ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠮᠠᠨ ᠤ ᠲᠣᠪᠴᠢᠶ᠎ᠠ ᠳᠤ ᠢᠷᠡᠵᠦ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠬᠢᠨᠠᠨ ᠵᠢᠯᠣᠭᠤᠳᠴᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/10/28
      10 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠯᠢᠦ ᠵᠢᠶᠠᠨ ᠰᠢ ᠨᠡᠷ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠪᠠ ᠣᠯᠤᠭᠰᠠᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠶᠢᠨ ᠲᠤᠬᠠᠶ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠲᠣᠪᠴᠢᠶ᠎ᠠ ᠶᠢᠨ ᠪᠠᠶᠢᠭᠤᠯᠤᠯᠭ᠎ᠠ ᠶᠢᠨ ᠡᠯ᠎ᠡ ᠭᠠᠵᠠᠷ ᠬᠡᠷ᠂ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
     ᠲᠣᠭᠤᠷᠢᠨ ᠵᠢᠯᠣᠭᠤᠳᠬᠤ ᠳᠤᠭᠤᠶᠢᠯᠠᠩ ᠤᠨ ᠬᠢᠨ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠲᠤᠪᠴᠢᠶ᠎ᠠ ᠶᠢᠨ ᠳᠡᠳ᠋ ᠳᠠᠷᠤᠭ᠎ᠠ ᠵᠧᠩ ᠵᠣᠣ ᠰᠢᠶᠠᠩ ᠤᠨ ᠮᠠᠨ ᠤ ᠲᠣᠪᠴᠢᠶ᠎ᠠ ᠶᠢᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠨ ᠤ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠯᠳᠡᠰ ᠪᠣᠯᠤᠨ ᠭᠦᠸᠧ ᠳ᠋ᠠ ᠡᠮ ᠤᠨ ᠳᠡᠯᠭᠡᠭᠦᠷ ᠤᠨ ᠨᠢᠭᠡᠳᠦᠭᠡᠷ ᠬᠤᠪᠢᠶᠠᠷᠢ ᠳᠡᠯᠭᠡᠭᠦᠷ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠡᠯᠡᠯᠴᠡᠭᠡ ᠬᠢᠬᠦ ᠡᠮ ᠲᠠᠩ ᠤᠨ ︽ᠬᠤᠤᠰ ᠵᠠᠮ︾ ᠤᠨ ᠬᠠᠮᠢᠶᠠᠷᠤᠯᠲᠠ᠂ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ ᠡᠮ ᠤᠨ ᠬᠠᠮᠢᠶᠠᠷᠤᠯᠲᠠ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠬᠦ ᠵᠡᠷᠭᠡ ᠠᠵᠢᠯ ᠢ ᠥᠷᠨᠢᠭᠦᠯᠦᠭᠰᠡᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃
     ᠳᠤᠭᠤᠶᠢᠯᠠᠩ ᠤᠨ ᠳᠠᠷᠤᠭ᠎ᠠ ᠯᠢᠦ ᠵᠢᠶᠠᠨ ᠰᠢ᠂ ᠮᠠᠨ ᠤ ᠲᠤᠪᠴᠢᠶ᠎ᠠ ᠶᠢᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠮᠴᠢᠯᠡᠭᠡᠨ ᠤ ᠪᠠᠲᠤᠯᠠᠭ᠎ᠠ ᠨᠢ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠳᠠᠩᠰᠠ ᠶᠢᠨ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠪᠠ᠃ ᠲᠡᠷᠡ᠂ ᠡᠮᠴᠢᠯᠡᠭᠡᠨ ᠤ ᠪᠠᠲᠤᠯᠠᠭ᠎ᠠ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠠᠷᠠᠳ ᠤᠨ ᠠᠮᠢᠳᠤᠷᠠᠯ ᠤᠨ ᠴᠢᠬᠤᠯᠠ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠲᠦᠷᠦ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠲᠦᠷᠦ ᠮᠥᠨ︾ ᠭᠡᠰᠡᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠨᠡᠨ ᠰᠡᠳᠬᠢᠯ ᠠᠴᠠ ᠪᠠᠨ ᠬᠦᠴᠦᠯᠡᠨ ᠥᠷᠨᠢᠭᠦᠯᠬᠦ ᠬᠡᠷᠡᠭᠲᠡᠶ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠠᠷᠠᠳ ᠲᠦᠮᠡᠨ ᠢ ᠳᠡᠭᠡᠳᠦᠯᠡᠬᠦ ᠶᠢ ᠦᠢᠯᠡᠳᠦᠯᠭᠡᠵᠢᠭᠦᠯᠬᠦ ᠮᠥᠩᠬᠡ ᠶᠢᠨ ᠭᠤᠣᠯ ᠰᠡᠳᠦᠪ ᠪᠣᠯᠭᠠᠵᠤ᠂ ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠠᠵᠢᠯᠯᠠᠭ᠎ᠠ ᠶᠢᠨ ᠬᠠᠷᠠᠯᠲᠠ ᠪᠠᠨ ᠪᠣᠯᠭᠠᠵᠤ᠂ ᠴᠥᠬᠦᠷᠡᠰᠢ ᠦᠭᠡᠢ ᠴᠢᠷᠮᠠᠶᠢᠵᠤ᠂ ᠭᠦᠨᠵᠡᠭᠡᠢ ᠠᠬᠢᠭᠤᠯᠬᠤ ᠬᠡᠷᠡᠭᠲᠡᠢ᠃ ᠨᠢᠭᠡᠨᠲᠡ ᠬᠢᠭᠰᠡᠨ ᠪᠣᠳᠠᠲᠤ ᠶᠠᠪᠤᠳᠠᠯ ᠨᠢ ᠵᠢᠱᠢᠭᠰᠡᠨ ᠬᠠᠷᠠᠯᠲᠠ ᠳᠠᠭᠠᠨ ᠬᠦᠷᠦᠭᠰᠡᠨ ᠡᠰᠡᠬᠦ ᠪᠠ ᠦᠷ᠎ᠡ ᠪᠦᠲᠦᠮᠵᠢ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠳᠠᠭᠤᠰᠬᠠᠭᠠᠳᠤᠶ ᠪᠣᠳᠠᠲᠤ ᠶᠠᠪᠤᠳᠠᠯ ᠢ ᠲᠥᠷᠥᠯ ᠵᠦᠢᠯ ᠤᠨ ᠨᠠᠷᠢᠨ ᠲᠠᠩᠰᠠ ᠶᠣᠰᠣᠭᠠᠷ᠂ ᠬᠡᠮ ᠰᠣᠭᠤᠭ ᠢ ᠨᠢ ᠣᠨᠣᠪᠴᠢᠲᠠᠶ ᠡᠷᠢᠵᠦ᠂ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠵᠤ᠂ ᠴᠠᠭ ᠲᠤᠬᠠᠶ ᠳᠤᠨᠢ ᠴᠢᠨᠠᠷ ᠢ ᠪᠠᠲᠤᠯᠠᠨ ᠬᠢᠵᠦ ᠳᠠᠭᠤᠰᠬᠠᠬᠤ᠂ ᠪᠣᠳᠠᠲᠠᠶᠢᠵᠢᠭᠤᠯᠬᠤ᠂ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠶ᠃ ᠲᠡᠷᠡ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠨᠢᠭᠡᠨᠲᠡ ᠨᠡᠶᠢᠲᠡᠯᠡᠭᠰᠡᠨ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠬᠦ ᠪᠠ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠᠬᠢ ᠠᠵᠢᠯ ᠤᠨ ᠬᠢᠯᠠᠰ ᠴᠢᠭ ᠢ ᠲᠠᠰᠤᠷᠠᠯᠳᠠ ᠦᠭᠡᠢ ᠳ᠋ᠦᠩᠨᠡᠨ ᠳᠡᠯᠭᠡᠷᠡᠭᠦᠯᠵᠦ᠂ ᠦᠢᠯᠡᠳᠦᠯᠭᠡ ᠶᠢᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ ᠨᠢᠭᠲᠠᠷᠠᠭᠤᠯᠬᠤ ᠬᠦᠴᠦᠨ ᠢ ᠦᠨᠡᠨ ᠬᠦ ᠴᠢᠩᠭᠠᠷᠠᠭᠤᠯᠤᠨ᠎ᠠ᠃ ᠵᠢᠯᠣᠭᠤᠳᠬᠤ ᠳᠤᠭᠤᠶᠢᠯᠠᠩ ᠯᠤᠭ᠎ᠠ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠬᠦ᠂ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
     ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠼᠠᠢ ᠬᠤᠩ ᠢᠦᠢ ᠵᠢᠯᠣᠭᠤᠳᠬᠤ ᠳᠤᠭᠤᠶᠢᠯᠠᠩ ᠲᠠᠢ ᠰᠠᠨᠠᠯ ᠰᠠᠨᠠᠭᠤᠯᠭ᠎ᠠ ᠪᠠᠨ ᠰᠣᠯᠢᠯᠴᠠᠭᠰᠠᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ ᠲᠡᠷᠡ᠂ ᠮᠠᠨ ᠤ ᠲᠤᠪᠴᠢᠶ᠎ᠠ ᠲᠤᠰ ᠤᠳᠠᠭ᠎ᠠ ᠶᠢᠨ ᠬᠢᠨᠠᠨ ᠵᠢᠯᠤᠭᠤᠳᠤᠯᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠮ ᠴᠢᠨᠠᠭᠰᠢᠳᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠠᠲᠤᠳᠬᠠᠵᠤ᠂ ᠦᠷᠭᠦᠯᠵᠢᠯᠡᠨ ᠬᠦᠴᠦᠯᠡᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠴᠢᠨᠠᠷ ᠰᠠᠶᠢᠲᠠᠢ ᠥᠷᠨᠢᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号