10 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠵᠧᠩ ᠵᠣᠣ ᠰᠢᠶᠠᠩ᠂ ᠠᠯᠪᠠᠨ | ᠬᠡᠷ ᠤᠨ ᠡᠷᠬᠢᠯᠡᠭᠴᠢ ᠰᠢᠤᠢ ᠳ᠋ᠠᠨ ᠨᠠᠷ ᠲᠣᠮᠢᠯᠠᠨ ᠰᠠᠭᠤᠯᠭᠠᠭᠰᠠᠨ ᠲᠣᠰᠬᠤᠨ ᠤ ᠨᠢᠭᠡᠳᠦᠭᠡᠷ ᠱᠦᠵᠢ ᠯᠢᠦ ᠽᠧ ᠮᠢᠨ | ᠨᠥᠬᠦᠷ ᠢ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠬᠤᠸᠠᠷᠠᠭ᠎ᠠ ᠰᠢᠶᠠᠩ ᠤᠨ ᠰᠢᠶᠤᠤ ᠶᠢᠩᠽᠢ | ᠲᠣᠰᠬᠤᠨ ᠳᠤ ᠲᠣᠮᠢᠯᠠᠨ ᠰᠠᠭᠤᠯᠭᠠᠭᠰᠠᠨ ᠲᠣᠰᠬᠤᠨ ᠤ ᠨᠢᠭᠡᠳᠦᠭᠡᠷ ᠱᠦᠵᠢ ᠪᠠᠷ ᠬᠦᠷᠭᠡᠵᠦ᠂ ᠠᠵᠢᠯ ᠤᠨ ᠪᠠᠶᠢᠷᠢ ᠳᠤ | ᠲᠤᠰᠢᠶᠠᠯ ᠬᠠᠷᠢᠭᠤᠴᠠᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠭᠠᠷᠢᠨ ᠵᠡᠭᠦᠨ ᠬᠤᠰᠢᠭᠤᠨ ᠤ | ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠢᠩ ᠵᠢᠶᠧ᠂ ᠬᠤᠸᠠᠷᠠᠭ᠎ᠠ ᠰᠢᠶᠠᠩ ᠤᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯᠤᠨ ᠰᠢᠶᠤᠤ ᠶᠢᠩᠽᠢ ᠲᠣᠰᠬᠤᠨ ᠤ ᠭᠤᠣᠯ | ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠬᠤᠸᠠᠷᠠᠭ᠎ᠠ ᠰᠢᠶᠠᠩ ᠪᠣᠯᠤᠨ ᠰᠢᠶᠤᠤ ᠶᠢᠩᠽᠢ ᠲᠣᠰᠬᠤᠨ ᠤ ᠭᠤᠣᠯ ᠬᠠᠷᠢᠭᠤᠴᠠᠯᠭᠠᠲᠠᠨ | ᠲᠤᠰ ᠲᠤᠰ ᠬᠤᠯᠪᠤᠭᠠᠯᠠᠨ ᠲᠤᠰᠬᠤᠨ ᠲᠠᠭᠠᠭᠠᠴᠢᠯᠠᠬᠤ ᠠᠵᠢᠯ ᠤᠨ ᠦᠨᠳᠦᠰᠦᠨ ᠪᠠᠶᠢᠳᠠᠯ ᠪᠣᠯᠤᠨ ᠳᠠᠷᠠᠭᠠᠴᠢ ᠶᠢᠨ | ᠠᠯᠬᠤᠮ ᠤᠨ ᠠᠵᠢᠯ ᠤᠨ ᠲᠥᠯᠥᠪᠵᠢᠭᠦᠯᠭᠡ ᠶᠢ ᠲᠠᠨᠢᠯᠴᠠᠭᠤᠯᠤᠭᠰᠠᠨ ᠪᠥᠭᠡᠳ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠶᠢᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | | | | | ᠵᠧᠩ ᠵᠤᠤ ᠰᠢᠶᠠᠩ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠬᠤᠯᠪᠤᠭᠠᠯᠠᠨ ᠲᠤᠰᠬᠤᠨ | ᠲᠠᠭᠠᠭᠠᠴᠢᠯᠠᠬᠤ ᠬᠠᠪᠰᠤᠷᠤᠨ ᠲᠡᠳᠬᠦᠬᠦ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠂ | ᠨᠢᠭᠡᠳᠦᠭᠡᠷ ᠱᠦᠵᠢ ᠪᠡᠶ᠎ᠡ ᠪᠠᠷ ᠢᠶᠠᠨ ᠴᠢᠷᠮᠠᠶᠢᠵᠤ᠂ ᠦᠨᠳᠦᠰᠦᠨ ᠱᠠᠲᠤᠨ ᠳᠤ ᠠᠭᠤᠰᠤᠯᠴᠠᠵᠤ᠂ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ | ᠮᠥᠴᠢᠷ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠨ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠠᠬᠢᠭᠤᠯᠬᠤ᠂ | ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠳᠤ | ᠦᠢᠯᠡᠴᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |