤ ᠡᠪᠡᠳᠴᠢᠨ ᠢ ᠡᠮᠨᠡᠨ ᠵᠠᠰᠠᠬᠤ ᠵᠡᠷᠭᠡ 7 ᠵᠦᠢᠯ ᠤᠨ ᠰᠡᠳᠦᠪ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠲᠥᠯᠥᠪᠯᠡᠭᠡ ᠳᠤ ᠵᠢᠭᠰᠠᠭᠠᠭᠳᠠᠨ᠂ 20 ᠭᠠᠷᠤᠢ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠨᠢ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠳᠤ ᠵᠢᠭᠰᠠᠭᠠᠭᠳᠠᠵᠤ᠂ ᠮᠣᠩᠭᠤᠯ ᠡᠮᠨᠡᠯᠭᠡ ᠶᠢᠨ ᠥᠪᠡᠷᠮᠢᠴᠡ ᠣᠨᠴᠠᠯᠢᠭᠲᠤ ᠡᠮᠨᠡᠨ ᠵᠠᠰᠠᠬᠤ ᠮᠡᠷᠭᠡᠵᠢᠯ ᠤᠨ ᠡᠮᠴᠢᠯᠡᠭᠡᠨ ᠤ ᠰᠤᠳᠤᠯᠤᠯᠲᠠ ᠬᠢᠭᠡᠳ ᠬᠡᠷᠡᠭᠯᠡᠯᠲᠡ᠂ ᠮᠣᠩᠭᠤᠯ ᠡᠮ ᠡᠮᠨᠡᠯᠭᠡ ᠶᠢᠨ ᠣᠳᠣᠬᠢᠴᠢᠯᠠᠭᠰᠠᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯᠲᠠ ᠵᠢᠴᠢ ᠮᠣᠩᠭᠤᠯ ᠡᠮ ᠤᠨ ᠠᠵᠤ ᠦᠢᠯᠡᠰᠵᠢᠯᠲᠠ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠵᠢᠭᠰᠠᠭᠠᠭᠳᠠᠵᠠᠢ᠃      ᠭᠤᠷᠪᠠ ᠳᠤ᠂ ᠮᠣᠩᠭᠤᠯ ᠡᠮ ᠤᠨ ᠮᠠᠲ᠋ᠧᠷᠢᠶᠠᠯ ᠢ ᠰᠤᠳᠤᠯᠬᠤ ᠪᠠ ᠲᠠᠷᠢᠵᠤ ᠪᠤᠶᠢᠵᠢᠭᠤᠯᠬᠤ ᠠᠵᠢᠯ ᠢ ᠥᠷᠨᠢᠭᠦᠯᠪᠡ᠃ ᠮᠣᠩᠭᠤᠯ ᠡᠮ ᠤᠨ ᠬᠡᠭᠡᠷ᠎ᠡ ᠶᠢᠨ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠲᠤ ᠪᠠᠶᠢᠴᠠᠭᠠᠯᠲᠠ ᠬᠢᠬᠦ᠂ ᠤᠯᠠᠮᠵᠢᠯᠠᠯᠲᠤ ᠵᠣᠷ ᠨᠠᠶᠢᠷᠠᠯᠭ᠎ᠠ ᠶᠢ ᠰᠢᠯᠢᠨ ᠰᠣᠩᠭᠤᠬᠤ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠣᠯᠪᠠ᠃ ︽ᠥᠪᠡᠷᠮᠢᠴᠡ ᠣᠨᠴᠠᠯᠢᠭᠲᠤ ᠮᠣᠩᠭᠤᠯ ᠡᠮ ᠤᠨ ᠮᠠᠲ᠋ᠧᠷᠢᠶᠠᠯ ᠬᠢᠭᠡᠳ ᠨᠡᠶᠢᠯᠡᠮᠡᠯ ᠨᠠᠶᠢᠷᠠᠯᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠵᠢᠴᠢ ᠨᠡᠭᠡᠭᠡᠨ ᠬᠥᠭᠵᠢᠭᠦᠯᠬᠦ ᠰᠤᠳᠤᠯᠤᠯᠲᠠ︾ ᠶᠢ ᠠᠵᠢᠯᠯᠠᠭᠤᠯᠤᠨ ᠬᠡᠷᠡᠭᠵᠢᠭᠦᠯᠪᠡ᠃ ᠲᠣᠮᠣ ᠰᠦᠪᠡᠲᠦ ᠳᠠᠪᠠᠷᠬᠠᠢ ᠶᠢ ᠰᠠᠯᠭᠠᠬᠤ ᠮᠡᠷᠭᠡᠵᠢᠯ ᠵᠡᠷᠭᠡ ᠣᠳᠣ ᠦᠶ᠎ᠡ ᠶᠢᠨ ᠮᠡᠷᠭᠡᠵᠢᠯ ᠢ ᠬᠡᠷᠡᠭᠯᠡᠨ ᠮᠣᠩᠭᠤᠯ ᠡᠮ ᠤᠨ ᠨᠠᠶᠢᠷᠠᠯᠭ᠎ᠠ ᠳᠤ ᠰᠤᠳᠤᠯᠤᠯᠲᠠ ᠬᠢᠵᠦ ᠦᠷ᠎ᠡ ᠪᠦᠲᠦᠮᠵᠢ ᠣᠯᠪᠠ᠃ ᠨᠢᠭᠡ ᠪᠦᠯᠦᠭ ᠮᠣᠩᠭᠤᠯ ᠡᠮ ᠪᠠ ᠰᠢᠨ᠎ᠡ ᠪᠠᠷ ᠡᠭᠦᠳᠦᠭᠰᠡᠨ ᠡᠮ ᠵᠢᠴᠢ ᠬᠤᠶᠠᠳᠠᠬᠢ ᠤᠳᠠᠭ᠎ᠠ ᠨᠡᠭᠡᠭᠡᠨ ᠬᠥᠭᠵᠢᠭᠦᠯᠦᠭᠰᠡᠨ ᠨᠡᠶᠢᠲᠡ ᠶᠢᠨ ᠴᠢᠨᠠᠷᠲᠠᠢ ᠵᠠᠩᠭᠢᠯᠠᠭ᠎ᠠ ᠶᠢᠨ ᠮᠡᠷᠭᠡᠵᠢᠯ ᠳᠤ ᠰᠢᠪᠲᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠠᠴᠠ ᠵᠢᠩᠬᠢᠨᠢ ᠪᠠᠶᠢᠭᠠᠯᠢᠯᠢᠭ ᠡᠮ ᠤᠨ ᠮᠠᠲ᠋ᠧᠷᠢᠶᠠᠯ᠂ ᠥᠷᠭᠡᠨ ᠬᠡᠷᠡᠭᠴᠡᠭᠡᠨ ᠤ ᠡᠮ ᠤᠨ ᠮᠠᠲ᠋ᠧᠷᠢᠶᠠᠯ ᠤᠨ ᠣᠷᠣᠨ ᠪᠦᠰᠡᠵᠢᠭᠦᠯᠬᠦ ᠪᠠ ᠬᠡᠪᠴᠢᠶᠡᠵᠢᠭᠦᠯᠦᠨ ᠲᠠᠷᠢᠵᠤ ᠤᠷᠭᠤᠭᠤᠯᠬᠤ ᠶᠢ ᠥᠷᠨᠢᠭᠦᠯᠦᠨ᠂ ᠪᠦᠬᠦ ᠣᠷᠣᠨ ᠤ ᠡᠮ ᠤᠨ ᠮᠠᠲ᠋ᠧᠷᠢᠶᠠᠯ ᠤᠨ ᠲᠠᠷᠢᠵᠤ ᠤᠷᠭᠤᠭᠤᠯᠤᠭᠰᠠᠨ ᠲᠠᠯᠠᠪᠠᠢ ᠨᠢ 131 ᠲᠦᠮᠡᠨ ᠮᠦ ᠳᠤ ᠬᠦᠷᠪᠡ᠃ ᠡᠮ ᠳᠤ ᠬᠡᠷᠡᠭᠯᠡᠬᠦ ᠤᠷᠭᠤᠮᠠᠯ ᠢ ᠲᠠᠷᠢᠵᠤ ᠤᠷᠠᠭᠤᠯᠬᠤ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠂ 30 ᠭᠠᠷᠤᠢ ᠵᠦᠢᠯ ᠤᠨ ᠮᠣᠩᠭᠤᠯ ᠡᠮ ᠤᠨ ᠮᠠᠲ᠋ᠧᠷᠢᠶᠠᠯ ᠢ ᠲᠠᠷᠢᠵᠤ ᠤᠷᠭᠤᠭᠤᠯᠬᠤ ᠮᠡᠷᠭᠡᠵᠢᠯ ᠢ ᠰᠤᠳᠤᠯᠬᠤ ᠬᠢᠭᠡᠳ ᠳᠡᠯᠭᠡᠷᠡᠭᠦᠯᠬᠦ ᠶᠢ ᠥᠷᠨᠢᠭᠦᠯᠪᠡ᠃ ᠮᠣᠩᠭᠤᠯ ᠡᠮ ᠤᠨ ᠮᠠᠲ᠋ᠧᠷᠢᠶᠠᠯ ᠢ ᠲᠠᠷᠢᠵᠤ ᠤᠷᠭᠤᠭᠤᠯᠤᠭᠰᠠᠨ 4 ᠠᠵᠤ ᠠᠬᠤᠶᠢᠯᠠᠯ ᠨᠢ ᠤᠯᠤᠰ ᠤᠨ ︽ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠡᠯᠡ ᠮᠥᠩᠭᠦ ᠶᠢᠨ ᠳᠡᠭᠡᠭᠰᠢᠯᠡᠭᠦᠯᠦᠨ ᠪᠠᠲᠤᠯᠠᠬᠤ ᠬᠦᠷᠢᠶ᠎ᠡ ᠴᠠᠷᠠᠭᠠᠨ ᠤ ᠲᠥᠷᠥᠯ ᠵᠦᠢᠯ︾ ᠳᠤ ᠵᠢᠭᠰᠠᠭᠠᠭᠳᠠᠵᠠᠢ᠃ ᠴᠠᠭᠠᠨ ᠰᠤᠷᠤᠯᠤ᠂ ᠬᠤᠷᠳᠤᠨ ᠴᠠᠭᠠᠨ ᠤ ᠭᠠᠷᠤᠯᠲᠠ ᠨᠢ ᠪᠦᠬᠦ ᠤᠯᠤᠰ ᠤᠨ ᠭᠠᠷᠤᠯᠲᠠ ᠶᠢᠨ 80% ᠪᠠ 40% ᠶᠢ ᠡᠵᠡᠯᠡᠵᠦ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ ᠨᠢ ᠪᠦᠬᠦ ᠤᠯᠤᠰ ᠤᠨ ᠨᠠᠢᠮᠠᠨ ᠶᠡᠭᠡ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠨᠢᠭᠡ ᠪᠠᠷ ᠵᠢᠭᠰᠠᠭᠠᠭᠳᠠᠵᠠᠢ᠃      ᠹᠦ᠋ ᠷᠦᠢ ᠹᠧᠩ᠄      ᠳᠥᠷᠪᠡ ᠳᠤ᠂ ᠮᠣᠩᠭᠤᠯ ᠡᠮ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠪᠦᠬᠦ ᠣᠷᠣᠨ ᠳᠤ 18 ᠮᠣᠩᠭᠤᠯ ᠡᠮ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠠᠶᠢᠵᠤ᠂ ᠳᠠᠩᠰᠠᠯᠠᠭᠤᠯᠤᠭᠰᠠᠨ ᠲᠥᠷᠥᠯ ᠵᠦᠢᠯ  ᠨᠢ 128᠂ ᠵᠢᠯ ᠤᠨ ᠪᠣᠷᠣᠯᠠᠭᠤᠯᠤᠯᠲᠠ ᠶᠢᠨ ᠲᠤᠭ᠎ᠠ ᠨᠢ 16 ᠳ᠋ᠦᠩᠰᠢᠭᠤᠷ ᠲᠥᠭᠦᠷᠢᠭ ᠲᠤ ᠬᠦᠷᠴᠡᠢ᠃ ᠡᠮᠴᠢᠯᠡᠭᠡ ᠶᠢᠨ ᠪᠠᠶᠢᠭᠤᠯᠤᠮᠵᠢ ᠶᠢᠨ ᠮᠣᠩᠭᠤᠯ ᠡᠮ ᠤᠨ ᠨᠠᠶᠢᠷᠠᠯᠭ᠎ᠠ ᠶᠢᠨ ᠲᠠᠰᠤᠭ 54᠂ ᠨᠠᠶᠢᠷᠠᠯᠭ᠎ᠠ ᠶᠢᠨ ᠵᠥᠪᠰᠢᠶᠡᠷᠡᠯ ᠤᠨ ᠪᠢᠴᠢᠭ ᠤᠨ ᠨᠣᠮᠧᠷ 4756 ᠪᠠᠶᠢᠵᠤ᠂ ᠮᠣᠩᠭᠤᠯ ᠡᠮ ᠤᠨ ᠨᠠᠶᠢᠷᠠᠯᠭ᠎ᠠ ᠶᠢᠨ ᠵᠢᠯ ᠤᠨ ᠪᠣᠷᠣᠯᠠᠭᠤᠯᠤᠯᠲᠠ ᠶᠢᠨ ᠲᠤᠭ᠎ᠠ ᠨᠢ 2 ᠳ᠋ᠦᠩᠰᠢᠭᠤᠷ ᠲᠥᠭᠦᠷᠢᠭ ᠢ ᠳᠠᠪᠠᠪᠠ᠃ ᠲᠦᠩᠯᠢᠶᠣᠣ ᠶᠢᠨ ︽ᠮᠣᠩᠭᠤᠯ ᠡᠮ ᠡᠮᠨᠡᠯᠭᠡ ᠶᠢᠨ ᠬᠤᠲᠠ︾ ᠶᠢᠨ ᠪᠠᠶᠢᠭᠤᠯᠤᠯᠲᠠ ᠶᠢ ᠶᠡᠭᠡ ᠬᠦᠴᠦᠨ ᠢᠶᠠᠷ ᠳᠡᠮᠵᠢᠨ᠂ ᠳᠠᠪᠠᠭᠤᠯᠢᠭ ᠠᠵᠤ ᠠᠬᠤᠶᠢᠯᠠᠯ ᠪᠠ ᠳᠠᠪᠠᠭᠤᠯᠢᠭ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠥᠪᠥᠷ ᠮᠣᠩᠭᠤᠯ ᠤᠨ ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ᠂ ᠤᠯᠠᠭᠠᠨᠬᠤᠲᠠ ᠶᠢᠨ ᠬᠢᠲᠠᠳ ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ ᠵᠡᠷᠭᠡ ᠵᠢᠯ ᠤᠨ ᠪᠣᠷᠣᠯᠠᠭᠤᠯᠭ᠎ᠠ ᠶᠢᠨ ᠲᠤᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠮᠣᠩᠭᠤᠯ ᠡᠮ ᠤᠨ ᠠᠵᠤ ᠠᠬᠤᠶᠢᠯᠠᠯ ᠢ ᠪᠠᠶᠢᠭᠤᠯᠪᠠ᠃ ᠰᠢᠨ᠎ᠡ ᠭᠠᠷ ᠤᠷᠠᠯᠠᠯ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠨᠡᠭᠡᠭᠡᠨ ᠬᠥᠭᠵᠢᠭᠦᠯᠬᠦ ᠬᠢᠭᠡᠳ ᠬᠡᠷᠡᠭᠯᠡᠬᠦ ᠶᠢ ᠢᠳᠡᠪᠬᠢᠲᠡᠢ ᠥᠷᠨᠢᠭᠦᠯᠵᠦ᠂ ᠮᠣᠩᠭᠤᠯ ᠡᠮ ᠤᠨ ᠵᠠᠬ᠎ᠠ ᠳᠡᠯᠭᠡᠭᠦᠷ ᠤᠨ ᠠᠯᠳᠠᠷᠰᠢᠯ ᠢ ᠥᠷᠭᠡᠳᠬᠡᠨ᠂ ᠮᠣᠩᠭᠤᠯ ᠡᠮ ᠤᠨ ᠦᠢᠯᠡᠳᠬᠦᠨ ᠤ ᠥᠷᠲᠡᠭ ᠤᠨ ᠬᠤᠪᠢ ᠶᠢᠨ ᠲᠤᠭ᠎ᠠ ᠪᠠ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠢ ᠴᠢᠷᠮᠠᠶᠢᠨ ᠳᠡᠭᠡᠭᠰᠢᠯᠡᠭᠦᠯᠪᠡ᠃ ᠣᠳᠣᠬᠠᠨ ᠳᠤ᠂ ᠪᠣᠯᠣᠷ ᠬᠤᠮᠵᠢᠶ᠎ᠠ ᠡᠮ᠂ ᠡᠷᠬᠢᠮ — 8 ᠬᠤᠮᠵᠢᠶ᠎ᠠ ᠡᠮ᠂ ᠪᠥᠭᠡᠷ᠎ᠡ ᠭᠤᠶᠣᠣ ᠮᠥᠬᠦᠯᠢᠭ᠂ ᠡᠷᠳᠡᠨᠢ ᠶᠢᠨ ᠦᠷᠡᠯ᠂ ᠵᠠᠴᠦ᠋ᠩ — 13᠂ ᠰᠣᠷᠣᠯᠣ — 4 ᠬᠤᠮᠵᠢᠶ᠎ᠠ ᠡᠮ ᠵᠡᠷᠭᠡ 10 ᠭᠠᠷᠤᠢ ᠵᠦᠢᠯ ᠤᠨ ᠮᠣᠩᠭᠤᠯ ᠡᠮ ᠤᠨ ᠨᠡᠷᠡᠲᠦ ᠲᠡᠮᠳᠡᠭᠲᠦ ᠦᠢᠯᠡᠳᠬᠦᠨ ᠨᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ᠂ ᠲᠡᠭᠦᠨ ᠤ ᠳᠣᠲᠣᠷ᠎ᠠ ᠡᠷᠳᠡᠨᠢ ᠶᠢᠨ ᠦᠷᠡᠯ ᠵᠡᠷᠭᠡ 3 ᠳᠠᠩ ᠲᠥᠷᠥᠯ ᠵᠦᠢᠯ ᠤᠨ ᠵᠢᠯ ᠤᠨ ᠪᠣᠷᠣᠯᠠᠭᠤᠯᠭ᠎ᠠ ᠶᠢᠨ ᠲᠤᠭ᠎ᠠ ᠨᠢ 5000 ᠲᠦᠮᠡᠨ ᠲᠥᠭᠦᠷᠢᠭ ᠢ ᠳᠠᠪᠠᠵᠠᠢ᠃      ᠬᠥᠲᠥᠯᠥᠭᠴᠢ᠄ ᠮᠣᠩᠭᠤᠯ ᠡᠮ ᠡᠮᠨᠡᠯᠭᠡ ᠶᠢᠨ ᠰᠣᠶᠣᠯ ᠪᠣᠯ ᠮᠣᠩᠭᠤᠯ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢᠨ ᠰᠣᠶᠣᠯ ᠢ ᠬᠡᠷᠬᠢᠨ ᠤᠯᠠᠮᠵᠢᠯᠠᠭᠰᠠᠨ ᠪᠠ ᠤᠬᠠᠭᠤᠯᠤᠨ ᠳᠡᠯᠭᠡᠷᠡᠭᠦᠯᠦᠭᠰᠡᠨ ᠪᠣᠢ︖      ᠹᠦ᠋ ᠷᠦᠢ ᠹᠧᠩ᠄      ᠨᠢᠭᠡ ᠳᠤ᠂ ᠮᠣᠩᠭᠤᠯ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠮᠣᠩᠭᠤᠯ ᠡᠮᠨᠡᠯᠭᠡ ᠶᠢᠨ 5 ᠵᠦᠢᠯ ᠤᠨ ᠥᠪᠡᠷᠮᠢᠴᠡ ᠣᠨᠴᠠᠯᠢᠭᠲᠤ ᠮᠡᠷᠭᠡᠵᠢᠯ ᠨᠢ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠵᠢᠭᠰᠠᠭᠠᠭᠳᠠᠨ ᠂ 24 ᠵᠦᠢᠯ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠵᠢᠭᠰᠠᠭᠠᠭᠳᠠᠪᠠ᠃ 3 ᠨᠡᠷᠡᠲᠦ ᠮᠣᠩᠭᠤᠯ ᠡᠮᠴᠢ ᠨᠢ ᠤᠯᠤᠰ ᠤᠨ ᠳᠡᠰ ᠤᠨ ᠲᠥᠯᠥᠭᠡᠯᠡᠭᠴᠢ ᠴᠢᠨᠠᠷᠲᠠᠢ ᠤᠯᠠᠮᠵᠢᠯᠠᠭᠴᠢ ᠪᠣᠯᠵᠤ᠂ 42 ᠨᠡᠷᠡᠲᠦ ᠮᠣᠩᠭᠤᠯ ᠡᠮᠴᠢ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠲᠥᠯᠥᠭᠡᠯᠡᠭᠴᠢ ᠴᠢᠨᠠᠷᠲᠠᠢ ᠤᠯᠠᠮᠵᠢᠯᠠᠭᠴᠢ ᠪᠣᠯᠪᠠ᠃ ᠤᠯᠤᠰ ᠤᠨ ᠳᠡᠰ ᠤᠨ ᠡᠷᠳᠡᠮ ᠰᠢᠨᠵᠢᠯᠡᠭᠡᠨ ᠤ ᠤᠯᠠᠮᠵᠢᠯᠠᠯ ᠤᠨ ᠠᠵᠢᠯ ᠤᠨ 18 ᠲᠠᠰᠤᠭ ᠢ ᠪᠠᠶᠢᠭᠤᠯᠤᠨ᠂ ᠨᠡᠷᠡᠲᠦ ᠠᠬᠠᠮᠠᠳ ᠮᠣᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯᠲᠡᠨ ᠤ ᠲᠤᠷᠰᠢᠯᠭ᠎ᠠ ᠶᠢ ᠵᠠᠯᠭᠠᠮᠵᠢᠯᠠᠬᠤ ᠠᠵᠢᠯ ᠢ ᠥᠷᠨᠢᠭᠦᠯᠵᠦ᠂ 360 ᠭᠠᠷᠤᠢ ᠲᠤᠰᠬᠠᠢ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠶᠢ ᠪᠡᠶᠡᠯᠡᠭᠦᠯᠦᠨ᠂ 700 ᠭᠠᠷᠤᠢ ᠵᠠᠯᠭᠠᠮᠵᠢᠯᠠᠭᠴᠢ ᠶᠢ ᠬᠥᠮᠥᠵᠢᠭᠦᠯᠪᠡ᠃ ᠥᠪᠥᠷ ᠮᠣᠩᠭᠤᠯ ᠤᠨ ᠪᠠᠶᠢᠭᠠᠯᠢ ᠶᠢᠨ ᠲᠡᠦᠬᠡ ᠶᠢᠨ ᠮᠦᠽᠧᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ ᠮᠣᠩᠭᠤᠯ ᠡᠮ ᠡᠮᠨᠡᠯᠭᠡ ᠶᠢᠨ ᠦᠵᠡᠭᠦᠯᠭᠡ ᠶᠢ ᠨᠡᠭᠡᠭᠡᠵᠦ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠵᠢᠴᠢ ᠬᠤᠶᠠᠷ ᠰᠠᠭᠤᠷᠢ ᠶᠡᠭᠡ ᠰᠤᠷᠭᠠᠭᠤᠯᠢ ᠳᠤ ᠲᠤᠰ ᠲᠤᠰ ᠮᠣᠩᠭᠤᠯ ᠡᠮ ᠡᠮᠨᠡᠯᠭᠡ ᠶᠢᠨ ᠮᠦᠽᠧᠢ ᠶᠢ ᠪᠠᠶᠢᠭᠤᠯᠪᠠ᠃ ᠮᠣᠩᠭᠤᠯ ᠡᠮ ᠡᠮᠨᠡᠯᠭᠡ ᠶᠢᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠴᠢᠨᠠᠷᠲᠠᠢ ᠲᠥᠷᠥᠯ ᠵᠦᠢᠯ ᠤᠨ ᠲᠥᠷᠥᠯ ᠵᠦᠢᠯ ᠪᠠ ᠲᠤᠭ᠎ᠠ ᠬᠡᠮᠵᠢᠶ᠎ᠡ  ᠨᠢ ᠵᠢᠯ ᠳᠠᠷᠠᠭᠠᠯᠠᠨ ᠨᠡᠮᠡᠭᠳᠡᠵᠡᠢ᠃      ᠬᠤᠶᠠᠷ ᠲᠤ᠂ ᠤᠬᠠᠭᠤᠯᠭ᠎ᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ ᠭᠤᠣᠯᠯᠠᠭᠴᠢ ᠵᠠᠭᠤᠴᠢᠯᠠᠭᠤᠷ ᠤᠳ ᠲᠤ ᠲᠤᠰᠬᠠᠢ ᠪᠣᠯᠣᠩ ᠨᠡᠭᠡᠭᠡᠵᠦ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠦᠷ᠎ᠡ ᠪᠦᠲᠦᠭᠡᠯ᠂ ᠳᠠᠪᠠᠭᠤᠯᠢᠭ ᠣᠨᠴᠠᠯᠢᠭ᠂ ᠡᠪᠡᠳᠴᠢᠨ ᠵᠠᠰᠠᠬᠤ ᠣᠨᠣᠯᠵᠢᠬᠤᠨ᠂ ᠲᠤᠰᠬᠠᠢ ᠮᠡᠷᠭᠡᠵᠢᠯᠲᠡᠨ ᠤ ᠪᠦᠯᠬᠦᠮ᠂ ᠡᠮᠴᠢᠯᠡᠭᠡ ᠶᠢᠨ ᠪᠠᠶᠢᠭᠤᠯᠤᠮᠵᠢ ᠵᠡᠷᠭᠡ ᠪᠠᠶᠢᠳᠠᠯ ᠳᠤ ᠣᠯᠠᠨ ᠬᠠᠷᠠᠭᠠᠰᠤ᠂ ᠭᠦᠨ ᠳᠡᠰ ᠳᠠᠪᠬᠤᠷᠭ᠎ᠠ ᠠᠴᠠ ᠤᠬᠠᠭᠤᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮ ᠡᠮᠨᠡᠯᠭᠡ ᠶᠢᠨ ᠠᠵᠢᠯᠯᠠᠭ᠎ᠠ ᠶᠢ ︽ᠲᠠᠯ᠎ᠠ ᠨᠤᠲᠤᠭ ᠤᠨ ᠰᠣᠶᠣᠯ ᠤᠨ ᠨᠠᠶᠢᠷ︾ ᠪᠠ ︽ᠳᠤᠮᠳᠠᠳᠤ ᠮᠣᠩᠭᠤᠯ ᠤᠨ ᠦᠵᠡᠰᠬᠦᠯᠡᠩ︾ ᠳᠤ ᠣᠷᠣᠭᠤᠯᠵᠤ᠂ ᠲᠦᠩᠯᠢᠶᠣᠣ ᠬᠤᠲᠠ ᠳᠤ 3 ᠵᠢᠯ ᠳᠠᠷᠠᠭᠠᠯᠠᠨ ᠣᠯᠠᠨ ᠤᠯᠤᠰ ᠤᠨ ᠮᠣᠩᠭᠤᠯ ᠡᠮ ᠡᠮᠨᠡᠯᠭᠡ ᠶᠢᠨ ᠦᠢᠯᠡᠰ ᠤᠨ ᠦᠵᠡᠰᠬᠦᠯᠡᠩ ᠢ ᠡᠷᠬᠢᠯᠡᠪᠡ᠃ ᠮᠣᠩᠭᠤᠯ ᠡᠮ ᠡᠮᠨᠡᠯᠭᠡ ᠪᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠵᠡᠷᠭᠡ ᠪᠠᠷ ᠰᠤᠳᠤᠯᠤᠨ᠂ ᠨᠢᠭᠡᠳᠦᠯᠲᠡᠢ ᠲᠥᠯᠥᠵᠢᠭᠦᠯᠦᠨ ᠲᠣᠬᠢᠷᠠᠭᠤᠯᠵᠤ᠂ ᠪᠦᠬᠦᠯᠢ ᠴᠣᠭᠴᠠ ᠪᠠᠷ ᠠᠬᠢᠭᠤᠯᠤᠨ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠬᠠᠩᠭᠠᠯᠭ᠎ᠠ ᠶᠢ ᠬᠥᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃      ᠭᠤᠷᠪᠠ ᠳᠤ᠂ ᠭᠠᠳᠠᠭᠰᠢ ᠰᠣᠯᠢᠯᠴᠠᠭ᠎ᠠ ᠬᠢᠬᠦ ᠶᠢ ᠢᠳᠡᠪᠬᠢᠲᠡᠢ ᠠᠬᠢᠭᠤᠯᠪᠠ᠃ ᠮᠣᠩᠭᠤᠯ ᠡᠮ ᠡᠮᠨᠡᠯᠭᠡ ᠶᠢᠨ ᠭᠠᠳᠠᠭᠰᠢ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ︽ᠳᠤᠮᠳᠠᠳᠤ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠶᠢᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠬᠥᠲᠥᠯᠪᠦᠷᠢ︾ ᠳᠤ ᠣᠷᠣᠭᠤᠯᠤᠨ᠂ ᠡᠯ᠎ᠡ ᠱᠠᠲᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠣᠩᠭᠤᠯ᠂ ᠣᠷᠣᠰ᠂ ᠠᠮᠧᠷᠢᠺᠠ᠂ ᠶᠠᠫᠤᠨ᠂ ᠹᠷᠠᠨᠼᠢ ᠵᠡᠷᠭᠡ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠡᠳᠦᠷ ᠢᠷᠡᠬᠦᠶ᠎ᠡ ᠣᠯᠠᠰᠢᠷᠠᠭᠤᠯᠵᠤ᠂ ᠣᠯᠠᠨ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠢ ᠲᠣᠭᠲᠠᠭᠠᠨ᠂ ᠮᠣᠩᠭᠤᠯ ᠡᠮᠨᠡᠯᠭᠡ ᠶᠢᠨ ᠬᠡᠳᠦᠨ ᠠᠷᠪᠠᠨ ᠵᠦᠢᠯ ᠤᠨ ᠭᠠᠳᠠᠷ ᠵᠠᠰᠠᠯᠭ᠎ᠠ ᠶᠢᠨ ᠠᠷᠭ᠎ᠠ᠂ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ᠂ ᠪᠡᠯᠴᠢᠷᠳᠡᠬᠦ ᠵᠡᠷᠭᠡ ᠪᠦᠲᠦᠮᠵᠢᠲᠡᠢ ᠡᠮᠨᠡᠬᠦ ᠠᠷᠭ᠎ᠠ ᠨᠢ ᠶᠠᠪᠤᠬᠤ ᠲᠤᠲᠤᠮ ᠣᠯᠠᠨ ᠤᠯᠤᠰ ᠤᠨ ᠬᠢᠨ ᠤ ᠵᠥᠪᠰᠢᠶᠡᠷᠡᠯ ᠢ ᠣᠯᠵᠤ᠂ ᠪᠦᠬᠦ ᠣᠷᠣᠨ ᠳᠤ ᠵᠢᠯ ᠪᠦᠷᠢ ᠮᠣᠩᠭᠤᠯ ᠤᠯᠤᠰ ᠪᠠ ᠣᠷᠣᠰ ᠤᠯᠤᠰ ᠤᠨ ᠪᠠᠷᠤᠭ 2 — 3 ᠲᠦᠮᠡᠨ ᠡᠪᠡᠳᠴᠢᠲᠡᠨ ᠢ ᠬᠦᠯᠢᠶᠡᠨ ᠠᠪᠴᠤ ᠡᠮᠨᠡᠵᠦ ᠪᠠᠶᠢᠨ᠎ᠠ᠃ ᠮᠣᠩᠭᠤᠯ ᠡᠮ ᠡᠮᠨᠡᠯᠭᠡ ᠨᠢ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠳᠤ ᠶᠠᠪᠤᠬᠤ ᠲᠤᠲᠤᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠶᠠᠭᠤᠨ ᠳᠤ ︽ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ︾ ᠶᠢ ᠨᠡᠶᠢᠲᠡᠯᠡᠭᠰᠡᠨ ᠪᠣᠢ︖ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠵᠤ ᠪᠠᠶᠢᠬᠤ ᠪᠣᠢ︖      ᠹᠦ᠋ ᠷᠦᠢ ᠹᠧᠩ᠄      ᠨᠢᠭᠡ ᠳᠤ᠂ ᠮᠣᠩᠭᠤᠯ ᠡᠮ ᠡᠮᠨᠡᠯᠭᠡ ᠨᠢ ︽ᠲᠡᠭᠷᠢ ᠶᠢᠨ ᠴᠠᠭ᠂ ᠭᠠᠵᠠᠷ ᠤᠨ ᠬᠡᠰᠢᠭ᠂ ᠬᠥᠮᠥᠨ ᠤ ᠨᠠᠶᠢᠷᠠᠮᠳᠠᠭᠤ︾ ᠶᠢᠨ ᠰᠠᠶᠢᠨ ᠰᠠᠶᠢᠬᠠᠨ ᠬᠥᠭᠵᠢᠯᠲᠡ ᠶᠢᠨ ᠠᠵᠠ ᠲᠣᠬᠢᠶᠠᠯ ᠳᠤ ᠲᠠᠭᠠᠷᠠᠯᠳᠤᠪᠠ᠃ ᠮᠣᠩᠭᠤᠯ ᠡᠮ ᠡᠮᠨᠡᠯᠭᠡ ᠨᠢ ᠡᠬᠡ ᠤᠯᠤᠰ ᠤᠨ ᠤᠯᠠᠮᠵᠢᠯᠠᠯᠲᠤ ᠰᠣᠶᠣᠯ ᠤᠨ ᠦᠨᠡᠲᠦ ᠡᠷᠳᠡᠨᠢᠰ ᠪᠣᠯᠬᠤ ᠪᠠᠷ ᠪᠠᠷᠠᠬᠤ ᠦᠭᠡᠢ᠂ ᠮᠠᠨ ᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠠᠷᠠᠳ ᠲᠦᠮᠡᠨ ᠤ ᠡᠷᠡᠭᠦᠯ ᠮᠡᠨᠳᠦ ᠪᠠ ᠰᠣᠶᠣᠯ ᠤᠨ ᠤᠯᠠᠮᠵᠢᠯᠠᠯ ᠤᠨ ᠴᠢᠬᠤᠯᠠ ᠡᠯᠧᠮᠧᠨ᠋ᠲ ᠪᠣᠯᠣᠨ᠎ᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠬᠥᠭᠵᠢᠯᠲᠡ ᠨᠢ ᠮᠠᠰᠢ ᠶᠡᠭᠡ ᠳᠠᠪᠰᠢᠯᠲᠠ ᠲᠠᠢ ᠪᠠᠶᠢᠵᠤ᠂ ᠠᠷᠠᠳ ᠲᠦᠮᠡᠨ ᠤ ᠬᠦᠷᠲᠡᠭᠡᠮᠵᠢᠲᠦ ᠲᠥᠷᠥᠭᠳᠡᠯ ᠨᠢ ᠢᠯᠡᠳᠲᠡ ᠴᠢᠩᠭᠠᠷᠠᠨ᠂ ᠨᠡᠶᠢᠭᠡᠮ ᠤᠨ ᠦᠷ᠎ᠡ ᠠᠰᠢᠭ ᠨᠢ ᠮᠠᠰᠢ ᠢᠯᠡᠷᠬᠡᠢ ᠪᠠᠶᠢᠨ᠎ᠠ᠃ ᠭᠡᠲᠡᠯ᠎ᠡ᠂ ᠰᠢᠨ᠎ᠡ ᠴᠠᠭ ᠬᠤᠭᠤᠴᠠᠭ᠎ᠠ᠂ ᠰᠢᠨ᠎ᠡ ᠡᠭᠦᠷᠭᠡ ᠵᠢᠴᠢ ᠠᠷᠠᠳ ᠲᠦᠮᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ᠂ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠪᠦᠬᠦ ᠣᠷᠣᠨ ᠤ ᠮᠣᠩᠭᠤᠯ ᠡᠮ ᠡᠮᠨᠡᠯᠭᠡ ᠨᠢ ᠮᠥᠨ ᠬᠦ ᠰᠢᠨ᠎ᠡ ᠬᠠᠷᠠᠯᠲᠠ ᠪᠠ ᠰᠢᠨ᠎ᠡ ᠬᠥᠭᠵᠢᠯᠲᠡ ᠶᠢ ᠱᠠᠭᠠᠷᠳᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠴᠤ ᠮᠣᠩᠭᠤᠯ ᠬᠢᠲᠠᠳ ᠡᠮ ᠡᠮᠨᠡᠯᠭᠡ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠲᠤᠬᠠᠢ ᠴᠢᠬᠤᠯᠠ ᠵᠢᠭᠠᠪᠤᠷᠢ ᠪᠠᠭᠤᠯᠭᠠᠨ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠴᠤ᠂ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠮᠣᠩᠭᠤᠯ ᠡᠮ ᠡᠮᠨᠡᠯᠭᠡ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠮᠠᠨᠳᠤᠭᠤᠯᠬᠤ ᠲᠤᠬᠠᠢ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠵᠤ᠂ ᠠᠵᠢᠯ ᠤᠨ ᠪᠠᠶᠢᠷᠢᠯᠠᠭᠤᠯᠤᠯᠲᠠ ᠬᠢᠪᠡ᠃ ᠣᠨᠴᠠᠭᠠᠶᠢᠯᠠᠨ 2018 ᠣᠨ ᠤ 1 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ︵2017 — 2025 ᠣᠨ︶︾ ᠶᠢ ᠳᠠᠷᠤᠮᠠᠯᠯᠠᠨ ᠲᠠᠷᠬᠠᠭᠠᠵᠤ᠂ ᠮᠣᠩᠭᠤᠯ ᠡᠮ ᠡᠮᠨᠡᠯᠭᠡ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠠᠢ᠃      ᠬᠤᠶᠠᠷ ᠲᠤ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ᠶᠢᠨ ᠶᠡᠷᠦᠩᠬᠡᠢ ᠬᠠᠷᠠᠯᠲᠠ ᠪᠣᠯ᠄ ᠦᠨᠳᠦᠰᠦᠲᠡᠨ ᠨᠦᠭᠦᠳ ᠤᠨ ᠠᠷᠠᠳ ᠲᠦᠮᠡᠨ ᠤ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠳᠠᠬᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠦᠯᠲᠡ ᠶᠢᠨ ᠴᠡᠭ ᠪᠣᠯᠭᠠᠨ᠂ ᠥᠷᠭᠡᠨ ᠣᠯᠠᠨ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠵᠣᠭᠰᠣᠯᠲᠠ ᠶᠢᠨ ᠴᠡᠭ ᠪᠣᠯᠭᠠᠵᠤ᠂ ᠮᠣᠩᠭᠤᠯ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠬᠠᠮᠠᠭᠠᠯᠠᠨ ᠪᠠᠳᠠᠷᠠᠭᠤᠯᠬᠤ ᠪᠠᠷ ᠤᠷᠢᠳᠠᠯ ᠪᠣᠯᠭᠠᠵᠤ᠂ ᠮᠣᠩᠭᠤᠯ ᠡᠮ ᠡᠮᠨᠡᠯᠭᠡ ᠶᠢ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠪᠠᠷ ᠭᠠᠷᠳᠠᠯ ᠪᠣᠯᠭᠠᠨ᠂ ᠮᠣᠩᠭᠤᠯ ᠡᠮ ᠡᠮᠨᠡᠯᠭᠡ ᠶᠢᠨ ᠰᠢᠨ᠎ᠡ ᠬᠡᠯᠪᠡᠷᠢ ᠶᠢᠨ ᠠᠵᠤ ᠦᠢᠯᠡᠰ ᠢ ᠬᠥᠭᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠮᠣᠩᠭᠤᠯ ᠡᠮ ᠡᠮᠨᠡᠯᠭᠡ ᠶᠢᠨ ︽ᠲᠠᠪᠤᠨ ᠵᠦᠢᠯ ᠤᠨ ᠡᠬᠢ ᠪᠠᠶᠠᠯᠢᠭ︾ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠣᠩᠭᠤᠯ ᠡᠮᠨᠡᠯᠭᠡ ᠪᠠ ᠮᠣᠩᠭᠤᠯ ᠡᠮ ᠢ ᠵᠣᠬᠢᠴᠠᠭᠤᠯᠤᠨ ᠬᠥᠭᠵᠢᠭᠦᠯᠬᠦ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠳᠣᠯᠣᠭᠠᠨ ᠰᠦᠯᠵᠢᠶ᠎ᠡ ᠳᠣᠯᠣᠭᠠᠨ ᠦᠢᠯᠡᠰ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠬᠦᠴᠦᠯᠡᠵᠦ᠂ ᠰᠢᠨ᠎ᠡ ᠶᠢ ᠡᠭᠦᠳᠬᠦ ᠬᠥᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠮᠣᠩᠭᠤᠯ ᠡᠮ ᠡᠮᠨᠡᠯᠭᠡ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠮᠠᠨᠳᠤᠯᠲᠠ ᠶᠢ ᠪᠡᠶᠡᠯᠡᠭᠦᠯᠦᠨ᠎ᠡ᠃ ᠭᠤᠷᠪᠠ ᠳᠤ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ᠶᠢᠨ ᠭᠤᠣᠯᠳᠠᠯᠭ᠎ᠠ ᠲᠠᠢ ᠡᠭᠦᠷᠭᠡ ᠪᠣᠯ᠄ ︽10 ᠶᠡᠭᠡ ᠠᠵᠢᠯᠯᠠᠭ᠎ᠠ᠂ 30 ᠵᠦᠢᠯ ᠤᠨ ᠢᠨᠵᠧᠨᠧᠷᠢᠩ︾   ᠤᠨ ᠲᠣᠭᠤᠷᠢᠨ ᠳᠤ᠂ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ᠂ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠡᠮᠴᠢᠯᠡᠭᠡᠨ ᠤ ᠳᠠᠪᠠᠭᠤᠯᠢᠭ ᠢ ᠬᠥᠮᠥᠵᠢᠭᠦᠯᠬᠦ᠂ ᠡᠷᠡᠭᠦᠯ ᠮᠡᠨᠳᠦ ᠶᠢᠨ ᠠᠵᠤ ᠦᠢᠯᠡᠰ ᠢ ᠬᠥᠭᠵᠢᠭᠦᠯᠬᠦ᠂ ᠰᠣᠶᠣᠯ ᠤᠨ ᠤᠯᠠᠮᠵᠢᠯᠠᠯ ᠢ ᠠᠬᠢᠭᠤᠯᠬᠤ᠂ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ ᠂ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠡᠮ ᠤᠨ ᠵᠦᠢᠯᠡᠰ ᠤᠨ ᠠᠵᠤ ᠦᠢᠯᠡᠰ ᠤᠨ ᠰᠢᠰᠲ᠋ᠧᠮᠵᠢ ᠶᠢ ᠰᠢᠯᠢᠳᠡᠭᠵᠢᠭᠦᠯᠬᠦ᠂ ᠭᠠᠳᠠᠭᠰᠢ ᠰᠣᠯᠢᠯᠴᠠᠭ᠎ᠠ ᠬᠢᠬᠦ ᠶᠢ ᠥᠷᠭᠡᠳᠬᠡᠬᠦ 10 ᠲᠠᠯ᠎ᠠ ᠠᠴᠠ᠂ ᠮᠣᠩᠭᠤᠯ ᠬᠢᠲᠠᠳ ᠡᠮ ᠡᠮᠨᠡᠯᠭᠡ ᠤᠨ ᠡᠮᠴᠢᠯᠡᠭᠡ᠂ ᠰᠡᠷᠭᠡᠶᠢᠯᠡᠯᠲᠡ᠂ ᠡᠷᠡᠭᠦᠯ ᠮᠡᠨᠳᠦ᠂ ᠡᠷᠡᠭᠦᠯᠵᠢᠯ᠂ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ᠂ ᠨᠠᠰᠤᠵᠢᠯ᠂ ᠵᠢᠭᠤᠯᠴᠢᠯᠠᠯ ᠵᠢᠴᠢ ᠠᠵᠤ ᠦᠢᠯᠡᠰ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠠᠵᠤ ᠦᠢᠯᠡᠰᠵᠢᠭᠦᠯᠦᠯᠲᠡ᠂ ᠣᠯᠠᠨ ᠤᠯᠤᠰᠵᠢᠭᠤᠯᠤᠯᠲᠠ ᠶᠢᠨ ᠬᠥᠭᠵᠢᠯᠲᠡ ᠶᠢ ᠠᠬᠢᠭᠤᠯᠤᠨ᠎ᠠ      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠠᠴᠠ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠲᠥᠪ ᠤᠨ ᠪᠠᠶᠢᠭᠤᠯᠤᠯᠲᠠ ᠶᠢᠨ ᠲᠥᠷᠥᠯ ᠵᠦᠢᠯ ᠢ ᠠᠰᠢᠭᠯᠠᠨ᠂ ᠮᠣᠩᠭᠤᠯ ᠡᠮ ᠡᠮᠨᠡᠯᠭᠡ ᠶᠢᠨ ᠮᠡᠳᠡᠭᠡ ᠵᠠᠩᠭᠢᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠣᠩᠭᠤᠯ ᠡᠮ ᠡᠮᠨᠡᠯᠭᠡ ᠶᠢᠨ ᠮᠡᠳᠡᠭᠡ ᠵᠠᠩᠭᠢ ᠶᠢᠨ ᠲᠠᠪᠴᠠᠩ ᠵᠢᠴᠢ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ ᠴᠢᠳᠠᠨ᠎ᠠ ᠦᠦ︖      ᠹᠦ᠋ ᠷᠦᠢ ᠹᠧᠩ᠄      ᠨᠢᠭᠡ ᠳᠤ᠂ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮ ᠡᠮᠨᠡᠯᠭᠡ ᠶᠢ ᠪᠠᠭᠲᠠᠭᠠᠭᠰᠠᠨ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠶᠠᠭ ᠰᠠᠶᠢᠬᠠᠨ ᠪᠠᠶᠢᠭᠤᠯᠵᠤ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ︽ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢ ᠭᠦᠢᠴᠡᠳ ᠠᠰᠢᠭᠯᠠᠨ᠂ ᠰᠢᠯᠢᠳᠡᠭ ᠴᠢᠨᠠᠷᠲᠠᠢ ᠡᠮᠴᠢᠯᠡᠭᠡ ᠶᠢᠨ ᠡᠬᠢ ᠪᠠᠶᠠᠯᠢᠭ ᠤᠨ ᠭᠤᠯᠳᠤ ᠴᠢᠭᠯᠡᠯ ᠤᠨ ᠰᠢᠯᠵᠢᠯᠲᠡ ᠶᠢ ᠠᠬᠢᠭᠤᠯᠬᠤ︾ ᠲᠤᠬᠠᠢ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ᠂ ᠵᠢᠴᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠮᠡᠳᠡᠭᠡ ᠵᠠᠩᠭᠢ ᠶᠢᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠦᠷᠭᠡᠳᠬᠡᠨ ᠬᠡᠷᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠡᠮᠴᠢᠯᠡᠭᠡ ᠶᠢᠨ ᠲᠣᠮᠣ ᠳ᠋ᠠᠶᠢᠲ᠋ᠠ ᠶᠢ ᠬᠡᠷᠡᠭᠯᠡᠬᠦ ᠲᠥᠯᠥᠪᠵᠢᠭᠦᠯᠭᠡ ︵2016 — 2020 ᠣᠨ︶︾ ᠶᠢ ᠲᠣᠭᠲᠠᠭᠠᠭᠰᠠᠨ ᠤ ᠬᠠᠮᠲᠤ᠂ 1.1 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠲᠥᠪ ᠤᠨ ᠡᠳ᠋ ᠤᠨ ᠵᠠᠰᠠᠭ ᠤᠨ ᠲᠥᠰᠥᠪ ᠠᠴᠠ ᠣᠷᠣᠭᠤᠯᠤᠭᠰᠠᠨ 3300 ᠲᠦᠮᠡᠨ ᠲᠥᠭᠦᠷᠢᠭ ᠤᠨ ᠪᠡᠯᠡ ᠮᠥᠩᠭᠦ ᠨᠡᠮᠡᠵᠦ᠂ ᠮᠠᠨ ᠤ ᠣᠷᠣᠨ ᠤ ᠠᠯᠤᠰ ᠵᠠᠢ ᠶᠢᠨ ᠡᠮᠴᠢᠯᠡᠭᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠪᠠ᠃ ᠭᠤᠣᠯ ᠡᠭᠦᠷᠭᠡ ᠨᠢ ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ — ᠬᠤᠰᠢᠭᠤ ᠰᠢᠶᠠᠨ — ᠰᠤᠮᠤ ᠰᠢᠶᠠᠩ ᠪᠠᠯᠭᠠᠰᠤ ᠶᠢ ᠬᠠᠮᠤᠷᠤᠭᠰᠠᠨ᠂ ᠮᠣᠩᠭᠤᠯ ᠡᠮᠨᠡᠯᠭᠡ᠂ ᠬᠢᠲᠠᠳ ᠡᠮᠨᠡᠯᠭᠡ᠂ ᠡᠸᠦ᠋ᠷᠦᠫᠡ ᠡᠮᠨᠡᠯᠭᠡ ᠶᠢᠨ ᠡᠮᠴᠢᠯᠡᠭᠡ ᠶᠢᠨ ᠪᠠᠶᠢᠭᠤᠯᠤᠮᠵᠢ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠭᠲᠠᠭᠠᠭᠰᠠᠨ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠲᠣᠣᠷ ᠰᠦᠯᠵᠢᠶ᠎ᠡ ᠶᠢ ᠪᠠᠶᠢᠭᠤᠯᠤᠨ᠂ ᠮᠣᠩᠭᠤᠯ᠂ ᠬᠢᠲᠠᠳ᠂ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠡᠬᠢ ᠪᠠᠶᠠᠯᠢᠭ ᠤᠨ ᠭᠤᠯᠳᠤ ᠴᠢᠭᠯᠡᠯ ᠤᠨ ᠰᠢᠯᠵᠢᠯᠲᠡ ᠶᠢ ᠠᠬᠢᠭᠤᠯᠵᠤ᠂ ᠦᠨᠳᠦᠰᠦᠨ ᠱᠠᠲᠤ ᠵᠢᠴᠢ ᠬᠢᠯᠢ ᠬᠢᠵᠠᠭᠠᠷ ᠠᠯᠤᠰ ᠪᠤᠶᠢᠳᠠ ᠶᠠᠳᠠᠭᠤ ᠬᠦᠴᠢᠷᠲᠡᠢ ᠭᠠᠵᠠᠷ ᠣᠷᠣᠨ ᠤ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠰᠢᠯᠢᠳᠡᠭ ᠴᠢᠨᠠᠷᠲᠤ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠨ ᠬᠦᠴᠦᠷᠡᠬᠦ ᠴᠢᠨᠠᠷ ᠪᠠ ᠡᠮᠴᠢᠯᠡᠭᠡᠨ ᠤ ᠦᠢᠯᠡᠴᠢᠯᠡᠭᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠡᠰ ᠬᠤᠪᠢᠶᠠᠨ ᠡᠮᠨᠡᠨ ᠵᠠᠰᠠᠬᠤ ᠶᠢ ᠬᠡᠷᠡᠭᠵᠢᠭᠦᠯᠬᠦ ᠶᠢ ᠠᠬᠢᠭᠤᠯᠪᠠ᠃ ᠡᠭᠦᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠥᠯ︾ ᠢ ᠲᠣᠭᠲᠠᠭᠠᠨ᠂ ᠪᠦᠬᠦ ᠣᠷᠣᠨ ᠳᠤ ᠨᠢᠭᠡᠳᠦᠯᠲᠡᠢ ᠪᠠᠷᠢᠮᠵᠢᠶ᠎ᠠ ᠪᠠᠷ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠬᠤ᠂ ᠲᠣᠨᠣᠭᠯᠠᠯ ᠢ ᠤᠭᠰᠠᠷᠠᠬᠤ ᠶᠢ ᠬᠠᠷᠢᠭᠤᠴᠠᠨ᠂ ᠠᠶᠢᠮᠠᠭ ᠬᠤᠲᠠ ᠠᠴᠠ ᠲᠣᠣᠷ ᠰᠦᠯᠵᠢᠶ᠎ᠡ ᠪᠠ ᠲᠣᠭᠠᠵᠢᠭᠤᠯᠤᠭᠰᠠᠨ ᠡᠮᠴᠢᠯᠡᠭᠡ ᠶᠢᠨ ᠲᠥᠬᠦᠭᠡᠷᠦᠮᠵᠢ ᠶᠢ ᠬᠤᠳᠠᠯᠳᠤᠨ ᠠᠪᠬᠤ ᠶᠢ ᠬᠠᠷᠢᠭᠤᠴᠠᠪᠠ᠃ ᠮᠣᠩᠭᠤᠯ ᠡᠮᠨᠡᠯᠭᠡ ᠶᠢᠨ ᠬᠤᠷᠢᠶ᠎ᠠ ᠪᠠ ᠪᠤᠰᠤᠳ ᠡᠮᠨᠡᠯᠭᠡ ᠶᠢᠨ ᠬᠤᠷᠢᠶ᠎ᠠ ᠳᠤ ᠵᠡᠷᠭᠡ ᠳᠤ ᠨᠢ ᠬᠡᠷᠡᠭᠵᠢᠭᠦᠯᠵᠦ᠂ ᠲᠣᠬᠢᠷᠠᠭᠤᠯᠤᠯᠲᠠ ᠨᠢ ᠠᠳᠠᠯᠢ ᠪᠠᠶᠢᠳᠠᠭ᠃ 2017 ᠣᠨ ᠤ 9 ᠳ᠋ᠦ᠋ᠭᠡᠷ ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠠᠴᠠ ᠨᠢᠭᠡᠨᠲᠡ ᠡᠷᠡᠭᠦᠯ ᠮᠡᠨᠳᠦ ᠡᠮᠴᠢᠯᠡᠭᠡ ᠶᠢᠨ ᠲᠣᠮᠣ ᠳ᠋ᠠᠶᠢᠲ᠋ᠠ ᠶᠢᠨ ᠲᠥᠷᠥᠯ ᠵᠦᠢᠯ ᠢ ᠠᠵᠢᠯᠯᠠᠭᠤᠯᠬᠤ ᠬᠤᠷᠠᠯ ᠢ ᠬᠤᠷᠠᠯᠳᠤᠭᠤᠯᠵᠤ ᠂ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ᠂ ᠣᠷᠣᠨ ᠪᠦᠰᠡ ᠶᠢᠨ ᠬᠥᠮᠥᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠬᠡᠷᠡᠭᠵᠢᠭᠦᠯᠬᠦ ᠠᠵᠢᠯ ᠢ ᠪᠠᠶᠢᠷᠢᠯᠠᠭᠤᠯᠵᠠᠢ᠃      ᠬᠤᠶᠠᠷ ᠲᠤ᠂ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠬᠢᠲᠠᠳ ᠡᠮ ᠡᠮᠨᠡᠯᠭᠡ ᠤᠨ ᠳ᠋ᠠᠶᠢᠲ᠋ᠠ ᠶᠢᠨ ᠲᠥᠪ ᠢ ᠶᠠᠭ ᠰᠠᠶᠢᠬᠠᠨ ᠪᠠᠶᠢᠭᠤᠯᠵᠤ᠂ ᠮᠣᠩᠭᠤᠯ ᠡᠮ ᠡᠮᠨᠡᠯᠭᠡ ᠶᠢᠨ ᠠᠯᠤᠰ ᠵᠠᠢ ᠶᠢᠨ ᠡᠮᠴᠢᠯᠡᠭᠡᠨ ᠤ ᠲᠥᠪ ᠢ ᠨᠢᠭᠡᠨᠲᠡ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠢᠨ ᠤᠯᠤᠰ ᠠᠴᠠ ᠳᠡᠮᠵᠢᠭᠰᠡᠨ 2000 ᠲᠦᠮᠡᠨ ᠲᠥᠭᠦᠷᠢᠭ ᠢ ᠠᠰᠢᠭᠯᠠᠨ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠮᠣᠩᠭᠤᠯ ᠬᠢᠲᠠᠳ ᠡᠮ ᠡᠮᠨᠡᠯᠭᠡ ᠶᠢᠨ ᠮᠡᠳᠡᠯᠭᠡ ᠶᠢᠨ ᠬᠥᠮᠥᠷᠭᠡ᠂ ᠥᠪᠡᠷᠮᠢᠴᠡ ᠣᠨᠴᠠᠯᠢᠭᠲᠤ ᠡᠯᠧᠺᠳ᠋ᠷᠣᠨ ᠡᠪᠡᠳᠴᠢᠨ ᠤ ᠲᠡᠦᠬᠡ᠂ ᠬᠤᠪᠢᠰᠤᠩᠭᠤᠢ ᠣᠨᠣᠯ ᠢᠶᠠᠷ ᠵᠠᠰᠠᠬᠤ᠂ ᠡᠪᠡᠳᠴᠢᠯᠡᠬᠦ ᠠᠴᠠ ᠤᠷᠢᠳ ᠰᠡᠷᠭᠡᠶᠢᠯᠡᠨ ᠵᠠᠰᠠᠬᠤ᠂ ᠠᠯᠤᠰ ᠵᠠᠢ ᠠᠴᠠ ᠬᠠᠮᠲᠤᠷᠠᠨ ᠣᠨᠣᠰᠢᠯᠠᠬᠤ᠂ ᠠᠯᠤᠰ ᠵᠠᠢ ᠶᠢᠨ ᠰᠤᠷᠭᠠᠨ ᠬᠥᠮᠥᠵᠢᠯ ᠵᠡᠷᠭᠡ ᠦᠢᠯᠡᠳᠦᠯ ᠴᠢᠳᠠᠮᠵᠢ ᠶᠢ ᠪᠠᠭᠲᠠᠭᠠᠭᠰᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠢᠲᠠᠳ ᠡᠮ ᠡᠮᠨᠡᠯᠭᠡ ᠶᠢᠨ ᠳ᠋ᠠᠶᠢᠲ᠋ᠠ ᠶᠢᠨ ᠲᠥᠪ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢᠶᠠᠷ ᠳᠠᠮᠵᠢᠭᠤᠯᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠳᠤ ᠳᠡᠮᠵᠢᠯᠭᠡ ᠣᠯᠭᠤᠪᠠ᠃ ᠣᠳᠣᠬᠠᠨ ᠳᠤ᠂ ᠲᠥᠪ ᠮᠠᠰᠢᠨ ᠤ ᠲᠠᠰᠤᠭ ᠢ ᠨᠢᠭᠡᠨᠲᠡ ᠪᠠᠶᠢᠭᠤᠯᠤᠨ ᠳᠠᠭᠤᠰᠬᠠᠵᠤ᠂ ᠬᠠᠲᠠᠭᠤ ᠲᠣᠨᠣᠭᠯᠠᠯ᠂ ᠵᠥᠭᠡᠯᠡᠨ ᠲᠣᠨᠣᠭᠯᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠨᠢᠭᠡᠨᠲᠡ ᠪᠡᠶᠡᠯᠡᠭᠦᠯᠦᠨ᠂ ᠰᠢᠰᠲ᠋ᠧᠮ ᠢ ᠡᠬᠢᠯᠡᠨ ᠲᠣᠬᠢᠷᠠᠭᠤᠯᠤᠨ ᠲᠤᠷᠰᠢᠵᠤ ᠪᠠᠶᠢᠨ᠎ᠠ᠃ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ 1000 ᠭᠠᠷᠤᠢ ᠲᠦᠮᠡᠨ ᠲᠥᠭᠦᠷᠢᠭ ᠵᠠᠷᠤᠴᠠᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠠᠯᠤᠰ ᠵᠠᠢ ᠶᠢᠨ ᠠᠨᠠᠭᠠᠬᠤ ᠤᠬᠠᠭᠠᠨ ᠤ ᠲᠥᠪ ᠢ ᠪᠠᠶᠢᠭᠤᠯᠤᠨ᠂ ᠭᠠᠳᠠᠭᠠᠳᠤ ᠳᠤ ᠪᠠᠨ ᠮᠣᠩᠭᠤᠯ ᠤᠯᠤᠰ᠂ ᠠᠮᠧᠷᠢᠺᠠ᠂ ᠶᠠᠫᠤᠨ ᠵᠡᠷᠭᠡ ᠬᠠᠮᠵᠢᠯᠴᠠᠨ ᠠᠵᠢᠯᠯᠠᠬᠤ ᠡᠮᠨᠡᠯᠭᠡ ᠶᠢᠨ ᠬᠤᠷᠢᠶ᠎ᠠ ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠣᠲᠣᠭᠠᠳᠤ ᠳᠤ ᠪᠠᠨ ᠨᠠᠢᠮᠠᠨ ᠮᠤᠵᠢ ᠣᠷᠣᠨ ᠤ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠡᠭᠡᠳᠦ ᠱᠠᠲᠤᠨ ᠲᠡᠶᠢᠰᠢ ᠳᠤᠮᠳᠠᠳᠤ ᠶᠠᠫᠤᠨ ᠤ ᠨᠥᠬᠦᠷᠰᠡᠭ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠳᠣᠲᠣᠭᠠᠳᠤ ᠶᠢᠨ ᠥᠵᠦ ᠳᠡᠰ ᠤᠨ ᠡᠮᠨᠡᠯᠭᠡ ᠶᠢᠨ ᠬᠤᠷᠢᠶ᠎ᠠ ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠣᠣᠷᠠᠳᠤ ᠱᠠᠲᠤᠨ ᠲᠡᠶᠢᠰᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠬᠠᠮᠤᠷᠤᠭᠤᠯᠤᠨ᠂ ᠪᠠᠷᠢᠮᠵᠢᠶ᠎ᠠ ᠨᠢ ᠨᠢᠭᠡᠳᠦᠯᠲᠡᠢ᠂ ᠬᠠᠷᠢᠯᠴᠠᠨ ᠬᠤᠯᠪᠣᠯᠳᠤᠨ ᠨᠡᠪᠲᠡᠷᠡᠯᠴᠡᠭᠰᠡᠨ᠂ ᠡᠬᠢ ᠪᠠᠶᠠᠯᠢᠭ ᠢᠶᠠᠨ ᠬᠠᠮᠲᠤ ᠳᠤ ᠪᠠᠨ ᠬᠦᠷᠲᠡᠭᠰᠡᠨ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠠᠯᠤᠰ ᠵᠠᠢ ᠶᠢᠨ ᠠᠨᠠᠭᠠᠬᠤ ᠤᠬᠠᠭᠠᠨ ᠤ ᠬᠠᠮᠵᠢᠯᠴᠠᠨ ᠠᠵᠢᠯᠯᠠᠬᠤ ᠲᠣᠣᠷ ᠢ ᠠᠯᠬᠤᠮ ᠠᠯᠬᠤᠮ ᠢᠶᠠᠷ ᠪᠠᠶᠢᠭᠤᠯᠵᠤ᠂ ᠠᠯᠤᠰ ᠵᠠᠢ ᠠᠴᠠ ᠬᠠᠮᠲᠤᠷᠠᠨ ᠣᠨᠣᠰᠢᠯᠠᠬᠤ᠂ ᠠᠯᠤᠰ ᠵᠠᠢ ᠠᠴᠠ ᠵᠢᠭᠠᠨ ᠰᠤᠷᠭᠠᠬᠤ᠂ ᠠᠯᠤᠰ ᠵᠠᠢ ᠠᠴᠠ ᠰᠡᠭᠦᠳᠡᠷᠯᠡᠬᠦ᠂ ᠠᠯᠤᠰ ᠵᠠᠢ ᠠᠴᠠ ᠡᠪᠡᠳᠴᠢᠨ ᠤ ᠣᠨᠣᠯ ᠤᠨ ᠣᠨᠣᠰᠢᠯᠠᠯᠲᠠ ᠬᠢᠬᠦ᠂ ᠠᠯᠤᠰ ᠵᠠᠢ ᠠᠴᠠ ᠮᠡᠰᠡ ᠵᠠᠰᠠᠯ ᠬᠢᠬᠦ ᠶᠢ ᠵᠢᠱᠢᠶ᠎ᠡ ᠦᠵᠡᠭᠦᠯᠦᠨ ᠵᠢᠭᠠᠬᠤ᠂ ᠠᠯᠤᠰ ᠵᠠᠢ ᠠᠴᠠ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ ᠠᠯᠤᠰ ᠵᠠᠢ ᠠᠴᠠ ᠲᠧᠯᠸᠢᠰ ᠬᠤᠷᠠᠯ ᠬᠤᠷᠠᠯᠳᠤᠭᠤᠯᠬᠤ ᠵᠡᠷᠭᠡ ᠦᠢᠯᠡᠳᠦᠯ ᠴᠢᠳᠠᠮᠵᠢ ᠶᠢ ᠪᠦᠷᠢᠯᠳᠦᠭᠦᠯᠪᠡ᠃      ᠭᠤᠷᠪᠠ ᠳᠤ᠂ ᠮᠣᠩᠭᠤᠯ ᠡᠮᠨᠡᠯᠭᠡ ᠶᠢᠨ ᠬᠤᠷᠢᠶ᠎ᠠ ᠠᠴᠠ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠠᠩᠬ᠎ᠠ ᠠᠯᠬᠤᠮ ᠡᠬᠢᠯᠡᠨ ᠪᠠᠶᠢᠭᠤᠯᠪᠠ᠃ ᠡᠯ᠎ᠡ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠠᠴᠠ ᠮᠡᠳᠡᠭᠡ ᠵᠠᠩᠭᠢᠵᠢᠯᠲᠡ ᠶᠢᠨ ᠪᠠᠶᠢᠭᠤᠯᠤᠯᠲᠠ ᠪᠠᠨ ᠠᠯᠬᠤᠮ ᠠᠯᠬᠤᠮ ᠢᠶᠠᠷ ᠴᠢᠩᠭᠠᠳᠬᠠᠪᠠ᠃ 2012 ᠣᠨ ᠳᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ ᠬᠥᠭᠵᠢᠭᠦᠯᠦᠨ᠂ ᠮᠣᠩᠭᠤᠯ ᠡᠮᠨᠡᠯᠭᠡ᠂ ᠬᠢᠲᠠᠳ ᠡᠮᠨᠡᠯᠭᠡ᠂ ᠡᠸᠦ᠋ᠷᠦᠫᠡ ᠡᠮᠨᠡᠯᠭᠡ ᠶᠢᠨ ᠡᠪᠡᠳᠴᠢᠨ ᠤ ᠲᠡᠦᠬᠡ ᠶᠢ ᠢᠵᠢᠯᠢ ᠨᠢᠭᠡᠨ ᠨᠢᠭᠤᠷ ᠳᠡᠭᠡᠷ᠎ᠡ ᠪᠢᠴᠢᠬᠦ ᠶᠢ ᠪᠡᠶᠡᠯᠡᠭᠦᠯᠵᠦ᠂ ᠮᠣᠩᠭᠤᠯ ᠬᠢᠲᠠᠳ ᠪᠢᠴᠢᠭ ᠢ ᠵᠡᠷᠭᠡ ᠪᠠᠷ ᠬᠡᠷᠡᠭᠯᠡᠨ᠂ ᠡᠮᠴᠢ ᠶᠢᠨ ᠠᠵᠢᠯᠯᠠᠬᠤ ᠥᠷᠲᠡᠭᠡ ᠪᠠ ᠰᠤᠪᠢᠯᠠᠭᠴᠢ ᠶᠢᠨ ᠠᠵᠢᠯᠯᠠᠬᠤ ᠥᠷᠲᠡᠭᠡ ᠶᠢ ᠵᠡᠷᠭᠡ ᠳᠤ ᠨᠢ ᠠᠵᠢᠯᠯᠠᠭᠤᠯᠵᠠᠢ᠃ 2013 ᠣᠨ ᠳᠤ᠂ ᠤᠯᠤᠰ ᠠᠴᠠ 930 ᠲᠦᠮᠡᠨ ᠲᠥᠭᠦᠷᠢᠭ ᠵᠠᠷᠤᠴᠠᠭᠤᠯᠤᠨ ᠤᠯᠤᠰ ᠤᠨ ᠳᠡᠰ ᠤᠨ 31 ᠶᠠᠳᠠᠭᠤ ᠬᠦᠴᠢᠷᠲᠡᠢ ᠬᠤᠰᠢᠭᠤ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠳᠡᠮᠵᠢᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠳᠠᠬᠢᠨ 2160 ᠲᠦᠮᠡᠨ ᠲᠥᠭᠦᠷᠢᠭ ᠵᠠᠷᠤᠴᠠᠭᠤᠯᠵᠤ᠂ ᠡᠮᠨᠡᠯᠭᠡ ᠶᠢᠨ ᠬᠤᠷᠢᠶ᠎ᠠ ᠨᠢᠭᠡᠪᠦᠷᠢ ᠳᠤ 30 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠦᠯᠡᠳᠡᠭᠰᠡᠨ 73 ᠰᠠᠭᠤᠷᠢ ᠬᠤᠰᠢᠭᠤ ᠰᠢᠶᠠᠨ ᠤ ᠳᠡᠰ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠨᠥᠬᠦᠪᠦᠷᠢ ᠣᠯᠭᠤᠵᠠᠢ᠃      ᠬᠥᠲᠥᠯᠥᠭᠴᠢ᠄ ᠰᠠᠶᠢᠨ ᠪᠣᠯᠣᠯ᠎ᠠ᠃ ᠹᠦ᠋ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠮᠥᠨ ᠰᠦᠯᠵᠢᠶᠡᠨ ᠤ ᠠᠨᠳᠠ ᠨᠠᠷ ᠤᠨ ᠣᠷᠣᠯᠴᠠᠯᠭ᠎ᠠ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕
 
ᠢᠷᠡᠯᠲᠡ᠄ ᠥᠪᠦᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号